ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2018-04-24
ᠨᠢᠭᠡ᠂ ᠨᠠᠮ ᠤᠨ ᠱᠣᠭᠤᠮ᠂ ᠴᠢᠭᠯᠡᠯᠲᠡ᠂ ᠲᠥᠷᠦ ᠶᠢᠨ ᠪᠣᠳᠤᠯᠭ᠎ᠠ ᠶᠢ ᠡᠯ᠎ᠡ ᠪᠠᠶᠢᠭᠤᠯᠭ᠎ᠠ ᠳᠤ ᠲᠤᠤᠱᠯᠠᠭᠤᠯᠬᠤ ᠶᠢ ᠬᠠᠷᠢᠭᠤᠴᠠᠵᠤ᠂ ᠲᠣᠭᠲᠠᠭᠤᠨ ᠪᠠ ᠪᠦᠯᠬᠦᠮᠳᠡᠯ ᠢ ᠬᠠᠮᠠᠭᠠᠯᠠᠬᠤ ᠪᠠ ᠪᠦᠬᠦ ᠰᠢᠶᠠᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠯᠭᠤᠮ ᠶᠠᠪᠤᠭᠳᠠᠬᠤ ᠳᠤ ᠬᠠᠤᠯᠢ ᠶᠢᠨ ᠦᠢᠯᠡᠴᠢᠯᠡᠭᠡ ᠬᠠᠩᠭᠠᠨ᠎ᠠ᠃ ᠬᠤᠶᠠᠷ᠂ ᠪᠦᠬᠦ ᠰᠢᠶᠠᠨ ᠤ ᠬᠠᠤᠯᠢ ᠳᠦᠷᠢᠮ ᠤᠨ ᠤᠬᠠᠭᠤᠯᠭ᠎ᠠ ᠬᠦᠮᠦᠵᠢᠯ᠂ ᠬᠠᠤᠯᠢ ᠪᠠᠷ ᠵᠠᠰᠠᠬᠤ ᠠᠵᠢᠯ ᠤᠨ ᠠᠯᠤᠰ ᠤᠨ ᠲᠥᠯᠥᠪᠵᠢᠭᠦᠯᠭᠡ ᠪᠠ ᠬᠠᠤᠯᠢ ᠳᠦᠷᠢᠮ ᠤᠨ ᠤᠬᠠᠭᠤᠯᠭ᠎ᠠ ᠪᠣᠯᠤᠨ ᠬᠠᠤᠯᠢ ᠪᠠᠷ ᠵᠠᠰᠠᠬᠤ ᠠᠵᠢᠯ ᠤᠨ ᠨᠢᠭᠡ ᠬᠤᠭᠤᠴᠠᠭᠠᠨ ᠤ ᠲᠥᠯᠥᠪᠵᠢᠭᠦᠯᠭᠡ ᠶᠢ ᠳᠤᠭᠤᠷᠪᠢᠵᠤ ᠬᠡᠷᠡᠭᠵᠢᠭᠦᠯᠦᠨ᠎ᠡ᠃ ᠭᠤᠷᠪᠠ᠂ ᠪᠦᠬᠦ ᠰᠢᠶᠠᠨ ᠤ ᠬᠠᠤᠯᠢ ᠲᠦᠭᠡᠮᠡᠯᠵᠢᠭᠦᠯᠬᠦ ᠬᠦᠮᠦᠵᠢᠯ᠂ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠳᠥᠷᠪᠡ᠂ ᠪᠦᠬᠦ ᠰᠢᠶᠠᠨ ᠤ ᠬᠠᠤᠯᠢᠴᠢ ᠪᠣᠯᠤᠨ ᠠᠯᠪᠠᠨ ᠭᠡᠷᠡᠴᠢᠯᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠪᠤ᠂ ᠪᠦᠬᠦ ᠰᠢᠶᠠᠨ ᠤ ᠨᠡᠶᠢᠭᠡᠮ ᠲᠣᠭᠤᠷᠢᠭ ᠤᠨ ᠵᠠᠰᠠᠵᠤ ᠵᠠᠯᠠᠷᠠᠭᠤᠯᠬᠤ ᠪᠣᠯᠤᠨ ᠳᠣᠬᠢᠷᠠᠭᠤᠯᠵᠤ ᠲᠦᠪᠬᠢᠨᠡᠭᠦᠯᠬᠦ ᠶᠢ ᠬᠠᠪᠰᠤᠷᠤᠨ ᠬᠦᠮᠦᠵᠢᠭᠦᠯᠬᠦ ᠠᠵᠢᠯ ᠢ ᠬᠠᠷᠢᠭᠤᠴᠠᠨ᠎ᠠ᠃ ᠵᠢᠷᠭᠤᠭ᠎ᠠ᠂ ᠪᠦᠬᠦ ᠰᠢᠶᠠᠨ ᠤ ᠬᠠᠤᠯᠢ ᠶᠢᠨ ᠲᠤᠰᠠᠯᠠᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠣᠯᠤᠭ᠎ᠠ᠂ ᠪᠦᠬᠦ ᠰᠢᠶᠠᠨ ᠤ ᠬᠠᠤᠯᠢ ᠴᠠᠭᠠᠵᠠ ᠶᠢᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢ ᠤᠳᠤᠷᠢᠳᠴᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠴᠠᠭᠳᠠᠭ᠎ᠠ ᠶᠢᠨ ᠲᠤᠰᠢᠶᠠᠯ ᠲᠣᠮᠢᠯᠠᠯ᠂ ᠳᠣᠬᠢᠷᠠᠭᠤᠯᠤᠯᠭ᠎ᠠ᠂ ᠬᠢᠨᠠᠨ ᠦᠨᠡᠯᠡᠯᠲᠡ᠂ ᠱᠠᠩᠨᠠᠯ ᠲᠣᠷᠭᠠᠭᠤᠯᠢ᠂ ᠳᠠᠪᠲᠠᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠠᠷᠠᠳ ᠤᠨ ᠡᠶᠡᠳᠡᠭᠦᠯᠭᠡ ᠶᠢᠨ ᠠᠵᠢᠯ ᠢ ᠵᠢᠯᠤᠭᠤᠳᠤᠨ᠂ ᠬᠢᠨᠠᠵᠤ ᠬᠠᠮᠢᠶᠠᠷᠤᠨ᠎ᠠ᠃ ᠨᠠᠶᠢᠮᠠ᠂ ᠦᠨᠳᠦᠰᠦᠨ ᠱᠠᠲᠤᠨ ᠤ ᠬᠠᠤᠯᠢ ᠶᠢᠨ ᠦᠢᠯᠡᠴᠢᠯᠡᠭᠡ ᠶᠢ ᠵᠢᠯᠤᠭᠤᠳᠤᠨ᠂ ᠵᠤᠬᠢᠴᠠᠭᠤᠯᠵᠤ᠂ ᠬᠠᠮᠢᠶᠠᠷᠤᠨ᠎ᠠ᠃ ᠶᠢᠰᠦ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠠᠵᠢᠯ ᠳᠤ ᠤᠷᠤᠯᠴᠠᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2