ᠦᠨᠢᠶᠡᠨ ᠰᠦ ᠶᠢᠨ ᠭᠠᠶᠢᠬᠠᠮᠰᠢᠭᠲᠤ ᠦᠢᠯᠡᠳᠦᠯ
ᠨᠡᠶᠢᠲᠡᠯᠡᠭᠰᠡᠨ ᠴᠠᠭ᠄
2018-04-18
    ᠵᠢᠭᠠᠰᠤ ᠪᠠᠨ ᠬᠠᠭᠠᠷᠢᠬᠤ ᠠᠴᠠ ᠡᠮᠦᠨ᠎ᠡ ᠦᠨᠢᠶᠡᠨ ᠰᠦ ᠳᠤ ᠲᠦᠷ ᠲᠡᠪᠲᠦᠭᠡᠪᠡᠯ ᠰᠢᠩᠭᠡᠭ ᠦᠨᠦᠷ ᠢ ᠠᠷᠢᠯᠭᠠᠬᠤ ᠪᠦᠭᠡᠳ ᠤᠯᠠᠮ ᠰᠢᠨ᠎ᠡ ᠰᠣᠷᠭᠤᠭ ᠦᠨᠦᠷ ᠠᠮᠲᠠ ᠲᠠᠢ ᠪᠣᠯᠭᠠᠳᠠᠭ᠃ ᠨᠢᠭᠡ ᠴᠣᠮᠣ ᠦᠨᠢᠶᠡᠨ ᠰᠦ ᠤᠤᠭᠤᠪᠠᠯ ᠠᠮᠠᠨ ᠲᠣᠲᠣᠷᠠᠬᠢ ᠰᠠᠷᠢᠮᠰᠠᠭ ᠤᠨ ᠦᠨᠦᠷ ᠠᠷᠢᠯᠴᠢᠬᠠᠨ᠎ᠠ᠃    ᠬᠡᠷᠪᠡ ᠴᠠᠭᠠᠨ ᠴᠠᠮᠴᠠᠨ ᠳᠡᠭᠡᠷ᠎ᠡ ᠠᠷᠢᠬᠢ ᠠᠰᠬᠠᠪᠠᠯ ᠪᠤᠴᠠᠯᠤᠭᠰᠠᠨ ᠦᠨᠢᠶᠡᠨ ᠰᠦ ᠳᠤ ᠠᠯᠴᠢᠭᠤᠷ ᠳᠦᠷᠦᠵᠦ ᠠᠷᠴᠢᠪᠠᠯ ᠠᠷᠢᠯᠴᠢᠬᠠᠨ᠎ᠠ᠃    ᠠᠮᠲᠠ ᠨᠢ ᠬᠤᠪᠢᠷᠠᠭᠰᠠᠨ ᠦᠨᠢᠶᠡᠨ ᠰᠦ ᠨᠢ ᠬᠤᠪᠴᠠᠰᠤᠨ ᠳᠡᠭᠡᠷᠡᠬᠢ ᠵᠢᠮᠢᠰ ᠤᠨ ᠣᠷᠣᠮ ᠢ ᠠᠷᠢᠯᠭᠠᠳᠠᠭ᠂ ᠵᠢᠮᠢᠰ ᠤᠨ ᠣᠷᠣᠮ ᠳᠡᠭᠡᠷ᠎ᠡ ᠦᠨᠢᠶᠡᠨ ᠰᠦ ᠲᠦᠷᠬᠢᠭᠡᠳ ᠬᠡᠳᠦᠨ ᠴᠠᠭ ᠤᠨ ᠳᠠᠷᠠᠭ᠎ᠠ ᠤᠰᠤ ᠪᠠᠷ ᠤᠬᠢᠶᠠᠪᠠᠯ ᠳᠠᠷᠤᠢ ᠠᠷᠢᠯᠴᠢᠬᠠᠨ᠎ᠠ᠃    ᠦᠷᠯᠦᠭᠡ ᠪᠣᠰᠣᠭᠰᠠᠨ ᠤ ᠳᠠᠷᠠᠭ᠎ᠠ ᠨᠢᠳᠦ ᠴᠢᠨᠢ ᠬᠠᠪᠤᠳᠤᠭᠰᠠᠨ ᠪᠠᠶᠢᠪᠠᠯ ᠦᠨᠢᠶᠡᠨ ᠰᠦ ᠳᠡᠭᠡᠷ᠎ᠡ ᠪᠠᠭ᠎ᠠ ᠬᠡᠮᠵᠢᠶᠡᠨ ᠤ ᠽᠦ ᠪᠠ ᠪᠤᠴᠠᠯᠤᠭᠰᠠᠨ ᠤᠰᠤ ᠬᠢᠵᠦ ᠰᠫᠢᠷᠲ ᠬᠦᠪᠦᠩ ᠢᠶᠠᠷ ᠨᠢᠳᠦᠨ ᠤ ᠠᠨᠢᠰᠬ᠎ᠠ ᠳᠡᠭᠡᠷ᠎ᠡ ᠪᠠᠨ ᠳᠠᠬᠢᠨ ᠳᠠᠪᠲᠠᠨ 5 ᠮᠢᠨᠦ᠋ᠲ ᠲᠦᠷᠬᠢᠵᠦ ᠳᠠᠬᠢᠨ ᠬᠠᠯᠠᠭᠤᠨ ᠠᠯᠴᠢᠭᠤᠷ ᠲᠠᠯᠪᠢᠪᠠᠯ ᠬᠠᠪᠤᠳᠠᠷ ᠳᠣᠣᠷ᠎ᠠ ᠪᠠᠨ ᠪᠤᠴᠠᠴᠢᠬᠠᠳᠠᠭ᠃      ᠱᠠᠬᠠᠢ ᠶᠢᠨ ᠲᠤᠰᠤ ᠶᠢ ᠨᠡᠭᠡᠭᠡᠴᠢᠬᠡᠭᠡᠳ ᠤᠳᠠᠭᠠᠨ ᠲᠠᠯᠪᠢᠪᠠᠯ ᠠᠶᠠᠨᠳᠠᠭᠠᠨ ᠬᠠᠲᠠᠭᠤᠷᠠᠴᠢᠬᠠᠳᠠᠭ᠂ ᠬᠡᠷᠪᠡ ᠲᠣᠲᠣᠷ᠎ᠠ ᠨᠢ ᠬᠡᠳᠦᠨ ᠲᠤᠰᠤᠯ ᠦᠨᠢᠶᠡᠨ ᠰᠦ ᠲᠤᠰᠤᠭᠠᠪᠠᠯ ᠱᠠᠬᠠᠢ ᠶᠢᠨ ᠲᠤᠰᠤ ᠵᠦᠭᠡᠯᠡᠷᠡᠴᠢᠬᠡᠳᠡᠭ ᠶᠤᠮ᠃
 
ᠢᠷᠡᠯᠲᠡ᠄ ᠪᠠᠷᠠᠭᠤᠨ ᠰᠦᠨᠢᠳ ᠦᠨ ᠮᠤᠩᠭᠤᠯ ᠰᠦᠯᠵᠢᠶ᠎ᠡ ᠡᠴᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2