ᠨᠢᠭᠡ᠂ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠦᠯᠠᠭᠠᠨᠴᠠᠪ ᠶᠢᠨ ᠣᠯᠣᠰ ᠠᠷᠠᠳ ᠤᠨ ᠠᠵᠣ ᠠᠬᠤᠢ ᠪᠠ | ᠨᠡᠶᠢᠭᠡᠮ ᠤᠨ ᠬᠦᠭᠵᠢᠯᠳᠡ ᠶᠢᠨ ᠲᠤᠬᠠᠢ ᠪᠠᠶᠢᠯᠳᠣᠬᠤ ᠪᠣᠳᠣᠯᠭ᠎ᠠ᠂ ᠴᠢᠭᠯᠡᠯᠳᠡ᠂ ᠲᠦᠷᠦ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠤ᠂ ᠪᠦᠬᠦ ᠣᠷᠣᠨ ᠤ ᠣᠯᠣᠰ ᠠᠷᠠᠳ ᠤᠨ ᠠᠵᠣ ᠠᠬᠤᠢ ᠬᠢᠭᠡᠣᠨ ᠨᠡᠶᠢᠭᠡᠮ ᠤᠨ | ᠬᠦᠭᠵᠢᠯᠳᠡ ᠶᠢᠨ ᠣᠷᠲᠦ ᠬᠤᠭᠤᠴᠠᠭᠠᠨ ᠤ ᠲᠦᠯᠦᠪᠵᠢᠭᠦᠯᠭᠡ ᠬᠢᠭᠡᠳ ᠵᠢᠯ ᠤᠨ ᠲᠦᠯᠦᠪᠯᠡᠭᠡ ᠶᠢ ᠲᠣᠭᠲᠠᠭᠠᠬᠤ ᠶᠢᠨ | ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠲᠠᠢ | ᠵᠤᠬᠢᠴᠠᠭᠤᠯᠣᠨ᠂ ᠰᠢᠶᠠᠨ ᠤ ᠳᠣᠲᠤᠨ᠎ᠠ ᠭᠠᠳᠠᠨᠠᠬᠢ ᠠᠵᠣ ᠠᠬᠤᠢ ᠶᠢᠨ ᠪᠠᠶᠢᠳᠠᠯ ᠢ ᠰᠣᠳᠣᠯᠣᠨ ᠵᠠᠳᠠᠯᠵᠤ᠂ ᠪᠦᠬᠦ | ᠰᠢᠶᠠᠨ ᠤ ᠣᠯᠣᠰ ᠠᠷᠠᠳ ᠤᠨ ᠠᠵᠣ ᠠᠬᠤᠢ ᠶᠢᠨ ᠬᠦᠭᠵᠢᠯᠳᠡ᠂ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ | ᠪᠤᠯᠤᠨ ᠠᠵᠣ ᠠᠬᠤᠢ ᠶᠢᠨ ᠪᠦᠳᠦᠴᠡ ᠶᠢ ᠰᠢᠯᠢᠳᠡᠭᠵᠢᠭᠦᠯᠬᠦ ᠬᠠᠷᠠᠯᠳᠠ᠂ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ | ᠪᠠ ᠠᠷᠭ᠎ᠠ ᠬᠡᠮᠵᠢᠶ᠎ᠡ ᠵᠡᠷᠭᠡ ᠶᠢ ᠳᠤᠷᠠᠳᠴᠦ᠂ ᠡᠯ᠎ᠡ ᠵᠦᠢᠯ ᠤᠨ ᠠᠵᠣ ᠠᠬᠤᠢ ᠶᠢᠨ ᠠᠷᠭ᠎ᠠ ᠪᠠᠷᠢᠯ ᠪᠤᠯᠤᠨ | ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠲᠣᠷᠠᠳᠣᠨ᠎ᠠ︔ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠳᠤ ᠣᠯᠣᠰ | ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠮᠡᠳᠡᠭᠦᠯᠦᠯᠳᠡ ᠶᠢ ᠲᠣᠰᠢᠶᠠᠨ᠎ᠠ | ᠃ | ᠬᠤᠶᠠᠷ᠂ ᠪᠦᠬᠦ ᠰᠢᠶᠠᠨ ᠤ ᠬᠤᠷᠸ᠎ᠠ ᠠᠵᠣ ᠠᠬᠤᠢ ᠬᠢᠭᠡᠳ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠬᠢᠨᠠᠨ | ᠬᠡᠮᠵᠢᠬᠦ᠂ ᠲᠦᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠪᠠᠷ ᠬᠦᠲᠥᠯᠥᠨ ᠵᠢᠯᠤᠭᠤᠳᠬᠤ ᠬᠠᠷᠢᠭᠤᠴᠠᠯᠭ᠎ᠠ ᠶᠢ | ᠡᠭᠦᠷᠭᠡᠯᠡᠨ᠎ᠡ︔ ᠪᠦᠬᠦ ᠰᠢᠶᠠᠨ ᠤ ᠠᠵᠣ ᠠᠬᠤᠢ ᠶᠢᠨ ᠠᠵᠢᠯᠯᠠᠭᠠᠨ᠂ ᠶᠡᠷᠦᠩᠬᠡᠢ ᠬᠡᠮᠵᠢᠶ᠎ᠡ ᠶᠢᠨ ᠲᠡᠩᠴᠡᠭᠦᠷᠢ᠂ ᠠᠵᠣ | ᠠᠬᠤᠢ ᠪᠠ ᠠᠵᠣ ᠦᠢᠯᠡᠰ ᠤᠨ ᠠᠮᠦᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠣᠳᠣᠯᠬᠤ ᠶᠢᠨ ᠬᠠᠮᠲᠦ | ᠲᠤᠬᠢᠷᠠᠭᠤᠯᠤᠨ ᠡᠵᠡᠮᠳᠡᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠲᠣᠷᠠᠳᠣᠨ᠎ᠠ︔ ᠠᠵᠣ ᠠᠬᠤᠢ ᠶᠢᠨ | ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠥᠷᠢᠯᠡᠵᠦ᠂ ᠠᠵᠣ ᠠᠬᠤᠢ ᠶᠢᠨ | ᠠᠵᠢᠯᠯᠠᠭᠠᠨ ᠢ ᠳᠣᠬᠢᠷᠠᠭᠤᠯᠤᠨ᠎ᠠ︔ ᠴᠢᠬᠤᠯᠠ ᠡᠳ᠋ ᠪᠠᠷᠠᠭ᠎ᠠ ᠶᠢ ᠪᠠᠴᠢᠮ ᠲᠤᠬᠢᠷᠠᠭᠤᠯᠬᠤ ᠪᠠ ᠵᠠᠮ ᠬᠠᠷᠢᠯᠴᠠᠭ᠎ᠠ | ᠲᠡᠭᠡᠭᠡᠪᠦᠷᠢ ᠶᠢ ᠵᠣᠬᠢᠴᠠᠭᠤᠯᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠭᠤᠷᠪᠠ᠂ ᠪᠦᠬᠦ ᠰᠢᠶᠠᠨ ᠤ ᠡᠳ᠋ ᠤᠨ ᠵᠠᠰᠠᠭ᠂ ᠮᠦᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ | ᠬᠤᠷᠢᠶᠠᠩᠭᠤᠶᠢᠯᠠᠨ ᠵᠠᠳᠠᠯᠤᠨ᠎ᠠ︔ ᠡᠳ᠋ ᠤᠨ ᠵᠠᠰᠠᠭ᠂ ᠮᠦᠩᠭᠦᠨ ᠭᠦᠢᠯᠭᠡᠭᠡ᠂ ᠭᠠᠵᠠᠷ ᠰᠢᠷᠦᠢ ᠶᠢᠨ ᠲᠦᠷᠦ ᠶᠢᠨ | ᠪᠣᠳᠣᠯᠭ᠎ᠠ ᠲᠣᠭᠳᠠᠭᠠᠬᠤ ᠳᠤ ᠣᠷᠣᠯᠴᠠᠨ᠂ ᠬᠡᠷᠡᠭᠵᠢᠭᠦᠯᠦᠭᠰᠡᠨ ᠦᠷ᠎ᠡ ᠳ᠋ᠦᠩ ᠢ ᠶᠡᠷᠦᠩᠬᠡᠶᠢᠯᠡᠨ ᠵᠠᠳᠠᠯᠣᠨ᠎ᠠ︔ ᠪᠦᠬᠦ | ᠰᠢᠶᠠᠨ ᠤ ᠪᠦᠬᠦ ᠲᠠᠯ᠎ᠠ ᠶᠢᠨ ᠭᠠᠳᠠᠭᠠᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠵᠣ᠂ ᠪᠦᠳᠦᠴᠡ ᠶᠢ | ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ᠳᠥᠷᠪᠡ᠂ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠬᠦᠬᠡᠬᠤᠳᠠ ᠶᠢᠨ ᠦᠨ᠎ᠡ ᠬᠠᠩᠰᠢ ᠪᠠ ᠰᠦᠢᠳᠭᠡᠯ | ᠬᠤᠷᠢᠶᠠᠬᠤ ᠲᠦᠷᠦ ᠶᠢᠨ ᠪᠣᠳᠣᠯᠭ᠎ᠠ ᠶᠢ ᠲᠣᠣᠱᠯᠠᠭᠤᠯᠤᠨ ᠨᠠᠶᠢᠳᠠᠪᠥᠷᠢᠵᠢᠭᠤᠯᠵᠦ᠂ ᠪᠦᠬᠦ ᠰᠢᠶᠠᠨ ᠤ ᠦᠨ᠎ᠡ | ᠬᠠᠩᠰᠢ ᠶᠢᠨ ᠲᠣᠬᠢᠷᠠᠭᠤᠯᠤᠨ ᠡᠵᠡᠮᠳᠡᠬᠦ ᠬᠠᠷᠠᠯᠳᠠ ᠶᠢ ᠲᠣᠷᠠᠳᠣᠨ᠎ᠠ︔ ᠰᠢᠶᠠᠨ ᠤ ᠬᠠᠮᠢᠶ᠎ᠠ ᠪᠦᠬᠦᠢ ᠲᠠᠸᠠᠷ ᠤᠨ | ᠦᠢᠯᠡᠴᠢᠯᠡᠭᠡ ᠪᠤᠯᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠭᠳᠠᠭᠠᠬᠤ ᠪᠠ ᠲᠤᠬᠢᠷᠠᠭᠤᠯᠣᠨ᠎ᠠ︔ ᠦᠨ᠎ᠡ | ᠬᠠᠩᠰᠢ ᠶᠢᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠳᠡ ᠳᠤ ᠬᠢᠨᠠᠯᠳᠠ ᠲᠠᠯᠪᠢᠨ ᠪᠠᠶᠢᠴᠠᠭᠠᠬᠤ ᠶᠢ ᠬᠠᠷᠢᠭᠤᠴᠠᠨ᠂ | ᠪᠦᠬᠦ ᠰᠢᠶᠠᠨ ᠤ ᠦᠨ᠎ᠡ ᠬᠠᠩᠰᠢ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠯᠤᠨ ᠦᠨ᠎ᠡ | ᠬᠠᠩᠰᠢ ᠶᠢᠨ ᠭᠠᠭᠴᠠᠭᠠᠷ ᠡᠵᠡᠮᠰᠢᠭᠰᠡᠨ ᠦᠢᠯᠡ ᠠᠵᠢᠯᠯᠠᠭ᠎ᠠ ᠵᠡᠷᠭᠡ ᠶᠢ ᠬᠠᠣᠯᠢ ᠶᠣᠰᠣᠭᠠᠷ ᠪᠠᠶᠢᠴᠠᠭᠠᠨ | ᠰᠢᠢᠳᠪᠥᠷᠢᠯᠡᠨ᠎ᠡ᠃ | ᠲᠠᠪᠤ᠂ ᠪᠦᠬᠦ ᠰᠢᠶᠠᠨ ᠤ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠶᠢ | ᠵᠢᠯᠤᠭᠤᠳᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠂ ᠠᠵᠣ ᠠᠬᠤᠢ ᠶᠢᠨ | ᠪᠠᠶᠢᠭᠤᠯᠤᠯ ᠤᠨ ᠦᠭᠡᠷᠡᠴᠢᠯᠡᠯᠳᠡ ᠬᠢᠭᠡᠳ ᠭᠠᠳᠠᠭᠠᠲᠦ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠢ ᠰᠣᠳᠣᠯᠣᠨ᠎ᠠ | ︔ ᠶᠡᠷᠦᠩᠬᠡᠶᠢᠯᠡᠭᠰᠡᠨ ᠴᠢᠨᠠᠷᠲᠠᠢ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠦᠰᠦᠯ ᠢ ᠲᠣᠭᠲᠠᠭᠠᠵᠦ | ᠂ ᠬᠤᠯᠪᠤᠭᠳᠠᠯ ᠪᠦᠬᠦᠢ ᠲᠣᠰᠬᠠᠢ ᠵᠦᠢᠯ ᠤᠨ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠦᠰᠦᠯ ᠢ | ᠵᠣᠬᠢᠴᠠᠭᠤᠯᠣᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠣᠰᠬᠠᠢ ᠵᠦᠢᠯ ᠤᠨ ᠠᠵᠣ ᠠᠬᠤᠢ ᠶᠢᠨ | ᠪᠠᠶᠢᠭᠤᠯᠤᠯ ᠤᠨ ᠦᠭᠡᠷᠡᠴᠢᠯᠡᠯᠳᠡ ᠶᠢᠨ ᠬᠤᠭᠤᠷᠣᠨᠳᠦ ᠶᠢᠨ ᠵᠣᠯᠭᠠᠭᠤᠯᠤᠯᠲᠠ ᠶᠢ ᠰᠠᠶᠢᠳᠣᠷ ᠬᠢᠨ᠎ᠡ︔ ᠠᠵᠣ | ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠣᠷᠰᠢᠯᠳᠠ ᠪᠤᠯᠤᠨ ᠲᠣᠷᠰᠢᠯᠳᠠ ᠶᠢᠨ ᠣᠷᠣᠨ ᠤ ᠠᠵᠢᠯ ᠢ | ᠵᠢᠯᠣᠭᠤᠳᠣᠨ᠎ᠠ᠃ | ᠵᠢᠷᠭᠤᠭ᠎ᠠ᠂ ᠪᠦᠬᠦ ᠰᠢᠶᠠᠨ ᠤ ᠴᠢᠬᠤᠯᠠ ᠶᠡᠭᠡ ᠪᠦᠲᠥᠭᠡᠨ ᠪᠠᠶᠢᠭᠤᠯᠤᠯᠳᠠ ᠶᠢᠨ ᠲᠦᠷᠦᠯ ᠵᠦᠢᠯ ᠪᠤᠯᠤᠨ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯ ᠢ ᠲᠦᠯᠦᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠂ ᠪᠦᠬᠦ | ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠬᠤ | ᠪᠦᠳᠦᠴᠡ ᠶᠢᠨ ᠲᠤᠬᠢᠷᠠᠭᠤᠯᠤᠨ ᠡᠵᠡᠮᠳᠡᠬᠦ ᠬᠠᠷᠠᠯᠳᠠ᠂ ᠲᠦᠷᠦ ᠶᠢᠨ ᠪᠣᠳᠣᠯᠭ᠎ᠠ ᠬᠢᠭᠡᠳ ᠠᠷᠭ᠎ᠠ ᠬᠡᠮᠵᠢᠶ᠎ᠡ ᠶᠢ | ᠲᠣᠭᠲᠠᠭᠠᠵᠦ᠂ ᠵᠠᠰᠠᠭ ᠤᠨ ᠣᠷᠳᠣᠨ ᠤ ᠲᠤᠬᠢᠷᠠᠭᠤᠯᠬᠤ ᠴᠢᠬᠤᠯᠠᠳᠠᠢ ᠪᠡᠯᠡ ᠣᠷᠣᠭᠤᠯᠣᠯᠳᠠ ᠪᠣᠯᠣᠨ ᠴᠢᠬᠤᠯᠠ ᠶᠡᠭᠡ | ᠪᠦᠲᠥᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠲᠣᠰᠬᠠᠢ ᠵᠦᠢᠯ ᠤᠨ ᠲᠦᠯᠦᠪᠵᠢᠭᠦᠯᠭᠡ ᠶᠢ ᠵᠣᠯᠭᠠᠭᠤᠯᠣᠨ | ᠲᠡᠩᠴᠡᠭᠦᠷᠢᠰᠢᠭᠦᠯᠦᠨ᠎ᠡ︔ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠬᠢᠨᠠᠨ ᠵᠦᠪᠰᠢᠶᠡᠷᠡᠭᠰᠡᠨ ︵ | ᠬᠢᠨᠠᠨ ᠬᠠᠷᠭᠤᠭᠤᠯᠤᠭᠰᠠᠨ︶ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠠᠷᠢᠭᠤᠴᠠᠨ | ᠬᠢᠨᠠᠬᠤ ᠶᠢᠨ ᠬᠠᠮᠲᠦ ᠲᠡᠭᠡᠭᠰᠢ ᠮᠡᠳᠡᠭᠦᠯᠦᠨ᠎ᠡ︔ ᠲᠦᠪ᠂ ᠦᠪᠡᠷᠳᠡᠭᠡᠨ ᠵᠠᠰᠠᠬᠤ ᠣᠷᠣᠨ᠂ ᠬᠤᠲᠠ ᠵᠢᠴᠢ ᠰᠢᠶᠠᠨ ᠤ | ᠡᠳ᠋ ᠤᠨ ᠵᠠᠰᠠᠭ ᠤᠨ ᠴᠢᠨᠠᠷᠲᠠᠢ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠲᠣᠭᠲᠠᠭᠠᠭᠰᠠᠨ ᠡᠷᠬᠡ ᠮᠡᠳᠡᠯ ᠤᠨ | ᠶᠣᠰᠤᠭᠠᠷ ᠬᠢᠨᠠᠨ ᠵᠦᠪᠰᠢᠶᠡᠷᠡᠬᠦ᠂ ᠬᠠᠷᠭᠤᠭᠤᠯᠬᠤ᠂ ᠬᠢᠨᠠᠬᠤ᠂ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ ᠢ ᠲᠠᠩᠰᠠᠯᠠᠬᠤ᠂ ᠭᠠᠳᠠᠭᠠᠲᠦ ᠳᠤ ᠬᠤᠯᠪᠣᠭᠳᠠᠭᠰᠠᠨ ᠴᠢᠬᠤᠯᠠ ᠶᠡᠭᠡ ᠲᠦᠷᠦᠯ ᠵᠦᠢᠯ ᠪᠠ ᠶᠡᠭᠡ | ᠲᠣᠭᠠᠨ ᠤ ᠭᠤᠪᠢᠭᠤᠯᠭ᠎ᠠ ᠶᠢᠨ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠲᠤᠬᠢᠷᠠᠭᠤᠯᠣᠨ᠎ᠠ︔ ᠪᠦᠬᠦ ᠰᠢᠶᠠᠨ ᠤ | ᠣᠯᠣᠰ ᠤᠨ ᠭᠠᠳᠠᠭᠠᠲᠦ ᠵᠢᠭᠡᠯᠡᠯᠭᠡ ᠪᠠᠷ ᠪᠦᠲᠥᠭᠡᠨ ᠪᠠᠶᠢᠭᠤᠯᠬᠤ ᠪᠡᠯᠡ ᠮᠦᠩᠭᠦ ᠶᠢᠨ ᠬᠡᠷᠡᠭᠯᠡᠯᠲᠡ ᠶᠢ ᠵᠢᠯᠣᠭᠤᠳᠬᠤ | ᠪᠠ ᠬᠢᠨᠠᠯᠳᠠ ᠲᠠᠯᠪᠢᠵᠤ᠂ ᠠᠷᠠᠳ ᠤᠨ ᠪᠡᠯᠡ ᠣᠷᠣᠭᠤᠯᠣᠯᠳᠠ ᠶᠢᠨ ᠴᠢᠭᠯᠡᠯ ᠢ ᠬᠦᠲᠥᠯᠥᠨ ᠵᠢᠯᠤᠭᠤᠳᠴᠦ᠂ | ᠭᠠᠳᠠᠭᠠᠲᠦ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠣᠯᠳᠠ ᠶᠢᠨ ᠲᠦᠯᠦᠪᠵᠢᠭᠦᠯᠭᠡ᠂ | ᠶᠡᠷᠦᠩᠬᠡᠢ ᠬᠡᠮᠵᠢᠶ᠎ᠡ ᠶᠢᠨ ᠲᠡᠩᠴᠡᠭᠦᠷᠢ ᠪᠠ ᠪᠦᠳᠦᠴᠡ ᠶᠢᠨ ᠰᠢᠯᠢᠳᠡᠭᠵᠢᠭᠦᠯᠦᠯᠳᠡ ᠶᠢᠨ ᠬᠠᠷᠠᠯᠳᠠ ᠬᠢᠭᠡᠳ | ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠣᠷᠠᠳᠣᠨ᠎ᠠ︔ ᠢᠨᠵᠧᠨᠧᠷᠢᠩ ᠤᠨ ᠯᠠᠪᠯᠠᠯᠭ᠎ᠠ ᠦᠭᠬᠦ ᠦᠢᠯᠡᠰ ᠤᠨ | ᠬᠦᠭᠵᠢᠯᠳᠡ ᠶᠢ ᠵᠢᠯᠣᠭᠤᠳᠣᠨ᠎ᠠ᠃ | ᠳᠣᠯᠤᠭ᠎ᠠ᠂ ᠪᠦᠬᠦ ᠰᠢᠶᠠᠨ ᠤ ᠠᠵᠣ ᠠᠬᠤᠢ ᠶᠢᠨ ᠪᠦᠳᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ | ᠶᠡᠷᠦᠩᠬᠡᠶᠢᠯᠡᠭᠰᠡᠨ ᠴᠢᠨᠠᠷᠲᠠᠢ ᠠᠵᠣ ᠦᠢᠯᠡᠰ ᠤᠨ ᠲᠦᠷᠦ ᠶᠢᠨ ᠪᠤᠳᠣᠯᠭ᠎ᠠ ᠶᠢ ᠲᠣᠭᠲᠠᠭᠠᠨ᠎ᠠ︔ ᠪᠦᠬᠦ ᠰᠢᠶᠠᠨ ᠤ | ᠨᠢᠭᠡ᠂ ᠬᠤᠶᠠᠷ᠂ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢᠨ ᠴᠢᠬᠤᠯᠠ ᠶᠡᠭᠡ ᠠᠰᠠᠭᠤᠳᠠᠯ ᠢ ᠬᠠᠷᠢᠭᠤᠴᠠᠨ | ᠵᠣᠬᠢᠴᠠᠭᠤᠯᠬᠤ ᠶᠢᠨ ᠬᠠᠮᠲᠦ ᠬᠠᠮᠢᠶ᠎ᠠ ᠪᠦᠬᠦᠢ ᠬᠦᠭᠵᠢᠯᠳᠡ ᠶᠢᠨ ᠲᠦᠯᠦᠪᠵᠢᠭᠦᠯᠭᠡ ᠪᠠ ᠲᠦᠷᠦ ᠶᠢᠨ ᠪᠤᠳᠣᠯᠭ᠎ᠠ ᠶᠢᠨ | ᠠᠷᠭ᠎ᠠ ᠬᠡᠮᠵᠢᠶ᠎ᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠰᠢᠶᠠᠨ ᠤ ᠣᠯᠣᠰ ᠠᠷᠠᠳ ᠤᠨ ᠠᠵᠣ ᠠᠬᠤᠢ ᠪᠠ | ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠲᠦᠯᠦᠪᠯᠡᠭᠡ ᠯᠦᠭᠡ ᠵᠣᠯᠭᠠᠭᠤᠯᠤᠨ ᠲᠡᠩᠴᠡᠭᠦᠷᠢᠰᠢᠭᠦᠯᠦᠨ᠎ᠡ︔ | ᠲᠠᠷᠢᠶᠠᠯᠠᠩ ᠮᠠᠯ ᠠᠵᠣ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠂ ᠪᠦᠬᠦ ᠰᠢᠶᠠᠨ ᠤ ᠦᠢᠯᠡᠴᠢᠯᠡᠭᠡᠨ ᠤ ᠦᠢᠯᠡᠰ᠂ ᠣᠳᠣ ᠦᠶ᠎ᠡ ᠶᠢᠨ | ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠠ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠦ᠂ ᠬᠤᠯᠪᠣᠭᠳᠠᠯ ᠪᠦᠬᠦᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ︔ ᠪᠦᠬᠦ ᠰᠢᠶᠠᠨ ᠤ ᠳᠡᠭᠡᠳᠦ ᠮᠡᠷᠭᠡᠵᠢᠯᠲᠦ ᠠᠵᠦ ᠦᠢᠯᠡᠰ ᠤᠨ | ᠬᠦᠭᠵᠢᠯᠳᠡ᠂ ᠠᠵᠣ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠣ ᠦᠢᠯᠡᠰ ᠤᠨ ᠲᠡᠰ ᠲᠡᠪᠰᠢᠬᠦ | ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠳᠠᠭᠠᠨ᠂ ᠴᠢᠬᠤᠯᠠ ᠶᠡᠭᠡ | ᠮᠡᠷᠭᠡᠵᠢᠯ ᠤᠨ ᠲᠣᠨᠤᠭ ᠲᠦᠭᠦᠭᠡᠷᠦᠮᠵᠢ ᠶᠢ ᠲᠡᠯᠭᠡᠷᠡᠭᠦᠯᠥᠨ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ | ᠵᠣᠬᠢᠴᠠᠭᠤᠯᠣᠨ ᠰᠢᠢᠳᠪᠦᠷᠢᠯᠡᠨ᠎ᠡ︔ | ᠨᠠᠶᠢᠮᠠ᠂ ᠪᠦᠬᠦ ᠰᠢᠶᠠᠨ ᠤ ᠭᠤᠣᠯ ᠴᠣᠭᠴᠠ ᠪᠦᠬᠦᠢ ᠴᠢᠳᠠᠮᠵᠢᠲᠦ ᠣᠷᠣᠨ ᠤ ᠲᠦᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠦ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠤ᠂ ᠦᠨᠡᠯᠡᠨ ᠵᠢᠱᠢᠬᠦ ᠬᠠᠷᠢᠭᠤᠴᠠᠯᠭ᠎ᠠ ᠶᠢ | ᠡᠭᠦᠷᠭᠡᠯᠡᠨ᠎ᠡ︔ ᠪᠦᠬᠦ ᠰᠢᠶᠠᠨ ᠤ ᠣᠷᠣᠨ ᠪᠦᠰᠡ ᠶᠢ ᠵᠣᠬᠢᠴᠠᠩᠭᠤᠢ ᠪᠠᠷ ᠬᠦᠭᠵᠢᠭᠦᠯᠬᠦ ᠪᠠ ᠪᠠᠷᠠᠭᠤᠨ ᠣᠷᠣᠨ ᠢ | ᠶᠡᠬᠡᠪᠡᠷ ᠨᠡᠭᠡᠭᠡᠨ ᠬᠦᠭᠵᠢᠭᠦᠯᠬᠦ᠂ ᠵᠡᠭᠦᠨ ᠬᠤᠶᠢᠲᠦ ᠣᠷᠣᠨ ᠵᠡᠷᠭᠡ ᠬᠠᠭᠤᠴᠢᠨ ᠠᠵᠣ ᠦᠢᠯᠡᠳᠪᠥᠷᠢ ᠶᠢᠨ ᠰᠠᠭᠤᠷᠢᠨ | ᠭᠠᠵᠠᠷ ᠢ ᠬᠦᠭᠵᠢᠭᠦᠯᠥᠨ ᠮᠠᠨᠳᠤᠭᠤᠯᠬᠤ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠦ᠂ ᠬᠤᠳᠠ ᠪᠠᠯᠭᠠᠰᠣᠴᠢᠯᠠᠨ ᠬᠦᠭᠵᠢᠭᠦᠯᠬᠦ ᠪᠠᠶᠢᠯᠳᠣᠬᠤ ᠪᠣᠳᠣᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠲᠣᠷᠠᠳᠣᠨ᠎ᠠ︔ ᠭᠠᠵᠠᠷ ᠣᠷᠣᠨ ᠤ ᠠᠵᠣ ᠠᠬᠤᠢ ᠶᠢᠨ ᠬᠤᠷᠰᠢᠯᠴᠠᠭ᠎ᠠ ᠶᠢ ᠨᠢᠭᠡᠳᠦᠯᠲᠠᠢ ᠲᠦᠯᠥᠪᠯᠡᠨ | ᠵᠣᠬᠢᠴᠠᠭᠤᠯᠬᠤ ᠶᠢ ᠬᠠᠷᠢᠭᠤᠴᠠᠨ᠎ᠠ︔ ᠪᠦᠬᠦ ᠰᠢᠶᠠᠨ ᠤ ᠭᠠᠳᠠᠭᠠᠲᠦ ᠨᠡᠭᠡᠭᠡᠯᠲᠡ᠂ ᠠᠵᠣ ᠠᠬᠤᠢ ᠶᠢᠨ | ᠬᠤᠷᠰᠢᠯᠴᠠᠭ᠎ᠠ ᠶᠢᠨ ᠠᠵᠢᠯ ᠢ ᠡᠭᠦᠷᠭᠡᠯᠡᠨ᠎ᠡ︔ ᠪᠦᠬᠦ ᠰᠢᠶᠠᠨ ᠤ ᠨᠡᠭᠡᠭᠡᠯᠲᠡ ᠶᠢᠨ ᠣᠷᠣᠨ ᠤ ᠲᠦᠯᠦᠪᠵᠢᠭᠦᠯᠭᠡ ᠪᠠ | ᠬᠦᠭᠵᠢᠯᠳᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ᠶᠢᠰᠦ᠂ ᠪᠦᠬᠦᠰᠢᠶᠠᠨ ᠤ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠯᠬᠦ ᠪᠠ ᠲᠤᠬᠢᠷᠠᠭᠤᠯᠤᠨ ᠡᠵᠡᠮᠳᠡᠬᠦ | ᠬᠠᠷᠢᠭᠤᠴᠠᠯᠭ᠎ᠠ ᠶᠢ ᠡᠭᠦᠷᠭᠡᠯᠡᠵᠣ᠂ ᠴᠢᠬᠤᠯᠠ ᠲᠠᠷᠢᠶᠠᠯᠠᠩ ᠤᠨ ᠪᠦᠳᠦᠭᠡᠭᠳᠡᠭᠦᠨ᠂ ᠠᠵᠣ ᠦᠢᠯᠡᠳᠪᠦᠷᠢ ᠶᠢᠨ | ᠪᠦᠳᠦᠭᠡᠭᠳᠡᠭᠦᠨ ᠪᠠ ᠲᠦᠭᠦᠬᠡᠢ ᠮᠠᠲ᠋ᠧᠷᠢᠶᠠᠯ ᠤᠨ ᠭᠠᠳᠠᠭᠠᠳᠦ ᠠᠴᠠ ᠣᠷᠣᠭᠤᠯᠵᠣ ᠭᠠᠳᠠᠭᠠᠳᠦ ᠳᠤ ᠭᠠᠷᠭᠠᠬᠤ | ᠶᠡᠷᠦᠩᠬᠡᠢ ᠬᠡᠮᠵᠢᠶ᠎ᠡ ᠶᠢᠨ ᠲᠦᠯᠦᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠤ | ᠂ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠥᠰᠥᠯᠡᠨ ᠭᠠᠳᠠᠭᠠᠳᠦ ᠠᠴᠠ ᠣᠷᠣᠭᠤᠯᠵᠦ ᠭᠠᠳᠠᠭᠠᠳᠦ ᠳᠤ | ᠭᠠᠷᠭᠠᠬᠤ ᠶᠡᠷᠦᠩᠬᠡᠢ ᠬᠡᠮᠵᠢᠶ᠎ᠡ ᠶᠢᠨ ᠲᠦᠯᠦᠪᠯᠡᠭᠡ ᠳᠤ ᠲᠤᠬᠢᠷᠠᠭᠤᠯᠤᠯᠲᠠ ᠬᠢᠵᠦ᠂ ᠪᠠᠶᠢᠯᠳᠣᠬᠤ ᠪᠣᠳᠣᠯᠭ᠎ᠠ ᠶᠢᠨ ᠡᠳ᠋ | ᠪᠠᠷᠠᠭ᠎ᠠ ᠨᠦᠭᠡᠴᠡᠯᠡᠬᠦ ᠲᠦᠯᠦᠪᠵᠢᠭᠦᠯᠭᠡ ᠶᠢ ᠲᠣᠭᠳᠠᠭᠠᠨ ᠬᠤᠳᠠᠯᠳᠤᠨ ᠠᠪᠴᠦ ᠨᠦᠭᠡᠴᠡᠯᠡᠬᠦ᠂ ᠬᠡᠷᠡᠭᠯᠡᠬᠦ᠂ ᠰᠣᠯᠢᠬᠤ | ᠪᠠ ᠬᠠᠮᠢᠶᠠᠷᠬᠤ ᠶᠢ ᠬᠠᠷᠢᠭᠤᠴᠠᠨ᠎ᠠ᠃ | ᠠᠷᠪᠠ᠂ ᠪᠦᠬᠦ ᠰᠢᠶᠠᠨ ᠤ ᠨᠡᠶᠢᠭᠡᠮ ᠤᠨ ᠬᠦᠭᠵᠢᠯᠳᠡ ᠬᠢᠭᠡᠳ ᠣᠯᠣᠰ ᠠᠷᠠᠳ ᠤᠨ ᠠᠵᠣ ᠠᠬᠤᠢ ᠶᠢᠨ | ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢ ᠵᠣᠯᠭᠠᠯᠳᠤᠭᠤᠯᠬᠤ ᠶᠢ ᠬᠠᠷᠢᠭᠤᠴᠠᠨ᠂ ᠨᠡᠶᠢᠭᠡᠮ ᠤᠨ ᠬᠦᠭᠵᠢᠯᠳᠡ ᠶᠢᠨ | ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠤᠯᠤᠨ ᠣᠨ ᠤ ᠲᠦᠯᠦᠪᠯᠡᠭᠡ ᠶᠢ ᠲᠣᠭᠲᠠᠭᠠᠨ᠎ᠠ︔ ᠪᠦᠬᠦ ᠰᠢᠶᠠᠨ ᠤ | ᠨᠡᠶᠢᠭᠡᠮ ᠤᠨ ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠶᠢ ᠲᠤᠭᠳᠠᠭᠠᠬᠤ ᠳᠤ ᠣᠷᠣᠯᠴᠠᠨ᠂ ᠠᠵᠢᠯ | ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠳᠠ ᠶᠢ ᠲᠤᠬᠢᠷᠠᠭᠤᠯᠬᠤ᠂ ᠨᠡᠶᠢᠭᠡᠮ ᠤᠨ ᠪᠠᠳᠣᠯᠠᠭ᠎ᠠ ᠪᠤᠯᠤᠨ ᠠᠵᠣ | ᠠᠬᠤᠢ ᠬᠦᠭᠵᠢᠯᠲᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠶᠢ ᠳᠤᠷᠠᠳᠴᠤ᠂ ᠨᠡᠶᠢᠭᠡᠮ ᠤᠨ | ᠦᠢᠯᠡᠰ ᠤᠨ ᠬᠦᠭᠵᠢᠯᠳᠡ ᠪᠠ ᠦᠭᠡᠷᠡᠴᠢᠯᠡᠯᠳᠡ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠎ᠠ᠃ | ᠠᠷᠪᠠᠨ ᠨᠢᠭᠡ᠂ ᠡᠨᠧᠷᠭᠢ ᠶᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠡᠨᠧᠷᠭᠢ ᠶᠢᠨ ᠬᠦᠭᠵᠢᠯᠲᠡ ᠶᠢᠨ ᠲᠦᠯᠦᠪᠵᠢᠭᠦᠯᠭᠡ ᠪᠠ ᠲᠦᠯᠦᠪᠯᠡᠭᠡ ᠲᠣᠭᠲᠠᠭᠠᠨ᠂ ᠬᠦᠭᠵᠢᠯᠲᠡ ᠶᠢᠨ ᠪᠠᠶᠢᠯᠳᠤᠬᠤ | ᠪᠣᠳᠤᠯᠭ᠎ᠠ ᠪᠠ ᠴᠢᠬᠤᠯᠠ ᠶᠡᠭᠡ ᠲᠥᠷᠥ ᠶᠢᠨ ᠪᠣᠳᠤᠯᠭ᠎ᠠ ᠳᠤᠷᠠᠳᠤᠨ᠎ᠠ︔ ᠴᠢᠯᠠᠭᠤᠨ ᠲᠣᠰᠣ᠂ ᠰᠢᠲᠠᠮᠠᠬᠠᠢ ᠬᠡᠢ᠂ | ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ ᠵᠢᠴᠢ ᠨᠡᠭᠦᠷᠡᠰᠦᠨ ᠲᠦᠯᠡᠰᠢ ᠵᠡᠷᠭᠡ ᠡᠨᠧᠷᠭᠢ ᠶᠢ ᠨᠡᠭᠡᠭᠡᠨ | ᠠᠰᠢᠭᠯᠠᠬᠤ ᠶᠢ ᠬᠠᠮᠢᠶᠠᠷᠴᠤ᠂ ᠬᠠᠮᠢᠶ᠎ᠠ ᠪᠦᠬᠦᠢ ᠪᠠᠷᠢᠮᠵᠢᠶ᠎ᠠ ᠲᠣᠭᠲᠠᠭᠠᠨ᠂ ᠡᠨᠧᠷᠭᠢ ᠶᠢᠨ ᠬᠦᠭᠵᠢᠯᠲᠡ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ︔ ᠡᠨᠧᠷᠭᠢ ᠪᠠ ᠡᠬᠢ ᠰᠣᠷᠪᠤᠯᠵᠢ ᠶᠢ ᠳᠣᠬᠢᠷᠠᠭᠤᠯᠬᠤ ᠰᠠᠨᠠᠭᠤᠯᠭ᠎ᠠ | ᠵᠢᠴᠢ ᠡᠨᠧᠷᠭᠢ ᠠᠷᠪᠢᠯᠠᠬᠤ᠂ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠶᠢ ᠬᠦᠭᠵᠢᠭᠦᠯᠬᠦ ᠲᠦᠷᠥ ᠶᠢᠨ | ᠪᠣᠳᠤᠯᠭ᠎ᠠ ᠶᠢᠨ ᠠᠷᠭ᠎ᠠ ᠬᠡᠮᠵᠢᠶ᠎ᠡ ᠳᠤᠷᠠᠳᠴᠤ᠂ ᠬᠠᠮᠢᠶ᠎ᠠ ᠪᠦᠬᠦᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠪᠠᠶᠢᠴᠠᠭᠠᠨ᠎ᠠ︔ ᠪᠦᠬᠦ ᠰᠢᠶᠠᠨ ᠤ ᠡᠨᠧᠷᠭᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠠᠬᠢᠭᠤᠯᠤᠨ᠎ᠠ᠃ | ᠠᠷᠪᠠᠨ ᠬᠤᠶᠠᠷ᠂ ᠪᠦᠬᠦ ᠰᠢᠶᠠᠨ ᠤ ᠡᠨᠧᠷᠬᠢ ᠠᠷᠪᠢᠯᠠᠨ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠶᠡᠷᠥᠩᠬᠡᠶᠢᠯᠡᠨ ᠵᠣᠬᠢᠴᠠᠭᠤᠯᠬᠤ ᠠᠵᠢᠯ ᠪᠣᠯᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠥᠷᠥᠯ | ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠂ ᠬᠦᠭᠵᠢᠯᠳᠡ ᠶᠢᠨ ᠣᠷᠴᠢᠯ ᠠᠵᠣ | ᠠᠬᠤᠢ᠂ ᠪᠦᠬᠦ ᠨᠡᠶᠢᠭᠡᠮ ᠤᠨ ᠡᠨᠧᠷᠬᠢ ᠡᠬᠢ ᠪᠠᠶᠠᠯᠢᠭ ᠪᠤᠯᠤᠨ ᠶᠡᠷᠥᠩᠬᠡᠶᠢᠯᠡᠨ ᠠᠰᠢᠭᠯᠠᠬᠤ ᠲᠦᠯᠦᠪᠵᠢᠭᠦᠯᠭᠡ ᠬᠢᠭᠡᠳ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠳᠠᠭᠠᠬᠤ ᠶᠢᠨ ᠬᠠᠮᠲᠦ ᠵᠣᠬᠢᠴᠠᠭᠤᠯᠣᠨ | ᠬᠡᠷᠡᠭᠵᠢᠭᠦᠯᠦᠨ᠎ᠡ︔ ᠪᠦᠬᠦ ᠰᠢᠶᠠᠨ ᠤ ᠠᠮᠢ ᠠᠬᠤᠢ ᠶᠢᠨ ᠪᠦᠲᠥᠭᠡᠨ ᠪᠠᠶᠢᠭᠤᠯᠤᠯᠳᠠ᠂ ᠣᠷᠴᠢᠨ ᠲᠤᠭᠤᠷᠢᠨ ᠤ | ᠬᠠᠮᠠᠭᠠᠯᠠᠯᠳᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠂ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ᠂ ᠡᠨᠧᠷᠬᠢ ᠡᠬᠢ ᠪᠠᠶᠠᠯᠢᠭ ᠢ ᠠᠷᠪᠢᠯᠠᠬᠤ ᠪᠠ ᠶᠡᠷᠥᠩᠬᠡᠶᠢᠯᠡᠨ ᠠᠰᠢᠭᠯᠠᠬᠤ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ᠂ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠣ ᠦᠢᠯᠡᠰ | ᠪᠣᠯᠣᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠣᠨ᠎ᠠ᠃ ᠁ | ᠠᠷᠪᠠᠨ ᠭᠤᠷᠪᠠ᠂ ᠣᠯᠣᠰ᠂ ᠦᠪᠡᠷᠳᠡᠭᠡᠨ ᠵᠠᠰᠠᠬᠤ ᠣᠷᠣᠨ ᠵᠢᠴᠢ ᠦᠯᠠᠭᠠᠨᠴᠠᠪ ᠶᠢᠨ ᠴᠠᠭ ᠠᠭᠤᠷ ᠤᠨ | ᠬᠤᠪᠢᠷᠠᠯᠳᠠ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ | ᠪᠦᠬᠦ ᠣᠷᠣᠨ ᠤ ᠴᠠᠭ ᠠᠭᠤᠷ ᠤᠨ ᠬᠤᠪᠢᠷᠠᠯᠳᠠ ᠶᠢ ᠠᠷᠭᠠᠴᠠᠭᠠᠬᠤ ᠲᠦᠯᠦᠪᠵᠢᠭᠦᠯᠭᠡ ᠪᠠ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠳᠠᠭᠠᠨ᠎ᠠ᠃ | ᠠᠷᠪᠠᠨ ᠳᠥᠷᠪᠡ᠂ ᠪᠦᠬᠦ ᠰᠢᠶᠠᠨ ᠤ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ᠂ ᠠᠵᠣ | ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠬᠢᠭᠡᠳ ᠭᠠᠳᠠᠭᠠᠲᠦ ᠨᠡᠬᠡᠬᠡᠯᠳᠡ ᠶᠢᠨ ᠬᠤᠯᠪᠤᠭᠳᠠᠯ ᠪᠦᠬᠦᠢ ᠬᠠᠣᠯᠢ | ᠲᠣᠭᠲᠠᠭᠠᠯ ᠳᠦᠷᠢᠮ ᠲᠣᠭᠳᠠᠭᠠᠯ ᠤᠨ ᠡᠬᠡ ᠨᠤᠤᠷᠠᠭ ᠪᠣᠯᠣᠨ ᠪᠣᠰᠣᠳ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠲᠤᠭᠤᠷᠪᠢᠨ᠎ᠠ︔ ᠪᠦᠬᠦ ᠰᠢᠶᠠᠨ ᠤ ᠲᠠᠭᠠᠭᠠᠴᠢᠯᠠᠯᠳᠠ ᠵᠠᠷᠯᠠᠬᠤ ᠪᠣᠯᠤᠨ ᠬᠦᠯᠢᠶᠡᠬᠦ ᠠᠵᠢᠯ ᠢ ᠲᠣᠭᠲᠠᠭᠠᠯ | ᠶᠣᠰᠤᠭᠠᠷ ᠵᠢᠯᠣᠭᠤᠳᠬᠤ ᠪᠠ ᠵᠣᠬᠢᠴᠠᠭᠤᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠯᠠᠭᠠᠨᠴᠠᠪ ᠶᠢᠨ | ᠣᠯᠣᠰ ᠠᠷᠠᠳ ᠤᠨ ᠠᠵᠣ ᠠᠬᠤᠢ ᠶᠢᠨ ᠲᠠᠶᠢᠴᠢᠯᠠᠯᠳᠠ ᠶᠢᠨ ᠲᠦᠷᠦ ᠶᠢᠨ ᠪᠣᠳᠣᠯᠭ᠎ᠠ᠂ ᠲᠦᠯᠦᠪᠵᠢᠭᠦᠯᠭᠡ | ᠲᠦᠯᠦᠪᠯᠡᠭᠡ ᠶᠢ ᠲᠤᠤᠱᠯᠠᠭᠤᠯᠤᠨ ᠨᠠᠶᠢᠳᠠᠪᠥᠷᠢᠵᠢᠭᠤᠯᠬᠤ ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠵᠦ᠂ ᠪᠦᠬᠦ | ᠰᠢᠶᠠᠨ ᠤ ᠣᠯᠣᠰ ᠠᠷᠠᠳ ᠤᠨ ᠠᠵᠣ ᠠᠬᠤᠢ ᠶᠢᠨ ᠲᠠᠶᠢᠴᠢᠯᠠᠯᠳᠠ ᠶᠢᠨ ᠬᠤᠯᠪᠤᠭᠳᠠᠯ ᠪᠦᠬᠦᠢ ᠠᠵᠢᠯ ᠢ ᠵᠣᠬᠢᠶᠠᠨ | ᠪᠠᠶᠢᠭᠤᠯᠤᠨ ᠶᠠᠪᠤᠭᠳᠠᠭᠤᠯᠤᠨ᠎ᠠ᠃ | ᠠᠷᠪᠠᠨ ᠲᠠᠪᠤ᠂ ᠴᠢᠬᠤᠯᠠ ᠶᠡᠭᠡ ᠪᠦᠳᠦᠭᠡᠨ ᠪᠠᠶᠢᠭᠤᠯᠣᠳᠠ ᠶᠢᠨ ᠲᠦᠷᠦᠯ ᠵᠦᠢᠯ ᠢ ᠪᠠᠶᠢᠴᠠᠭᠠᠬᠤ ᠬᠠᠷᠢᠭᠤᠴᠠᠯᠭ᠎ᠠ ᠶᠢ | ᠡᠭᠦᠷᠭᠡᠯᠡᠨ᠂ ᠬᠤᠯᠪᠤᠭᠳᠠᠬᠤ ᠠᠵᠢᠯ ᠲᠦᠷᠦᠯ ᠪᠣᠯᠣᠨ ᠣᠷᠣᠨ ᠨᠣᠳᠤᠭ ᠲᠠᠬᠢ ᠣᠯᠣᠰ ᠪᠠ ᠦᠪᠡᠷᠳᠡᠭᠡᠨ ᠵᠠᠰᠠᠬᠤ | ᠣᠷᠣᠨ᠂ ᠦᠯᠠᠭᠠᠨᠴᠠᠪ ᠵᠢᠴᠢ ᠰᠢᠶᠠᠨ ᠤ ᠪᠡᠯᠡ ᠣᠷᠣᠭᠤᠯᠣᠯᠳᠠ ᠶᠢᠨ ᠲᠦᠷᠦ ᠶᠢᠨ ᠪᠣᠳᠣᠯᠭ᠎ᠠ ᠪᠣᠯᠣᠨ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠦᠷᠳᠡᠨ ᠪᠠᠶᠢᠴᠠᠭᠠᠨ᠎ᠠ︔ ᠲᠦᠪ᠂ ᠦᠪᠡᠷᠳᠡᠭᠡᠨ ᠵᠠᠰᠠᠬᠤ | ᠣᠷᠣᠨ᠂ ᠦᠯᠠᠭᠠᠨᠴᠠᠪ ᠵᠢᠴᠢ ᠰᠢᠶᠠᠨ ᠤ ᠡᠳ᠋ ᠤᠨ ᠵᠠᠰᠠᠭ ᠤᠨ ᠴᠢᠨᠠᠷᠲᠠᠢ ᠪᠦᠳᠦᠭᠡᠨ ᠪᠠᠶᠢᠭᠤᠯᠤᠯᠳᠠ ᠶᠢᠨ ᠪᠡᠯᠡ | ᠮᠦᠩᠭᠦ ᠶᠢᠨ ᠪᠡᠯᠡ ᠣᠷᠣᠭᠤᠯᠣᠯᠳᠠ ᠶᠢ ᠲᠣᠬᠢᠷᠠᠭᠤᠯᠣᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ | ᠪᠠᠶᠢᠴᠠᠭᠠᠨ᠎ᠠ᠃ | ᠠᠷᠪᠠᠨ ᠵᠢᠷᠭᠤᠭ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠦᠯᠠᠭᠠᠨᠴᠠᠪ ᠶᠢᠨ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ ᠠᠴᠠ ᠲᠣᠰᠢᠶᠠᠭᠰᠠᠨ ᠪᠣᠰᠣᠳ ᠵᠦᠢᠯ ᠢ ᠲᠠᠭᠠᠭᠠᠨ ᠬᠢᠨ᠎ᠡ | |