3 ᠰᠠᠷ᠎ᠠ ᠶᠢᠨ 13 ᠤ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠬᠤᠤᠷᠠᠳᠤ | ᠬᠠᠪᠤᠳᠠᠷ ᠤᠨ ᠡᠮᠨᠡᠯᠬᠡ ᠶᠢᠨ ᠬᠤᠷᠢᠶ᠎ᠠ ᠶᠢᠨ ᠪᠢᠴᠢᠯ ᠰᠤᠷᠪᠢᠵᠢᠬᠤ ᠮᠡᠰᠡ ᠵᠠᠰᠠᠯ ᠤᠨ ᠰᠠᠯᠠᠭ᠎ᠠ ᠶᠢᠨ ᠡᠷᠬᠢᠯᠡᠭᠴᠢ ᠫᠧᠩ | ᠲᠢᠶᠧ ᠬᠤᠩ᠂ ᠲᠦᠷᠰᠦ ᠤᠨᠤᠰᠢᠯᠠᠬᠤ ᠰᠠᠯᠠᠭ᠎ᠠ ᠶᠢᠨ ᠬᠡᠳᠦᠨ ᠡᠮᠴᠢ ᠶᠢᠨ ᠬᠠᠮᠳᠤ ᠶᠢᠨ ᠴᠢᠷᠮᠠᠶᠢᠯᠭ᠎ᠠ ᠪᠠᠷ ᠦᠪᠦᠷ | ᠮᠤᠩᠭᠤᠯ ᠤᠨ ᠠᠩᠬᠠᠳᠠᠭᠴᠢ ᠤᠶᠤᠨᠴᠢ ᠮᠠᠰᠢᠨ ᠬᠦᠮᠦᠨ ᠤ ᠪᠠᠶᠢᠷᠢ ᠤᠨᠤᠰᠢᠯᠠᠬᠤ ᠰᠢᠰᠲ᠋ᠧᠮ ᠤᠨ ᠵᠢᠯᠤᠭᠤᠳᠤᠯᠭ᠎ᠠ | ᠳᠤᠤᠷᠡᠬᠢ ᠮᠡᠰᠡ ᠵᠠᠰᠠᠯ ᠠᠮᠵᠢᠯᠳᠠ ᠲᠠᠢ ᠶᠠᠪᠤᠭᠳᠠᠪᠠ᠃ ᠡᠶᠢᠨᠬᠦ ᠦᠪᠦᠷ ᠮᠤᠩᠭᠤᠯ ᠤᠨ ᠦᠪᠡᠷᠳᠡᠬᠡᠨ ᠵᠠᠰᠬᠠᠤ | ᠤᠷᠤᠨ ᠤ ᠬᠤᠤᠷᠠᠳᠤ ᠬᠠᠪᠤᠳᠠᠷ ᠤᠨ ᠡᠮᠨᠡᠯᠬᠡ ᠶᠢᠨ ᠬᠤᠷᠢᠶ᠎ᠠ ᠨᠢ ᠦᠪᠡᠷᠳᠡᠬᠡᠨ ᠵᠠᠰᠬᠠᠤ ᠤᠷᠤᠨ ᠤ ᠠᠩᠬᠠᠳᠠᠭᠴᠢ | ᠤᠶᠤᠨᠴᠢ ᠮᠠᠰᠢᠨ ᠬᠦᠮᠦᠨ ᠢᠶᠠᠷ ᠪᠠᠶᠢᠷᠢ ᠤᠨᠤᠰᠢᠯᠠᠬᠤ ᠮᠡᠰᠡ ᠵᠠᠰᠠᠯ ᠬᠢᠬᠦ ᠡᠮᠨᠡᠯᠬᠡ ᠶᠢᠨ ᠬᠤᠷᠢᠶ᠎ᠠ ᠪᠤᠯᠪᠠ᠃ | ︽ᠤᠨᠤᠪᠴᠢᠳᠠᠢ ᠴᠤᠭᠤᠯᠠᠬᠤ ᠪᠤᠯ ᠮᠡᠰᠡ ᠵᠠᠰᠠᠯ ᠤᠨ ᠠᠮᠵᠢᠯᠳᠠ ᠤᠯᠬᠤ ᠶᠢᠨ ᠵᠠᠩᠬᠢᠯᠠᠭ᠎ᠠ ᠪᠤᠯᠤᠨ᠎ᠠ︕ | ᠤᠶᠤᠨᠴᠢ ᠮᠠᠰᠢᠨ ᠬᠦᠮᠦᠨ ᠤ ᠤᠷᠤᠨ ᠪᠠᠶᠢᠷᠢ ᠤᠨᠤᠰᠢᠯᠠᠬᠤ ᠰᠢᠰᠲ᠋ᠧᠮ ᠨᠢ ᠬᠤᠶᠠᠷ ᠬᠡᠮᠵᠢᠯᠳᠤ ᠬᠠᠷᠠᠴᠠ ᠶᠢᠨ ᠲᠠᠩ | ᠨᠢᠳᠤᠨ ᠤ ᠬᠠᠷᠠᠭᠠᠨ ᠰᠡᠷᠡᠯ ᠤᠨ ᠵᠢᠷᠤᠭ ᠤᠨ ᠨᠠᠷᠢᠨ ᠳᠤᠳᠤᠷᠬᠠᠢ ᠤᠯᠵᠤ ᠬᠠᠷᠠᠬᠤ ᠦᠬᠡᠢ ᠳᠤᠳᠠᠭᠳᠠᠯ ᠢ | ᠨᠦᠬᠦᠪᠦᠷᠢᠯᠡᠵᠦ᠂ ᠡᠮᠴᠢ ᠶᠢᠨ ᠮᠡᠰᠡ ᠵᠠᠰᠠᠯ ᠬᠢᠵᠦ ᠪᠠᠶᠢᠭ᠎ᠠ ᠶᠠᠪᠤᠴᠠ ᠳᠠᠭᠠᠨ ᠤᠷᠤᠨ ᠪᠠᠶᠢᠷᠢ ᠶᠢ ᠨᠡᠩ ᠨᠠᠷᠢᠨ | ᠤᠨᠤᠪᠴᠢᠳᠠᠢ ᠲᠠᠢ ᠳᠤᠭᠳᠠᠭᠠᠬᠤ᠂ ᠨᠡᠩ ᠠᠮᠢᠳᠤᠯᠢᠭ ᠢᠶᠠᠷ ᠬᠢᠵᠦ ᠴᠢᠳᠠᠬᠤ ᠪᠤᠯᠭᠠᠵᠤ᠂ ᠪᠢᠴᠢᠯ ᠰᠢᠷᠬ᠎ᠠ ᠪᠠᠷ ᠡᠮᠨᠡᠨ | ᠵᠠᠰᠠᠬᠤ ᠶᠠᠪᠤᠴᠠ ᠳᠠᠬᠢ ᠦᠨᠳᠦᠷ ᠦᠷ᠎ᠠ ᠪᠦᠳᠦᠮᠵᠢ ᠲᠠᠢ᠂ ᠠᠮᠤᠷ ᠲᠦᠪᠰᠢᠨ ᠲᠦᠢᠯᠪᠤᠷᠢᠳᠡᠢ ᠪᠠᠶᠢᠵᠤ᠂ ᠮᠡᠰᠡ | ᠵᠠᠰᠠᠯ ᠤᠨ ᠳᠠᠷᠠᠭ᠎ᠠ ᠳᠠᠪᠬᠤᠴᠠᠭᠰᠠᠨ ᠡᠪᠡᠳᠴᠢᠨ ᠡᠬᠦᠰᠬᠦ ᠨᠤᠷᠮ᠎ᠠ ᠶᠢ ᠶᠡᠬᠡᠪᠡᠷ ᠪᠠᠭᠤᠷᠠᠭᠤᠯᠵᠤ᠂ ᠤᠯᠠᠨ ᠳᠠᠯ᠎ᠠ ᠪᠠᠷ | ᠰᠢᠯᠢᠳᠡᠭᠵᠢᠬᠦᠯᠬᠦ ᠶᠢ ᠪᠡᠶᠡᠯᠡᠬᠦᠯᠵᠦ ᠴᠢᠳᠠᠭᠰᠠᠨ ᠪᠠᠶᠢᠨ᠎ᠠ︾ ᠬᠡᠵᠦ ᠫᠧᠩ ᠲᠢᠶᠧ ᠬᠤᠩ ᠲᠠᠨᠢᠯᠴᠠᠭᠤᠯᠤᠨ᠎ᠠ᠃ | ᠤᠳᠤ ᠶᠢᠨ ᠬᠡᠷᠡᠭᠯᠡᠵᠦ ᠪᠠᠶᠢᠭ᠎ᠠ ᠬᠤᠤᠷᠠᠳᠤ ᠬᠠᠪᠤᠳᠠᠷ ᠤᠨ ᠶᠡᠷᠦᠩᠬᠡᠶᠢᠯᠡᠨ ᠡᠮᠨᠡᠨ ᠵᠠᠰᠬᠠᠤ ᠮᠡᠷᠬᠡᠵᠢᠯ ᠤᠨ | ᠲᠠᠪᠴᠠᠩ ᠳᠤ ᠤᠶᠤᠨᠴᠢ ᠮᠠᠰᠢᠨ ᠬᠦᠮᠦᠨ ᠢᠶᠠᠷ ᠤᠷᠤᠨ ᠪᠠᠶᠢᠷᠢ ᠳᠤᠭᠳᠠᠭᠠᠬᠤ ᠰᠢᠰᠲ᠋ᠧᠮ ᠢ ᠨᠡᠶᠢᠳᠬᠡᠵᠦ | ᠬᠡᠷᠡᠭᠯᠡᠭᠰᠡᠨ ᠨᠢ ᠮᠡᠰᠡ ᠵᠠᠰᠠᠯ ᠤᠨ ᠰᠢᠷᠬ᠎ᠠ ᠨᠢ ᠪᠠᠭ᠎ᠠ᠂ ᠴᠢᠰᠤ ᠭᠠᠷᠬᠤ ᠬᠡᠮᠵᠢᠶ᠎ᠠ ᠨᠢ ᠪᠠᠭ᠎ᠠ᠂ ᠡᠷᠡᠬᠦᠯᠵᠢᠬᠦ ᠳᠤ | ᠲᠦᠷᠬᠡᠨ ᠵᠡᠷᠬᠡ ᠳᠠᠪᠠᠭᠤᠯᠢᠭ ᠲᠠᠢ ᠪᠠᠶᠢᠵᠤ᠂ ᠡᠪᠡᠳᠴᠢᠳᠡᠨ ᠤ ᠠᠵᠤ ᠠᠬᠤᠢ ᠶᠢᠨ ᠳᠠᠷᠤᠭᠠᠰᠤ ᠶᠢ ᠬᠦᠩᠬᠡᠯᠡᠵᠦ | ᠴᠢᠳᠠᠨ᠎ᠠ᠃ ᠵᠤᠬᠢᠶᠠᠮᠠᠯ ᠤᠶᠤᠨ ᠴᠢᠳᠠᠪᠤᠷᠢ ᠶᠢ ᠡᠮᠨᠡᠯᠬᠡ ᠶᠢᠨ ᠬᠤᠷᠢᠶᠠᠨ ᠳᠤ ᠬᠡᠷᠡᠭᠯᠡᠬᠦ ᠶᠢ ᠳᠠᠭᠠᠯᠳᠤᠨ᠂ | ᠡᠮᠴᠢᠯᠡᠬᠡᠨ ᠤ ᠳᠠᠯ᠎ᠠ ᠶᠢᠨ ᠴᠢᠬᠤᠯᠠ ᠰᠢᠪᠳᠤᠯᠤᠯᠳᠠ ᠶᠢ ᠤᠯᠵᠤ᠂ ᠤᠶᠤᠨᠴᠢ ᠮᠠᠰᠢᠨ ᠬᠦᠮᠦᠨ ᠵᠢᠴᠢ | ᠳᠤᠭᠠᠴᠢᠯᠠᠭᠰᠠᠨ ᠠᠨᠠᠭᠠᠬᠤ ᠤᠬᠠᠭᠠᠨ ᠤ ᠬᠦᠭᠵᠢᠯᠳᠡ ᠶᠢ ᠳᠠᠭᠠᠯᠳᠤᠨ ᠡᠮᠴᠢ ᠨᠢ ᠡᠮᠨᠡᠨ ᠵᠠᠰᠬᠠᠤ ᠶᠠᠪᠤᠴᠠ ᠳᠠᠬᠢ | ᠤᠨᠤᠪᠴᠢ ᠶᠢᠨ ᠬᠡᠮᠵᠢᠶ᠎ᠠ ᠳᠠᠰᠤᠷᠠᠯᠳᠠ ᠦᠬᠡᠢ ᠳᠡᠬᠡᠭᠰᠢᠯᠡᠵᠦ ᠪᠠᠶᠢᠭ᠎ᠠ ᠶᠤᠮ᠃ |