ᠦᠪᠤᠷ ᠮᠤᠩᠭᠤᠯ ᠤᠨ ᠦᠷᠯᠦᠭᠡ ᠶᠢᠨ ᠰᠤᠨᠢᠨ ᠤ ᠮᠡᠳᠡᠭᠡᠯᠡᠭᠰᠡᠨ ᠠᠴᠠ ᠦᠵᠡᠪᠡᠯ᠂ 2018 ᠤᠨ ᠠᠴᠠ | ᠡᠬᠢᠯᠡᠨ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ | ᠲᠠᠭᠠᠳᠬᠠᠯ ᠤᠨ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠬᠦᠯᠵᠤ᠂ ᠦᠪᠤᠷ ᠮᠤᠩᠭᠤᠯ ᠤᠨ ᠡᠷᠦᠭᠡ | ᠠᠮᠠ ᠪᠦᠬᠦᠢ ᠪᠦᠬᠦᠯᠢ 60 ᠨᠠᠰᠤᠨ ᠠᠴᠠ ᠲᠡᠭᠡᠭᠰᠢᠬᠢ ᠨᠠᠰᠤᠲᠠᠶᠢᠴᠤᠳ ᠴᠦᠮ ᠵᠠᠰᠠᠭ ᠤᠨ ᠤᠷᠳᠤᠨ ᠠᠴᠠ | ᠨᠦᠬᠦᠪᠤᠷᠢ ᠦᠭᠬᠦ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠦᠢᠯᠡᠴᠢᠯᠡᠭᠡ ᠬᠦᠷᠲᠡᠬᠦ ᠪᠤᠯᠤᠮᠵᠢ ᠲᠠᠢ | ᠪᠤᠯᠪᠠ᠃ | ᠤᠶᠢᠷ᠎ᠠ ᠶᠢᠨ ᠡᠳᠤᠷ᠂ ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠬᠤᠪᠢ | ᠤᠷᠤᠭᠤᠯᠤᠭᠰᠠᠨᠬᠢᠵᠠᠭᠠᠷᠳᠤ ᠺᠤᠮᠫᠠᠨᠢ ᠶᠢᠨ ᠦᠪᠤᠷ ᠮᠤᠩᠭᠤᠯ ᠳᠠᠬᠢ ᠬᠤᠪᠢᠶᠠᠷᠢ ᠺᠤᠮᠫᠠᠨᠢ ᠬᠢᠭᠡᠳ ᠦᠪᠤᠷ ᠮᠤᠩᠭᠤᠯ | ᠤᠨ ᠦᠪᠡᠷᠲᠡᠭᠡᠨ ᠵᠠᠰᠠᠬᠤᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠨᠠᠰᠤᠲᠠᠶᠢᠴᠤᠳ ᠤᠨ ᠭᠡᠨᠡᠳᠲᠡ | ᠶᠢᠨ ᠭᠡᠮᠳᠦᠯ ᠤᠨ ᠲᠠᠭᠠᠳᠬᠠᠯ ᠤᠨᠬᠡᠯᠡᠯᠴᠡᠭᠡᠷ ᠲᠤ ᠠᠯᠪᠠᠨ ᠶᠤᠰᠤ ᠪᠠᠷ ᠭᠠᠷ ᠤᠨ ᠦᠰᠦᠭ ᠵᠢᠷᠤᠵᠤ᠂ | ᠦᠪᠡᠷᠲᠡᠭᠡᠨ ᠵᠠᠰᠠᠬᠤ ᠤᠷᠤᠨ ᠤ ᠨᠠᠰᠤᠲᠠᠶᠢᠴᠤᠳ ᠤᠨᠭᠡᠨᠡᠳᠲᠡ ᠶᠢᠨ ᠭᠡᠮᠳᠦᠯ ᠤᠨ ᠲᠠᠭᠠᠳᠬᠠᠯ ᠤᠨ | ᠲᠠᠭᠠᠭᠠᠴᠢᠯᠠᠨ ᠦᠢᠯᠡᠴᠢᠯᠡᠬᠦ ᠨᠢᠭᠡᠴᠡ ᠪᠤᠯᠪᠠ᠃ | ᠲᠤᠭᠲᠠᠭᠠᠯ ᠠᠴᠠ ᠦᠵᠡᠪᠡᠯ᠂ ᠦᠪᠡᠷᠲᠡᠭᠡᠨ ᠵᠠᠰᠠᠬᠤ ᠤᠷᠤᠨ ᠠᠴᠠ ᠠᠳᠠᠯᠢ ᠪᠤᠰᠤ ᠪᠠᠶᠢᠳᠠᠯ ᠢ | ᠦᠨᠳᠦᠰᠦᠯᠡᠨᠨᠠᠰᠤᠲᠠᠶᠢᠴᠤᠳ ᠲᠤ ᠰᠦᠢᠳᠭᠡᠯ ᠨᠢ 15 ᠲᠦᠬᠦᠷᠢᠭ᠂ ᠲᠠᠭᠠᠳᠬᠠᠬᠤ ᠲᠤᠭ᠎ᠠ ᠨᠢ 2.5 ᠲᠦᠮᠡᠨ | ᠲᠦᠬᠦᠷᠢᠭ ᠤᠨ ᠭᠡᠨᠡᠳᠲᠡᠵᠢᠨ ᠭᠡᠮᠳᠦᠯ ᠤᠨ ᠲᠠᠭᠠᠳᠬᠠᠯ ᠢ ᠪᠦᠬᠦ ᠦᠨ᠎ᠡ ᠪᠠᠷ ᠨᠢ ᠬᠤᠳᠠᠯᠳᠤᠨ ᠠᠪᠴᠦ ᠦᠭᠬᠦ | ᠪᠤᠶᠤ ᠨᠢᠭᠡ ᠬᠡᠰᠡᠭ ᠢ ᠨᠢ ᠨᠦᠬᠦᠪᠤᠷᠢᠯᠡᠨᠬᠤᠳᠠᠯᠳᠤᠨ ᠠᠪᠴᠦ ᠦᠭᠬᠦᠨ᠎ᠡ᠃ ᠡᠬᠦᠨ ᠳᠤ᠂ ᠦᠪᠤᠷ ᠮᠤᠩᠭᠤᠯ ᠤᠨ | ᠡᠷᠦᠭᠡ ᠠᠮᠠ ᠪᠦᠬᠦᠢ ᠪᠦᠬᠦᠯᠢ 60 ᠨᠠᠰᠤᠨ ᠡᠴᠠᠲ᠋ᠡᠭᠡᠭᠰᠢᠬᠢ ᠠᠷᠠᠳ ᠤᠨ ᠶᠠᠪᠤᠳᠠᠯ ᠤᠨ ᠪᠠᠶᠢᠭᠤᠯᠭ᠎ᠠ ᠠᠴᠠ | ᠭᠤᠤᠯᠳᠠᠯᠭ᠎ᠠ ᠲᠠᠢ ᠲᠡᠳᠬᠦᠨ ᠲᠡᠮᠵᠢᠵᠤ ᠪᠠᠶᠢᠭ᠎ᠠ ᠡᠳᠡᠭᠡᠳ᠂ ᠤᠨᠴᠠᠬᠦ᠋ᠴᠢᠷᠲᠡᠯ ᠲᠠᠢ ᠬᠦᠮᠦᠰ᠂ ᠵᠡᠮᠳᠡᠭᠴᠤᠳ ᠤᠨ | ᠰᠤᠪᠢᠯᠠᠯᠲᠠ ᠶᠢᠨ ᠨᠦᠬᠦᠪᠤᠷᠢ ᠬᠦᠷᠲᠡᠵᠤ ᠪᠠᠶᠢᠭ᠎ᠠ ᠬᠦᠮᠦᠰ᠂ ︽ᠭᠤᠷᠪᠠᠨᠠᠷᠠᠳ︾ ᠤᠨ ᠬᠦᠮᠦᠰ ᠤᠨ ᠲᠠᠭᠠᠳᠬᠠᠯ | ᠤᠨ ᠰᠦᠢᠳᠭᠡᠯ ᠢ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠪᠦᠬᠦᠨᠢ ᠭᠠᠷᠭᠠᠨ᠎ᠠ᠃ ᠡᠳᠡᠭᠡᠷ | ᠬᠦᠮᠦᠰ ᠠᠴᠠ ᠭᠠᠳᠠᠨ᠎ᠠ᠂ ᠦᠪᠤᠷ ᠮᠤᠩᠭᠤᠯ ᠤᠨ ᠡᠷᠦᠭᠡ ᠠᠮᠠ ᠪᠦᠬᠦᠢ ᠪᠤᠰᠤᠳ ᠪᠦᠬᠦᠯᠢ 60ᠨᠠᠰᠤᠨ ᠠᠴᠠ | ᠲᠡᠭᠡᠭᠰᠢᠬᠢ ᠨᠠᠰᠤᠲᠠᠶᠢᠴᠤᠳ ᠲᠤ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ 5 ᠲᠦᠬᠦᠷᠢᠭ | ᠤᠨᠨᠦ᠋ᠬᠦᠪᠤᠷᠢ ᠦᠭᠴᠦ᠂ ᠬᠤᠪᠢ ᠬᠦᠮᠦᠨ ᠨᠢ 10 ᠲᠦᠬᠦᠷᠢᠭ ᠭᠠᠷᠭᠠᠵᠤ ᠪᠠᠶᠢᠭᠠᠳ ᠠᠳᠠᠯᠢ ᠲᠦᠷᠦᠯ ᠬᠡᠯᠪᠡᠷᠢ ᠶᠢᠨ | ᠬᠡᠨᠡᠳᠲᠡᠵᠢᠨ ᠭᠡᠮᠳᠦᠯ ᠤᠨ ᠲᠠᠭᠠᠳᠬᠠᠯ ᠬᠤᠳᠠᠯᠳᠤᠨ ᠠᠪᠴᠦ ᠦᠭᠬᠦᠨ᠎ᠡ᠃ ᠲᠠᠭᠠᠳᠬᠠᠭᠤᠯᠤᠭᠴᠢ ᠶᠢᠨ | ᠲᠠᠭᠠᠳᠬᠠᠭᠤᠯᠬᠤ ᠪᠦᠬᠦ ᠲᠤᠭᠠᠨᠢ 2.5 ᠲᠦᠮᠡᠨ ᠲᠦᠬᠦᠷᠢᠭ ᠪᠠᠶᠢᠵᠤ ᠪᠤᠯᠤᠨ᠎ᠠ᠂ ᠡᠬᠦᠨ ᠳᠤ ᠭᠡᠨᠡᠳᠲᠡ ᠶᠢᠨ | ᠭᠡᠮᠳᠦᠯ ᠳᠤ ᠨᠠᠰᠤ ᠪᠠᠷᠠᠭᠰᠠᠨ ᠪᠠ ᠰᠢᠷᠬᠠᠳᠤᠵᠤᠵᠡᠮᠳᠡᠭᠷᠡᠭᠰᠡᠨ ᠤ ᠲᠠᠭᠠᠳᠬᠠᠯ ᠤᠨ ᠮᠦᠩᠬᠦ ᠨᠢ 2 ᠲᠦᠮᠡᠨ | ᠲᠦᠬᠦᠷᠢᠭ᠂ ᠭᠡᠨᠡᠳᠲᠡ ᠶᠢᠨ ᠭᠡᠮᠳᠦᠯ ᠤᠨ ᠡᠮᠴᠢᠯᠡᠭᠡᠨ ᠣᠲ᠋ᠠᠭᠠᠳᠬᠠᠯ ᠤᠨ ᠮᠦᠩᠬᠦ ᠨᠢ 5000 ᠲᠦᠬᠦᠷᠢᠭ | ᠪᠤᠯᠤᠨ᠎ᠠ᠃ | ᠤᠶᠢᠯᠠᠭᠠᠭᠰᠠᠨ ᠢᠶᠠᠷ᠂ 2017 ᠤᠨ ᠤ ᠡᠴᠦᠰ ᠪᠤᠯᠳᠠᠯ᠎ᠠ ᠦᠪᠡᠷᠲᠡᠭᠡᠨ ᠵᠠᠰᠠᠬᠤ ᠤᠷᠤᠨ ᠤ ᠪᠦᠬᠦᠯᠢ 60 | ᠨᠠᠰᠤᠬᠦ᠋ᠷᠦᠭᠰᠡᠨ ᠨᠠᠰᠤᠲᠠᠶᠢᠴᠤᠳ 445 ᠲᠦᠮᠡ ᠬᠦᠷᠴᠦ᠂ ᠪᠦᠬᠦ ᠤᠷᠤᠨ ᠤ ᠡᠷᠦᠭᠡ ᠠᠮᠠ ᠶᠢᠨ ᠲᠠᠩᠰᠠ ᠲᠠᠢ | ᠪᠦᠬᠦ ᠬᠦᠮᠦᠨᠠᠮᠠ ᠶᠢᠨ 18.3% ᠶᠢ ᠡᠵᠡᠯᠡᠵᠠᠢ᠃ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ | ᠲᠠᠭᠠᠳᠬᠠᠯ ᠤᠨ ᠲᠦᠷᠦᠯ ᠵᠦᠢᠯ ᠢᠬᠡᠷᠡᠭᠵᠢᠬᠦᠯᠬᠦ ᠨᠢ ᠦᠨᠳᠦᠰᠦᠨ ᠨᠡᠶᠢᠭᠡᠮ ᠤᠨ ᠲᠠᠭᠠᠳᠬᠠᠯ ᠤᠨ ᠠᠰᠢᠭᠲᠠᠢ | ᠨᠦᠬᠦᠪᠤᠷᠢᠯᠠᠯ ᠪᠤᠯᠵᠤ᠂ ᠭᠡᠨᠡᠳᠲᠡ ᠶᠢᠨ ᠭᠡᠮᠳᠦᠯᠡᠴᠠ ᠪᠤᠯᠤᠭᠰᠠᠨ ᠨᠠᠰᠤᠲᠠᠶᠢᠴᠤᠳ ᠤᠨ ᠠᠵᠤ ᠠᠬᠤᠢ ᠶᠢᠨ | ᠲᠠᠷᠤᠯᠲᠠ ᠶᠢ ᠪᠦᠲᠦᠮᠵᠢᠲᠠᠢ ᠪᠠᠭᠤᠷᠠᠭᠤᠯᠵᠤ᠂ ᠨᠠᠰᠤᠲᠠᠶᠢᠴᠤᠳᠪᠤᠯᠤᠨ ᠭᠡᠷ ᠪᠦᠯᠢ ᠶᠢᠨ ᠬᠢᠨᠢ ᠠᠶᠤᠯ ᠲᠦᠭᠰᠢᠬᠦᠷᠢ | ᠶᠢ ᠡᠰᠡᠬᠦᠷᠴᠡᠬᠦ ᠴᠢᠳᠠᠪᠤᠷᠢ ᠶᠢ ᠲᠡᠭᠡᠭᠰᠢᠯᠡᠬᠦᠯᠬᠦ ᠶᠢᠨ ᠤᠯᠠᠮ ᠠᠴᠠ ᠬᠦᠮᠦᠨᠠᠮᠠ ᠶᠢᠨ ᠨᠠᠰᠤᠵᠢᠯᠲᠠ ᠠᠴᠠ | ᠪᠤᠯᠤᠭᠰᠠᠨ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠲᠠᠯ᠎ᠠ ᠶᠢᠨ ᠨᠡᠶᠢᠭᠡᠮ ᠤᠨ ᠠᠶᠤᠯ ᠲᠦᠭᠰᠢᠬᠦᠷᠢ ᠶᠢ | ᠪᠠᠭᠤᠷᠠᠭᠤᠯᠵᠤ ᠲᠡᠶᠢᠯᠬᠦ ᠤᠴᠢᠷ ᠠᠴᠠ ᠦᠪᠡᠷᠲᠡᠭᠡᠨ ᠵᠠᠰᠠᠬᠤ ᠤᠷᠤᠨ ᠤ ᠬᠦᠮᠦᠨ ᠠᠮᠠ ᠶᠢᠨ ᠨᠠᠰᠤᠵᠢᠯᠲᠠ | ᠵᠢᠢᠳᠡᠪᠬᠢᠲᠠᠢ ᠠᠷᠭᠠᠴᠠᠬᠤ ᠪᠠ ᠤᠯᠠᠨ ᠲᠠᠪᠬᠤᠷᠭᠠᠳᠤ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ | ᠰᠢᠰᠲ᠋ᠧᠮ ᠢᠪᠦ᠋ᠷᠢᠨᠰᠢᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ | ᠦᠪᠡᠷᠲᠡᠭᠡᠨ ᠵᠠᠰᠠᠬᠤ ᠤᠷᠤᠨᠵᠠᠰᠠᠭ ᠤᠨ ᠤᠷᠳᠤᠨ ᠠᠴᠠ ᠬᠦᠲᠦᠯᠦᠨ ᠵᠢᠯᠤᠭᠤᠳᠬᠤ᠂ ᠵᠠᠬ᠎ᠠ ᠲᠡᠯᠭᠡᠬᠦᠷ ᠢᠶᠠᠷ | ᠠᠵᠢᠯᠯᠠᠭᠤᠯᠬᠤ᠂ ᠨᠡᠶᠢᠲᠡ ᠶᠢᠨ ᠠᠰᠠᠷᠠᠮᠵᠢ ᠵᠢᠢᠯᠡᠷᠡᠬᠦᠯᠬᠦ᠂ ᠰᠠᠶᠢᠨ ᠲᠤᠷ᠎ᠠ ᠠᠴᠠ ᠪᠠᠨ ᠲᠠᠭᠠᠳᠬᠠᠯ ᠳᠤ ᠤᠷᠤᠬᠤ ᠶᠢ | ᠤᠶᠠᠯᠳᠤᠭᠤᠯᠤᠭᠰᠠᠨ ᠨᠠᠰᠤᠲᠠᠶᠢᠴᠤᠳ ᠤᠨ ᠭᠡᠨᠡᠳᠲᠡᠵᠢᠨ ᠭᠡᠮᠳᠦᠯ ᠤᠨ ᠲᠠᠭᠠᠳᠬᠠᠯ ᠤᠨ ᠲᠦᠷᠢᠮ ᠢ ᠲᠠᠰᠤᠷᠠᠯᠲᠠ | ᠦᠭᠡᠢ ᠲᠡᠬᠦᠯᠳᠡᠷᠵᠢᠬᠦᠯᠵᠤ᠂ ᠨᠠᠰᠤᠲᠠᠶᠢᠴᠤᠳ ᠤᠨ ᠭᠡᠨᠡᠳᠲᠡ ᠵᠢᠨᠭᠡᠮᠳᠦᠯ ᠤᠨ ᠲᠠᠭᠠᠳᠬᠠᠯ ᠤᠨ ᠬᠠᠮᠤᠷᠬᠤ ᠬᠡᠪᠴᠢᠶ᠎ᠡ | ᠶᠢ ᠠᠯᠬᠤᠮ ᠠᠯᠬᠤᠮ ᠢᠶᠠᠷ ᠦᠷᠭᠡᠳᠭᠡᠬᠦ ᠪᠤᠯᠤᠨ᠎ᠠ᠃ |