ᠨᠤᠳᠤᠭ ᠪᠡᠯᠴᠢᠭᠡᠷ ᠢ ᠬᠠᠤᠯᠢ ᠪᠤᠰᠦ ᠪᠠᠷ ᠬᠠᠭᠠᠯᠪᠦᠷᠢᠯᠠᠬᠤ ᠶᠢ ᠬᠡᠷᠬᠢᠨ ᠰᠢᠢᠳᠬᠡᠬᠦ ᠪᠤᠢ︖
ᠨᠡᠶᠢᠲᠡᠯᠡᠭᠰᠡᠨ ᠴᠠᠭ᠄
2018-04-18
   ᠮᠠᠨ ᠤ ᠤᠯᠤᠰ ᠤᠨ ︽ᠨᠤᠳᠤᠭ ᠪᠡᠯᠴᠢᠭᠡᠷ ᠤᠨ ᠬᠠᠤᠯᠢ︾ ᠶᠢᠨ 66 ᠳ᠋ᠤᠭᠠᠷ ᠵᠦᠢᠯ ᠤᠨ ᠲᠤᠭᠳᠠᠭᠠᠯ ᠢ ᠦᠨᠳᠦᠰᠦᠯᠡᠪᠡᠯ᠂ ᠨᠤᠳᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠦᠷᠢᠯᠠᠭᠠᠳ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ︔ ᠡᠷᠡᠭᠦᠦ ᠶᠢᠨ ᠭᠡᠷᠡᠭ ᠤᠨ ᠰᠢᠢᠳᠭᠡᠯ  ᠳᠤ ᠬᠦᠷᠬᠦ ᠦᠭᠡᠢ ᠪᠤᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠷᠬᠡ ᠲᠤᠰᠢᠶᠠᠯ ᠶᠤᠰᠤᠭᠠᠷ ᠵᠠᠷᠯᠢᠭᠳᠠᠵᠦ ᠪᠠᠶᠢᠭᠠᠳ ᠬᠠᠤᠯᠢ ᠪᠤᠰᠤ ᠠᠵᠢᠯᠯᠠᠭ᠎ᠠ ᠶᠢ ᠨᠢ ᠵᠤᠭᠰᠤᠭᠠᠵᠦ᠂ ᠬᠤᠭᠤᠴᠠᠭ᠎ᠠ ᠬᠢᠵᠠᠭᠠᠷᠯᠠᠨ ᠤᠷᠭᠤᠮᠠᠯ  ᠤᠨ ᠪᠦᠷᠬᠦᠪᠴᠢ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠬᠤᠭᠰᠢᠯ ᠪᠠ ᠬᠠᠤᠯᠢ ᠪᠤᠰᠤ ᠤᠯᠵᠠᠪᠦᠷᠢ ᠶᠢ ᠨᠢ ᠬᠤᠷᠢᠶᠠᠨ ᠠᠪᠬᠤ ᠶᠢᠨ ᠬᠠᠮᠳᠦ ᠬᠠᠤᠯᠢ ᠪᠤᠰᠦ ᠤᠯᠵᠠᠪᠦᠷᠢ ᠶᠢᠨ 1 ᠲᠠᠬᠢᠨ ᠠᠴᠠ ᠳᠡᠭᠡᠭᠰᠢ 5 ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠬᠠᠤᠯᠢ ᠪᠤᠰᠤ ᠤᠯᠵᠠᠪᠦᠷᠢ ᠦᠬᠡᠢ ᠪᠤᠯ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠨᠤᠳᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠡᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃                             ︵ᠬᠠᠣᠯᠢ ᠲᠥᠭᠡᠮᠡᠯᠵᠢᠭᠦᠯᠭᠦ ᠴᠣᠪᠣᠷᠠᠯ ᠪᠢᠴᠢᠭ ᠠᠴᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2