ᠵᠦᠸᠧᠽᠢ ᠰᠢᠶᠡᠨ ᠬᠤᠲᠠ ᠤᠷᠤᠵᠤ ᠠᠵᠢᠯ ᠬᠢᠵᠤ ᠪᠠᠶᠢᠭ᠎ᠠ ᠲᠠᠷᠢᠶᠠᠴᠢᠳ ᠤᠨ ᠴᠠᠯᠢᠩ ᠬᠦᠯᠤᠰᠤ ᠶᠢ | ᠲᠤᠲᠠᠭᠳᠠᠯ ᠦᠭᠡᠢ ᠪᠠᠲᠤᠯᠠᠬᠤ ᠲᠤᠭᠲᠠᠯᠴᠠᠭ᠎ᠠ ᠭᠠᠷᠭᠠᠪᠠ | | ᠨᠢᠭᠡ᠂ ᠬᠢᠨᠠᠨ ᠵᠠᠬᠢᠷᠬᠤ ᠪᠤᠭᠤᠮᠲᠠ ᠶᠢ ᠴᠢᠩᠳᠠᠯᠠᠬᠤ᠃ ᠦᠷᠢ ᠰᠢᠷᠢ ᠶᠢ ᠢᠯᠭᠠᠷᠠᠭᠤᠯᠬᠤ ᠠᠵᠢᠯ ᠤᠨ | ᠪᠤᠭᠤᠮᠲᠠ ᠶᠢ ᠣᠷᠢᠳᠤᠵᠤ ᠭᠠᠷᠳᠠᠨ ᠬᠢᠨ᠎ᠡ᠂ ᠵᠢᠯ ᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠬᠠᠪᠤᠷ ᠤᠨ ᠠᠵᠢᠯ ᠡᠬᠢᠯᠡᠬᠦ ᠪᠤᠯᠤᠨ ᠨᠠᠮᠤᠷ ᠠᠵᠢᠯ ᠳᠠᠭᠤᠰᠬᠤ ᠬᠤᠭᠤᠷᠤᠨᠳᠦ ᠰᠢᠶᠡᠨ ᠤ ᠡᠳ᠋ ᠤᠨ ᠵᠠᠰᠠᠭ ᠤᠨ | ᠳᠤᠪᠴᠢᠶ᠎ᠠ ᠵᠢᠴᠢ ᠬᠦᠮᠦᠨ ᠤ ᠬᠦᠴᠤᠨ ᠤ ᠡᠬᠢ ᠪᠠᠶᠠᠯᠢᠭ ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠪᠠᠷ | ᠲᠤᠯᠤᠭᠠᠶᠢᠯᠠᠨ᠂ ᠪᠦᠬᠦ ᠰᠢᠶᠡᠨ ᠤ ᠬᠡᠪᠴᠢᠶᠡᠨ ᠳᠠᠬᠢ ᠰᠢᠨ᠎ᠡ ᠪᠠᠷ ᠪᠠᠶᠢᠭᠤᠯᠵᠤ ᠪᠠᠶᠢᠭ᠎ᠠ ᠪᠤᠯᠤᠨ ᠵᠠᠯᠭᠠᠪᠠᠷ | ᠪᠠᠶᠢᠭᠤᠯᠵᠤ ᠪᠠᠶᠢᠭ᠎ᠠ ᠲᠦᠷᠦᠯ ᠵᠦᠢᠯ ᠶᠢᠨ ᠬᠦᠳᠡᠯᠮᠦᠷᠢ ᠬᠦᠴᠦᠨ ᠤ ᠬᠡᠷᠡᠭᠵᠢᠭᠦᠯᠦᠯᠲᠡ ᠶᠢᠨ ᠳᠦᠷᠢᠮᠵᠢᠭᠦᠯᠦᠯᠲᠡ ᠶᠢ | ᠪᠦᠬᠦ ᠲᠠᠯ᠎ᠠ ᠠᠴᠠ ᠲᠤᠰᠬᠠᠶᠢᠯᠠᠨ ᠪᠠᠶᠢᠴᠠᠭᠠᠨ᠎ᠠ᠃ | | ᠬᠤᠶᠠᠷ᠂ ᠴᠠᠯᠢᠩ ᠬᠦᠯᠤᠰᠤ ᠶᠢᠨ ᠪᠠᠲᠤᠯᠠᠭᠠᠲᠦ ᠮᠦᠩᠭᠦᠨ ᠤ ᠠᠵᠢᠯ ᠢ ᠶᠡᠬᠡᠪᠡᠷ ᠴᠢᠬᠤᠯᠠᠴᠢᠯᠠᠬᠤ᠃ ᠦᠷᠢ | ᠰᠢᠷᠢ ᠶᠢ ᠢᠯᠭᠠᠷᠠᠭᠤᠯᠬᠤ ᠠᠵᠢᠯ ᠤᠨ ᠭᠤᠤᠯᠯᠠᠬᠤ ᠡᠷᠬᠡ ᠶᠢ ᠠᠳᠬᠤᠨ᠂ ᠦᠷᠢ ᠰᠢᠷᠢ ᠶᠢ ᠢᠯᠭᠠᠷᠠᠭᠤᠯᠬᠤ ᠠᠵᠢᠯ | ᠪᠤᠯᠤᠨ ᠴᠠᠯᠢᠩ ᠬᠦᠯᠤᠰᠤ ᠶᠢᠨ ᠪᠠᠲᠤᠯᠠᠭᠠᠲᠦ ᠮᠦᠩᠭᠦᠨ ᠤ ᠠᠵᠢᠯ ᠢ ᠲᠦᠷᠦᠯ ᠵᠦᠢᠯ ᠤᠨ ᠪᠦᠲᠦᠭᠡᠨ ᠪᠠᠶᠢᠭᠤᠯᠬᠤ | ᠠᠵᠢᠯ ᠤᠨ ᠵᠦᠪᠰᠢᠶᠡᠷᠡᠯ ᠤᠨ ᠡᠮᠦᠨᠡᠬᠢ ᠭᠠᠷ ᠭᠦᠢᠴᠡᠳᠬᠡᠯ ᠵᠢᠴᠢ ᠵᠠᠪᠠᠯ ᠪᠠᠲᠤᠯᠠᠬᠤ ᠪᠠᠷᠢᠮᠲᠠ ᠪᠤᠯᠠᠭᠠᠨ᠂ | ᠲᠠᠷᠢᠶᠠᠴᠢᠨ ᠠᠵᠢᠯᠴᠢᠨ ᠤ ᠴᠠᠯᠢᠩ ᠬᠦᠯᠦᠰᠤ ᠶᠢ ᠲᠤᠲᠠᠭᠳᠠᠬᠤ ᠦᠵᠡᠭᠳᠡᠯ ᠶᠢ ᠮᠦᠨ ᠴᠢᠨᠠᠷ ᠠᠴᠠ ᠨᠢ ᠪᠠᠭᠠᠰᠬᠠᠨ᠎ᠠ᠃ | | | ᠭᠤᠷᠪᠠ᠂ ᠪᠠᠴᠢᠮ ᠳᠤ ᠬᠡᠷᠡᠭᠯᠡᠬᠦ ᠵᠠᠰᠠᠭ ᠤᠨ ᠤᠷᠳᠤᠨ ᠤ ᠪᠡᠯᠡ ᠮᠦᠩᠭᠦ ᠶᠢ ᠰᠠᠶᠢᠳᠤᠷ ᠠᠰᠢᠭᠯᠠᠬᠤ᠃ ᠵᠢᠯ | ᠪᠦᠷᠢ 200 ᠲᠦᠮᠡᠨ ᠲᠦᠭᠦᠷᠢᠭ ᠤᠨ ᠪᠠᠴᠢᠮ ᠳᠤ ᠬᠡᠷᠡᠭᠯᠡᠬᠦ ᠵᠠᠰᠠᠭ ᠤᠨ ᠤᠷᠳᠤᠨ ᠤ ᠪᠡᠯᠡ ᠮᠦᠩᠭᠦ ᠶᠢ ᠡᠳ᠋ ᠤᠨ | ᠵᠠᠰᠠᠭ ᠤᠨ ᠲᠦᠰᠤᠪ ᠲᠤ ᠤᠷᠤᠭᠤᠯᠠᠨ᠂ ᠭᠤᠤᠯᠳᠠᠯᠭᠠᠲᠦ ᠴᠠᠯᠢᠩ ᠬᠦᠯᠤᠰᠤ ᠲᠤᠲᠠᠭᠰᠠᠨ ᠬᠡᠷᠡᠭ ᠵᠠᠷᠭᠤ ᠭᠠᠷᠪᠠᠯ | ᠲᠤᠬᠠᠢ ᠶᠢᠨ ᠴᠠᠭ ᠳᠤᠨᠢ ᠰᠢᠢᠳᠪᠦᠷᠢᠯᠡᠵᠦ ᠳᠡᠶᠢᠯᠬᠦ ᠪᠠᠲᠤᠯᠠᠭ᠎ᠠ ᠬᠠᠩᠭᠠᠨ᠎ᠠ᠃ | | ᠳᠦᠷᠪᠠ᠂ ᠢᠳᠡᠪᠬᠢᠲᠠᠢ ᠦᠢᠯᠡᠴᠢᠯᠡᠨ᠂ ᠬᠦᠮᠦᠨ ᠤ ᠬᠦᠴᠦᠨ ᠬᠡᠷᠡᠭᠯᠡᠬᠦ ᠬᠠᠮᠢᠶᠠᠷᠤᠯᠲᠠ ᠶᠢᠨ ᠰᠢᠯᠢᠳᠡᠭ | ᠲᠤᠷᠰᠢᠯᠭ᠎ᠠ ᠠᠷᠭ᠎ᠠ ᠢᠶᠠᠷ ᠬᠦᠮᠦᠨ ᠬᠡᠷᠡᠭᠯᠡᠬᠦ ᠦᠢᠯᠡᠳᠪᠦᠷᠢ ᠺᠤᠮᠫᠠᠨᠢ ᠶᠢ ᠳᠡᠳᠬᠦᠨ ᠵᠢᠷᠤᠮᠵᠢᠭᠤᠯᠵᠤ ᠂ | ᠬᠠᠮᠢᠶᠠᠷᠤᠯᠲᠠ ᠪᠠᠷ ᠰᠠᠮᠠᠭᠤᠨ ᠪᠠᠶᠢᠬᠤ ᠪᠠᠶᠢᠭᠤᠯᠤᠯᠭ᠎ᠠ ᠶᠢ ᠮᠦᠩᠭᠦ ᠲᠤᠷᠭᠠᠬᠤ ᠭᠤᠤᠯᠳᠠᠯᠭ᠎ᠠ ᠠᠴᠠ ᠳᠡᠳᠬᠦᠨ | ᠲᠦᠷᠢᠮᠵᠢᠭᠦᠯᠬᠦ ᠵᠠᠮ ᠳᠤ ᠳᠠᠭᠠᠭᠤᠯᠬᠤ ᠪᠠᠷ ᠭᠤᠤᠯᠯᠠᠵᠤ᠂ ᠪᠤᠰᠤᠳ ᠪᠠᠶᠢᠭᠤᠯᠤᠯᠭ᠎ᠠ ᠶᠢᠨ ᠰᠢᠯᠢᠳᠡᠭ ᠲᠤᠷᠰᠢᠯᠭ᠎ᠠ | ᠵᠢᠴᠢ ᠰᠠᠶᠢᠨ ᠠᠷᠭ᠎ᠠ ᠵᠠᠮ ᠢ ᠵᠢᠭᠠᠨ ᠦᠭᠴᠦ᠂ ᠡᠳᠦᠢ ᠲᠤᠲᠤᠮ ᠤᠨ ᠬᠠᠮᠢᠶᠠᠷᠤᠯᠲᠠ ᠠᠵᠢᠯ ᠳᠠᠭᠠᠨ | ᠳᠦᠷᠢᠮᠵᠢᠭᠦᠯᠬᠦ ᠪᠠᠷ ᠴᠢᠷᠮᠠᠶᠢᠨ᠎ᠠ᠃ | | | | | | | | | | | | | | |