ᠦᠪᠦᠷ ᠮᠣᠩᠭᠤᠯ ᠤᠨ ᠶᠠᠳᠠᠭᠤ ᠶᠢ ᠲᠡᠳᠬᠦᠬᠦ ᠶᠠᠳᠠᠭᠤ ᠠᠴᠠ ᠠᠩᠭᠢᠵᠢᠷᠠᠭᠤᠯᠬᠤ ᠲᠤᠬᠠᠶ ᠣᠷᠣᠨ ᠨᠤᠲᠤᠭ ᠤᠨ ᠪᠠᠷᠢᠮᠵᠢᠶ᠎ᠠ ᠨᠢ ᠬᠢᠨᠠᠨ ᠲᠣᠭᠲᠠᠭᠠᠯᠲᠠ ᠳᠤ ᠪᠠᠲᠤᠯᠠᠭᠳᠠᠪᠠ
ᠨᠡᠶᠢᠲᠡᠯᠡᠭᠰᠡᠨ ᠴᠠᠭ᠄
2018-04-20
   ᠦᠢᠷ᠎ᠠ ᠳᠤ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠣᠯᠤᠨ ᠥᠪᠥᠷ ᠮᠣᠩᠭᠤᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠠᠯᠪᠠᠨ ᠭᠡᠷ ᠠᠴᠠ ᠬᠠᠮᠲᠤᠷᠠᠨ ᠲᠤᠭᠤᠷᠪᠢᠭᠰᠠᠨ ︽ᠶᠠᠳᠠᠭᠤ ᠬᠦᠴᠢᠷᠳᠡᠯᠲᠡᠶ ᠲᠡᠳᠭᠦᠭᠦᠯᠦᠭᠰᠡᠳ ᠢ ᠢᠯᠭᠠᠬᠤ ᠲᠤᠬᠠᠶ ᠵᠢᠷᠤᠮᠵᠢᠯ︾ ︽ᠶᠠᠳᠠᠭᠤ ᠶᠢ ᠲᠡᠳᠬᠦᠬᠦ ᠲᠦᠷᠦᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯ︾ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠯ︾ ︽ᠶᠠᠳᠠᠭᠤ ᠶᠢ ᠲᠡᠳᠬᠦᠬᠦ ᠲᠤᠰᠠᠯᠠᠨ ᠳᠡᠮᠵᠢᠬᠦ ᠠᠷᠭ᠎ᠠ ᠬᠡᠮᠵᠢᠶ᠎ᠡ ᠶᠢᠨ ᠵᠢᠷᠤᠮᠵᠢᠯ︾᠂ ︽ᠺᠠᠳ᠋ᠷᠴᠤᠳ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠵᠢᠷᠤᠮᠵᠢᠯ︾ ︽ᠶᠠᠳᠠᠭᠤ ᠶᠢᠨ ᠠᠩᠬᠢᠵᠢᠷᠠᠭᠤᠯᠤᠯᠲᠠ ᠠᠴᠠ ᠤᠬᠤᠷᠢᠨ ᠭᠠᠷᠬᠤ ᠬᠠᠮᠢᠶᠠᠷᠤᠯᠲᠠ ᠶᠢᠨ ᠵᠢᠷᠤᠮᠵᠢᠯ︾᠂ ︽ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠦᠨᠡᠯᠡᠨ ᠵᠢᠱᠢᠬᠦ ᠵᠢᠷᠤᠮᠵᠢᠯ︾ ︽ᠶᠠᠳᠠᠭᠤ ᠶᠢ ᠲᠡᠳᠬᠦᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠢᠨᠠᠨ ᠲᠣᠭᠲᠠᠭᠠᠬᠤ ᠬᠤᠷᠠᠯ ᠬᠤᠷᠠᠯᠳᠤᠵᠠᠶ᠃    ᠲᠤᠰᠬᠠᠶ ᠮᠡᠷᠭᠡᠵᠢᠯᠲᠡᠳ ᠶᠠᠷᠢᠯᠴᠠᠬᠤ ᠪᠠᠷ ᠳᠠᠮᠵᠢᠭᠠᠳ᠄ ︽ᠶᠠᠳᠠᠭᠤ ᠬᠦᠴᠢᠷᠳᠡᠯᠲᠡᠶ ᠲᠡᠳᠭᠦᠭᠦᠯᠦᠭᠰᠡᠳ ᠢ ᠢᠯᠭᠠᠬᠤ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠰᠡᠳᠦᠪ ᠲᠤᠭᠲᠠᠭᠠᠯᠲᠠ ᠨᠢ ᠣᠨᠣᠪᠴᠢᠲᠠᠶ᠂ ᠠᠭᠤᠯᠭ᠎ᠠ ᠨᠢ ᠰᠢᠨᠵᠢᠯᠡᠬᠦ ᠤᠬᠠᠭᠠᠨᠴᠢ ᠪᠦᠭᠡᠳ ᠬᠡᠷᠡᠭᠵᠢᠬᠦᠯᠬᠦ ᠪᠣᠯᠤᠮᠵᠢᠲᠤ ᠴᠢᠨᠠᠷ ᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠶᠠᠳᠠᠭᠤ ᠶᠢ ᠲᠡᠳᠬᠦᠬᠦ ᠠᠵᠢᠯ ᠤᠨ ᠪᠤᠳᠠᠲᠠᠢ ᠲᠠᠢ ᠨᠡᠶᠢᠴᠡᠵᠤ᠂ ᠶᠠᠳᠠᠭᠤ ᠶᠢ ᠲᠡᠳᠬᠦᠬᠦ ᠠᠵᠢᠯ ᠢ ᠵᠢᠷᠤᠮᠵᠢᠭᠤᠯᠬᠤ ᠪᠠ ᠶᠠᠳᠠᠭᠤ ᠶᠢ ᠲᠡᠳᠬᠦᠬᠦ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ ᠬᠡᠵᠤ ᠦᠵᠡᠭᠰᠡᠨ ᠪᠦᠭᠡᠳ ︽ᠶᠠᠳᠠᠭᠤ ᠬᠦᠴᠢᠷᠳᠡᠯᠲᠡᠶ ᠲᠡᠳᠭᠦᠭᠦᠯᠦᠭᠰᠡᠳ ᠢ ᠢᠯᠭᠠᠬᠤ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠢᠨᠠᠨ ᠲᠣᠭᠲᠠᠭᠠᠯᠲᠠ ᠶᠢ ᠰᠠᠨᠠᠯ ᠨᠢᠭᠡᠲᠠᠢ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2