ᠵᠦᠸᠧᠽᠢ ᠰᠢᠶᠡᠨ ᠰᠢᠨᠵᠢᠯᠡᠬᠦ ᠤᠬᠠᠭᠠᠨᠴᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠰᠬᠠᠶᠢᠴᠢᠯᠡᠭ᠌ᠰᠠᠨ ᠲᠦᠰᠦᠪ ᠭᠠᠷᠭᠠᠪᠠ
ᠨᠡᠶᠢᠲᠡᠯᠡᠭᠰᠡᠨ ᠴᠠᠭ᠄
2018-06-14
  ᠲᠦᠯᠦᠪᠯᠡᠭᠡᠲᠠᠢ ᠪᠠᠷ ᠶᠠᠳᠠᠭᠤ ᠠᠴᠠ ᠠᠩᠭᠢᠵᠢᠷᠠᠬᠤ ᠡᠭᠦᠷᠭᠡ ᠪᠠᠨ ᠤᠯᠠᠮ ᠰᠠᠶᠢᠳᠤᠷ ᠪᠡᠶᠡᠯᠡᠭᠦᠯᠬᠦ ᠶᠢᠨ ᠲᠤᠰᠠᠳᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠵᠢᠴᠢ ᠲᠦᠯᠤᠪᠵᠢᠭᠦᠯᠭᠡ ᠶᠢᠨ ᠬᠠᠮᠢᠶ᠎ᠠ ᠪᠦᠬᠦᠢ ᠪᠠᠶᠢᠭᠤᠯᠤᠯᠭ᠎ᠠ ᠲᠠᠢ ᠭᠦᠭ ᠨᠡᠶᠢᠯᠡᠭᠦᠯᠦᠨ ᠪᠡᠯᠡ ᠤᠷᠤᠭᠤᠯᠤᠯᠲᠠ ᠶᠢ ᠤᠨᠤᠨ ᠳᠡᠭᠡᠷ᠎ᠠ ᠨᠢ ᠲᠡᠩᠴᠡᠭᠦᠯᠦᠨ  ᠬᠦᠴᠦᠯᠡᠵᠤ᠂ ᠰᠢᠨᠵᠢᠯᠡᠬᠦ ᠤᠬᠠᠭᠠᠨᠴᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠰᠬᠠᠶᠢᠴᠢᠯᠡᠭ᠌ᠰᠠᠨ ᠲᠦᠰᠦᠪ  ᠢ ᠭᠠᠷᠭᠠᠪᠠ᠃     ᠨᠢᠭᠡ ᠳᠤ ᠲᠠᠷᠢᠶᠠᠯᠠᠩ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠪ  ᠃ ᠶᠠᠳᠠᠭᠤ ᠬᠦᠴᠢᠷᠳᠡᠯᠲᠠᠢ ᠲᠤᠰᠬᠤᠨ ᠤ ᠣᠰᠤᠨ ᠤ  ᠡᠬᠢ ᠪᠠᠶᠠᠯᠢᠭ᠂  ᠣᠰᠤᠯᠤᠯᠲᠠ ᠶᠢᠨ ᠰᠢᠰᠲ᠋ᠧᠮ᠂  ᠴᠠᠬᠢᠯᠭᠠᠨ ᠬᠠᠩᠭᠠᠯᠲᠠ᠂ ᠮᠠᠰᠢᠨ ᠬᠤᠳᠳᠤᠭ᠂ ᠭᠠᠵᠠᠷ ᠰᠢᠷᠤᠢ ᠶᠢᠨ ᠲᠤᠬᠢᠷᠠᠭᠤᠯᠤᠯᠲᠠ ᠵᠢᠴᠢ ᠣᠬᠢᠵᠢᠭᠤᠯᠤᠯᠲᠠ ᠪᠠᠷ ᠭᠤᠤᠯᠳᠠᠯᠭ᠎ᠠ ᠪᠤᠯᠭᠠᠭᠰᠠᠨ ᠲᠠᠷᠢᠶᠠᠯᠠᠩ ᠣᠰᠣᠨ ᠠᠰᠢᠭᠯᠠᠯᠲᠠ ᠶᠢᠨ ᠪᠦᠲᠦᠭᠡᠨ ᠪᠠᠶᠢᠭᠤᠯᠣᠯᠲᠠ  ᠶᠢ ᠲᠦᠰᠦᠪᠯᠡᠵᠦ᠂ ᠨᠢᠭᠡ ᠪᠦᠯᠦᠭ ᠦᠨᠳᠦᠷ ᠶᠠᠰᠤ ᠴᠢᠨᠠᠷᠲᠠᠢ ᠤᠳᠤᠬᠢᠴᠢᠯᠡᠭᠰᠡᠨ  ᠲᠠᠷᠢᠶᠠᠯᠠᠩ ᠤᠨ ᠪᠤᠯᠪᠠᠰᠤᠨ ᠨᠢᠭᠡᠴᠢ ᠶᠢ ᠪᠠᠶᠢᠭᠤᠯᠤᠨ᠎ᠠ᠃     ᠬᠤᠶᠠᠷ ᠲᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠤᠶᠢᠯᠡᠰᠵᠢᠭᠦᠯᠤᠯᠲᠠ ᠶᠢᠨ ᠲᠦᠰᠦᠪ᠃ ᠲᠦᠮᠦᠰᠦ᠂ ᠢᠳᠡᠰᠢᠨ ᠨᠤᠭᠤᠭ᠎ᠠ᠂ ᠨᠤᠬᠠᠢ ᠶᠢᠨ ᠰᠢᠰᠢ᠂  ᠬᠤᠤᠮᠠ ᠲᠤᠰᠤ᠂ ᠦᠨᠳᠡᠭᠡ᠂  ᠬᠤᠨᠢ ᠦᠬᠡᠷ ᠡᠯᠵᠢᠭᠡ  ᠭᠠᠭ᠋ᠠᠢ ᠲᠠᠤᠯᠠᠢ ᠶᠢᠨ ᠮᠢᠬ᠎ᠠ ᠵᠡᠷᠭᠡ ᠲᠠᠷᠢᠶᠠᠯᠠᠩ ᠮᠠᠯ ᠠᠵᠤ ᠠᠬᠤᠢ  ᠤᠨ ᠣᠨᠴᠠ ᠭᠠᠷᠤᠯᠲᠠ ᠪᠠᠷ ᠭᠤᠤᠯᠳᠠᠯᠭᠠᠲᠦ ᠠᠵᠤ ᠤᠶᠢᠯᠡᠰ ᠪᠤᠯᠭᠠᠨ ᠲᠦᠰᠦᠪᠯᠡᠵᠦ᠂ ᠨᠢᠭᠡ ᠪᠦᠯᠦᠭ ᠦᠨᠳᠦᠷ ᠴᠢᠨᠠᠷᠲᠠᠢ ᠰᠢᠯᠢᠳᠡᠭ ᠪᠦᠲᠦᠭᠡᠭᠳᠡᠬᠦᠨ ᠤ ᠰᠠᠭᠤᠷᠢᠨ ᠭᠠᠵᠠᠷ ᠢ ᠪᠠᠶᠢᠭᠤᠯᠵᠤ᠂  ᠲᠦᠮᠦᠰᠦᠨ ᠲᠠᠷᠢᠶ᠎ᠠ᠂ ᠠᠷᠢᠯᠵᠢᠶᠠᠨ ᠤ ᠲᠦᠮᠦᠰᠦᠨ ᠵᠦᠢᠯ᠂ ᠰᠡᠷᠢᠭᠦᠨ ᠬᠦᠢᠲᠡᠨ ᠢᠳᠡᠰᠢᠨ ᠨᠤᠭᠤᠭ᠎ᠠ᠂ ᠨᠤᠬᠠᠢ ᠶᠢᠨ ᠰᠢᠰᠢ ᠵᠡᠷᠭᠡ  ᠬᠤᠯᠢᠰᠢᠨ ᠢᠳᠡᠭᠡ᠂ ᠬᠤᠤᠮᠠ ᠳᠣᠰᠤ  ᠵᠡᠷᠭᠡ ᠲᠤᠰᠤᠨ ᠤ ᠲᠠᠷᠢᠶ᠎ᠠ᠂ ᠪᠤᠭᠤᠳᠠᠢ᠂ ᠡᠷᠳᠡᠨᠢ ᠰᠢᠰᠢ ᠵᠡᠷᠭᠡ ᠲᠠᠷᠢᠮᠠᠯ ᠢᠳᠡᠭᠡᠨ ᠤ ᠪᠦᠲᠦᠭᠡᠭᠳᠡᠬᠦᠨ ᠤ ᠰᠠᠭᠤᠷᠢᠨ ᠭᠠᠵᠠᠷ ᠢ  ᠲᠦᠰᠦᠪᠯᠡᠨ  ᠂ ᠲᠡᠵᠢᠭᠡᠯ ᠤᠨ ᠤᠶᠢᠯᠡᠰ ᠲᠤ 300 ᠲᠦᠮᠡᠨ ᠮᠢᠬᠠᠨ ᠲᠠᠬᠢᠶᠠᠨ ᠤ ᠬᠦᠷᠢᠶᠡᠯᠡᠩ᠂ ᠢᠳᠡᠰᠢᠨ ᠲᠠᠬᠢᠶ᠎ᠡ ᠪᠠᠷ ᠶᠠᠳᠠᠭᠤ ᠶᠢ ᠳᠡᠳᠬᠦᠬᠦ᠂ 10 ᠲᠦᠮᠡᠨ ᠭᠠᠭ᠋ᠠᠢ  ᠲᠡᠵᠢᠶᠡᠪᠦᠷᠢ ᠶᠢᠨ ᠰᠠᠭᠤᠷᠢᠨ ᠭᠠᠵᠠᠷ᠂ ᠲᠡᠤᠯᠠᠢ ᠶᠢᠨ ᠰᠠᠭᠤᠷᠢᠨ ᠭᠠᠵᠠᠷ᠂ ᠦᠬᠡᠷ ᠬᠤᠨᠢᠨ ᠮᠢᠬᠠᠨ ᠤ ᠲᠡᠵᠢᠶᠡᠪᠦᠷᠢ ᠶᠢᠨ ᠰᠠᠭᠤᠷᠢᠨ ᠭᠠᠵᠠᠷ ᠵᠡᠷᠭᠡ ᠪᠠᠭᠲᠠᠭᠠᠨ᠂  ᠤᠶᠢᠵᠢᠭᠤᠯᠤᠯᠲᠠ ᠶᠢᠨ ᠤᠶᠢᠯᠡᠰ ᠲᠤ ᠪᠦᠳᠦᠭᠦᠨ ᠭᠦᠢᠯᠡᠰᠦ᠂ ᠠᠮᠲᠠᠲᠦ ᠭᠦᠢᠯᠡᠰᠦ ᠵᠢᠴᠢ ᠭᠦᠢᠯᠡᠰᠦᠨ ᠴᠦᠮ᠎ᠡ ᠶᠢᠨ ᠤᠶᠢᠯᠡᠳᠪᠦᠷᠢᠯᠡᠬᠦ ᠰᠠᠭᠤᠷᠢᠨ ᠭᠠᠵᠠᠷ᠂ ᠵᠣᠯᠵᠠᠭᠠᠨ ᠮᠤᠳᠦ ᠤ ᠪᠤᠶᠢᠵᠢᠭᠤᠯᠬᠤ ᠭᠠᠵᠠᠷ᠂ ᠰᠢᠷ᠎ᠠ ᠤᠯᠠᠭᠠᠨ ᠠᠯᠮᠤᠷᠠᠳ ᠤᠨ ᠰᠠᠭᠤᠷᠢᠨ ᠭᠠᠵᠠᠷ ᠵᠡᠷᠭᠡ᠂ ᠤᠶᠢᠯᠡᠳᠪᠦᠷᠢᠯᠡᠬᠦ ᠤᠶᠢᠯᠡᠰ ᠲᠤ ᠰᠢᠨ᠎ᠡ ᠰᠤᠷᠭᠤᠭ ᠢᠳᠡᠰᠢᠨ ᠨᠤᠭᠤᠭ᠎ᠠ ᠶᠢᠨ ᠤᠶᠢᠯᠡᠳᠪᠦᠷᠢ᠂ ᠲᠦᠮᠦᠰᠦᠨ  ᠤ ᠬᠠᠳᠠᠭᠠᠯᠠᠮᠵᠢ ᠵᠢᠴᠢ ᠤᠶᠢᠯᠡᠳᠪᠦᠷᠢ᠂ ᠬᠤᠤᠮᠠ ᠲᠤᠰᠦ ᠶᠢ ᠬᠦᠢᠲᠡᠨ ᠢᠶᠠᠷ ᠤᠶᠢᠯᠡᠳᠪᠦᠷᠢᠯᠡᠬᠦ᠂ ᠭᠠᠭ᠋ᠠᠢ ᠶᠢᠨ ᠮᠢᠬ᠎ᠠ ᠤᠶᠢᠯᠡᠳᠪᠦᠷᠢᠯᠡᠬᠦ ᠰᠠᠭᠤᠷᠢᠨ ᠭᠠᠵᠠᠷ ᠵᠡᠷᠭᠡ ᠶᠢ ᠠᠯᠬᠤᠮ ᠳᠠᠷᠠᠭ᠎ᠠ ᠲᠠᠢ ᠪᠠᠷ ᠪᠦᠲᠦᠭᠡᠨ ᠪᠠᠶᠢᠭᠤᠯᠤᠨ᠎ᠠ᠃    ᠭᠤᠷᠪᠠ ᠳᠤ ᠵᠤᠭᠠᠴᠠᠯ ᠢᠶᠠᠷ ᠶᠠᠳᠠᠭᠤ ᠶᠢ ᠳᠡᠳᠬᠦᠬᠦ ᠲᠦᠰᠦᠪ᠃ ᠬᠦᠳᠡᠭᠡ ᠲᠤᠰᠬᠤᠨ ᠤ ᠵᠤᠭᠠᠴᠠᠯ ᠤᠶᠢᠯᠡᠰ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠨ᠂ ᠭᠤᠤᠯᠳᠠᠯᠭ᠎ᠠ  ᠲᠠᠢ ᠪᠠᠷ ᠬᠦᠳᠡᠭᠡ ᠭᠡᠷ ᠤᠨ  ᠵᠤᠭᠠᠴᠠᠯ ᠠᠶᠢᠯ ᠢ ᠳᠡᠳᠬᠦᠨ ᠵᠢᠭᠤᠯᠴᠢᠯᠠᠯ ᠤᠨ ᠲᠦᠷᠦᠯ ᠵᠦᠢᠯ ᠢ ᠲᠦᠯᠬᠢᠨ ᠠᠭᠢᠭᠤᠯᠤᠨ᠎ᠠ᠃    ᠳᠦᠷᠪᠠ ᠳᠤ ᠬᠦᠳᠡᠭᠡ ᠲᠤᠰᠬᠤᠨ ᠤ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠪ  ᠃ ᠶᠠᠳᠠᠭᠤ ᠬᠦᠴᠢᠷᠳᠡᠯᠲᠠᠢ ᠲᠤᠰᠬᠤᠨ ᠤ ᠬᠤᠭᠤᠷᠤᠨᠳᠦᠬᠢ   ᠵᠠᠮ ᠨᠡᠪᠲᠡᠷᠡᠭᠦᠯᠭᠡ᠂ ᠲᠠᠷᠢᠶᠠᠯᠠᠩ ᠺᠤᠮᠫᠠᠨᠢ ᠳᠠᠬᠢ ᠵᠠᠮ ᠨᠡᠪᠲᠡᠷᠡᠭᠦᠯᠭᠡ᠂ ᠵᠤᠭᠠᠴᠠᠯ ᠤᠨ ᠦᠵᠡᠮᠵᠢ ᠶᠢᠨ ᠤᠷᠤᠨ ᠳᠠᠬᠢ ᠵᠠᠮ ᠨᠡᠪᠲᠡᠷᠡᠭᠦᠯᠭᠡ᠂ ᠲᠤᠰᠬᠤᠨ ᠳᠡᠰ ᠤᠨ ᠵᠠᠰᠠᠮᠠᠯ ᠵᠠᠮ ᠤᠨ ᠦᠭᠡᠷᠡᠴᠢᠯᠠᠯᠲᠠ᠂ ᠵᠡᠭᠡᠯᠢ ᠭᠤᠳᠤᠮᠵᠢ ᠶᠢᠨ ᠬᠠᠲᠠᠭᠤᠷᠠᠭᠤᠯᠤᠯᠲᠠ᠂ ᠨᠡᠪᠲᠡᠷᠡᠬᠦ ᠦᠭᠡᠢ ᠵᠠᠮ ᠤᠨ ᠦᠭᠡᠷᠡᠴᠢᠯᠠᠯᠲᠠ᠂ ᠬᠦᠳᠡᠭᠡ ᠲᠤᠰᠬᠤᠨ ᠤ ᠠᠶᠤᠯᠲᠠᠢ ᠬᠦᠭᠡᠷᠭᠡ ᠶᠢᠨ ᠦᠭᠡᠷᠡᠴᠢᠯᠠᠯᠲᠠ ᠪᠠᠷ ᠭᠤᠤᠯᠳᠠᠯᠭ᠎ᠠ  ᠪᠤᠯᠭᠠᠨ᠂ ᠲᠦᠯᠦᠪᠯᠡᠭᠡᠲᠠᠢ ᠪᠠᠷ ᠵᠤᠬᠢᠶᠠᠨ ᠪᠠᠶᠢᠭᠤᠯᠵᠤ᠂ ᠤᠨ ᠵᠢᠯ ᠪᠤᠯᠤᠨ ᠱᠠᠲᠦ  ᠦᠶ᠎ᠡ  ᠬᠤᠪᠢᠶᠠᠵᠤ᠂ ᠰᠢᠶᠠᠩ ᠪᠠᠯᠭᠠᠰᠤ  ᠂ ᠲᠦᠷᠦᠯ ᠵᠦᠢᠯ᠂ ᠠᠯᠬᠤᠮ ᠳᠠᠷᠠᠭ᠎ᠠ  ᠲᠠᠢ ᠪᠠᠷ ᠨᠡᠶᠢᠳᠠᠪᠦᠷᠢᠵᠢᠭᠤᠯᠵᠤ ᠲᠤᠤᠱᠯᠠᠭᠠᠯᠤᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2