4 ᠰᠠᠷ᠎ᠠ ᠶᠢᠨ 23 ᠳᠤ ᠵᠦᠸᠧᠽᠢ ᠰᠢᠶᠡᠨ ᠰᠤᠷᠭᠠᠭᠤᠯᠢ ᠶᠢᠨ ᠠᠶᠤᠯᠭᠦᠢ ᠬᠠᠮᠢᠶᠠᠷᠤᠯᠲᠠ ᠶᠢᠨ ᠠᠵᠢᠯ ᠤᠨ | ᠬᠤᠷᠠᠯ ᠶᠢ ᠰᠢᠶᠡᠨ ᠤ ᠪᠡᠶ᠎ᠡ ᠲᠠᠮᠢᠷ ᠤᠨ ᠲᠤᠪᠴᠢᠶᠠᠨ ᠤ ᠳᠦᠷᠪᠡᠳᠤᠭᠡᠷ ᠠᠰᠠᠷ ᠤᠨ ᠬᠤᠷᠠᠯ ᠤᠨ ᠭᠡᠷ ᠲᠤ | ᠶᠠᠪᠤᠭᠳᠠᠭᠤᠯᠪᠠ᠂ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠪᠡᠶ᠎ᠡ ᠲᠠᠮᠢᠷ ᠤᠨ ᠲᠤᠪᠴᠢᠶᠠᠨ ᠤ ᠬᠠᠮᠢᠶ᠎ᠠ ᠪᠦᠬᠦᠢ | ᠤᠳᠤᠷᠢᠳᠤᠯᠭ᠎ᠠ ᠵᠢᠴᠢ ᠡᠯ᠎ᠡ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠪᠤᠯᠤᠨ ᠢᠳᠡᠭᠡᠨ ᠤ ᠵᠦᠢᠯ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠤᠷᠤᠯᠴᠠᠪᠠ᠃ ᠬᠤᠷᠠᠯ ᠢ | ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶᠠᠨ ᠤ ᠳᠠᠷᠤᠭ᠎ᠠ ᠱᠧᠩ ᡁᠢ ᠫᠢᠩ ᠬᠦᠲᠦᠯᠦᠪᠡ᠃ | ᠬᠤᠷᠠᠯ ᠳᠤ ᠦᠪᠦᠷ ᠮᠤᠩᠭᠤᠯ᠂ ᠤᠯᠠᠭᠠᠨᠴᠠᠪ ᠬᠤᠲᠠ ᠶᠢᠨ ᠰᠤᠷᠭᠠᠭᠤᠯᠢ ᠶᠢᠨ ᠠᠶᠤᠯᠭᠦᠢ ᠬᠠᠮᠢᠶᠠᠷᠤᠯᠲᠠ ᠶᠢᠨ | ᠬᠤᠷᠠᠯ ᠤᠨ ᠵᠤᠷᠢᠭ ᠰᠠᠨᠠᠭ᠎ᠠ ᠶᠢ ᠨᠡᠶᠢᠳᠠᠪᠦᠷᠢᠲᠠᠢ ᠲᠤᠤᠱᠯᠠᠭᠤᠯᠵᠤ᠂ ᠵᠦᠸᠧᠽᠢ ᠰᠢᠶᠡᠨ ᠤ 2017 ᠤᠨ ᠤ | ᠰᠤᠷᠭᠠᠨ ᠬᠦᠮᠦᠵᠢᠯ ᠰᠤᠷᠭᠠᠭᠤᠯᠢ ᠶᠢᠨ ᠠᠶᠤᠯᠭᠦᠢ ᠬᠠᠮᠢᠶᠠᠷᠤᠯᠲᠠ ᠶᠢᠨ ᠠᠵᠢᠯ ᠤᠨ ᠳ᠋ᠦᠩᠨᠡᠯᠲᠡ ᠬᠢᠵᠤ᠂ 2018 | ᠤᠨ ᠤ ᠰᠤᠷᠭᠠᠭᠤᠯᠢ ᠶᠢᠨ ᠠᠶᠤᠯᠭᠦᠢ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠰᠢᠯᠠᠭᠤᠯᠪᠠ᠃ |