ᠦᠭᠦᠯᠡᠯ ᠤᠨ ᠭᠠᠷᠴᠠᠭ᠄ ︽ᠰᠤᠷᠭᠠᠨ ᠬᠦᠮᠦᠵᠢᠯ ᠤᠨ ᠰᠢᠨ᠎ᠡ ᠤᠢᠢᠯᠠᠭᠠᠭᠳᠠᠬᠤᠨ ᠢᠶᠠᠷ ᠠᠩᠭᠢ ᠨᠢᠭᠡᠴᠡ ᠪᠠᠨ | ᠬᠠᠮᠢᠶᠠᠷᠤᠶ᠎ᠠ︾ | ᠠᠭᠤᠯᠭ᠎ᠠ ᠶᠢᠨ ᠲᠤᠪᠴᠢ᠄ | 1. ᠰᠤᠷᠤᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠬᠤ | 2. ᠠᠩᠭᠢ ᠨᠢᠭᠡᠴᠡ ᠶᠢᠨ ᠪᠠᠶᠢᠭᠤᠯᠤᠯᠳᠠ ᠳᠤ | ᠡᠷᠬᠡᠪᠰᠢ ᠡᠶ᠎ᠡ ᠵᠤᠬᠢᠴᠠᠩᠭᠤᠢ ᠡᠷᠬᠡ ᠲᠡᠭᠰᠢ ᠬᠠᠷᠢᠴᠠᠭ᠎ᠠ ᠶᠢ ᠪᠠᠶᠢᠭᠤᠯᠬᠤ | 3. ᠪᠡᠶ᠎ᠡ ᠰᠡᠳᠭᠢᠴᠡ ᠶᠢᠨ ᠡᠷᠡᠭᠦᠯ ᠮᠡᠨᠳᠤ ᠶᠢ ᠴᠢᠬᠤᠯᠠᠴᠢᠯᠠᠵᠤ᠂ ᠪᠦᠬᠦ ᠲᠠᠯ᠎ᠠ ᠶᠢᠨ ᠬᠦᠭᠵᠢᠯᠳᠡ ᠶᠢ | ᠠᠬᠢᠭᠤᠯᠬᠤ | 21 ᠳ᠋ᠦ᠋ᠭᠡᠷ ᠵᠠᠭᠤᠨ ᠤ ᠲᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠢᠯᠡ ᠲᠤᠳᠤ ᠴᠠᠭ ᠦᠶ᠎ᠡ ᠶᠢᠨ ᠢᠮ | ᠲᠡᠮᠳᠡᠭ ᠪᠠᠶᠢᠵᠤ᠂ ᠲᠡᠳᠡ ᠦᠪᠡᠷ ᠤᠨ ᠢᠶᠠᠨ ᠦᠵᠡᠯᠳᠡ ᠲᠠᠨᠢᠯᠳᠠ ᠪᠠ ᠦᠪᠡᠷᠮᠢᠴᠡ ᠤᠨᠴᠠᠯᠢᠭ ᠲᠠᠢ ᠪᠠᠶᠢᠳᠠᠭ᠃ | ᠡᠶᠢᠮᠤ ᠠᠴᠠ ᠠᠩᠭᠢ ᠨᠢᠭᠡᠴᠡ ᠶᠢᠨ ᠬᠠᠮᠢᠶᠠᠷᠤᠯᠳᠠ ᠲᠤᠮᠳᠠ᠂ ᠠᠩᠭᠢ ᠶᠢᠨ ᠡᠷᠬᠢᠯᠡᠭᠴᠢ ᠪᠤᠯᠤᠭᠰᠠᠳ ᠡᠨᠡᠬᠦ | ᠤᠨᠴᠠᠯᠢᠭ ᠢ ᠨᠢ ᠠᠳᠬᠤᠨ ᠠᠪᠴᠤ᠂ ᠰᠤᠷᠤᠭᠴᠢᠳ ᠢ ᠰᠤᠷᠭᠠᠨ ᠬᠦᠮᠦᠵᠢᠯ ᠤᠨ ᠠᠵᠢᠯᠯᠠᠭ᠎ᠠ ᠳᠤ | ᠤᠬᠠᠮᠰᠠᠷ ᠠᠴᠠ ᠨᠢ ᠤᠷᠤᠯᠴᠠᠭᠤᠯᠤᠨ᠂ ᠠᠵᠢᠯᠯᠠᠭ᠎ᠠ ᠲᠤᠮᠳᠠ ᠲᠠᠪᠳᠠᠭᠳᠠᠭᠤᠯᠤᠨ᠂ ᠠᠵᠢᠯᠯᠠᠭ᠎ᠠ ᠲᠤᠮᠳᠠ | ᠦᠪᠡᠷ ᠢ ᠪᠠᠨ ᠲᠡᠭᠦᠯᠳᠡᠷᠵᠢᠭᠦᠯᠦᠨ ᠲᠡᠭᠡᠭᠰᠢᠯᠡᠭᠦᠯᠬᠦ ᠪᠤᠯᠭᠠᠵᠤ᠂ ᠪᠦᠬᠦ ᠲᠠᠯ᠎ᠠ ᠪᠠᠷ ᠡᠷᠡᠭᠦᠯ ᠢᠶᠠᠷ ᠬᠦᠭᠵᠢᠭᠦᠯᠬᠦ | ᠬᠡᠷᠡᠭᠳᠠᠢ᠃ ᠲᠤᠤᠷ᠎ᠠ ᠪᠢ ᠦᠪᠡᠷ ᠤᠨ ᠢᠶᠠᠨ ᠰᠤᠷᠭᠠᠨ ᠬᠦᠮᠦᠵᠢᠯ ᠤᠨ ᠦᠢᠯᠡᠳᠤᠯᠭᠡ ᠲᠠᠢ ᠪᠠᠨ ᠤᠶᠠᠯᠳᠤᠭᠤᠯᠤᠨ | ᠦᠪᠡᠷ ᠤᠨ ᠦᠵᠡᠯᠳᠡ ᠪᠠᠨ ᠮᠦᠴᠢᠳᠬᠡᠨ ᠦᠭᠦᠯᠡᠶ᠎ᠡ᠃ | ᠨᠢᠭᠡ᠂ ᠰᠤᠷᠤᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠨ ᠦᠭᠬᠦ ᠬᠡᠷᠡᠭᠳᠠᠢ᠃ | ᠰᠤᠷᠤᠭᠴᠢ ᠪᠦᠬᠦᠨ ᠳᠤ ᠦᠪᠡᠷ ᠤᠨ ᠬᠢᠨ ᠨᠢᠭᠤᠴᠠᠬᠠᠢ ᠶᠢᠷᠳᠢᠨᠴᠤ ᠪᠠᠶᠢᠳᠠᠭ ᠪᠤᠯ ᠡᠭᠦᠨ ᠳᠤᠨᠢ ᠡᠯᠪᠡᠭ | ᠪᠠᠶᠠᠯᠢᠭ ᠠᠭᠤᠯᠤᠭᠳᠠᠬᠤᠨ ᠪᠤᠢ᠄ ᠬᠦᠮᠦᠨ ᠪᠦᠬᠦᠨ ᠳᠤ ᠲᠠᠪᠰᠢᠶᠠ ᠭᠡᠳᠡᠭ ᠪᠤᠳᠤᠯ᠂ ᠬᠦᠮᠦᠨ ᠪᠦᠬᠦᠨ ᠳᠤ ᠡᠯᠪᠡᠭ | ᠪᠠᠶᠠᠯᠢᠭ ᠬᠦᠭᠵᠢᠭᠦᠯᠦᠯᠳᠡ ᠶᠢᠨ ᠲᠠᠯᠳᠠ ᠪᠤᠯᠤᠴᠠᠭᠠ᠂ ᠬᠦᠮᠦᠨ ᠪᠦᠬᠦᠨ ᠳᠤ ᠦᠪᠡᠷ ᠤᠨ ᠬᠢᠨ ᠤᠶᠤᠨᠴᠢ | ᠲᠠᠪᠠᠭᠤᠯᠢᠭ ᠲᠠᠯ᠎ᠠ ᠪᠠᠶᠢᠬᠤ ᠶᠤᠮ᠃ ᠠᠩᠭᠢ ᠶᠢᠨ ᠡᠷᠬᠢᠯᠡᠭᠴᠢ ᠪᠤᠯᠤᠭᠰᠠᠨ ᠤ ᠬᠤᠪᠢ ᠳᠤ ᠰᠤᠷᠤᠭᠴᠢ ᠶᠢᠨ ᠢᠶᠠᠨ | ᠦᠰᠦᠨ ᠪᠤᠶᠢᠵᠢᠯᠳᠡ ᠬᠢᠭᠡᠳ ᠬᠦᠭᠵᠢᠯᠳᠡ ᠶᠢᠨ ᠬᠢᠨ ᠠᠯᠬᠤᠮ ᠪᠦᠷᠢ ᠶᠢ ᠴᠢᠳᠠᠮᠠᠭᠠᠢ ᠪᠠᠷ ᠢᠯᠡᠷᠡᠭᠦᠯᠬᠦ ᠶᠢᠨ ᠬᠠᠮᠳᠤ | ᠠᠩᠬᠠᠷᠤᠨ ᠬᠠᠯᠠᠮᠵᠢᠯᠠᠵᠤ᠂ ᠰᠤᠷᠤᠭᠴᠢ ᠪᠠᠨ ᠬᠠᠪᠰᠤᠷᠤᠨ ᠦᠪᠡᠷ ᠤᠨ ᠬᠢᠨ ᠲᠠᠯᠳᠠ ᠪᠤᠯᠤᠯᠴᠠᠭ᠎ᠠ ᠶᠢ ᠨᠢ | ᠢᠯᠡᠷᠡᠭᠦᠯᠵᠤ᠂ ᠰᠤᠷᠤᠭᠴᠢ ᠪᠠᠨ ᠡᠷᠡᠭᠦᠯ ᠰᠠᠷᠠᠭᠤᠯ ᠪᠡᠶ᠎ᠡ ᠰᠡᠳᠭᠢᠴᠡ ᠲᠠᠢ ᠪᠤᠯᠭᠠᠨ ᠬᠦᠮᠦᠵᠢᠭᠦᠯᠬᠦ ᠬᠡᠷᠡᠭᠳᠠᠢ᠃ | ᠰᠤᠷᠤᠭᠴᠢ ᠪᠦᠬᠦᠨ ᠨᠢ ᠪᠦᠷ ᠨᠢᠭᠡᠨ ᠵᠦᠢᠯ ᠤᠨ ᠤᠷ᠎ᠠ ᠴᠢᠳᠠᠪᠤᠷᠢ ᠲᠠᠢ ᠪᠠᠶᠢᠬᠤ ᠶᠢ ᠮᠡᠳᠡᠷᠡᠵᠤ᠂ ᠲᠡᠳᠡᠨᠠᠷ ᠤᠨ | ᠵᠤᠷᠢᠭᠳᠠᠢ ᠪᠠᠷ ᠦᠢᠯᠡᠳᠤᠯᠭᠡᠵᠢᠭᠦᠯᠬᠦ ᠳᠤ ᠨᠦᠬᠦᠴᠡᠯ ᠬᠠᠩᠭᠠᠨ᠂ ᠦᠪᠡᠷ ᠤᠨ ᠪᠡᠶ᠎ᠡ ᠪᠠᠷ ᠨᠢ ᠰᠤᠩᠭᠤᠯᠳᠠ ᠬᠢᠯᠭᠡᠬᠦ | ᠬᠡᠷᠡᠭᠳᠠᠢ︔ ᠲᠡᠳᠡᠨᠠᠷ ᠲᠤ ᠠᠵᠠ ᠲᠤᠬᠢᠶᠠᠯ ᠬᠠᠩᠭᠠᠨ᠂ ᠬᠤᠪᠢ ᠪᠡᠶ᠎ᠡ ᠶᠢ ᠨᠢ ᠲᠠᠪᠳᠠᠭᠳᠠᠭᠤᠯᠬᠤ ᠬᠡᠷᠡᠭᠳᠠᠢ︔ | ᠲᠡᠳᠡᠨᠠᠷ ᠲᠤ ᠤᠷᠤᠨ ᠵᠠᠢ ᠬᠠᠩᠭᠠᠨ᠂ ᠦᠢᠯᠡᠳᠤᠯᠭᠡ ᠳᠤ ᠤᠷᠤᠯᠴᠠᠬᠤ ᠶᠢ ᠵᠤᠷᠢᠭᠵᠢᠭᠤᠯᠬᠤ ᠬᠡᠷᠡᠭᠳᠠᠢ᠃ ᠠᠩᠭᠢ ᠶᠢᠨ | ᠡᠷᠬᠢᠯᠡᠭᠴᠢ ᠪᠤᠯᠤᠭᠰᠠᠳ ᠠᠯᠢᠪᠠ ᠮᠠᠭᠠᠳ ᠪᠤᠯᠤᠯᠴᠠᠭ᠎ᠠ ᠨᠦᠬᠦᠴᠡᠯ ᠢ ᠡᠭᠦᠳᠦᠨ᠂ ᠰᠤᠷᠤᠭᠴᠢᠳ ᠲᠠᠭᠠᠨ ᠤᠷ᠎ᠠ | ᠠᠪᠢᠶᠠᠰ ᠢᠶᠠᠨ ᠭᠠᠶᠢᠬᠠᠭᠤᠯᠬᠤ ᠲᠠᠪᠴᠠᠩ ᠪᠠᠶᠢᠭᠤᠯᠤᠨ ᠦᠭᠴᠤ᠂ ᠰᠤᠷᠤᠭᠴᠢ ᠪᠦᠬᠦᠨ ᠢᠶᠠᠨ ᠦᠪᠡᠷ ᠤᠨ ᠬᠢᠨ | ᠤᠨᠴᠠᠯᠢᠭ ᠬᠡᠪ ᠨᠠᠮᠪᠠ ᠲᠠᠢ ᠪᠤᠯᠭᠠᠨ ᠬᠦᠮᠦᠵᠢᠭᠦᠯᠵᠤ᠂ ᠢᠩᠭᠢᠪᠡᠯ ᠰᠠᠶ᠋ᠢ ᠰᠤᠷᠤᠭᠴᠢᠳ ᠢᠶᠠᠨ ᠪᠦᠬᠦ ᠲᠠᠯ᠎ᠠ ᠶᠢᠨ | ᠡᠷᠡᠭᠦᠯ ᠬᠦᠭᠵᠢᠯᠳᠡ ᠲᠠᠢ ᠪᠤᠯᠭᠠᠵᠤ ᠴᠢᠳᠠᠬᠤ ᠶᠤᠮ᠃ ᠲᠤᠬᠠᠢᠢᠯᠠᠪᠠᠯ ᠲᠤᠰ ᠬᠦᠮᠦᠨ ᠤᠯᠠᠮᠵᠢᠯᠠᠯᠳᠤ ᠬᠡᠪ ᠵᠠᠭᠪᠤᠷ ᠢ | ᠡᠪᠳᠡᠨ᠂ ᠠᠩᠭᠢ ᠶᠢᠨ ᠺᠠᠳ᠋ᠷ ᠢ ᠡᠭᠡᠯᠵᠢᠯᠡᠭᠦᠯᠬᠦ ᠲᠦᠷᠢᠮ ᠢ ᠬᠡᠷᠡᠭᠵᠢᠭᠦᠯᠵᠤ᠂ ᠪᠦᠬᠦ ᠰᠤᠷᠤᠭᠴᠢ ᠪᠠᠨ | ᠲᠠᠪᠳᠠᠭᠳᠠᠭᠤᠯᠤᠭᠰᠠᠨ ᠢᠶᠠᠷ ᠦᠯᠦ ᠪᠠᠷᠠᠨ ᠤᠷ᠎ᠠ ᠠᠪᠢᠶᠠᠰ ᠢᠶᠠᠨ ᠢᠯᠡᠷᠡᠭᠦᠯᠤᠨ ᠭᠠᠶᠢᠬᠠᠭᠤᠯᠬᠤ ᠲᠤᠬᠢᠶᠠᠯ | ᠤᠯᠭᠤᠭᠰᠠᠨ ᠪᠠᠶᠢᠨ᠎ᠠ᠃ ᠡᠨᠡᠬᠦ ᠠᠷᠭ᠎ᠠ ᠪᠠᠷᠢᠯ ᠰᠤᠷᠤᠭᠴᠢᠳ ᠤᠨ ᠬᠦᠷᠢᠶᠡᠯᠡᠯ ᠢ ᠶᠡᠬᠡᠪᠡᠷ ᠤᠯᠵᠤ᠂ ᠲᠡᠳᠡᠨᠠᠷ ᠤᠨ | ᠤᠷᠮ᠎ᠠ ᠶᠢ ᠬᠦᠭᠵᠢᠭᠡᠨ᠂ ᠰᠤᠷᠤᠯᠴᠠᠬᠤ ᠢᠳᠡᠪᠬᠢᠵᠢᠯ ᠢ ᠨᠢ ᠲᠠᠶᠢᠴᠢᠯᠠᠭᠰᠠᠨ ᠪᠠᠶᠢᠨ᠎ᠠ᠃ ᠦᠨᠡᠨᠳᠡᠭᠡᠨ ᠭᠠᠭᠴᠠᠬᠦ | ᠢᠩᠭᠢᠪᠡᠯ ᠰᠠᠶ᠋ᠢ ᠪᠦᠬᠦ ᠰᠤᠷᠤᠭᠴᠢ ᠪᠠᠷ ᠬᠠᠨᠳᠤᠯᠭ᠎ᠠ ᠪᠤᠯᠭᠠᠭᠰᠠᠨ ᠱᠠᠭᠠᠷᠳᠠᠯᠭ᠎ᠠ ᠪᠠᠨ ᠢᠯᠡᠷᠡᠭᠦᠯᠵᠤ᠂ | ᠢᠷᠡᠭᠡᠳᠤᠢ ᠶᠢᠨ ᠦᠷᠢᠰᠦᠯᠳᠦᠭᠡᠨ ᠤ ᠱᠠᠭᠠᠷᠳᠠᠯᠭ᠎ᠠ ᠳᠤ ᠨᠡᠶᠢᠴᠡᠵᠤ ᠴᠢᠳᠠᠬᠤ ᠶᠤᠮ᠃ ᠡᠭᠦᠨ ᠠᠴᠠ ᠭᠠᠳᠠᠨ᠎ᠠ᠂ ᠪᠢ | ᠪᠠᠰᠠ ᠰᠤᠷᠤᠭᠴᠢᠳ ᠤᠨ ᠢᠶᠠᠨ ᠦᠪᠡᠷᠮᠢᠴᠡ ᠤᠨᠴᠠᠯᠢᠭ ᠢ ᠪᠠᠳᠠᠷᠠᠭᠤᠯᠬᠤ ᠳᠤ ᠨᠡᠩ ᠤᠯᠠᠨ ᠨᠦᠬᠦᠴᠡᠯ ᠡᠭᠦᠳᠦᠨ | ᠦᠭᠭᠦᠭᠰᠡᠨ ᠪᠠᠶᠢᠨ᠎ᠠ᠂ ᠵᠢᠱᠢᠶᠡᠯᠡᠪᠡᠯ ᠶᠠᠷᠢᠶ᠎ᠠ ᠢᠯᠡᠳᠭᠡᠯ ᠪᠠ ᠵᠤᠬᠢᠶᠠᠨ ᠪᠢᠴᠢᠯᠭᠡ ᠶᠢᠨ ᠤᠷᠤᠯᠳᠤᠭᠠᠨ ᠶᠠᠪᠤᠭᠤᠯᠬᠤ᠂ | ᠲᠡᠳᠡᠨᠠᠷ ᠢ ᠵᠤᠬᠢᠶᠠᠨ ᠪᠠᠶᠢᠭᠤᠯᠤᠨ ᠬᠠᠨ᠎ᠠ ᠶᠢᠨ ᠰᠤᠨᠢᠨ ᠪᠠ ᠰᠠᠮᠪᠠᠷ᠎ᠠ ᠶᠢᠨ ᠰᠤᠨᠢᠨ ᠭᠠᠷᠭᠠᠬᠤ ᠵᠡᠷᠭᠡ ᠪᠠᠷ | ᠲᠠᠮᠵᠢᠭᠤᠯᠤᠨ᠂ ᠰᠤᠷᠤᠭᠴᠢᠳ ᠤᠨ ᠢᠯᠡᠳᠭᠡᠬᠦ ᠴᠢᠳᠠᠪᠤᠷᠢ᠂ ᠵᠤᠬᠢᠶᠠᠨ ᠪᠢᠴᠢᠬᠦ ᠴᠢᠳᠠᠪᠤᠷᠢ ᠪᠠ ᠵᠤᠬᠢᠶᠠᠨ | ᠪᠠᠶᠢᠭᠤᠯᠬᠤ ᠴᠢᠳᠠᠪᠤᠷᠢ ᠶᠢ ᠲᠠᠪᠳᠠᠨ ᠪᠤᠯᠪᠠᠰᠤᠷᠠᠭᠤᠯᠵᠤ᠂ ᠰᠤᠷᠤᠭᠴᠢᠳ ᠢ ᠡᠯ᠎ᠡ ᠵᠦᠢᠯ ᠤᠨ ᠠᠵᠢᠯᠯᠠᠭ᠎ᠠ ᠲᠤᠮᠳᠠ | ᠲᠠᠪᠳᠠᠭᠳᠠᠭᠤᠯᠤᠨ᠂ ᠠᠩᠭᠢ ᠨᠢᠭᠡᠴᠡ ᠶᠢᠨ ᠨᠢᠭᠳᠠᠷᠠᠯ ᠤᠨ ᠬᠦᠴᠦᠨ ᠢ ᠴᠢᠩᠭᠠᠳᠬᠠᠭᠰᠠᠨ ᠪᠠᠶᠢᠨ᠎ᠠ᠃ ᠭᠠᠭᠴᠠᠬᠦ | ᠰᠤᠷᠤᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠠᠵᠠ ᠲᠤᠬᠢᠶᠠᠯ ᠤᠯᠭᠤᠪᠠᠯ ᠰᠠᠶ᠋ᠢ ᠲᠡᠳᠡᠨ ᠤ ᠲᠠᠪᠠᠭᠤᠯᠢᠭ | ᠲᠠᠯ᠎ᠠ ᠶᠢ ᠢᠯᠡᠷᠡᠭᠦᠯᠬᠦ ᠳᠤ ᠠᠰᠢᠭᠳᠠᠢ ᠪᠦᠭᠡᠳ ᠲᠡᠳᠡᠨᠠᠷ ᠤᠨ ᠬᠦᠭᠵᠢᠯᠳᠡ ᠳᠤ ᠴᠤ ᠠᠰᠢᠭᠳᠠᠢ ᠶᠤᠮ᠃ | ᠬᠤᠶᠠᠷ᠂ ᠠᠩᠭᠢ ᠨᠢᠭᠡᠴᠡ ᠶᠢᠨ ᠪᠠᠶᠢᠭᠤᠯᠤᠯᠳᠠ ᠳᠤ ᠡᠷᠬᠡᠪᠰᠢ ᠡᠶ᠎ᠡ ᠵᠤᠬᠢᠴᠠᠩᠭᠤᠢ ᠡᠷᠬᠡ ᠲᠡᠭᠰᠢ | ᠬᠠᠷᠢᠴᠠᠭ᠎ᠠ ᠶᠢ ᠪᠠᠶᠢᠭᠤᠯᠬᠤ ᠬᠡᠷᠡᠭᠳᠠᠢ᠃ ᠡᠶ᠎ᠡ ᠵᠤᠬᠢᠴᠠᠩᠭᠤᠢ ᠦᠵᠡᠯ ᠰᠠᠨᠠᠭ᠎ᠠ ᠪᠤᠯ ᠠᠵᠢᠯ ᠠᠮᠢᠳᠤᠷᠠᠯ | ᠰᠤᠷᠤᠯᠴᠠᠯᠭ᠎ᠠ ᠲᠤᠮᠳᠠ ᠬᠠᠶᠠ ᠦᠭᠡᠢ ᠤᠷᠤᠰᠢᠳᠠᠭ᠄ ᠬᠦᠷᠰᠢ ᠵᠡᠷᠭᠡᠯᠡᠳᠡᠭᠡ᠂ ᠬᠠᠮᠳᠤ ᠨᠦᠬᠦᠳ ᠤᠨ | ᠬᠤᠭᠤᠷᠤᠨᠳᠤᠬᠢ ᠡᠶ᠎ᠡ ᠵᠤᠬᠢᠴᠠᠩᠭᠤᠢ ᠬᠠᠷᠢᠴᠠᠭ᠎ᠠ᠂ ᠵᠢᠭᠠᠨ ᠰᠤᠷᠭᠠᠬᠤ ᠠᠵᠢᠯ ᠲᠤᠮᠳᠠᠬᠢ ᠮᠠᠲᠧᠷᠢᠶᠠᠯ ᠪᠠ ᠬᠦᠮᠦᠨ ᠢ | ᠦᠨᠳᠤᠰᠤᠯᠡᠨ ᠵᠢᠭᠠᠬᠤ᠂ ᠬᠠᠮᠢᠶᠠᠷᠤᠯᠳᠠ ᠶᠢᠨ ᠠᠵᠢᠯ ᠲᠤᠮᠳᠠᠬᠢ ᠡᠷᠬᠡ ᠲᠡᠭᠰᠢ ᠪᠠᠷ ᠬᠠᠨᠳᠤᠬᠤ ᠵᠡᠷᠭᠡ ᠪᠤᠯ ᠪᠦᠷ | ᠡᠶ᠎ᠡ ᠵᠤᠬᠢᠴᠠᠩᠭᠤᠢ ᠦᠵᠡᠯ ᠰᠠᠨᠠᠭᠠᠨ ᠤ ᠪᠤᠳᠠᠳᠤ ᠢᠯᠡᠷᠡᠯ ᠪᠤᠯᠤᠨ᠎ᠠ᠃ ᠵᠠᠯᠠᠭᠤᠴᠤᠳ ᠪᠠᠭᠠᠴᠤᠳ ᠲᠤ ᠪᠦᠷ | ᠤᠷᠤᠭᠰᠢᠯᠠᠨ ᠲᠠᠪᠰᠢᠬᠤ ᠪᠠ ᠢᠷᠠᠭᠤ ᠠᠯᠳᠠᠷ ᠤᠨ ᠰᠡᠳᠭᠢᠯᠭᠡ ᠪᠠᠶᠢᠳᠠᠭ᠃ ᠠᠩᠭᠢ ᠶᠢᠨ ᠡᠷᠬᠢᠯᠡᠭᠴᠢ ᠪᠤᠯᠤᠭᠰᠠᠨ ᠤ | ᠬᠤᠪᠢ ᠳᠤ ᠡᠭᠦᠨ ᠢ ᠡᠷᠬᠡᠪᠰᠢ ᠮᠡᠳᠡᠬᠦ ᠬᠡᠷᠡᠭᠳᠠᠢ ᠪᠦᠭᠡᠳ ᠡᠨᠡᠬᠦ ᠰᠡᠳᠭᠢᠴᠡ ᠶᠢ ᠨᠢ ᠠᠳᠬᠤᠨ ᠠᠪᠴᠤ᠂ | ᠰᠤᠷᠤᠭᠴᠢᠳ ᠲᠤ ︽ᠠᠩᠭᠢ ᠨᠢᠭᠡᠴᠡ ᠪᠤᠯ ᠨᠦᠬᠦᠳ ᠨᠠᠷ ᠨᠢᠭᠡᠪᠤᠷᠢ ᠶᠢᠨ ᠬᠢ ᠶᠤᠮ᠂ ᠤᠯᠠᠨ ᠢᠶᠠᠷ ᠢᠶᠠᠨ ᠲᠡᠭᠦᠨ ᠤ | ᠲᠦᠯᠦᠭᠡ ᠴᠢᠷᠮᠠᠶᠢᠨ ᠲᠡᠮᠡᠴᠡᠬᠦ ᠬᠡᠷᠡᠭᠳᠠᠢ᠃ ᠠᠩᠭᠢ ᠨᠢᠭᠡᠴᠡ ᠶᠢᠨ ᠢᠷᠠᠭᠤ ᠠᠯᠳᠠᠷ ᠪᠤᠯ ᠨᠦᠭᠦᠳ ᠨᠠᠷ | ᠨᠢᠭᠡᠪᠤᠷᠢ ᠶᠢᠨ ᠢᠷᠠᠭᠤ ᠠᠯᠳᠠᠷ ᠪᠤᠯᠤᠨ᠎ᠠ︾ ᠭᠡᠳᠡᠭ ᠢ ᠮᠡᠳᠡᠭᠦᠯᠵᠤ᠂ ᠰᠤᠷᠤᠭᠴᠢᠳ ᠲᠤ ᠦᠪᠡᠷ ᠤᠨ ᠬᠢᠨ | ᠬᠠᠷᠢᠭᠤᠴᠠᠯᠭ᠎ᠠ ᠪᠠ ᠴᠢᠬᠤᠯᠠ ᠴᠢᠨᠠᠷ ᠢ ᠤᠢᠢᠯᠠᠭᠠᠭᠤᠯᠬᠤ ᠬᠡᠷᠡᠭᠳᠠᠢ᠃ ᠠᠩᠭᠢ ᠶᠢᠨ ᠡᠷᠬᠢᠯᠡᠭᠴᠢ ᠡᠷᠬᠡᠪᠰᠢ | ᠰᠤᠷᠤᠭᠴᠢ ᠶᠢᠨ ᠰᠡᠳᠭᠢᠴᠡ ᠶᠢ ᠤᠢᠢᠯᠠᠭᠠᠬᠤ ᠬᠡᠷᠡᠭᠳᠠᠢ᠂ ᠶᠠᠮᠠᠷ ᠨᠢᠭᠡᠨ ᠱᠠᠩᠨᠠᠯ ᠬᠦᠷᠳᠡᠭᠰᠡᠨ ᠴᠤ ᠲᠡᠭᠦᠨ ᠢ ᠪᠠᠨ | ᠠᠩᠭᠢ ᠶᠢᠨ ᠭᠡᠷ ᠤᠨ ᠢᠶᠠᠨ ᠢᠯᠡ ᠭᠠᠵᠠᠷ ᠡᠯᠭᠦᠵᠤ᠂ ᠪᠦᠬᠦ ᠠᠩᠬᠢ ᠶᠢᠨ ᠢᠶᠠᠨ ᠨᠦᠭᠦᠳ ᠲᠤ ᠡᠶᠢᠮᠤᠷᠬᠦ ᠢᠷᠠᠭᠤ | ᠠᠯᠳᠠᠷ ᠢ ᠡᠳ᠋ᠯᠡᠭᠦᠯᠵᠤ᠂ ︽ᠪᠢ ᠠᠩᠭᠢ ᠶᠢᠨ ᠢᠶᠠᠨ ᠲᠦᠯᠦᠭᠡ ᠤᠮᠤᠭᠰᠢᠵᠤ᠂ ᠠᠩᠭᠢ ᠮᠢᠨᠢ ᠨᠠᠳᠠ ᠪᠠᠷ ᠦᠩᠭᠡ | ᠭᠡᠷᠡᠯ ᠪᠤᠯᠭᠠᠬᠤ︾ ᠤᠬᠠᠮᠰᠠᠷ ᠢ ᠪᠤᠢ ᠪᠤᠯᠭᠠᠬᠤ ᠬᠡᠷᠡᠭᠳᠠᠢ᠃ ᠡᠶᠢᠮᠤᠷᠬᠦ ᠶᠠᠯᠢᠮ ᠦᠭᠡᠢ ᠶᠠᠪᠤᠳᠠᠯ ᠨᠢ ᠨᠢᠭᠳᠠᠷᠠᠯ ᠤᠨ | ᠬᠦᠴᠦᠨ ᠢ ᠰᠠᠨᠠᠮᠰᠠᠷ ᠦᠭᠡᠢ ᠪᠠᠷ ᠴᠢᠩᠭᠠᠳᠬᠠᠵᠤ᠂ ᠰᠤᠷᠤᠭᠴᠢᠳ ᠤᠨ ᠡᠳᠤᠷ ᠲᠤᠳᠤᠮ ᠤᠨ ᠠᠮᠢᠳᠤᠷᠠᠯ | ᠰᠤᠷᠤᠯᠴᠠᠯᠭ᠎ᠠ ᠲᠤᠮᠳᠠ ᠠᠩᠭᠢ ᠨᠢᠭᠡᠴᠡ ᠪᠠᠨ ᠤᠬᠠᠮᠰᠠᠷ ᠠᠴᠠ ᠪᠠᠨ ᠬᠠᠶᠢᠷᠠᠯᠠᠬᠤ ᠪᠤᠯᠭᠠᠵᠤ᠂ ᠡᠭᠦᠨ ᠤ ᠤᠯᠠᠮ ᠠᠴᠠ | ᠨᠡᠶᠢᠳᠡᠴᠢ ᠦᠵᠡᠯ ᠤᠨ ᠦᠵᠡᠯᠳᠡ ᠶᠢ ᠴᠢᠩᠭᠠᠳᠬᠠᠨ᠂ ᠨᠦᠬᠦᠳ ᠤᠨ ᠬᠤᠭᠤᠷᠤᠨᠳᠤᠬᠢ ᠬᠠᠶᠢᠷ᠎ᠠ ᠰᠡᠳᠭᠢᠯᠭᠡ ᠶᠢ | ᠵᠤᠵᠠᠭᠠᠳᠬᠠᠳᠠᠭ ᠪᠠᠶᠢᠨ᠎ᠠ᠃ ᠵᠠᠷᠢᠮ ᠠᠩᠭᠢ ᠶᠢᠨ ᠡᠷᠬᠢᠯᠡᠭᠴᠢ ᠨᠢ ᠢᠮᠠᠭᠳᠠ ᠴᠢᠩᠭ᠎ᠠ ᠬᠠᠮᠢᠶᠠᠷᠤᠯᠳᠠ ᠶᠢ | ᠴᠢᠬᠤᠯᠠᠴᠢᠯᠠᠨ᠂ ᠬᠡᠮᠵᠢᠶᠡᠵᠢᠭᠦᠯᠬᠦ ᠪᠠᠷ ᠭᠤᠤᠯ ᠪᠤᠯᠭᠠᠬᠤ ᠶᠢ ᠠᠩᠬᠠᠷᠴᠤ᠂ ᠰᠤᠷᠤᠯᠭ᠎ᠠ ᠶᠢᠨ ᠬᠢᠷᠢ ᠪᠦᠳᠦᠮᠵᠢ᠂ | ᠰᠢᠯᠭᠠᠯᠳᠠ ᠶᠢᠨ ᠬᠤᠪᠢ ᠶᠢ ᠬᠡᠳᠤ ᠴᠢᠬᠤᠯᠠᠴᠢᠯᠠᠵᠤ᠂ ᠡᠨᠡ ᠨᠢ ᠰᠤᠷᠤᠭᠴᠢ ᠶᠢᠨ ᠤᠷᠮ᠎ᠠ ᠰᠤᠨᠢᠷᠬᠠᠯ᠂ ᠵᠠᠩ ᠠᠭᠠᠰᠢ | ᠂ ᠤᠷ᠎ᠠ ᠴᠢᠳᠠᠪᠤᠷᠢ ᠵᠡᠷᠭᠡ ᠶᠢᠨ ᠬᠦᠭᠵᠢᠯᠳᠡ ᠶᠢ ᠬᠠᠷᠰᠢᠯᠠᠵᠤ᠂ ᠡᠨᠡ ᠨᠢ ᠤᠮᠳᠤᠭᠠᠢᠢᠯᠠᠵᠤ ᠪᠤᠯᠤᠰᠢ ᠦᠭᠡᠢ ᠬᠡᠮ | ᠠᠷᠬᠠᠭ ᠪᠤᠯᠬᠤ ᠶᠤᠮ᠃ ᠡᠭᠦᠨ ᠤ ᠬᠤᠤᠷ ᠬᠦᠨᠦᠭᠡᠯ ᠨᠢ ᠪᠠᠭᠰᠢ ᠰᠤᠷᠤᠭᠴᠢ ᠶᠢᠨ ᠬᠤᠭᠤᠷᠤᠨᠳᠤᠬᠢ ᠬᠠᠷᠢᠴᠠᠭ᠎ᠠ ᠪᠠ | ᠨᠦᠭᠦᠳ ᠤᠨ ᠬᠤᠭᠤᠷᠤᠨᠳᠤᠬᠢ ᠨᠦᠬᠦᠷᠯᠡᠯ ᠢ ᠡᠪᠳᠡᠵᠤ᠂ ︽ᠹᠸᠤᠳᠠᠯ︾ ᠤᠨ ᠵᠡᠷᠭᠡ ᠲᠡᠰ ᠤᠨ ᠲᠦᠷᠢᠮ ᠢ | ᠠᠶᠠᠨᠳᠠᠭᠠᠨ ᠪᠤᠢ ᠪᠤᠯᠭᠠᠳᠠᠭ᠃ ᠠᠩᠭᠢ ᠶᠢᠨ ᠡᠷᠬᠢᠯᠡᠭᠴᠢ ᠬᠠᠮᠳᠤ ᠨᠡᠶᠢᠳᠡ ᠶᠢᠨ ᠪᠦᠷᠢᠯᠳᠦᠭᠦᠨ ᠤ ᠡᠷᠬᠡ ᠲᠡᠭᠰᠢ ᠪᠠᠷ | ᠤᠷᠤᠰᠢᠬᠤ ᠶᠢ ᠰᠠᠨᠠᠭᠠᠴᠢᠯᠠᠵᠤ᠂ ︽ᠬᠤᠴᠤᠷᠤᠩᠭᠤᠢ ᠰᠤᠷᠤᠭᠴᠢ︾ ᠶᠢ ᠠᠩᠬᠠᠷᠤᠨ ᠬᠠᠯᠠᠮᠵᠢᠯᠠᠵᠤ᠂ ᠲᠡᠳᠡᠨᠠᠷ ᠢ | ᠬᠠᠪᠰᠤᠷᠤᠨ ᠤᠷ᠎ᠠ ᠠᠪᠢᠶᠠᠰ ᠢ ᠨᠢ ᠢᠯᠡᠷᠡᠭᠦᠯᠦᠨ᠂ ᠦᠪᠡᠷ ᠤᠨ ᠬᠢᠨ ᠦᠪᠡᠷᠮᠢᠴᠡ ᠴᠢᠳᠠᠪᠤᠷᠢ ᠶᠢ ᠬᠦᠭᠵᠢᠭᠦᠯᠬᠦ | ᠬᠡᠷᠡᠭᠳᠠᠢ᠃ | ᠭᠤᠷᠪᠠ᠂ ᠪᠡᠶ᠎ᠡ ᠰᠡᠳᠭᠢᠴᠡ ᠶᠢᠨ ᠡᠷᠡᠭᠦᠯ ᠮᠡᠨᠳᠤ ᠶᠢ ᠴᠢᠬᠤᠯᠠᠴᠢᠯᠠᠵᠤ᠂ ᠪᠦᠬᠦ ᠲᠠᠯ᠎ᠠ ᠶᠢᠨ ᠬᠦᠭᠵᠢᠯᠳᠡ ᠶᠢ | ᠠᠬᠢᠭᠤᠯᠬᠤ ᠬᠡᠷᠡᠭᠳᠠᠢ᠃ ᠮᠠᠰᠢ ᠤᠯᠠᠨ ᠭᠡᠷ ᠤᠨ ᠠᠬᠠᠮᠠᠳ ᠪᠠ ᠠᠩᠭᠢ ᠶᠢᠨ ᠡᠷᠬᠢᠯᠡᠭᠴᠢ ᠵᠦᠪᠬᠡᠨ ᠪᠡᠶ᠎ᠡ | ᠮᠠᠬᠠᠪᠤᠳ ᠤᠨ ᠬᠢᠨ ᠡᠷᠡᠭᠦᠯ ᠮᠡᠨᠳᠤ ᠶᠢ ᠯᠡ ᠴᠢᠬᠤᠯᠠᠴᠢᠯᠠᠭᠠᠳ᠂ ᠰᠡᠳᠭᠢᠴᠡ ᠶᠢᠨ ᠡᠷᠡᠭᠦᠯ ᠮᠡᠨᠳᠤ ᠶᠢ ᠨᠢ | ᠬᠦᠩᠭᠡᠪᠴᠢᠯᠡᠳᠡᠭ᠃ ᠡᠨᠡ ᠨᠢ ᠪᠦᠬᠦ ᠲᠠᠯ᠎ᠠ ᠶᠢᠨ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠶᠤᠮ᠃ | ᠡᠨᠡᠬᠦ ᠬᠤᠶᠠᠷ ᠵᠦᠢᠯ ᠢ ᠬᠠᠮᠳᠤ ᠳᠤᠨᠢ ᠴᠢᠬᠤᠯᠠᠴᠢᠯᠠᠪᠠᠯ ᠰᠠᠶ᠋ᠢ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠵᠤ | ᠴᠢᠳᠠᠬᠤ ᠶᠤᠮ᠃ ᠲᠤᠮᠳᠠᠳᠤ ᠰᠤᠷᠭᠠᠭᠤᠯᠢ ᠶᠢᠨ ᠱᠠᠳᠤ ᠦᠶ᠎ᠡ ᠪᠤᠯ ᠰᠤᠷᠤᠭᠴᠢᠳ ᠤᠨ ᠪᠡᠶ᠎ᠡ ᠶᠢᠨ ᠦᠰᠦᠨ | ᠪᠤᠶᠢᠵᠢᠯᠳᠠ᠂ ᠶᠢᠷᠳᠢᠨᠴᠤ ᠶᠢᠨ ᠦᠵᠡᠯᠳᠡ ᠪᠤᠢ ᠪᠤᠯᠬᠤ ᠶᠢᠨ ᠵᠠᠩᠭᠢᠯᠠᠭ᠎ᠠ ᠶᠢᠨ ᠴᠠᠭ ᠦᠶ᠎ᠡ ᠪᠤᠯᠤᠨ᠎ᠠ᠂ ᠪᠡᠶ᠎ᠡ | ᠰᠡᠳᠭᠢᠯ ᠤᠨ ᠡᠷᠡᠭᠦᠯ ᠮᠡᠨᠳᠤ ᠨᠢ ᠬᠤᠪᠢ ᠬᠦᠮᠦᠨ ᠤ ᠦᠰᠦᠨ ᠪᠤᠶᠢᠵᠢᠯᠳᠠ ᠲᠠᠢ ᠬᠤᠯᠪᠤᠭᠳᠠᠬᠤ ᠪᠠᠷ ᠪᠠᠷᠠᠬᠤ ᠦᠭᠡᠢ | ᠂ ᠨᠡᠩ ᠴᠢᠬᠤᠯᠠ ᠨᠢ ᠭᠡᠷ ᠪᠦᠯᠢ ᠶᠢᠨ ᠵᠤᠯ ᠵᠢᠷᠭᠠᠯ᠂ ᠦᠨᠳᠤᠰᠤᠳᠡᠨ ᠤ ᠢᠷᠡᠭᠡᠳᠤᠢ᠂ ᠤᠯᠤᠰ ᠭᠦᠷᠦᠨ ᠤ ᠬᠤᠪᠢ | ᠵᠠᠶᠠᠭ᠎ᠠ ᠲᠠᠢ ᠬᠤᠯᠪᠤᠭᠳᠠᠬᠤ ᠶᠤᠮ᠃ ᠡᠶᠢᠮᠤ ᠠᠴᠠ ᠠᠩᠭᠢ ᠶᠢᠨ ᠡᠷᠬᠢᠯᠡᠭᠴᠢ ᠨᠢ ᠡᠯ᠎ᠡ ᠬᠢᠴᠢᠶᠡᠯ ᠲᠦᠷᠦᠯ ᠤᠨ | ᠪᠠᠭᠰᠢ ᠨᠠᠷ ᠲᠠᠢ ᠬᠠᠮᠳᠤ ᠪᠠᠷ ᠡᠯ᠎ᠡ ᠵᠦᠢᠯ ᠤᠨ ᠠᠵᠢᠯᠯᠠᠭ᠎ᠠ ᠶᠢ ᠦᠷᠬᠦᠯᠵᠢ ᠶᠢᠨ ᠴᠢᠨᠠᠷᠳᠠᠢ ᠪᠠᠷ ᠵᠤᠬᠢᠶᠠᠨ | ᠪᠠᠶᠢᠭᠤᠯᠤᠨ ᠦᠷᠨᠢᠭᠦᠯᠵᠤ᠂ ᠰᠤᠷᠤᠭᠴᠢᠳ ᠤᠨ ᠰᠤᠷᠤᠯᠴᠠᠯᠭ᠎ᠠ ᠶᠢᠨ ᠤᠬᠠᠮᠰᠠᠷᠳᠤ ᠴᠢᠨᠠᠷ᠂ ᠢᠳᠡᠪᠬᠢᠵᠢᠯᠳᠤ ᠴᠢᠨᠠᠷ ᠢ | ᠲᠠᠶᠢᠴᠢᠯᠠᠨ᠂ ᠮᠡᠳᠡᠯᠭᠡ ᠶᠢᠨ ᠬᠡᠪᠴᠢᠶ᠎ᠡ ᠶᠢ ᠨᠢ ᠦᠷᠭᠡᠳᠭᠡᠨ᠂ ᠰᠡᠳᠭᠢᠴᠡ ᠶᠢ ᠨᠢ ᠦᠷᠭᠡᠵᠢᠭᠦᠯᠬᠦ ᠬᠡᠷᠡᠭᠳᠠᠢ᠃ | ᠲᠤᠬᠠᠢᠢᠯᠠᠪᠠᠯ ︽ᠭᠠᠷᠠᠭ ᠪᠦᠷᠢ ᠨᠢᠭᠡ ᠪᠠᠳᠠᠭ ᠰᠢᠯᠦᠭ ᠴᠡᠭᠡᠵᠢᠯᠡᠬᠦ︾᠂ ︽ᠭᠠᠷᠠᠭ ᠪᠦᠷᠢ ᠨᠢᠭᠡ ᠬᠤᠪᠢ ᠭᠠᠷᠠᠭ ᠤᠨ | ᠲᠡᠮᠳᠡᠭᠯᠡᠯ ᠪᠢᠴᠢᠬᠦ︾᠂ ︽ᠦᠨᠳᠤᠰᠤᠳᠡᠨ ᠤ ᠰᠤᠶᠤᠯ ᠤᠨ ᠮᠡᠳᠡᠯᠭᠡ ᠶᠢᠨ ᠤᠷᠤᠯᠳᠤᠭᠠᠨ︾᠂ ︽ᠤᠷᠠᠨ ᠵᠢᠷᠤᠭ | ᠤᠷᠠᠨ ᠪᠢᠴᠢᠯᠭᠡ ᠶᠢᠨ ᠰᠢᠯᠭᠠᠷᠠᠭᠤᠯᠤᠯᠳᠠ︾ ᠵᠡᠷᠭᠡ ᠪᠠᠶᠢᠳᠠᠭ᠃ ᠡᠳᠡᠭᠡᠷ ᠠᠵᠢᠯᠯᠠᠭ᠎ᠠ ᠪᠠᠷ ᠲᠠᠮᠵᠢᠭᠤᠯᠤᠨ᠂ | ᠰᠤᠷᠤᠭᠴᠢ ᠶᠢᠨ ᠮᠡᠳᠡᠯᠭᠡ ᠶᠢ ᠨᠡᠮᠡᠭᠳᠡᠭᠦᠯᠵᠤ᠂ ᠬᠠᠷᠠᠴᠠ ᠶᠢ ᠨᠢ ᠦᠷᠭᠡᠳᠭᠡᠨ᠂ ᠰᠠᠨᠠᠭ᠎ᠠ ᠰᠡᠳᠭᠢᠯᠭᠡ ᠶᠢ ᠨᠢ | ᠬᠦᠮᠦᠵᠢᠭᠦᠯᠬᠦ ᠬᠡᠷᠡᠭᠳᠠᠢ᠃ ᠠᠩᠭᠢ ᠶᠢᠨ ᠡᠷᠬᠢᠯᠡᠭᠴᠢ ᠰᠠᠨᠠᠭᠠᠴᠢᠯᠠᠭ᠎ᠠ ᠠᠴᠠ ᠪᠠᠨ ᠰᠤᠷᠤᠭᠴᠢ ᠪᠠᠨ ᠲᠠᠭᠠᠭᠤᠯᠤᠨ | ᠨᠡᠶᠢᠭᠡᠮ ᠤᠨ ᠠᠵᠢᠯᠯᠠᠭ᠎ᠠ ᠳᠤ ᠤᠷᠤᠯᠴᠠᠵᠤ᠂ ᠨᠡᠶᠢᠬᠡᠮ ᠤᠨ ᠪᠠᠶᠢᠴᠠᠭᠠᠯᠳᠠ ᠬᠢᠵᠤ᠂ ᠨᠡᠶᠢᠭᠡᠮ ᠢ ᠤᠢᠢᠯᠠᠭᠠᠨ᠂ | ᠮᠠᠲᠧᠷᠢᠶᠠᠯ ᠴᠤᠭᠯᠠᠭᠤᠯᠤᠨ᠂ ᠰᠤᠷᠤᠭᠴᠢᠳ ᠢ ᠡᠷᠳᠡᠬᠡᠨ ᠨᠡᠶᠢᠭᠡᠮ ᠤᠨ ᠤᠷᠴᠢᠨ ᠳᠤ ᠵᠤᠬᠢᠴᠠᠭᠤᠯᠬᠤ ᠬᠡᠷᠡᠭᠳᠠᠢ᠃ | ᠰᠤᠷᠤᠭᠴᠢᠳ ᠢᠶᠠᠨ ᠲᠠᠶᠢᠴᠢᠯᠠᠨ ︽ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ︾᠂ ︽ᠪᠡᠶ᠎ᠡ ᠲᠠᠮᠢᠷ ᠤᠨ | ᠬᠦᠳᠡᠯᠭᠡᠭᠡᠨ︾ ᠪᠠ ᠡᠯ᠎ᠡ ᠵᠦᠢᠯ ᠤᠨ ᠠᠯᠪᠠᠨ ᠵᠢᠷᠤᠮ ᠤᠨ ᠬᠦᠳᠡᠯᠮᠤᠷᠢ ᠵᠡᠷᠭᠡ ᠳᠤ ᠢᠳᠡᠪᠬᠢᠯᠡᠨ ᠤᠷᠤᠯᠴᠠᠬᠤ | ᠬᠡᠷᠡᠭᠳᠠᠢ᠃ ᠰᠤᠷᠤᠭᠴᠢ ᠶᠢᠨ ᠪᠡᠶ᠎ᠡ ᠰᠡᠳᠭᠢᠯ ᠢ ᠡᠷᠡᠭᠦᠯ ᠢᠶᠠᠷ ᠬᠦᠭᠵᠢᠭᠦᠯᠬᠦ ᠶᠢᠨ ᠬᠠᠮᠳᠤ ᠡᠯ᠎ᠡ ᠲᠠᠯ᠎ᠠ ᠶᠢᠨ | ᠬᠦᠭᠵᠢᠯᠳᠡ ᠶᠢ ᠴᠤ ᠬᠠᠮᠳᠤ ᠳᠤᠨᠢ ᠠᠬᠢᠭᠤᠯᠬᠤ ᠬᠡᠷᠡᠭᠳᠠᠢ᠃ ᠢᠩᠭᠢᠪᠡᠯ ᠰᠠᠶ᠋ᠢ ᠬᠡᠷᠡᠭᠴᠡᠭᠡ ᠪᠦᠬᠦᠢ ᠴᠢᠳᠠᠪᠤᠷᠢᠳᠠᠨ ᠢ | ᠬᠦᠮᠦᠵᠢᠭᠦᠯᠦᠨ ᠭᠠᠷᠭᠠᠵᠤ᠂ ᠤᠯᠤᠰ ᠬᠦᠷᠦᠨ ᠤ ᠱᠠᠭᠠᠷᠳᠠᠯᠭ᠎ᠠ ᠳᠤ ᠨᠡᠶᠢᠴᠡᠵᠤ ᠴᠢᠳᠠᠬᠤ ᠶᠤᠮ᠃ | ᠮᠢᠨᠦ ᠦᠵᠡᠬᠦ ᠪᠠᠷ ᠰᠢᠯᠢᠳᠡᠭ ᠰᠠᠶᠢᠨ ᠠᠩᠭᠢ ᠨᠢᠭᠡᠴᠡ ᠶᠢ ᠪᠦᠳᠦᠭᠡᠨ ᠪᠠᠶᠢᠭᠤᠯᠵᠤ᠂ ᠬᠢᠷᠢ ᠲᠡᠩᠴᠡᠭᠰᠡᠨ | ᠴᠢᠳᠠᠪᠤᠷᠢᠳᠠᠨ ᠢ ᠬᠦᠮᠦᠵᠢᠭᠦᠯᠬᠦ ᠳᠤ ᠠᠩᠭᠢ ᠶᠢᠨ ᠡᠷᠬᠢᠯᠡᠭᠴᠢ ᠨᠢ ᠡᠷᠬᠡᠪᠰᠢ ᠲᠤᠰ ᠪᠡᠶ᠎ᠡ ᠶᠢᠨ ᠢᠶᠠᠨ ᠴᠢᠨᠠᠷ ᠴᠢᠨᠰᠠᠭ᠎ᠠ | ᠪᠠ ᠬᠡᠪ ᠪᠤᠯᠪᠠᠰᠤᠷᠠᠯ ᠢᠶᠠᠨ ᠴᠢᠷᠮᠠᠶᠢᠨ ᠲᠡᠭᠡᠭᠰᠢᠯᠡᠭᠦᠯᠵᠤ᠂ ᠰᠡᠳᠭᠢᠴᠡ ᠪᠠᠨ ᠦᠷᠭᠡᠳᠭᠡᠨ᠂ ᠠᠷᠭ᠎ᠠ ᠪᠠᠷᠢᠯ ᠢᠶᠠᠨ | ᠬᠠᠯᠠᠨ ᠰᠠᠶᠢᠵᠢᠷᠠᠭᠤᠯᠵᠤ᠂ ᠰᠢᠨ᠎ᠡ ᠤᠢᠢᠯᠠᠭᠠᠭᠳᠠᠬᠤᠨ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠨ᠂ | ᠬᠠᠮᠢᠶᠠᠷᠤᠯᠳᠠ ᠶᠢᠨ ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠳᠠᠢ᠃ ᠢᠩᠭᠢᠪᠡᠯ ᠰᠠᠶ᠋ᠢ ᠰᠢᠨ᠎ᠡ ᠲᠠᠪᠰᠢᠯᠳᠠ ᠶᠢ | ᠲᠠᠰᠤᠷᠠᠯᠳᠠ ᠦᠭᠡᠢ ᠤᠯᠵᠤ ᠴᠢᠳᠠᠬᠤ ᠶᠤᠮ᠃ | ᠵᠣᠬᠢᠶᠠᠭᠴᠢ᠄ ᠰᠤᠳᠤ | |