ᠥᠪᠥᠷ ᠮᠣᠩᠭᠤᠯ 2018 ᠣᠨ ᠤ ᠠᠰᠫᠢᠷᠠᠨᠲ ᠰᠢᠯᠭᠠᠬᠤ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠲᠣᠳᠣᠷᠬᠠᠶ ᠪᠣᠯᠭᠠᠪᠠ
ᠨᠡᠶᠢᠲᠡᠯᠡᠭᠰᠡᠨ ᠴᠠᠭ᠄
2018-04-18
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ᠥᠴᠥᠭᠡᠳᠦᠷ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠸᠢᠴᠠᠲ ᠢᠶᠠᠷ ᠨᠡᠶᠢᠲᠡᠯᠡᠭᠰᠡᠨ ᠢᠶᠠᠷ᠂ ᠰᠤᠷᠭᠠᠨ ᠬᠥᠮᠦᠵᠢᠯ ᠤᠨ ᠶᠠᠮᠤᠨ ︽2018 ᠣᠨ ᠤ ᠪᠦᠬᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ᠢ ᠨᠢᠭᠡᠨᠲᠡ ᠨᠡᠶᠢᠲᠡᠯᠡᠵᠦ᠂ 2018 ᠣᠨ ᠤ ᠠᠰᠫᠢᠷᠠᠨᠲ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃    ︽ᠤᠶᠤᠲᠠᠳ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ︾ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ᠲᠥᠯᠥᠪᠯᠡᠭᠡ︾ ︽ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾ ︽ᠰᠠᠶᠢᠨ ᠳᠤᠷ᠎ᠠ ᠠᠴᠠ ᠭᠠᠳᠠᠭᠠᠳᠣ ᠳᠤ ᠭᠠᠷᠴᠣ ᠬᠢᠲᠠᠳ ᠬᠡᠯᠡᠨ ᠤ ᠪᠠᠭᠰᠢ ᠪᠣᠯᠣᠭᠰᠠᠳ︾ ᠵᠡᠷᠭᠡ ᠲᠥᠷᠥᠯ ᠵᠦᠢᠯ ᠤᠨ ᠦᠢᠯᠡᠴᠢᠯᠡᠬᠦ ᠬᠤᠭᠤᠴᠠᠭ᠎ᠠ ᠨᠢ ᠲᠣᠯᠵᠣ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢᠳ᠂ 3 ᠵᠢᠯ ᠤᠨ ᠳᠣᠲᠣᠷ᠎ᠠ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠣᠷᠣᠯᠴᠠᠪᠠᠯ᠂ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠳᠤ 10 ᠬᠤᠪᠢ ᠨᠡᠮᠡᠵᠦ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠡᠯᠰᠡᠨ ᠠᠪᠤᠨ᠎ᠠ᠃    ᠴᠡᠷᠢᠭ ᠤᠨ ᠠᠯᠪᠠᠨ ᠠᠴᠠ ᠪᠠᠭᠤᠭᠰᠠᠨ ᠶᠡᠭᠡ ᠳᠡᠭᠡᠳᠦ ᠰᠣᠷᠭᠠᠭᠤᠯᠢ ᠶᠢᠨ ᠰᠣᠷᠣᠭᠴᠢ᠂ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠬᠦᠷᠦᠭᠰᠡᠨ ᠳᠠᠷᠠᠭ᠎ᠠ᠂ 3 ᠵᠢᠯ ᠤᠨ ᠳᠣᠲᠣᠷ᠎ᠠ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠶᠢᠨ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠳᠤ 10 ᠬᠤᠪᠢ ᠨᠡᠮᠡᠵᠦ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠡᠯᠰᠡᠨ᠎ᠡ᠂ ᠴᠡᠷᠢᠭ ᠠᠩᠭᠢ ᠳᠤ ᠬᠤᠶᠠᠳᠤᠭᠠᠷ ᠳᠡᠰ ᠠᠴᠠ ᠳᠡᠭᠡᠭᠰᠢ ᠭᠠᠪᠢᠶ᠎ᠠ ᠪᠠᠶᠢᠭᠤᠯᠣᠭᠰᠠᠨ᠂ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠯᠭᠠᠭᠤᠯᠬᠤ ᠦᠭᠡᠶ ᠪᠠᠷ ︵ᠠᠩᠬᠠᠨ ᠤ ᠰᠢᠯᠭᠠᠯᠲᠠ︶ ᠳᠡᠮᠵᠢᠨ ᠠᠰᠫᠢᠷᠠᠨᠲ ᠰᠣᠷᠣᠯᠴᠠᠬᠤ ᠶᠢ ᠭᠤᠶᠣᠴᠢᠯᠠᠵᠣ ᠪᠣᠯᠣᠨ᠎ᠠ᠃    ︽ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ ᠭᠠᠴᠠᠭᠠᠨ ᠳᠤ ᠪᠠᠭᠤᠵᠣ ᠲᠤᠰᠢᠶᠠᠯ ᠡᠭᠦᠷᠭᠡᠯᠡᠬᠦ︾ ᠲᠥᠷᠥᠯ ᠵᠦᠢᠯ ᠤᠨ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ᠂ ᠬᠢᠨᠠᠨ ᠰᠢᠯᠭᠠᠯᠲᠠ ᠳᠤ ᠲᠤᠰᠢᠶᠠᠯ ᠳᠠᠭᠠᠨ ᠳᠣᠭᠢᠷᠬᠠᠰᠠᠨ ᠰᠢᠯᠭᠠᠭᠤᠯᠤᠭᠴᠢ᠂ 3 ᠵᠢᠯ ᠤᠨ ᠳᠣᠲᠣᠷ᠎ᠠ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠣᠷᠣᠯᠴᠠᠪᠠᠯ᠂ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠳᠤ 10 ᠬᠤᠪᠢ ᠨᠡᠮᠡᠵᠦ᠂ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠰᠡᠨ᠎ᠡ᠂ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠠᠰᠫᠢᠷᠠᠨᠲ ᠰᠢᠯᠭᠠᠭᠤᠯᠬᠤ ᠪᠠᠷ ᠨᠡᠷ᠎ᠡ ᠮᠡᠳᠡᠭᠦᠯᠪᠡᠯ᠂ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠳᠤ 15 ᠬᠤᠪᠢ ᠨᠡᠮᠡᠨ᠎ᠡ᠃    ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠨᠴᠠᠭᠠᠶᠢᠯᠠᠨ ᠰᠠᠨᠠᠭᠤᠯᠬᠤ ᠨᠢ᠄ ᠬᠡᠷᠪᠡ ᠳᠡᠭᠡᠷ᠎ᠡ ᠳᠤᠷᠠᠳᠤᠭᠰᠠᠨ ᠬᠤᠪᠢ ᠨᠡᠮᠡᠬᠦ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠠᠩᠬᠠᠨ ᠤ ᠰᠢᠯᠭᠠᠯᠲᠠ ᠳᠤ ᠣᠷᠣᠯᠴᠠᠭᠠᠳ ᠬᠤᠶᠠᠳᠠᠬᠢ ᠰᠢᠯᠭᠠᠯᠲᠠ ᠳᠤ ᠣᠷᠣᠯᠴᠠᠬᠤ ᠬᠢᠷᠢ ᠬᠡᠮ ᠢᠶᠠᠨ ᠣᠯᠤᠭᠰᠠᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ ᠰᠣᠷᠣᠭᠴᠢ ᠡᠯᠰᠡᠬᠦ ᠪᠠᠶᠢᠭᠤᠯᠣᠯᠭ᠎ᠠ ᠨᠢᠭᠡᠴᠡ ᠳᠤ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠨ ᠬᠠᠩᠭᠠᠨ ᠥᠭᠭᠦᠨ᠎ᠡ᠃ ᠡᠭᠦᠨ ᠠᠴᠠ ᠭᠠᠳᠠᠨ᠎ᠠ᠂ ᠡᠯ᠎ᠡ ᠭᠠᠵᠠᠷ ᠪᠣᠯᠤᠨ ᠡᠯ᠎ᠡ ᠰᠣᠷᠣᠭᠴᠢ ᠡᠯᠰᠡᠬᠦ ᠪᠠᠶᠢᠭᠤᠯᠣᠯᠭ᠎ᠠ ᠨᠢᠭᠡᠴᠡ ᠳᠡᠭᠡᠷ᠎ᠡ ᠳᠤᠷᠠᠳᠤᠭᠰᠠᠨ ᠠᠰᠫᠢᠷᠠᠨᠲ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢᠨ ᠶᠡᠷᠦᠩᠬᠡᠶ ᠬᠤᠪᠢ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠬᠦᠯᠬᠦ ᠬᠡᠷᠡᠭᠲᠡᠢ᠂ ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠶ ᠲᠣᠭᠲᠠᠭᠠᠭᠰᠠᠨ ᠬᠡᠪᠴᠢᠶ᠎ᠡ ᠪᠠ ᠪᠠᠷᠢᠮᠵᠢᠶ᠎ᠠ ᠠᠴᠠ ᠭᠠᠳᠠᠨ᠎ᠠ᠂ ᠰᠠᠨᠠᠭ᠎ᠠ ᠳᠤᠷ᠎ᠠ ᠪᠠᠷ ᠢᠶᠠᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠠᠰᠲᠠᠭᠠᠨ ᠪᠠᠷᠢᠮᠵᠢᠶ᠎ᠠ ᠭᠠᠷᠭᠠᠵᠣ ᠪᠣᠯᠬᠤ ᠦᠭᠡᠢ᠃
 
ᠢᠷᠡᠯᠲᠡ᠄ ᠰᠢᠯᠤᠭᠤᠨ ᠬᠦᠬᠡ ᠬᠤᠰᠢᠭᠤᠨ ᠤ ᠮᠤᠩᠭᠤᠯ ᠰᠦᠯᠵᠢᠶᠡᠨ ᠡᠴᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2