ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠪᠠ ᠭᠠᠷᠭᠠᠯᠲᠠ 235.1 ᠳ᠋ᠥᠩᠰᠢᠭᠤᠷ ᠲᠥᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2018-04-24
   ᠨᠢᠭᠡᠳᠦᠭᠡᠷ ᠤᠯᠠᠷᠢᠯ ᠳᠤ ᠥᠪᠥᠷ ᠡᠨᠡ ᠵᠢᠯ ᠤᠨ ᠨᠢᠭᠡᠳᠦᠭᠡᠷ ᠤᠯᠠᠷᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠨᠢ 235.1 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.9% ᠪᠠᠷ ᠨᠡᠮᠡᠭᠳᠡᠪᠡ︔ ᠡᠭᠦᠨ ᠳᠤ ᠭᠠᠳᠠᠭᠠᠳᠤ ᠳᠤ ᠭᠠᠷᠭᠠᠭᠰᠠᠨ ᠨᠢ 86.3 ᠳ᠋ᠥᠩᠰᠢᠭᠤᠷ ᠲᠥᠭᠦᠷᠢᠭ ᠲᠤ ᠬᠦᠷᠴᠦ᠂ 9.6% ᠪᠠᠷ ᠨᠡᠮᠡᠭᠳᠡᠪᠡ︔ ᠭᠠᠳᠠᠭᠠᠳᠤ ᠠᠴᠠ ᠣᠷᠤᠭᠤᠯᠤᠭᠰᠠᠨ ᠨᠢ 148.8 ᠳ᠋ᠥᠩᠰᠢᠭᠤᠷ ᠲᠥᠭᠦᠷᠢᠭ ᠲᠤ ᠬᠦᠷᠴᠦ᠂ 2.1% ᠪᠠᠷ ᠪᠠᠭᠤᠷᠠᠵᠠᠶ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠪᠠ ᠭᠠᠷᠭᠠᠯᠲᠠ ᠨᠢ ᠭᠤᠣᠯᠳᠠᠭᠤ 5 ᠣᠨᠴᠠᠯᠢᠭ ᠲᠠᠢ ᠪᠠᠶᠢᠨ᠎ᠠ᠄ ᠰᠠᠷ᠎ᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠨᠢ ᠴᠥᠮ ᠪᠠᠭ᠎ᠠ ᠬᠡᠮᠵᠢᠶ᠎ᠡ ᠪᠠᠷ ᠨᠡᠮᠡᠭᠳᠡᠵᠡᠶ︔ ᠡᠩ ᠤᠨ ᠠᠷᠠᠯᠵᠢᠶ᠎ᠠ ᠭᠤᠣᠯᠯᠠᠭᠴᠢ ᠪᠠᠶᠢᠷᠢ ᠶᠢ ᠡᠵᠡᠯᠡᠵᠦ᠂ ᠪᠣᠯᠪᠠᠰᠤᠷᠠᠭᠤᠯᠬᠤ ᠠᠷᠠᠯᠵᠢᠶᠠᠨ ᠤ ᠡᠵᠡᠯᠡᠬᠦ ᠬᠤᠪᠢ ᠶᠢᠨ ᠵᠢᠩ ᠨᠢ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠦᠬᠦᠯᠢ ᠴᠣᠭᠴᠠ ᠶᠢᠨ ᠨᠡᠮᠡᠭᠳᠡᠯ ᠤᠨ ᠬᠤᠷᠳᠤᠴᠠ ᠠᠴᠠ ᠶᠡᠭᠡ ᠬᠡᠮᠵᠢᠶ᠎ᠡ ᠪᠠᠷ ᠳᠡᠭᠡᠭᠰᠢᠯᠡᠵᠡᠢ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢᠨ ᠭᠤᠣᠯ ᠬᠦᠴᠦᠨ ᠪᠣᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠮᠡᠭᠳᠡᠯ ᠤᠨ ᠬᠡᠮᠵᠢᠶ᠎ᠡ ᠨᠢ ᠢᠯᠡᠳᠲᠡ ᠪᠠᠶᠢᠵᠤ᠂ ᠨᠢᠭᠡᠳᠦᠭᠡᠷ ᠤᠯᠠᠷᠢᠯ ᠳᠠᠬᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠪᠴᠢᠶ᠎ᠡ ᠨᠢ 56.1 ᠳ᠋ᠥᠩᠰᠢᠭᠤᠷ ᠲᠥᠭᠦᠷᠢᠭ ᠲᠤ ᠬᠦᠷᠴᠦ᠂ 36.1% ᠨᠡᠮᠡᠭᠳᠡᠪᠡ︔ ᠮᠣᠩᠭᠤᠯ ᠤᠯᠤᠰ ᠪᠣᠯᠣᠨ ᠣᠷᠣᠰ ᠤᠯᠤᠰ ᠬᠠᠮᠤᠭ ᠤᠨ ᠭᠤᠤᠯ ᠠᠷᠠᠯᠵᠢᠶᠠᠨ ᠤ ᠬᠠᠨᠢᠲᠠᠨ ᠪᠣᠯᠵᠤ᠂ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠠᠷᠠᠯᠵᠢᠶᠠᠨ ᠤ ᠶᠡᠷᠦᠩᠬᠡᠶ ᠦᠷᠳᠡᠭ ᠨᠢ 149.1 ᠳ᠋ᠦᠩᠰᠢᠭᠤᠷ ᠲᠥᠭᠦᠷᠢᠭ ᠲᠤ ᠬᠦᠷᠴᠦ᠂ 4. 4% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠪᠦᠲᠦᠴᠡ ᠨᠢ ᠬᠠᠷᠢᠴᠠᠩᠭᠤᠶ ᠪᠠᠷ ᠲᠣᠭᠲᠠᠭᠤᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2