2018 ᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠪᠡᠶ᠎ᠠ ᠶᠢᠨ ᠳᠠᠮᠢᠷ ᠤᠨ ᠪᠤᠯᠪᠠᠰᠤᠷᠠᠯ᠂ ᠦᠱᠦ | ᠪᠤᠯᠤᠨ ᠦᠨᠳᠦᠰᠦᠳᠡᠨ ᠤ ᠤᠯᠠᠮᠵᠢᠯᠠᠯᠳᠤ ᠳᠠᠮᠢᠷ ᠤᠨ ᠳᠤᠰᠬᠠᠢ ᠮᠡᠷᠬᠡᠵᠢᠯ ᠤᠨ ᠰᠤᠷᠤᠭᠴᠢ ᠡᠯᠰᠡᠬᠦ ᠰᠤᠶᠤᠯ ᠤᠨ | ᠬᠢᠴᠢᠶᠡᠯ ᠤᠨ ᠰᠢᠯᠭᠠᠯᠳᠠ 4 ᠰᠠᠷ᠎ᠠ ᠶᠢᠨ 21 ᠠᠴᠠ 22 ᠪᠤᠯᠳᠠᠯ᠎ᠠ ᠶᠠᠪᠤᠭᠳᠠᠨ᠎ᠠ᠃ | ᠤᠢᠢᠯᠠᠭᠠᠭᠰᠠᠨ ᠢᠶᠠᠷ᠂ ᠬᠦᠬᠡᠬᠤᠳᠠ᠂ ᠪᠤᠭᠤᠳᠤ ᠬᠤᠲᠠ᠂ ᠤᠷᠳᠤᠰ ᠬᠤᠲᠠ᠂ ᠪᠠᠶᠠᠨᠨᠠᠭᠤᠷ ᠬᠤᠲᠠ᠂ ᠦᠬᠠᠢ | ᠂ ᠠᠯᠠᠱᠠ ᠠᠶᠢᠮᠠᠭ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ ᠤᠨ ᠰᠢᠯᠭᠠᠭᠤᠯᠤᠭᠴᠢ ᠪᠤᠭᠤᠳᠤ | ᠬᠤᠳᠠ ᠶᠢᠨ ᠲᠦᠴᠢᠨ ᠳᠠᠪᠤᠳᠤᠭᠠᠷ ᠳᠤᠮᠳᠠᠳᠤ ᠰᠤᠷᠭᠠᠭᠤᠯᠢ ᠳᠤ ᠰᠢᠯᠭᠠᠨ᠎ᠠ᠃ ᠲᠦᠩᠯᠢᠶᠤᠤ ᠬᠤᠲᠠ᠂ | ᠤᠯᠠᠭᠠᠨᠬᠠᠳᠠ ᠬᠤᠲᠠ᠂ ᠬᠦᠯᠦᠨ ᠪᠤᠶᠢᠷ ᠬᠤᠲᠠ᠂ ᠬᠢᠩᠭᠠᠨ ᠠᠶᠢᠮᠠᠭ ᠤᠨ ᠰᠢᠯᠭᠠᠭᠤᠯᠤᠭᠴᠢ ᠤᠯᠠᠭᠠᠨᠬᠠᠳᠠ ᠶᠢᠨ | ᠭᠤᠷᠪᠠᠳᠤᠭᠠᠷ ᠳᠤᠷᠰᠢᠯᠳᠠ ᠶᠢᠨ ᠪᠠᠭ᠎ᠠ ᠰᠤᠷᠭᠠᠭᠤᠯᠢ ᠳᠤ ᠰᠢᠯᠭᠠᠨ᠎ᠠ᠃ | ᠠᠩᠬᠠᠷᠬᠤ ᠨᠢ᠂ ᠰᠢᠯᠭᠠᠭᠤᠯᠤᠭᠴᠢ ᠰᠢᠯᠭᠠᠯᠳᠠ ᠳᠤ ᠤᠷᠤᠯᠴᠠᠬᠤ ᠳᠠᠭᠠᠨ᠂ ᠬᠤᠪᠢ ᠬᠦᠮᠦᠨ ᠤ ᠪᠡᠶ᠎ᠠ ᠶᠢᠨ | ᠦᠨᠡᠮᠯᠡᠯ᠂ ︽2018 ᠤᠨ ᠤ ᠪᠡᠶ᠎ᠠ ᠶᠢᠨ ᠳᠠᠮᠢᠷ ᠤᠨ ᠪᠤᠯᠪᠠᠰᠤᠷᠠᠯ᠂ ᠦᠱᠦ ᠪᠤᠯᠤᠨ ᠦᠨᠳᠦᠰᠦᠳᠡᠨ ᠤ | ᠤᠯᠠᠮᠵᠢᠯᠠᠯᠳᠤ ᠳᠠᠮᠢᠷ ᠤᠨ ᠳᠤᠰᠬᠠᠢ ᠮᠡᠷᠬᠡᠵᠢᠯ ᠤᠨ ᠰᠤᠷᠤᠭᠴᠢ ᠡᠯᠰᠡᠬᠦ ᠰᠢᠯᠭᠠᠭᠤᠯᠬᠤ ᠶᠢ ᠵᠦᠪᠰᠢᠶᠡᠷᠡᠬᠦ ᠦᠨᠡᠮᠯᠡᠯ︾ | ᠂ ︽2018 ᠤᠨ ᠤ ᠪᠡᠶ᠎ᠠ ᠶᠢᠨ ᠳᠠᠮᠢᠷ ᠤᠨ ᠪᠤᠯᠪᠠᠰᠤᠷᠠᠯ᠂ ᠦᠱᠦ ᠪᠤᠯᠤᠨ ᠦᠨᠳᠦᠰᠦᠳᠡᠨ ᠤ ᠤᠯᠠᠮᠵᠢᠯᠠᠯᠳᠤ | ᠳᠠᠮᠢᠷ ᠤᠨ ᠳᠤᠰᠬᠠᠢ ᠮᠡᠷᠬᠡᠵᠢᠯ ᠤᠨ ᠰᠤᠷᠤᠭᠴᠢ ᠡᠯᠰᠡᠬᠦ ᠰᠤᠶᠤᠯ ᠤᠨ ᠬᠢᠴᠢᠶᠡᠯ ᠤᠨ ᠰᠢᠯᠭᠠᠯᠳᠠ ᠶᠢᠨ ᠮᠡᠳᠡᠭᠳᠡᠯ ᠤᠨ | ᠬᠠᠭᠤᠳᠠᠰᠤ︾ ᠪᠠᠨ ᠠᠪᠴᠤ ᠰᠢᠯᠭᠠᠯᠳᠠ ᠶᠢᠨ ᠳᠠᠯᠠᠪᠠᠢ ᠳᠤ ᠤᠷᠤᠯᠴᠠᠬᠤ ᠬᠡᠷᠡᠭᠳᠡᠢ᠃ ᠰᠢᠯᠭᠠᠭᠤᠯᠬᠤ ᠶᠢ | ᠵᠦᠪᠰᠢᠶᠡᠷᠡᠬᠦ ᠦᠨᠡᠮᠯᠡᠯ ᠢᠶᠠᠨ 4 ᠰᠠᠷ᠎ᠠ ᠶᠢᠨ 15 ᠤ ᠡᠳᠦᠷ ᠠᠴᠠ ᠬᠤᠶᠢᠰᠢ᠂ ᠳᠤᠮᠳᠠᠳᠤ ᠤᠯᠤᠰ ᠤᠨ ᠪᠡᠶ᠎ᠠ ᠶᠢᠨ | ᠳᠠᠮᠢᠷ ᠰᠤᠶᠤᠯ ᠤᠨ ᠬᠦᠮᠦᠵᠢᠯ ᠤᠨ ᠰᠦᠯᠵᠢᠶ᠎ᠠ ᠪᠤᠶᠤ APP ᠳᠤ ᠭᠠᠷᠴᠤ᠂ ᠪᠡᠶ᠎ᠠ ᠶᠢᠨ ᠳᠠᠮᠢᠷ ᠤᠨ ᠳᠤᠰᠬᠠᠢ | ᠡᠯᠰᠡᠬᠦ ᠰᠢᠯᠭᠠᠯᠳᠠ ᠶᠢᠨ ᠬᠠᠮᠢᠶᠠᠷᠤᠯᠳᠠ ᠶᠢᠨ ᠰᠦᠯᠵᠢᠶ᠎ᠠ ᠳᠤ ᠭᠠᠷᠴᠤ ᠦᠪᠡᠷ ᠲᠡᠭᠡᠨ ᠳᠠᠷᠤᠮᠠᠯᠯᠠᠨ᠎ᠠ᠃ ︽2018 | ᠤᠨ ᠤ ᠪᠡᠶ᠎ᠠ ᠶᠢᠨ ᠳᠠᠮᠢᠷ ᠤᠨ ᠪᠤᠯᠪᠠᠰᠤᠷᠠᠯ᠂ ᠦᠱᠦ ᠪᠤᠯᠤᠨ ᠦᠨᠳᠦᠰᠦᠳᠡᠨ ᠤ ᠤᠯᠠᠮᠵᠢᠯᠠᠯᠳᠤ ᠳᠠᠮᠢᠷ ᠤᠨ ᠳᠤᠰᠬᠠᠢ | ᠮᠡᠷᠬᠡᠵᠢᠯ ᠤᠨ ᠰᠤᠷᠤᠭᠴᠢ ᠡᠯᠰᠡᠬᠦ ᠰᠤᠶᠤᠯ ᠤᠨ ᠬᠢᠴᠢᠶᠡᠯ ᠤᠨ ᠰᠢᠯᠭᠠᠯᠳᠠ ᠶᠢᠨ ᠮᠡᠳᠡᠭᠳᠡᠯ ᠤᠨ ᠬᠠᠭᠤᠳᠠᠰᠤ︾ ᠶᠢ | ᠪᠤᠭᠤᠳᠤ ᠬᠤᠳᠠ ᠪᠤᠯᠤᠨ ᠤᠯᠠᠭᠠᠨᠬᠠᠳᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ | ᠲᠦᠪ ᠠᠴᠠ ᠳᠤᠰᠪᠤᠷᠢ ᠳᠠᠷᠤᠮᠠᠯᠯᠠᠨ ᠭᠠᠷᠭᠠᠵᠤ᠂ ᠰᠢᠯᠭᠠᠭᠤᠯᠤᠭᠴᠢ 4 ᠰᠠᠷ᠎ᠠ ᠶᠢᠨ 19 ᠠᠴᠠ 20 ᠤ ᠡᠳᠦᠷ ᠤᠨ | ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 2᠄ 30 — 5᠄ 30 | ᠪᠤᠯᠳᠠᠯ᠎ᠠ ᠳᠤᠰ ᠬᠤᠶᠠᠷ ᠲᠦᠪ ᠲᠤ ᠤᠴᠢᠵᠤ ᠠᠪᠬᠤ ᠬᠡᠷᠡᠭᠳᠡᠢ᠃ ︵ᠰᠣᠷᠪᠤᠯᠵᠢᠯᠠᠭᠴᠢ᠄ ᠨᠠᠪᠴᠢ︶ |