2018 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018-06-25
— 2018 ᠣᠨ ᠤ 2 ᠳ᠋ᠤᠭᠠᠷ ᠰᠠᠷ᠎ᠠ ᠶᠢᠨ 28 ᠤ ᠡᠳᠦᠷ ᠵᠦᠧᠧᠽᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡᠰᠢᠶᠠᠨ ᠤ ᠳᠠᠷᠤᠭ᠎ᠠ ᠯᠢ ᠶᠢᠩᠲᠥᠯᠥᠭᠡᠯᠡᠭᠴᠢᠳ ᠡ᠄    ᠡᠳᠦᠭᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2017 ᠣᠨ ᠤ ᠠᠵᠢᠯ ᠤᠨ ᠲᠤᠬᠠᠢ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ ᠪᠢᠳᠡ ᠰᠢᠨ᠎ᠡ ᠪᠠᠶᠢᠳᠠᠯ ᠳᠣᠣᠷᠠᠬᠢ ᠥᠭᠡᠷᠡᠴᠢᠯᠡᠯᠲᠡ ᠬᠥᠭᠵᠢᠯᠲᠡ ᠶᠢ ᠲᠣᠭᠲᠠᠪᠤᠷᠢᠵᠢᠭᠤᠯᠬᠤ ᠬᠦᠨᠳᠦ ᠬᠡᠴᠡᠭᠦᠦ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠭᠡᠳ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ ᠪᠥᠬᠦ ᠰᠢᠶᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠭᠦᠳᠡ ᠬᠤᠷᠠᠯᠳᠤᠭᠠᠨ᠂ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ᠂ ᠬᠤᠲᠠ ᠶᠢᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠭᠦᠳᠡ ᠬᠤᠷᠠᠯᠳᠤᠭᠠᠨ᠂ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ᠂ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠥᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ ᠲᠣᠭᠲᠠᠭᠤᠨ ᠢᠶᠠᠷ ᠳᠠᠪᠰᠢᠬᠤ ᠠᠵᠢᠯ ᠤᠨ ᠶᠡᠷᠦᠩᠬᠡᠢ ᠬᠥᠭ ᠠᠶᠢᠵᠠᠮ ᠢ ᠪᠠᠲᠤ ᠡᠵᠡᠮᠳᠡᠵᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠲᠠᠢ ᠨᠠᠶᠢᠳᠠᠪᠤᠷᠢᠵᠢᠭᠤᠯᠵᠤ ᠬᠠᠩᠭᠠᠯᠭ᠎ᠠ ᠶᠢᠨ ᠲᠠᠯ᠎ᠠ ᠪᠠᠷ ᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠥᠷᠭᠡᠪᠴᠢᠯᠡᠨ ᠠᠬᠢᠭᠤᠯᠵᠤ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠭᠡᠨᠡᠨ ᠲᠥᠭᠰᠢᠭᠦᠷᠢ ᠶᠢ ᠰᠡᠷᠭᠡᠶᠢᠯᠡᠬᠦ ᠵᠡᠷᠭᠡ ᠣᠯᠠᠨ ᠲᠥᠷᠥᠯ ᠤᠨ ᠠᠵᠢᠯ ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠭᠰᠠᠨ ᠠᠴᠠ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠲᠣᠭᠲᠠᠭᠤᠨ ᠢᠶᠠᠷ ᠤᠷᠤᠭᠰᠢᠯᠠᠨ ᠳᠠᠪᠰᠢᠵᠤ ᠪᠠᠶᠢᠨ᠎ᠠ᠃ᠪᠢᠳᠡ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠱᠠᠭᠠᠷᠳᠠᠯᠭ᠎ᠠ ᠶᠢᠨ ᠳᠠᠭᠠᠤ ᠠᠵᠤ ᠠᠬᠤᠢ ᠶᠢᠨ ᠰᠠᠭᠤᠷᠢ ᠲᠤᠭ᠎ᠠ ᠪᠠᠷᠢᠮᠲᠠ ᠶᠢ ᠰᠠᠨᠠᠭᠠᠴᠢᠯᠠᠭ᠎ᠠ ᠠᠴᠠ ᠪᠠᠨ ᠪᠣᠲᠠᠲᠠᠶᠢᠴᠢᠯᠠᠨ ᠪᠡᠶᠡᠯᠡᠭᠦᠯᠵᠦ ᠬᠥᠭᠡᠰᠦᠷᠡᠯ ᠢ ᠠᠷᠢᠯᠭᠠᠨ ᠬᠦᠨᠳᠦ ᠨᠦᠰᠡᠷ ᠳᠠᠷᠤᠭᠠᠰᠤ ᠪᠠᠨ ᠬᠦᠩᠭᠡᠯᠡᠵᠤ ᠰᠢᠭᠤᠷᠬᠠᠶᠢᠯᠠᠨ ᠠᠵᠢᠯᠯᠠᠵᠤ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠳᠤ ᠠᠰᠢᠭ ᠲᠠᠢ ᠨᠥᠬᠦᠴᠡᠯ ᠢ ᠪᠥᠲᠦᠭᠡᠵᠦ ᠥᠭᠭᠦᠭᠰᠡᠨ ᠪᠠᠶᠢᠨ᠎ᠠ᠃ 2017 ᠣᠨ ᠤ ᠡᠴᠦᠰ ᠪᠣᠯᠬᠤ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 68.2 ᠳ᠋ᠦᠩᠰᠢᠭᠤᠷ ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠭᠰᠡᠨ ᠥᠷᠲᠡᠭ 27.9 ᠳ᠋ᠦᠩᠰᠢᠭᠤᠷ ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 28.8 ᠳ᠋ᠦᠩᠰᠢᠭᠤᠷ ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 17% ᠪᠠᠷ ᠪᠠᠭᠤᠷᠠᠵᠠᠢ︔ ᠡᠭᠦᠨ ᠤ ᠵᠡᠷᠭᠡᠴᠡᠭᠡ ︽ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ︾ ᠪᠠ ᠳᠤᠮᠳᠠ ᠵᠢᠵᠢᠭ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠲᠥᠷᠥ ᠶᠢᠨ ᠪᠣᠳᠣᠯᠭ᠎ᠠ ᠵᠢᠴᠢ ᠭᠠᠶᠢᠯᠢ ᠲᠠᠲᠠᠪᠤᠷᠢ ᠶᠢᠨ ᠬᠤᠪᠢᠶᠠᠬᠤ ᠬᠠᠷᠢᠴᠠᠯ ᠤᠨ ᠲᠣᠬᠢᠷᠠᠭᠤᠯᠤᠯᠲᠠ ᠵᠡᠷᠭᠡ ᠡᠯᠧᠮᠧᠨ᠋ᠲ ᠶᠢᠨ ᠨᠥᠯᠥᠭᠡᠯᠡᠯ ᠢ ᠬᠦᠷᠲᠡᠭᠰᠡᠨ ᠠᠴᠠ ᠪᠣᠯᠵᠤ ᠣᠯᠠᠨ ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ 2.04 ᠳ᠋ᠦᠩᠰᠢᠭᠤᠷ ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 34.4% ᠪᠠᠷ ᠪᠠᠭᠤᠷᠠᠵᠤ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠶᠢᠨ ᠶᠡᠷᠦᠩᠬᠡᠢ ᠥᠷᠲᠡᠭ 19.7 ᠳ᠋ᠦᠩᠰᠢᠭᠤᠷ ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠪᠦᠷᠢ ᠳᠤ ᠲᠡᠭᠰᠢᠳᠬᠡᠭᠰᠡᠨ ᠣᠷᠣᠯᠭ᠎ᠠ 28078 ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠲᠠᠷᠢᠶᠠᠴᠢᠳ ᠤᠨ ᠬᠥᠮᠥᠨ ᠪᠦᠷᠢ ᠳᠤ ᠲᠡᠭᠰᠢᠳᠬᠡᠭᠰᠡᠨ ᠣᠷᠣᠯᠭ᠎ᠠ 10018 ᠲᠥᠭᠦᠷᠢᠭ ᠲᠤ ᠬᠦᠷᠴᠦ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠭᠰᠡᠨ ᠪᠠᠶᠢᠨ᠎ᠠ᠃ ᠪᠥᠬᠦ ᠰᠢᠶᠠᠨ ᠳᠤ ᠠᠵᠤ ᠠᠬᠤᠢ ᠲᠣᠭᠲᠠᠭᠤᠨ ᠢᠶᠠᠷ ᠰᠠᠶᠢᠵᠢᠷᠠᠵᠤ ᠠᠷᠠᠳ ᠤᠨ ᠠᠮᠢᠳᠤᠷᠠᠯ ᠤᠨ ᠲᠦᠪᠰᠢᠨ ᠥᠷᠭᠦᠯᠵᠢᠯᠡᠨ ᠳᠡᠭᠡᠭᠰᠢᠯᠡᠭᠰᠡᠨ ᠰᠠᠶᠢᠨ ᠬᠠᠨᠳᠤᠰᠢ ᠢᠯᠡᠷᠡᠭᠰᠡᠨ ᠪᠠᠶᠢᠨ᠎ᠠ᠃ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠠᠷᠠᠭᠠᠬᠢ ᠠᠵᠢᠯ ᠤᠳ ᠢ ᠬᠢᠵᠦ ᠭᠦᠢᠴᠡᠳᠬᠡᠭᠰᠡᠨ ᠶᠤᠮ᠃    ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠯᠲᠡ ᠶᠢ ᠲᠥᠷᠭᠡᠳᠬᠡᠭᠰᠡᠨ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠲᠠᠪᠤ ᠶᠢ ᠤᠶᠠᠯᠳᠤᠭᠤᠯᠬᠤ︾ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠪᠣᠲᠠᠲᠠᠶᠢᠵᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠦᠴᠦᠯᠡᠨ ᠥᠭᠡᠷᠡᠴᠢᠯᠡᠵᠦ᠂ ᠡᠬᠢ ᠪᠠᠶᠠᠯᠢᠭ ᠢ ᠥᠷᠲᠡᠭ ᠤᠨ ᠨᠡᠮᠡᠭᠳᠡᠯ ᠪᠣᠯᠭᠠᠨ ᠬᠤᠪᠢᠷᠠᠭᠤᠯᠬᠤ ᠠᠬᠢᠴᠠ ᠶᠢ ᠲᠥᠷᠭᠡᠳᠬᠡᠭᠰᠡᠨ ᠪᠠᠶᠢᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠥᠭᠵᠢᠭᠰᠡᠨ ᠃ ᠬᠦᠢᠲᠡᠨ ᠤ ᠨᠣᠭᠤᠭ᠎ᠠ᠂ ᠲᠥᠮᠥᠰᠥ᠂ ᠨᠣᠬᠠᠢ ᠶᠢᠨ ᠬᠤᠰᠢᠭᠤ᠂ ᠠᠮᠢᠳᠤ ᠭᠠᠭ᠋ᠠᠢ᠂ ᠥᠨᠳᠡᠭᠡᠨ ᠲᠠᠬᠢᠶ᠎ᠠ ᠪᠠᠷ ᠭᠤᠣᠯᠯᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠳ ᠥᠷᠭᠦᠯᠵᠢᠯᠡᠨ ᠪᠠᠬᠢᠵᠢᠨ ᠬᠥᠭᠵᠢᠭᠰᠡᠨ ᠪᠠ ᠯᠢᠥᠢ ᠳ᠋ᠢᠩ᠂ ᠰᠢᠩ ᠴᠧᠨ᠂ ᠮᠢᠨ ᠹᠧᠩ᠂ ᠵᠢᠥᠢ ᠶᠤᠸᠠᠨ᠂ ᠲᠢᠶᠠᠨ ᠵᠢᠶᠣᠣ ᠵᠡᠷᠭᠡ ᠪᠠᠷ ᠭᠤᠣᠯᠯᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠲᠡᠷᠢᠭᠦᠨ ᠤ ᠠᠵᠤ ᠠᠬᠤᠶᠢᠯᠠᠯ ᠤᠳ ᠤᠯᠠᠮ ᠨᠢᠭᠡ ᠠᠯᠬᠤᠮ ᠲᠣᠮᠣᠷᠠᠨ ᠬᠦᠴᠦᠷᠬᠡᠭᠵᠢᠭᠰᠡᠨ ᠪᠠᠶᠢᠨ᠎ᠠ︔ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠦᠢᠯᠡᠰ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠭᠦᠰᠦᠨ ᠪᠦᠷᠢᠯᠳᠦᠵᠦ ᠲᠠᠷᠢᠶᠠᠯᠠᠬᠤ ᠡᠷᠦᠬᠡ ᠶᠢᠨ ᠠᠰᠢᠭ ᠲᠤᠰᠠ ᠲᠠᠢ ᠨᠡᠩ ᠨᠢᠭᠲᠠ ᠬᠤᠯᠪᠣᠭ᠎ᠠ ᠲᠠᠢ ᠪᠣᠯᠣᠭᠰᠠᠨ ᠪᠠᠶᠢᠨ᠎ᠠ︔ ᠤᠷᠢᠳ ᠬᠤᠵᠢᠳ 14 ᠤᠷᠭᠠᠨᠢᠭ᠂ ᠪᠣᠬᠢᠷᠲᠤᠯ ᠦᠭᠡᠢ᠂ ᠬᠤᠣᠷ ᠬᠦᠨᠦᠭᠡᠯ ᠦᠭᠡᠢ᠂ ᠭᠠᠵᠠᠷ ᠵᠥᠢ ᠶᠢᠨ ᠲᠡᠮᠳᠡᠭᠲᠦ ᠪᠦᠲᠦᠭᠡᠭᠳᠡᠬᠦᠨ ᠢ ᠪᠠᠲᠤᠯᠠᠭᠠᠵᠢᠭᠤᠯᠵᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠶᠡᠬᠡᠪᠡᠷ ᠨᠡᠮᠡᠭᠳᠡᠭᠦᠯᠦᠭᠰᠡᠨ ᠪᠠᠶᠢᠨ᠎ᠠ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠥᠷᠭᠡᠳᠬᠡᠭᠰᠡᠨ ᠭᠤᠣᠯᠯᠠᠬᠤ ᠠᠵᠤ ᠦᠢᠯᠡᠰ ᠢ ᠰᠢᠯᠢᠳᠡᠭᠵᠢᠭᠦᠯᠵᠦ᠂ ᠴᠢᠭᠢᠷᠠᠭᠵᠢᠭᠤᠯᠵᠤ᠂ ᠬᠦᠴᠦᠷᠬᠡᠭᠵᠢᠭᠦᠯᠬᠦ ᠶᠢ ᠪᠠᠷᠢᠮᠲᠠᠯᠠᠭᠰᠠᠭᠠᠷ ᠢᠷᠡᠵᠡᠢ᠂ ᠪᠣᠲᠠᠲᠠᠢ ᠪᠠᠷ ᠶᠠᠷᠢᠪᠠᠯ ᠴᠠᠬᠢᠯᠭᠠᠨ ᠬᠦᠴᠦ᠂ ᠾᠧᠯᠣᠷᠲᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠵᠡᠷᠭᠡ ᠭᠤᠣᠯᠯᠠᠬᠤ ᠠᠵᠤ ᠦᠢᠯᠡᠰ ᠤᠨ ᠦᠢᠯᠡᠳᠪᠦᠷᠢᠯᠡᠯ ᠤᠨ ᠥᠷᠲᠡᠭ ᠤᠨ ᠡᠵᠡᠯᠡᠬᠦ ᠬᠠᠷᠢᠴᠠᠯ ᠨᠢ 87% ᠳᠤ ᠬᠦᠷᠦᠭᠰᠡᠨ ᠪᠠᠶᠢᠨ᠎ᠠ᠃ ᠲᠤᠯᠭᠠᠭᠤᠷᠢᠯᠠᠬᠤ ᠠᠵᠤ ᠠᠬᠤᠶᠢᠯᠠᠯ ᠤᠨ ᠦᠢᠯᠡ ᠠᠵᠢᠯᠯᠠᠭ᠎ᠠ ᠲᠣᠭᠲᠠᠪᠤᠷᠢᠲᠠᠢ ᠶᠠᠪᠤᠭᠳᠠᠵᠤ ᠪᠤᠢ᠂ ᠪᠣᠲᠠᠲᠠᠢ ᠪᠠᠷ ᠶᠠᠷᠢᠪᠠᠯ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠨᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠰᠠᠭᠤᠳᠬᠠᠯ ᠢ ᠪᠦᠷᠢᠮᠦᠰᠦᠨ ᠪᠡᠶᠡᠯᠡᠭᠦᠯᠵᠦ᠂ ᠲᠤᠬᠠᠢ ᠶᠢᠨ ᠵᠢᠯ ᠳᠤ 1.06 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ ᠨᠡᠮᠡᠭᠳᠡᠯ ᠥᠷᠲᠡᠭ ᠤᠨ ᠭᠠᠶᠢᠯᠢ ᠲᠠᠲᠠᠪᠤᠷᠢᠯᠠᠯᠲᠠ ᠶᠢᠨ ᠡᠶᠡᠷᠡᠬᠦ ᠥᠰᠥᠯᠲᠡ ᠶᠢ ᠠᠩᠬ᠎ᠠ ᠤᠳᠠᠭ᠎ᠠ ᠪᠡᠶᠡᠯᠡᠭᠦᠯᠦᠭᠰᠡᠨ ᠶᠤᠮ᠃ ᠺᠧ ᠯᠦ ᠺᠣᠮᠫᠠᠨᠢ ᠨᠢ 2 ᠲᠥᠮᠡᠨ ᠺᠢᠯᠤᠸᠠᠲ ᠶᠢᠨ ᠭᠡᠷᠡᠯ ᠤᠨ ᠡᠨᠧᠷᠭᠢ ᠪᠠᠷ ᠴᠠᠬᠢᠯᠭᠠᠨ ᠡᠭᠦᠰᠬᠡᠬᠦ ᠲᠥᠷᠥᠯ ᠵᠥᠢᠯ ᠢ ᠪᠥᠲᠦᠭᠡᠨ ᠪᠠᠶᠢᠭᠤᠯᠤᠭᠰᠠᠨ ᠪᠠ ᠰᠦᠯᠵᠢᠶᠡᠨ ᠳᠤ ᠬᠠᠮᠤᠷᠤᠭᠤᠯᠵᠤ᠂ ᠿᠦᠩ ᠱᠧᠩ ᠳ᠋ᠧ ᠺᠣᠮᠫᠠᠨᠢ ᠶᠢᠨ 20 ᠲᠥᠮᠡᠨ ᠲᠣᠨ ᠠᠯᠺᠤᠤᠯ ᠤᠨ ᠲᠥᠷᠥᠯ ᠤᠨ ᠲᠦᠯᠡᠰᠢᠨ ᠤ ᠲᠥᠷᠥᠯ ᠵᠥᠢᠯ ᠤᠨ ᠨᠢᠭᠡᠳᠡᠭᠴᠢ ᠬᠤᠭᠤᠴᠠᠭᠠᠨ ᠤ ᠪᠥᠲᠦᠭᠡᠨ ᠪᠠᠶᠢᠭᠤᠯᠤᠯᠲᠠ ᠠᠮᠵᠢᠯᠲᠠ ᠲᠠᠢ ᠳᠠᠭᠤᠰᠤᠭᠰᠠᠨ ᠪᠠ ᠠᠰᠢᠭᠯᠠᠯᠲᠠ ᠳᠤ ᠣᠷᠣᠭᠰᠠᠨ᠂ ᠰᠢᠩ ᠹᠧᠩ ᠰᠢᠨ᠎ᠡ ᠡᠨᠧᠷᠭᠢ ᠺᠣᠮᠫᠠᠨᠢ ᠶᠢᠨ 20 ᠲᠥᠮᠡᠨ ᠲᠣᠨ ᠯᠢᠲ᠋ᠢ ᠶᠢᠨ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠥᠢᠯ ᠢ ᠨᠢᠭᠡᠨᠲᠡ ᠪᠥᠲᠦᠭᠡᠨ ᠪᠠᠶᠢᠭᠤᠯᠵᠤ ᠡᠬᠢᠯᠡᠭᠰᠡᠨ ᠪᠠ ᠵᠦᠩ ᠨᠧᠩ᠂ ᠮᠧᠩ ᠰᠢᠨ᠂ ᠲᠦᠩ ᠬᠤᠢ ᠭᠤᠷᠪᠠᠨ ᠰᠢᠩᠭᠡᠷᠡᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠪᠥᠬᠦᠨ ᠢᠶᠠᠷ ᠢᠶᠠᠨ ᠬᠥᠷᠥᠩᠭᠡ ᠣᠷᠣᠭᠤᠯᠤᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠵᠦᠩ ᠰᠢ ᠠᠭᠤᠯᠠ ᠠᠭᠤᠷᠬᠠᠢ ᠶᠢᠨ ᠺᠣᠮᠫᠠᠨᠢ ᠶᠢᠨ 500 ᠲᠥᠮᠡᠨ ᠲᠣᠨ ᠤ ᠲᠧᠭᠨᠣᠯᠣᠭᠢ ᠶᠢ ᠥᠭᠡᠷᠡᠴᠢᠯᠡᠭᠰᠡᠨ ᠦᠢᠯᠡᠳᠪᠦᠷᠢᠯᠡᠯ ᠤᠨ ᠱᠤᠭᠤᠮ ᠤᠨ ᠲᠥᠰᠥᠪᠯᠡᠨ ᠵᠢᠷᠤᠬᠤ ᠠᠵᠢᠯ ᠨᠢᠭᠡᠨᠲᠡ ᠠᠮᠵᠢᠯᠲᠠ ᠲᠠᠢ ᠲᠡᠭᠦᠰᠦᠭᠰᠡᠨ ᠪᠠᠶᠢᠨ᠎ᠠ᠃ ᠭᠤᠷᠪᠠᠳᠤᠭᠠᠷ ᠠᠵᠤ ᠦᠢᠯᠡᠰ ᠥᠷᠨᠢᠨ ᠬᠥᠭᠵᠢᠭᠰᠡᠨ ᠃ ᠠᠶᠠᠯᠠᠯ ᠵᠢᠭᠤᠯᠴᠢᠯᠠᠯ ᠤᠨ ᠦᠢᠯᠡᠰ ᠥᠳᠲᠡᠷ ᠬᠥᠭᠵᠢᠵᠦ᠂ ᠦᠵᠡᠮᠵᠢ ᠶᠢᠨ ᠣᠷᠣᠨ ᠤ ᠡᠯ᠎ᠡ ᠲᠥᠷᠥᠯ ᠤᠨ ᠪᠥᠲᠦᠭᠡᠨ ᠪᠠᠶᠢᠭᠤᠯᠤᠯᠲᠠ ᠶᠢ ᠵᠣᠭᠰᠣᠯᠲᠠ ᠦᠭᠡᠢ ᠴᠢᠩᠭᠠᠳᠬᠠᠵᠤ᠂ ᠬᠤᠩ ᠱᠢ ᠶᠠ ᠨᠢ ᠤᠯᠤᠰ ᠤᠨ ᠳᠡᠰ ᠤᠨ ᠠᠮᠢ ᠠᠬᠤᠢ ᠶᠢᠨ ᠴᠡᠴᠡᠷᠯᠢᠭ ᠪᠣᠯᠵᠤ᠂ ᠯᠢᠨ ᠬᠡᠦ ᠡᠷᠲᠡᠨ ᠤ ᠪᠣᠭᠤᠮᠲᠠ ᠨᠢ ᠤᠯᠤᠰ ᠤᠨ ᠳᠠᠪᠠᠭᠤ ᠡᠷᠬᠡᠲᠦ ᠠᠶᠠᠯᠠᠯ ᠵᠢᠭᠤᠯᠴᠢᠯᠠᠯ ᠤᠨ ᠲᠥᠷᠥᠯ ᠵᠥᠢᠯ ᠢᠶᠠᠷ ᠦᠨᠡᠯᠡᠭᠳᠡᠵᠦ᠂ ᠬᠤᠣ ᠯᠠᠢ ᠹᠦ᠋ ᠮᠢᠨ ᠵᠢᠭᠤᠯᠴᠢᠯᠠᠯ ᠤᠨ ᠭᠠᠵᠠᠷ ᠨᠢ ᠤᠯᠤᠰ ᠤᠨ 3A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠪᠣᠯᠵᠤ᠂ ︽ᠵᠣᠷᠯᠣᠩ ᠤᠨ ᠬᠤᠪᠢᠰᠬᠠᠯ︾ ᠢ ᠪᠦᠲᠦᠮᠵᠢᠲᠡᠢ ᠠᠬᠢᠭᠤᠯᠵᠤ᠂ 33 ᠵᠢᠭᠤᠯᠴᠢᠯᠠᠯ ᠤᠨ ᠭᠠᠵᠠᠷ ᠤᠨ ᠵᠣᠷᠯᠣᠩ ᠪᠠᠶᠢᠭᠤᠯᠵᠠᠢ᠃ 2017 ᠣᠨ ᠳᠤ ᠪᠥᠬᠦ ᠰᠢᠶᠠᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ 72 ᠲᠥᠮᠡᠨ ᠬᠥᠮᠥᠨ ᠤᠳᠠᠭ᠎ᠠ ᠬᠦᠯᠢᠶᠡᠨ ᠠᠪᠤᠭᠰᠠᠨ ᠠᠴᠠ ᠠᠶᠠᠯᠠᠯ ᠵᠢᠭᠤᠯᠴᠢᠯᠠᠯ ᠤᠨ ᠦᠢᠯᠡᠰ ᠤᠨ ᠣᠷᠣᠯᠭ᠎ᠠ 1.1 ᠳ᠋ᠦᠩᠰᠢᠭᠤᠷ ᠲᠥᠭᠦᠷᠢᠭ ᠲᠤ ᠬᠦᠷᠦᠭᠰᠡᠨ ᠪᠢᠯᠡ︔ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡ ᠡᠳᠦᠷ ᠢᠷᠡᠬᠦᠶ᠎ᠡ ᠡᠷᠴᠢᠮᠵᠢᠨ ᠬᠥᠭᠵᠢᠵᠦ ᠂ ᠳ᠋ᠢᠩ ᠱᠧᠩ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠪᠥᠬᠦ ᠲᠠᠯ᠎ᠠ ᠶᠢᠨ ᠠᠵᠢᠯ ᠳᠠᠭᠤᠰᠤᠭᠰᠠᠨ ᠪᠥᠭᠡᠳ ᠰᠠᠭᠤᠷᠢᠰᠢᠨ ᠠᠮᠢᠳᠤᠷᠠᠬᠤ ᠨᠥᠬᠦᠴᠡᠯ ᠢ ᠪᠥᠷᠢᠯᠳᠦᠬᠦᠯᠵᠦ᠂ ᠰᠢᠶᠠᠨ ᠤ ᠴᠠᠬᠢᠮ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠪᠥᠲᠦᠭᠡᠨ ᠪᠠᠶᠢᠭᠤᠯᠬᠤ ᠠᠵᠢᠯ ᠢ ᠡᠬᠢᠯᠡᠭᠦᠯᠵᠦ᠂ 60 ᠰᠢᠶᠠᠩ ᠲᠤᠰᠬᠤᠨ ᠤ ᠴᠠᠬᠢᠮ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢ ᠨᠢᠭᠡᠨᠲᠡ ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠨᠢ ᠣᠳᠣ ᠶᠠᠭ ᠰᠢᠶᠠᠨ ᠤ ᠬᠦᠷᠢᠶ᠎ᠡ ᠬᠡᠪᠴᠢᠶᠡᠨ ᠳᠠᠬᠢ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠪᠣᠯᠵᠤ ᠪᠠᠶᠢᠨ᠎ᠠ᠃   ᠬᠤᠲᠠ ᠬᠥᠳᠡᠭᠡ ᠶᠢᠨ ᠳᠦᠷᠢ ᠳᠦᠷᠬᠦ ᠶᠢ ᠥᠷᠭᠦᠯᠵᠢᠯᠡᠨ ᠰᠠᠶᠢᠵᠢᠷᠠᠭᠤᠯᠤᠭᠰᠠᠨ ᠃ ︽ᠲᠠᠪᠤᠨ ᠬᠤᠲᠠ ᠶᠢ ᠬᠠᠮᠲᠤ ᠳᠤᠨᠢ ᠴᠣᠭᠴᠠᠯᠠᠬᠤ︾ ᠪᠠ ︽ᠦᠵᠡᠰᠭᠦᠯᠡᠩᠲᠦ ᠰᠠᠶᠢᠬᠠᠨ ᠬᠥᠳᠡᠭᠡ ᠲᠤᠰᠬᠤᠨ︾ ᠤ ᠪᠥᠲᠦᠭᠡᠨ ᠪᠠᠶᠢᠭᠤᠯᠤᠯᠲᠠ ᠪᠠᠷ ᠪᠠᠷᠢᠴᠠ ᠪᠣᠯᠭᠠᠨ ᠠᠵᠢᠯᠯᠠᠵᠤ ᠬᠥᠮᠥᠰ ᠤᠨ ᠣᠷᠣᠰᠢᠨ ᠠᠮᠢᠳᠤᠷᠠᠬᠤ ᠣᠷᠴᠢᠨ ᠠᠬᠤᠢ ᠶᠢ ᠮᠡᠳᠡᠭᠳᠡᠬᠦ᠋ᠢᠴᠡ ᠰᠠᠶᠢᠵᠢᠷᠠᠭᠤᠯᠤᠭᠰᠠᠨ ᠪᠠᠶᠢᠨ᠎ᠠ᠃ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠪᠠᠶᠢᠵᠤ ᠵᠠᠮ ᠤᠨ ᠪᠥᠲᠦᠭᠡᠨ ᠪᠠᠶᠢᠭᠤᠯᠤᠯᠲᠠ᠂ ᠠᠭᠤᠳᠠᠮ ᠲᠠᠯᠠᠪᠠᠢ ᠪᠠ ᠴᠡᠴᠡᠷᠯᠢᠭ ᠤᠨ ᠰᠢᠨᠡᠴᠢᠯᠡᠯᠲᠡ᠂ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ᠂ ᠭᠤᠸᠠᠯᠢᠭᠵᠢᠭᠤᠯᠬᠤ ᠪᠠ ᠭᠡᠭᠡᠷᠡᠭᠦᠯᠬᠦ᠂ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ᠂ ᠢᠯᠴᠢ ᠶᠢᠨ ᠬᠠᠩᠭᠠᠮᠵᠢ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ᠂ ᠬᠤᠭ ᠨᠣᠪᠰᠢ ᠶᠢ ᠴᠡᠪᠡᠷᠯᠡᠬᠦ᠂ ᠤᠰᠤ ᠪᠠᠷ ᠴᠡᠪᠡᠷᠰᠢᠭᠦᠯᠬᠦ ᠮᠠᠶ᠋ᠢᠭ ᠤᠨ ᠵᠣᠷᠯᠣᠩ ᠵᠡᠷᠭᠡ ᠬᠤᠲᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠪᠥᠲᠦᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ᠂ ᠴᠡᠴᠡᠷᠯᠢᠭᠲᠦ ᠰᠢᠶᠠᠨ ᠤ ᠬᠤᠲᠠ᠂ ᠠᠷᠢᠭᠤᠨ ᠴᠡᠪᠡᠷ ᠰᠢᠶᠠᠨ ᠤ ᠬᠤᠲᠠ᠂ ᠬᠤᠶᠠᠷ ᠪᠥᠬᠦᠢ ᠵᠢᠱᠢᠶᠡᠴᠢ ᠰᠢᠶᠠᠨ ᠤ ᠬᠤᠲᠠ᠂ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠰᠢᠶᠠᠨ ᠤ ᠬᠤᠲᠠ᠂ ᠢᠳᠡᠭᠡᠨ ᠤ ᠵᠥᠢᠯ ᠪᠠ ᠡᠮ ᠤᠨ ᠵᠥᠢᠯ ᠤᠨ ᠠᠶᠤᠯ ᠦᠭᠡᠢ ᠰᠢᠶᠠᠨ ᠤ ᠬᠤᠲᠠ ᠵᠡᠷᠭᠡ ᠪᠥᠲᠦᠭᠡᠨ ᠪᠠᠶᠢᠭᠤᠯᠤᠯᠲᠠ ᠶᠢᠨ ᠦᠷ᠎ᠡ ᠪᠥᠲᠦᠭᠡᠯ ᠨᠢ ᠨᠡᠩ ᠢᠯᠡᠭᠦᠦ ᠪᠠᠲᠤᠵᠢᠨ ᠪᠠᠬᠢᠵᠢᠭ᠍ᠰᠡᠨ ᠪᠠᠶᠢᠨ᠎ᠠ︔ ᠬᠥᠳᠡᠭᠡ ᠲᠤᠰᠬᠤᠨ ᠤ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ᠂ ᠳᠦᠷᠢ ᠳᠦᠷᠬᠦ ᠶᠢ ᠴᠡᠭᠴᠡᠯᠡᠨ ᠵᠠᠰᠠᠬᠤ ᠵᠡᠷᠭᠡ ᠡᠯ᠎ᠡ ᠲᠥᠷᠥᠯ ᠤ ᠠᠵᠢᠯ ᠢ ᠲᠥᠪᠯᠡᠷᠡᠭᠦᠯᠦᠨ ᠶᠠᠪᠤᠭᠳᠠᠭᠤᠯᠤᠭᠰᠠᠨ ᠠᠴᠠ ᠬᠥᠳᠡᠭᠡ ᠲᠤᠰᠬᠤᠨ ᠤ ᠳᠦᠷᠢ ᠳᠦᠷᠬᠦ ᠢᠯᠡᠳᠲᠡ ᠰᠠᠶᠢᠵᠢᠷᠠᠭᠰᠠᠨ ᠪᠠᠶᠢᠨ᠎ᠠ︔ 2.5 ᠳ᠋ᠦᠩᠰᠢᠭᠤᠷ ᠲᠥᠭᠦᠷᠢᠭ ᠶᠢᠨ ᠪᠡᠯᠡ ᠣᠷᠣᠭᠤᠯᠵᠤ ᠪᠥᠷᠭᠡ ᠲᠣᠭᠤᠷᠢᠭ ᠤᠨ 700 ᠭᠠᠷᠤᠢ ᠡᠷᠦᠬᠡ ᠶᠢ ᠰᠢᠨᠡᠳᠬᠡᠨ ᠵᠠᠰᠠᠵᠤ᠂ 6400 ᠭᠠᠷᠤᠢ ᠲᠥᠮᠡᠨ ᠲᠥᠭᠦᠷᠢᠭ ᠶᠢᠨ ᠪᠡᠯᠡ ᠣᠷᠣᠭᠤᠯᠵᠤ ᠬᠥᠳᠡᠭᠡ ᠲᠤᠰᠬᠤᠨ ᠤ 1236 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠭᠰᠠᠨ ᠢᠶᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠭᠰᠠᠨ ᠪᠠᠶᠢᠨ᠎ᠠ︔ 1.35 ᠳ᠋ᠦᠩᠰᠢᠭᠤᠷ ᠲᠥᠭᠦᠷᠢᠭ ᠶᠢᠨ ᠪᠡᠯᠡ ᠣᠷᠣᠭᠤᠯᠵᠤ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠤᠰᠤᠨ ᠠᠰᠢᠭᠯᠠᠯᠲᠠ ᠵᠡᠷᠭᠡ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠬᠢᠵᠦ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠭᠰᠡᠨ ᠪᠠᠶᠢᠨ᠎ᠠ᠃   ᠬᠥᠭᠵᠢᠯᠲᠡ ᠶᠢᠨ ᠠᠮᠢᠳᠤ ᠬᠦᠴᠦᠨ ᠢ ᠪᠥᠬᠦ ᠲᠠᠯ᠎ᠠ ᠪᠠᠷ ᠪᠠᠳᠠᠷᠠᠭᠤᠯᠤᠭᠰᠠᠨ ᠃ ᠭᠤᠣᠯᠳᠠᠯᠭ᠎ᠠ ᠲᠠᠢ ᠲᠥᠷᠥᠯ ᠵᠥᠢᠯ ᠢ ᠲᠥᠷᠭᠡᠪᠴᠢᠯᠡᠨ ᠶᠠᠪᠤᠭᠳᠠᠭᠤᠯᠵᠠᠢ᠂ ᠪᠣᠲᠠᠲᠠᠢ ᠪᠠᠷ ᠶᠠᠷᠢᠪᠠᠯ ᠪᠥᠬᠦ ᠵᠢᠯ ᠳᠤ 5000 ᠲᠥᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠥᠢᠯ ᠢ 20 ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ 56.1 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠤ ᠳᠤᠮᠳᠠ 15 ᠲᠥᠷᠥᠯ ᠵᠥᠢᠯ ᠢ ᠰᠢᠨ᠎ᠡ ᠪᠠᠷ ᠪᠠᠲᠤᠯᠠᠵᠤ᠂ 5 ᠲᠥᠷᠥᠯ ᠵᠥᠢᠯ ᠢ ᠥᠷᠭᠦᠯᠵᠢᠯᠡᠨ ᠬᠡᠷᠡᠭᠵᠢᠭᠦᠯᠵᠦ ᠪᠠᠶᠢᠨ᠎ᠠ︔ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢᠲᠡᠢ ᠪᠣᠯᠪᠠ᠂ ᠠᠩᠬᠠᠳᠤᠭᠠᠷ ᠤᠳᠠᠭᠠᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠶᠡᠭᠡ ᠬᠤᠷᠠᠯ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ ᠵᠦᠧᠧᠽᠢ ᠰᠢᠶᠠᠨ ᠢ ᠬᠥᠮᠥᠰ ᠲᠤ ᠪᠥᠬᠦ ᠲᠠᠯ᠎ᠠ ᠪᠠᠷ ᠤᠬᠠᠭᠤᠯᠤᠭᠰᠠᠨ ᠪᠠ ᠲᠠᠨᠢᠭᠤᠯᠤᠭᠰᠠᠨ ᠪᠢᠯᠡ᠃ ᠪᠥᠬᠦ ᠵᠢᠯ ᠳᠤ 14 ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠥᠷᠥᠯ ᠵᠥᠢᠯ ᠳᠡᠭᠡᠷ᠎ᠡ ᠭᠠᠷ ᠤᠨ ᠦᠰᠦᠭ ᠵᠢᠷᠤᠭᠰᠠᠨ ᠪᠠ ᠬᠡᠯᠡᠯᠴᠡᠭᠡᠷ ᠢᠶᠠᠷ ᠲᠠᠲᠠᠨ ᠣᠷᠣᠭᠤᠯᠤᠭᠰᠠᠨ ᠪᠡᠯᠡ ᠮᠥᠩᠭᠦᠨ ᠤ ᠲᠤᠭ᠎ᠠ ᠬᠡᠮᠵᠢᠶ᠎ᠡ 130 ᠳ᠋ᠦᠩᠰᠢᠭᠤᠷ ᠲᠥᠭᠦᠷᠢᠭ ᠲᠤ ᠬᠦᠷᠴᠦ᠂ ᠰᠲ᠋ᠣᠺ ᠶᠢᠨ ᠵᠠᠬ᠎ᠠ ᠳᠤ ᠪᠦᠷᠢᠳᠬᠡᠯ ᠲᠠᠢ 10 IPO ᠠᠵᠤ ᠠᠬᠤᠶᠢᠯᠠᠯ ᠮᠠᠨ ᠤ ᠰᠢᠶᠠᠨ ᠳᠤ ᠳᠠᠩᠰᠠᠯᠠᠭᠤᠯᠤᠭᠰᠠᠨ ᠶᠤᠮ︔ ᠬᠥᠳᠡᠭᠡ ᠲᠤᠰᠬᠤᠨ ᠤ ᠡᠯ᠎ᠡ ᠲᠥᠷᠥᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠭᠠᠵᠠᠷ ᠰᠢᠷᠤᠢ ᠶᠢᠨ ᠡᠷᠬᠡ ᠶᠢ ᠪᠠᠲᠤᠯᠠᠭᠠᠵᠢᠭᠤᠯᠤᠨ ᠳᠠᠩᠰᠠᠯᠠᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ ᠪᠥᠬᠦ ᠵᠢᠯ ᠤᠨ ᠰᠢᠯᠵᠢᠭᠦᠯᠦᠭᠰᠡᠨ ᠭᠠᠵᠠᠷ ᠰᠢᠷᠤᠢ ᠶᠢᠨ ᠰᠢᠨ᠎ᠡ ᠪᠠᠷ ᠨᠡᠮᠡᠭᠳᠡᠭᠰᠡᠨ ᠲᠠᠯᠠᠪᠠᠢ 2 ᠲᠥᠮᠡᠨ ᠮᠦ ᠬᠦᠷᠴᠦ ᠨᠡᠶᠢᠲᠡ 17 ᠲᠥᠮᠡᠨ ᠮᠦ ᠪᠣᠯᠵᠠᠢ︔ ᠥᠭᠡᠷᠡᠴᠢᠯᠡᠯᠲᠡ ᠶᠢ ᠡᠯ᠎ᠡ ᠬᠦᠷᠢᠶᠡᠨ ᠳᠤ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠥᠬᠦ ᠵᠢᠯ ᠳᠤ 268 ᠲᠥᠷᠥᠯ ᠤᠨ ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠵᠦ 188 ᠵᠥᠢᠯ ᠤᠨ ᠥᠭᠡᠷᠡᠴᠢᠯᠡᠯᠲᠡ ᠶᠢᠨ ᠦᠷ᠎ᠡ ᠪᠥᠲᠦᠮᠵᠢ ᠶᠢ ᠪᠤᠢ ᠪᠣᠯᠭᠠᠵᠠᠢ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠥᠲᠦᠮᠵᠢ ᠢᠯᠡᠷᠬᠡᠢ᠂ ᠬᠤᠳᠠᠯᠳᠤᠭᠠᠨ ᠤ ᠶᠠᠪᠤᠳᠠᠯ ᠤᠨ ᠳᠥᠷᠢᠮ ᠤᠨ ᠥᠭᠡᠷᠡᠴᠢᠯᠡᠯᠲᠡ ᠶᠢ ᠲᠥᠷᠭᠡᠪᠴᠢᠯᠡᠨ ᠠᠬᠢᠭᠤᠯᠵᠤ ᠪᠥᠬᠦ ᠲᠠᠯ᠎ᠠ ᠪᠠᠷ ︽ᠣᠯᠠᠨ ᠦᠨᠡᠮᠯᠡᠯ ᠢ ᠨᠢᠭᠡᠳᠬᠡᠬᠦ︾ ᠪᠠ ︽ᠬᠤᠣᠰ ᠲᠣᠬᠢᠶᠠᠯᠳᠤᠯ ᠪᠠ ᠨᠢᠭᠡ ᠨᠡᠶᠢᠲᠡᠯᠡᠯ︾ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ 959 ᠵᠠᠬ᠎ᠠ ᠳᠡᠯᠭᠡᠭᠦᠷ ᠤᠨ ᠪᠡᠶᠡᠲᠦ ᠴᠣᠭᠴᠠ ᠰᠢᠨ᠎ᠡ ᠪᠠᠷ ᠨᠡᠮᠡᠭᠳᠡᠭᠰᠡᠨ ᠪᠠᠶᠢᠨ᠎ᠠ︔ ᠲᠠᠷᠢᠶᠠᠯᠠᠩ᠂ ᠭᠡᠷᠡᠯ ᠤᠨ ᠴᠠᠬᠢᠯᠭᠠᠨ᠂ ᠠᠶᠠᠯᠠᠯ ᠵᠢᠭᠤᠯᠴᠢᠯᠠᠯ ᠵᠡᠷᠭᠡ ᠤᠯᠤᠰ ᠤᠨ ᠥᠮᠴᠢᠯᠡᠯᠲᠦ ᠪᠡᠯᠡ ᠣᠷᠣᠭᠤᠯᠤᠯᠲᠠ ᠶᠢᠨ ᠺᠣᠮᠫᠠᠨᠢ ᠬᠢᠭᠡᠳ ᠡᠳ᠋ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢ ᠵᠣᠬᠢᠶᠠᠨ ᠪᠠᠶᠢᠭᠤᠯᠤᠭᠰᠠᠨ ᠪᠠᠶᠢᠨ᠎ᠠ︔ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠶᠡᠷᠦᠩᠬᠡᠶᠢᠯᠡᠭᠰᠡᠨ ᠤᠰᠤᠨ ᠤ ᠦᠨ᠎ᠡ ᠵᠢᠴᠢ ᠠᠯᠪᠠᠨ ᠤ ᠮᠠᠰᠢᠨ ᠲᠡᠷᠭᠡ ᠵᠡᠷᠭᠡ ᠶᠢᠨ ᠥᠭᠡᠷᠡᠴᠢᠯᠡᠯᠲᠡ ᠶᠢᠨ ᠡᠭᠦᠷᠭᠡ ᠶᠠᠭ ᠡᠮᠬᠢ ᠵᠢᠷᠤᠮ ᠲᠠᠢ ᠲᠤᠤᠱᠯᠠᠭᠳᠠᠵᠤ ᠪᠤᠢ᠃    ᠠᠮᠢ ᠠᠬᠤᠢ ᠶᠢᠨ ᠣᠷᠴᠢᠨ ᠢ ᠲᠠᠰᠤᠷᠠᠯᠲᠠ ᠦᠭᠡᠢ ᠰᠠᠶᠢᠵᠢᠷᠠᠭᠤᠯᠤᠭᠰᠠᠨ᠃ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠡᠭᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢᠨ ᠡᠬᠢ ᠶᠢ ᠵᠠᠰᠠᠬᠤ ᠬᠤᠶᠠᠳᠠᠭᠴᠢ ᠬᠤᠭᠤᠴᠠᠭᠠᠨ ᠤ ᠢᠨᠵᠧᠨᠧᠷᠢᠩ ᠪᠠ ᠪᠠᠶᠢᠭᠠᠯᠢᠯᠢᠭ ᠣᠢ ᠰᠢᠭᠤᠢ ᠶᠢ ᠬᠠᠮᠠᠭᠠᠯᠠᠬᠤ ᠬᠤᠶᠠᠳᠠᠭᠴᠢ ᠬᠤᠭᠤᠴᠠᠭᠠᠨ ᠤ ᠢᠨᠵᠧᠨᠧᠷᠢᠩ ᠵᠡᠷᠭᠡ ᠤᠯᠤᠰ ᠤᠨ ᠣᠢ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ ᠵᠢᠴᠢ ᠵᠠᠮ ᠨᠡᠪᠲᠡᠷᠡᠯᠭᠡ᠂ ᠬᠤᠲᠠ ᠪᠠᠯᠭᠠᠰᠤ ᠵᠡᠷᠭᠡ ᠭᠤᠣᠯᠳᠠᠯᠭ᠎ᠠ ᠲᠠᠢ ᠣᠷᠣᠨ ᠪᠥᠰᠡᠨ ᠤ ᠨᠣᠭᠤᠭᠠᠷᠠᠭᠤᠯᠤᠯᠲᠠ ᠶᠢᠨ ᠲᠥᠷᠥᠯ ᠵᠥᠢᠯ ᠢ ᠬᠡᠷᠡᠭᠵᠢᠭᠦᠯᠦᠭᠰᠡᠨ ᠪᠠᠶᠢᠨ᠎ᠠ︔ ᠣᠷᠴᠢᠨ ᠠᠬᠤᠢ ᠶᠢᠨ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠲᠣᠬᠢᠶᠠᠯ ᠢ ᠠᠰᠢᠭᠯᠠᠨ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠲᠤᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠲᠡᠢ ᠲᠦᠯᠬᠢᠨ ᠠᠬᠢᠭᠤᠯᠵᠠᠢ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠬᠤ ᠪᠠᠷ ᠳᠠᠮᠵᠢᠨ 5 ᠴᠢᠯᠠᠭᠤ ᠬᠡᠮᠬᠡᠯᠵᠦ ᠬᠠᠶᠢᠷ ᠭᠠᠷᠭᠠᠬᠤ ᠲᠠᠯᠠᠪᠤᠷ ᠢ ᠲᠦᠢᠯᠪᠤᠷᠢᠲᠠᠢ ᠴᠡᠪᠡᠷᠯᠡᠵᠦ᠂ 6 ᠲᠡᠮᠦᠷ ᠤᠨ ᠬᠦᠳᠡᠷ ᠤᠨ ᠠᠵᠤ ᠠᠬᠤᠶᠢᠯᠠᠯ ᠢ ᠬᠠᠤᠯᠢ ᠶᠣᠰᠣᠭᠠᠷ ᠡᠪᠳᠡᠨ ᠨᠤᠷᠠᠭᠠᠭᠰᠠᠨ ᠪᠠᠶᠢᠨ᠎ᠠ᠃ ᠶᠡᠭᠡ ᠲᠦᠷᠭᠡᠨ ᠭᠤᠣᠯ ᠤᠨ ᠤᠰᠤᠨ ᠵᠠᠮ ᠢ ᠴᠢᠩᠳᠠᠯᠠᠨ ᠵᠠᠰᠠᠭᠰᠠᠨ ᠪᠠ ᠴᠡᠭᠴᠡᠯᠡᠨ ᠴᠡᠪᠡᠷᠯᠡᠬᠦ ᠪᠠᠷ ᠳᠠᠮᠵᠢᠨ ᠶᠡᠭᠡ ᠲᠦᠷᠭᠡᠨ ᠭᠤᠣᠯ ᠤᠨ ᠤᠰᠤᠨ ᠵᠠᠮ ᠢ ᠰᠠᠭᠠᠳ ᠦᠭᠡᠢ᠂ ᠠᠮᠤᠷ ᠲᠦᠪᠰᠢᠨ ᠪᠣᠯᠭᠠᠵᠠᠢ ᠃ ᠬᠤᠸᠠ ᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢ ᠬᠥᠬᠦᠷ ᠦᠭᠡᠶᠢᠵᠢᠭᠦᠯᠬᠦ ᠱᠠᠤ ᠦᠭᠡᠶᠢᠵᠢᠭᠦᠯᠬᠦ ᠥᠭᠡᠷᠡᠴᠢᠯᠡᠯᠲᠡ ᠪᠠ ᠬᠤᠶᠠᠷ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠪᠠᠷᠢᠮᠵᠢᠶᠠᠨ ᠳᠤ ᠨᠡᠶᠢᠴᠡᠬᠦ ᠦᠭᠡᠢ ᠠᠵᠤ ᠠᠬᠤᠶᠢᠯᠠᠯ ᠢ ᠬᠠᠭᠠᠬᠤ ᠪᠠ ᠵᠣᠭᠰᠣᠭᠠᠵᠤ 10 ᠲᠣᠨ / ᠴᠠᠭ ᠠᠴᠠ ᠳᠣᠷᠣᠭᠰᠢᠬᠢ 8 ᠨᠡᠭᠦᠷᠡᠰᠦ ᠰᠢᠲᠠᠭᠠᠬᠤ ᠠᠭᠤᠷ ᠤᠨ ᠵᠤᠤᠬ᠎ᠠ ᠶᠢ ᠬᠤᠭᠤᠴᠠᠭ᠎ᠠ ᠲᠣᠭᠲᠠᠭᠠᠨ ᠰᠢᠭᠰᠢᠨ ᠭᠠᠷᠭᠠᠵᠤ᠂ ᠵᠠᠷᠢᠮ ᠬᠥᠳᠡᠭᠡ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠬᠤᠷᠢᠶᠠᠨ ᠠᠪᠴᠤ ᠰᠢᠢᠳᠪᠦᠷᠢᠯᠡᠭᠰᠡᠨ ᠶᠤᠮ᠃    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠭᠦᠨᠵᠡᠭᠡᠢ ᠠᠬᠢᠭᠤᠯᠤᠭᠰᠠᠨ᠃ ᠲᠥᠪ ᠤᠨ ︽ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠵᠦ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ︾ ᠦᠨᠳᠦᠰᠦᠨ ᠠᠷᠭ᠎ᠠ ᠪᠣᠳᠣᠯᠭ᠎ᠠ ᠶᠢ ᠲᠤᠤᠱᠯᠠᠭᠤᠯᠵᠤ᠂ ᠪᠥᠬᠦ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠪᠠ ᠪᠥᠬᠦ ᠣᠷᠣᠨ ᠤ ᠡᠷᠡᠭᠦᠯᠵᠢᠨ ᠴᠢᠭᠢᠷᠠᠭᠵᠢᠭᠤᠯᠵᠤ ᠶᠠᠳᠠᠭᠤ ᠶᠢ ᠲᠡᠳᠬᠦᠬᠦ ᠠᠵᠢᠯ ᠤᠨ ᠠᠬᠤᠢ ᠲᠠᠯᠠᠪᠠᠢ ᠶᠢᠨ ᠬᠤᠷᠠᠯᠳᠤᠭᠠᠨ ᠢ ᠠᠮᠵᠢᠯᠲᠠ ᠲᠠᠢ ᠡᠷᠬᠢᠯᠡᠵᠦ᠂ ᠤᠯᠤᠰ ᠤᠨ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠥᠲᠦᠮᠵᠢ ᠶᠢᠨ ᠲᠤᠬᠠᠢ ᠭᠤᠷᠪᠠᠳᠠᠭᠴᠢ ᠡᠲᠡᠭᠡᠳ ᠤᠨ ᠦᠨᠡᠯᠡᠭᠡ ᠶᠢ ᠤᠭᠲᠤᠨ ᠠᠪᠤᠭᠰᠠᠨ ᠶᠤᠮ᠃ 1057 ᠨᠡᠷᠡᠰ ᠺᠠᠳ᠋ᠷ ᠢ ᠳᠣᠷᠣᠭᠰᠢ ᠲᠣᠮᠢᠯᠠᠭᠰᠠᠨ ᠢᠶᠠᠷ ᠶᠠᠳᠠᠭᠤ ᠬᠦᠴᠢᠷᠳᠡᠯᠲᠡᠢ ᠡᠷᠦᠬᠡ ᠶᠢ ᠲᠤᠰᠠᠯᠠᠨ ᠲᠡᠳᠬᠦᠬᠦ ᠬᠤᠣᠰᠯᠠᠯ ᠢ ᠪᠥᠷᠢᠯᠳᠦᠬᠦᠯᠵᠦ᠂ ᠲᠤᠬᠠᠢ ᠶᠢᠨ ᠭᠠᠵᠠᠷ ᠲᠤᠨᠢ ᠲᠣᠬᠢᠷᠠᠭᠤᠯᠵᠤ ᠪᠣᠳᠣᠯᠭ᠎ᠠ ᠲᠣᠭᠲᠠᠭᠠᠨ ᠲᠤᠬᠠᠢ ᠶᠢᠨ ᠡᠷᠦᠬᠡ ᠳᠤᠨᠢ ᠲᠣᠬᠢᠷᠠᠭᠤᠯᠵᠤ ᠠᠷᠭ᠎ᠠ ᠬᠡᠷᠡᠭᠵᠢᠭᠦᠯᠵᠦ᠂ 5117 ᠡᠷᠦᠬᠡ ᠳᠤ 2.44 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠵᠢᠭᠡᠯᠡᠯᠭᠡ ᠣᠯᠭᠤᠭᠰᠠᠨ ᠪᠢᠯᠡ︔ ᠰᠤᠷᠭᠠᠨ ᠬᠥᠮᠥᠵᠢᠯ ᠢᠶᠠᠷ ᠶᠠᠳᠠᠭᠤ ᠶᠢ ᠲᠡᠳᠬᠦᠬᠦ ᠠᠵᠢᠯ ᠳᠤ 999.64 ᠲᠥᠮᠡᠨ ᠲᠥᠭᠦᠷᠢᠭ ᠤᠨ ᠪᠡᠯᠡ ᠣᠷᠣᠭᠤᠯᠵᠤ 1053 ᠨᠡᠷᠡᠰ ᠣᠶᠤᠲᠠᠨ᠂ 638 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠪᠠᠨ ᠲᠡᠭᠦᠰᠬᠡᠬᠦ ᠳᠤᠨᠢ ᠳᠡᠮᠵᠢᠨ ᠲᠤᠰᠠᠯᠠᠭᠰᠠᠨ ᠪᠠᠶᠢᠨ᠎ᠠ︔ 1.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ 2017 ᠣᠨ ᠠᠴᠠ ᠡᠮᠦᠨᠡᠬᠢ ᠵᠢᠯ ᠤᠳ ᠤᠨ ᠰᠢᠯᠵᠢᠭᠦᠯᠦᠨ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠨᠡᠭᠦᠯᠭᠡᠨ ᠰᠢᠯᠵᠢᠭᠦᠯᠬᠦ ᠡᠭᠦᠷᠭᠡ ᠶᠢ ᠲᠡᠭᠦᠰ ᠪᠡᠶᠡᠯᠡᠭᠦᠯᠵᠦ 852 ᠡᠷᠦᠬᠡ ᠶᠢᠨ 2707 ᠬᠥᠮᠥᠨ ᠳᠤ ︽ᠨᠠᠷᠠᠨ ᠭᠡᠷᠡᠯᠲᠦ︾ ᠮᠠᠶ᠋ᠢᠭ ᠢᠶᠠᠷ ᠭᠡᠷ ᠪᠠᠶᠢᠰᠢᠩ ᠬᠤᠪᠢᠶᠠᠭᠰᠠᠨ ᠠᠴᠠ ᠲᠡᠳᠡᠨᠡᠷ ᠪᠠᠶᠠᠷ ᠬᠥᠷ ᠲᠠᠢ ᠪᠠᠷ ᠰᠢᠨ᠎ᠡ ᠣᠷᠣᠨ ᠰᠠᠭᠤᠴᠠ ᠳᠠᠭᠠᠨ ᠨᠡᠭᠦᠨ ᠤᠷᠤᠭᠰᠠᠨ ᠶᠤᠮ︔ ᠡᠷᠡᠭᠦᠯᠵᠢᠨ ᠴᠢᠭᠢᠷᠠᠭᠵᠢᠭᠤᠯᠵᠤ ᠶᠠᠳᠠᠭᠤ ᠶᠢ ᠲᠡᠳᠬᠦᠬᠦ ᠠᠵᠢᠯ ᠳᠤ 800 ᠲᠥᠮᠡᠨ ᠲᠥᠭᠦᠷᠢᠭ ᠤᠨ ᠪᠡᠯᠡ ᠣᠷᠣᠭᠤᠯᠵᠤ 12000 ᠭᠠᠷᠤᠢ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠬᠥᠩᠭᠡᠯᠡᠵᠦ᠂ ᠲᠡᠳᠡᠨ ᠤ ᠠᠮᠢᠳᠤᠷᠠᠯ ᠳᠤ ᠢᠲᠡᠭᠡᠯ ᠵᠣᠷᠢᠭ ᠨᠡᠮᠡᠷᠢᠯᠡᠭᠰᠡᠨ ᠶᠤᠮ᠃ ᠶᠠᠳᠠᠭᠤ ᠬᠦᠴᠢᠷᠳᠡᠯᠲᠡᠢ ᠬᠥᠮᠥᠰ ᠲᠤ ᠵᠣᠷᠢᠭᠤᠯᠤᠨ ᠤᠷᠢᠳᠠᠪᠡᠷ ᠡᠮᠴᠢᠯᠡᠭᠦᠯᠵᠦ ᠳᠠᠷᠠᠭ᠎ᠠ ᠨᠢ ᠰᠥᠢᠳᠬᠡᠯ ᠲᠤᠰᠢᠶᠠᠬᠤ ᠪᠠ ︽ᠨᠢᠭᠡ ᠴᠡᠭ︾ ᠲᠤ ᠲᠠᠰᠤᠯᠤᠨ ᠲᠣᠭᠠᠴᠠᠬᠤ ᠳᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠩᠬ᠎ᠠ ᠤᠳᠠᠭ᠎ᠠ ᠤᠵᠢᠭ ᠴᠢᠨᠠᠷᠲᠠᠢ ᠡᠪᠡᠳᠴᠢᠲᠡᠨ ᠳᠤ ᠡᠮ ᠢ ᠰᠢᠭᠤᠳ ᠠᠪᠬᠤ ᠰᠢᠭᠤᠳ ᠬᠦᠷᠭᠡᠬᠦ ᠪᠠ ᠭᠡᠷ ᠪᠥᠯᠢ ᠲᠠᠢ ᠭᠡᠷ᠎ᠡ ᠲᠣᠭᠲᠠᠭᠰᠠᠨ ᠡᠮᠴᠢ ᠭᠡᠷ ᠲᠤᠨᠢ ᠬᠦᠷᠴᠦ ᠦᠢᠯᠡᠴᠢᠯᠡᠬᠦ ᠠᠷᠭ᠎ᠠ ᠬᠡᠯᠪᠡᠷᠢ ᠶᠢ ᠬᠡᠷᠡᠭᠵᠢᠭᠦᠯᠦᠭᠰᠡᠨ ᠪᠥᠭᠡᠳ ᠡᠨᠡᠬᠦ ᠠᠷᠭ᠎ᠠ ᠬᠡᠯᠪᠡᠷᠢ ᠨᠢ ᠪᠥᠬᠦ ᠣᠷᠣᠨ ᠤ ᠬᠡᠪᠴᠢᠶᠡᠨ ᠳᠤ ᠥᠷᠭᠡᠨ ᠳᠡᠯᠭᠡᠷ ᠬᠡᠷᠡᠭᠯᠡᠭᠳᠡᠵᠦ᠂ ᠠᠷᠠᠳ ᠲᠥᠮᠡᠨ ᠡᠪᠡᠳᠴᠢᠨ ᠢᠶᠠᠨ ᠡᠮᠴᠢᠯᠡᠭᠦᠯᠬᠦ ᠳᠤ ᠨᠡᠩ ᠬᠢᠯᠪᠠᠷ ᠳᠥᠭᠦᠮ ᠪᠣᠯᠵᠤ ᠣᠯᠠᠨ ᠲᠥᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠦᠨᠡᠨᠬᠦ ᠳᠡᠭᠡᠭᠰᠢᠯᠡᠭᠰᠡᠨ ᠪᠢᠯᠡ᠃ ᠳ᠋ᠧ ᠴᠢᠩ ᠶᠤᠸᠠᠨ ᠤ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ᠂ ᠭᠡᠷᠡᠯ ᠤᠨ ᠴᠠᠬᠢᠯᠭᠠᠨ ᠢᠶᠠᠷ ᠶᠠᠳᠠᠭᠤ ᠶᠢ ᠲᠡᠳᠬᠦᠬᠦ ᠬᠢᠭᠡᠳ ᠬᠦᠢᠲᠡᠨ ᠤ ᠨᠣᠭᠤᠭ᠎ᠠ ᠬᠦᠢᠲᠡᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠠᠶᠢᠭᠤᠯᠬᠤ ᠲᠥᠷᠥᠯ ᠵᠥᠢᠯ ᠢ ᠬᠡᠷᠡᠭᠵᠢᠭᠦᠯᠵᠦ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠠᠰᠢᠭᠯᠠᠵᠤ ᠶᠠᠳᠠᠭᠤ ᠬᠦᠴᠢᠷᠳᠡᠯᠲᠡᠢ ᠣᠯᠠᠨ ᠲᠥᠮᠡᠨ ᠤ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ 2017 ᠣᠨ ᠳᠤ ᠨᠡᠶᠢᠲᠡ 2024 ᠡᠷᠦᠬᠡ ᠶᠢᠨ 4272 ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠨ᠎ᠠ᠃    ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠥᠵᠢᠯ ᠤᠨ ᠠᠵᠢᠯ ᠦᠢᠯᠡᠰ ᠢ ᠲᠡᠷᠢᠭᠦᠯᠡᠨ ᠬᠥᠭᠵᠢᠭᠦᠯᠦᠭᠰᠡᠨ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠯᠲᠡ ᠨᠢ ᠤᠯᠤᠰ ᠤᠨ ᠰᠢᠯᠭᠠᠨ ᠠᠪᠤᠯᠲᠠ ᠳᠤ ᠬᠢᠷᠢ ᠲᠡᠩᠴᠡᠵᠦ᠂ 53 ᠨᠡᠷᠡᠰ ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠳ ᠢ ᠢᠯᠡ ᠪᠠᠷ ᠡᠯᠰᠡᠭᠰᠡᠨ ᠪᠤᠶᠤ ᠰᠢᠯᠢᠳᠡᠭ ᠢ ᠨᠢ ᠰᠣᠩᠭᠤᠨ ᠭᠡᠷ᠎ᠡ ᠲᠣᠭᠲᠠᠨ ᠠᠵᠢᠯᠯᠠᠭᠤᠯᠵᠤ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠣᠯᠠᠨ ᠤᠯᠤᠰᠴᠢᠯᠠᠭᠰᠠᠨ ᠬᠠᠮᠲᠤᠷᠠᠯᠴᠠᠭ᠎ᠠ ︽ᠰᠢᠪᠲᠤᠯᠤᠯᠲᠠ ᠦᠭᠡᠢ︾ ᠪᠠᠶᠢᠵᠤ᠂ 10 ᠨᠡᠷᠡᠰ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠤᠭᠴᠢ ᠠᠩᠬ᠎ᠠ ᠤᠳᠠᠭ᠎ᠠ ᠤᠯᠤᠰ ᠤᠨ ᠬᠠᠭᠠᠯᠭ᠎ᠠ ᠪᠠᠷ ᠭᠠᠷᠴᠤ ᠭᠠᠳᠠᠭᠠᠳᠤ ᠭᠦᠷᠦᠨ ᠳᠤ ᠭᠦᠨᠵᠡᠭᠡᠶᠢᠷᠡᠨ ᠰᠤᠷᠤᠯᠴᠠᠵᠤ ᠪᠠᠶᠢᠬᠤ ᠨᠢ ᠤᠯᠤᠰ ᠤᠨ ᠳᠣᠲᠣᠭᠠᠳᠤ ᠶᠢᠨ ᠠᠩᠬᠠᠨ ᠤ ᠵᠢᠱᠢᠶ᠎ᠡ ᠪᠣᠯᠬᠤ ᠶᠤᠮ᠃ ᠰᠣᠶᠣᠯ ᠲᠠᠮᠢᠷ ᠤᠨ ᠠᠵᠢᠯ ᠦᠢᠯᠡᠰ ᠡᠳᠦᠷ ᠠᠴᠠ ᠡᠳᠦᠷ ᠴᠡᠴᠡᠭᠯᠡᠨ ᠬᠥᠭᠵᠢᠭᠰᠡᠨ᠃ ᠠᠩᠬᠠᠳᠠᠭᠴᠢ ᠬᠤᠭᠤᠴᠠᠭᠠᠨ ᠤ ︽ᠥᠯᠵᠡᠢ ᠪᠡᠯᠭᠡᠲᠦ ᠶᠢᠰᠦᠨ ᠡᠭᠡᠰᠢᠭ᠂ ᠦᠵᠡᠰᠭᠦᠯᠡᠩᠲᠦ ᠰᠠᠶᠢᠬᠠᠨ ᠵᠦᠧᠧᠽᠢ︾ ᠰᠣᠶᠣᠯ ᠤᠨ ᠨᠠᠶᠢᠷ᠂ ᠲᠡᠮᠡᠭᠡ ᠬᠢᠭᠡᠳ ᠮᠥᠰᠥ ᠴᠠᠰᠤᠨ ᠤ ᠠᠶᠠᠯᠠᠯ ᠵᠢᠭᠤᠯᠴᠢᠯᠠᠯ ᠤᠨ ᠰᠣᠶᠣᠯ ᠤᠨ ᠨᠠᠶᠢᠷ᠂ ᠤᠲᠤᠭᠰᠠᠨ ᠲᠠᠬᠢᠶ᠎ᠠ ᠬᠢᠭᠡᠳ ᠠᠮᠲᠠᠲᠤ ᠢᠳᠡᠭᠡᠨ ᠤ ᠠᠶᠠᠯᠠᠯ ᠵᠢᠭᠤᠯᠴᠢᠯᠠᠯ ᠤᠨ ᠨᠠᠶᠢᠷ ᠵᠡᠷᠭᠡ ᠣᠯᠠᠨ ᠠᠷᠪᠢᠨ ᠪᠠᠶᠠᠷ ᠨᠠᠭᠠᠳᠤᠮ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠠᠢ︔ ᠨᠠᠰᠤᠲᠠᠶᠢᠴᠤᠳ ᠤᠨ ᠬᠥᠳᠡᠯᠭᠡᠭᠡᠨ ᠤ ᠲᠥᠪ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠰᠢᠶᠠᠨ ᠰᠢᠶᠠᠩ ᠲᠤᠰᠬᠤᠨ ᠤ ᠰᠣᠶᠣᠯ ᠤᠨ ᠬᠥᠳᠡᠯᠭᠡᠭᠡᠨ ᠡᠳᠦᠷ ᠢᠷᠡᠬᠦᠶ᠎ᠡ ᠬᠥᠭᠵᠢᠶᠡᠨ ᠲᠠᠢ ᠪᠣᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠭᠰᠠᠨ ᠪᠠᠶᠢᠨ᠎ᠠ︔ ᠪᠥᠬᠦ ᠰᠢᠶᠠᠨ ᠤ ᠪᠡᠶ᠎ᠡ ᠶᠢᠨ ᠲᠠᠮᠢᠷ ᠤᠨ ᠠᠵᠢᠯ ᠦᠢᠯᠡᠰ ᠬᠠᠩᠭᠠᠮᠵᠢᠲᠠᠢ ᠬᠥᠭᠵᠢᠵᠦ᠂ ᠬᠤᠲᠠ ᠶᠢᠨ ᠲᠥᠪ ᠲᠤ ᠰᠢᠩᠭᠡᠯᠢᠭ ᠬᠡᠯᠪᠡᠷᠢ ᠶᠢᠨ 2 ᠬᠥᠯ ᠪᠥᠮᠪᠥᠭᠡᠨ ᠤ ᠲᠠᠯᠠᠪᠤᠷ ᠢ ᠰᠢᠨ᠎ᠡ ᠪᠠᠷ ᠪᠠᠶᠢᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠳᠡᠭᠡᠷ᠎ᠡ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠠᠴᠠ ᠮᠠᠨ ᠤ ᠰᠢᠶᠠᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠥᠬᠦ ᠤᠯᠤᠰ ᠤᠨ ᠣᠯᠠᠨ ᠲᠥᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠶᠢᠨ ᠴᠣᠯᠠ ᠣᠯᠭᠤᠭᠰᠠᠨ ᠪᠢᠯᠡ᠃ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠦᠢᠯᠡᠰ ᠡᠷᠡᠭᠦᠯ ᠢᠶᠠᠷ ᠬᠥᠭᠵᠢᠭᠰᠡᠨᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠤᠷᠤᠭᠰᠢᠲᠠᠢ ᠶᠠᠪᠤᠭᠳᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠠᠭᠠᠵᠢᠮ ᠢᠶᠠᠷ ᠲᠡᠭᠦᠯᠳᠡᠷᠵᠢᠭᠰᠡᠨ ᠪᠠᠶᠢᠨ᠎ᠠ︔ ᠲᠥᠯᠥᠪᠯᠡᠭᠡᠲᠦ ᠦᠷᠡᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠥᠬᠦ ᠲᠠᠯ᠎ᠠ ᠪᠠᠷ ᠲᠤᠤᠱᠯᠠᠭᠳᠠᠵᠤ᠂ ᠬᠤᠶᠠᠷ ᠬᠡᠦᠬᠡᠳ ᠠᠪᠬᠤ ᠶᠢ ᠵᠥᠪᠰᠢᠶᠡᠷᠡᠭᠰᠡᠨ ᠲᠥᠷᠥ ᠶᠢᠨ ᠪᠣᠳᠣᠯᠭ᠎ᠠ ᠯᠠᠪᠳᠠᠭᠤᠨ ᠨᠠᠶᠢᠳᠠᠪᠤᠷᠢᠲᠠᠢ ᠬᠡᠷᠡᠭᠵᠢᠭᠦᠯᠦᠭᠳᠡᠭᠰᠡᠨ ᠪᠠᠶᠢᠨ᠎ᠠ᠃ ᠬᠥᠳᠡᠯᠮᠦᠷᠢ ᠠᠵᠢᠯ ᠣᠯᠭᠤᠯᠲᠠ ᠯᠠᠪᠳᠠᠭᠤᠨ ᠢᠶᠠᠷ ᠤᠷᠤᠭᠰᠢᠯᠠᠭᠰᠠᠨ᠃ ᠬᠤᠲᠠ ᠪᠠᠯᠭᠠᠰᠤᠨ ᠳᠤ 1007 ᠬᠥᠮᠥᠨ ᠤ ᠠᠵᠢᠯ ᠣᠯᠭᠤᠯᠲᠠ ᠶᠢ ᠰᠢᠨ᠎ᠡ ᠪᠠᠷ ᠨᠡᠮᠡᠭᠳᠡᠭᠦᠯᠵᠦ᠂ ᠳᠠᠩᠰᠠᠯᠠᠭᠰᠠᠨ ᠠᠵᠢᠯ ᠠᠯᠳᠠᠭᠰᠠᠨ ᠨᠣᠷᠮ᠎ᠠ ᠶᠢ 3.6% ᠶᠢᠨ ᠳᠣᠲᠣᠷ᠎ᠠ ᠬᠢᠵᠠᠭᠠᠷᠯᠠᠵᠤ ᠴᠢᠳᠠᠭᠰᠠᠨ ᠪᠠᠶᠢᠨ᠎ᠠ᠃ ᠬᠤᠲᠠ ᠪᠠᠯᠭᠠᠰᠤᠨ ᠤ 2132 ᠬᠥᠮᠥᠨ ᠳᠤ ᠠᠵᠢᠯ ᠣᠯᠭᠤᠯᠲᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ 1814 ᠬᠥᠮᠥᠨ ᠳᠤ ᠮᠠᠯᠴᠢᠨ ᠲᠠᠷᠢᠶᠠᠴᠢᠨ ᠤ ᠰᠢᠯᠵᠢᠯᠲᠡ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠨᠡᠶᠢᠲᠡ 1200 ᠲᠥᠮᠡᠨ ᠲᠥᠭᠦᠷᠢᠭ ᠤᠨ ᠪᠠᠭ᠎ᠠ ᠬᠡᠮᠵᠢᠶᠡᠨ ᠤ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠲᠠᠯᠪᠢᠭᠰᠠᠨ ᠪᠠᠶᠢᠨ᠎ᠠ᠃ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠨᠡᠩ ᠪᠦᠷᠢᠨ ᠲᠡᠭᠦᠯᠳᠡᠷ ᠪᠣᠯᠵᠤ ᠪᠠᠶᠢᠨ᠎ᠠ ᠃ ᠨᠡᠶᠢᠭᠡᠮ ᠤᠨ ᠨᠠᠰᠤᠵᠢᠯ ᠤᠨ ᠳᠠᠭᠠᠳᠬᠠᠯ ᠪᠥᠬᠦ ᠣᠷᠣᠨ ᠨᠤᠲᠤᠭ ᠶᠢ ᠪᠥᠷᠬᠦᠵᠦ᠂ ᠠᠵᠢᠯᠴᠢᠨ ᠬᠢᠭᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠯᠥᠰᠥ ᠣᠯᠭᠤᠮᠵᠢ ᠰᠠᠷ᠎ᠠ ᠪᠦᠷᠢ ᠳᠤ ᠲᠤᠰ ᠪᠦᠷᠢ 129.05 ᠲᠥᠭᠦᠷᠢᠭ ᠪᠠ 20 ᠲᠥᠭᠦᠷᠢᠭ ᠨᠡᠮᠡᠭᠳᠡᠭᠰᠡᠨ ᠪᠠᠶᠢᠨ᠎ᠠ᠃ ᠬᠤᠲᠠ ᠪᠠᠯᠭᠠᠰᠤᠨ ᠤ ᠠᠵᠢᠯᠴᠢᠨ ᠬᠢᠭᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠦᠷᠢᠶᠡᠨ ᠳᠤ ᠵᠠᠷᠤᠳᠠᠯ ᠢᠶᠠᠨ ᠭᠠᠷᠭᠠᠭᠤᠯᠵᠤ ᠪᠠᠶᠢᠭ᠎ᠠ ᠵᠠᠭᠤᠨ ᠤ ᠬᠠᠷᠢᠴᠠᠯ 5 ᠨᠢᠭᠡᠴᠢ ᠨᠡᠮᠡᠭᠳᠡᠵᠦ᠂ ᠲᠤᠰ ᠲᠤᠰ 85% ᠪᠠ 75% ᠲᠤ ᠬᠦᠷᠴᠡᠢ᠃ ᠬᠤᠲᠠ ᠬᠥᠳᠡᠭᠡ ᠶᠢᠨ ᠳᠣᠣᠷ᠎ᠠ ᠪᠠᠲᠤᠯᠠᠭᠠᠲᠤ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠ ᠬᠦᠴᠢᠷᠳᠡᠯᠲᠡᠢ ᠬᠡᠦᠬᠡᠳ ᠢ ᠠᠪᠤᠷᠠᠨ ᠲᠤᠰᠠᠯᠠᠬᠤ ᠪᠠᠷᠢᠮᠵᠢᠶ᠎ᠠ ᠤᠯᠠᠮ ᠨᠢᠭᠡ ᠠᠯᠬᠤᠮ ᠳᠡᠭᠡᠭᠰᠢᠯᠡᠭᠰᠡᠨ ᠪᠠᠶᠢᠨ᠎ᠠ᠃ ᠪᠥᠬᠦ ᠰᠢᠶᠠᠨ ᠤ ᠠᠵᠤ ᠠᠬᠤᠶᠢᠯᠠᠯ ᠵᠢᠴᠢ ᠴᠢᠯᠦᠭᠡᠲᠡᠢ ᠠᠵᠢᠯᠯᠠᠭᠰᠠᠳ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 9196 ᠳᠤ ᠬᠦᠷᠴᠦ᠂ ᠬᠤᠷᠢᠶᠠᠨ ᠠᠪᠤᠭᠰᠠᠨ ᠨᠠᠰᠤᠵᠢᠯ ᠤᠨ ᠳᠠᠭᠠᠳᠬᠠᠯ ᠤᠨ ᠵᠠᠷᠤᠳᠠᠯ ᠤᠨ ᠬᠡᠮᠵᠢᠶ᠎ᠡ 1.65 ᠳ᠋ᠦᠩᠰᠢᠭᠤᠷ ᠲᠥᠭᠦᠷᠢᠭ ᠲᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 10.39 ᠲᠥᠮᠡ ᠪᠣᠯᠣᠭᠰᠠᠨ ᠪᠠᠶᠢᠨ᠎ᠠ᠃ ᠠᠮᠤᠷ ᠲᠠᠶᠢᠪᠤᠩ ᠪᠥᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠤᠷᠤᠭᠰᠢᠯᠠᠭᠤᠯᠤᠭᠰᠠᠨ᠃ ᠨᠡᠶᠢᠭᠡᠮ ᠢ ᠵᠠᠰᠠᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ ᠣᠯᠠᠨ ᠲᠥᠮᠡᠨ ᠤ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ᠂ ᠵᠥᠷᠢᠴᠡᠯ ᠮᠥᠷᠭᠦᠯᠳᠦᠭᠡᠨ ᠢ ᠢᠯᠭᠠᠨ ᠲᠣᠳᠣᠯᠠᠵᠤ ᠡᠶᠡᠳᠡᠭᠦᠯᠬᠦ ᠠᠵᠢᠯ ᠪᠠ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠬᠢ ᠵᠠᠰᠠᠨ ᠴᠡᠭᠴᠡᠯᠡᠯᠲᠡ ᠯᠠᠪᠳᠠᠭᠤᠨ ᠪᠠᠲᠤᠲᠠᠢ ᠥᠷᠨᠢᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠢ ᠶᠢᠨ ᠥᠪᠡᠳᠡᠭᠰᠢ ᠪᠠᠶᠠᠷ ᠬᠢᠭᠡᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠣᠭᠲᠠᠭᠤᠨ ᠢ ᠪᠠᠲᠤᠯᠠᠵᠤ ᠠᠮᠤᠷ ᠢ ᠬᠠᠮᠠᠭᠠᠯᠠᠬᠤ ᠡᠭᠦᠷᠭᠡ ᠶᠢ ᠥᠨᠳᠥᠷ ᠪᠥᠲᠦᠮᠵᠢ ᠲᠠᠢ ᠪᠠᠷ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠠᠮᠤᠷ ᠲᠣᠭᠲᠠᠭᠤᠨ ᠪᠣᠯᠣᠭᠰᠠᠨ ᠪᠠᠶᠢᠨ᠎ᠠ᠃ ᠡᠭᠦᠨ ᠤ ᠬᠠᠮᠲᠤ ᠠᠵᠢᠯᠴᠢᠳ ᠤᠨ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠣᠬᠢᠶᠠᠯᠴᠢᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠪᠥᠯᠬᠦᠮ ᠨᠢᠭᠡᠴᠢ ᠢᠳᠡᠪᠬᠢᠲᠡᠢ ᠪᠠᠷ ᠦᠢᠯᠡ ᠠᠵᠢᠯᠯᠠᠭ᠎ᠠ ᠪᠠᠨ ᠥᠷᠨᠢᠭᠦᠯᠦᠭᠰᠡᠨ ᠪᠠ ᠠᠮᠤ ᠬᠦᠨᠡᠰᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠤᠶᠠᠨ ᠤ ᠦᠢᠯᠡᠰ᠂ ᠨᠠᠰᠤᠵᠢᠯ᠂ ᠤᠯᠠᠭᠠᠨ ᠵᠠᠭᠠᠯᠮᠠᠶᠢᠲᠠᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠪᠦᠷᠢᠳᠬᠡᠯ ᠪᠠᠶᠢᠴᠠᠭᠠᠯᠲᠠ᠂ ᠳᠠᠩᠰᠠ ᠡᠪᠬᠡᠮᠡᠯ ᠪᠠ ᠲᠡᠦᠬᠡ ᠣᠶᠢᠯᠠᠯᠭ᠎ᠠ᠂ ᠦᠨᠳᠦᠰᠦᠲᠡᠨ ᠪᠠ ᠱᠠᠰᠢᠨ ᠰᠤᠷᠲᠠᠬᠤᠨ᠂ ᠡᠮᠡᠭᠲᠡᠶᠢᠴᠦᠳ ᠪᠠ ᠬᠡᠦᠬᠡᠳ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠤᠳᠠᠨ ᠬᠤᠯᠪᠣᠭ᠎ᠠ ᠪᠠ ᠴᠢᠮᠡᠭᠡ ᠨᠡᠪᠲᠡᠷᠡᠯᠭᠡ᠂ ᠮᠥᠩᠭᠦᠨ ᠭᠦᠢᠯᠭᠡᠭᠡᠨ ᠪᠠ ᠳᠠᠭᠠᠳᠬᠠᠯ᠂ ᠬᠠᠷᠢᠶᠠᠲᠤ ᠶᠢᠨ ᠶᠠᠪᠤᠳᠠᠯ ᠵᠡᠷᠭᠡ ᠡᠯ᠎ᠡ ᠲᠥᠷᠥᠯ ᠤᠨ ᠠᠵᠢᠯ ᠦᠢᠯᠡᠰ ᠴᠥᠮ ᠰᠢᠨ᠎ᠡ ᠠᠬᠢᠴᠠ ᠲᠠᠢ ᠪᠣᠯᠵᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠡᠷᠭᠦᠭᠰᠡᠨ ᠪᠢᠯᠡ᠃    ᠵᠠᠰᠠᠭ ᠤᠨ ᠣᠷᠳᠣᠨ ᠤ ᠲᠤᠰ ᠪᠡᠶ᠎ᠡ ᠶᠢᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠭᠰᠠᠨ᠃ ᠨᠠᠮ ᠢ ᠪᠥᠬᠦ ᠲᠠᠯ᠎ᠠ ᠪᠠᠷ ᠴᠢᠩᠳᠠᠯᠠᠨ ᠵᠠᠰᠠᠬᠤ ᠱᠠᠭᠠᠷᠳᠠᠯᠭ᠎ᠠ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠲᠤᠤᠱᠯᠠᠭᠳᠠᠨ ᠨᠡᠪᠲᠡᠷᠡᠵᠦ᠂ ︽ᠬᠤᠶᠠᠷ ᠢ ᠰᠤᠷᠴᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠥᠵᠢᠯ ᠢ ᠬᠡᠪᠰᠢᠭᠦᠯᠵᠦ ᠳᠥᠷᠢᠮᠵᠢᠭᠦᠯᠬᠦ ᠶᠠᠪᠤᠳᠠᠯ ᠯᠠᠪᠳᠠᠭᠤᠨ ᠪᠠᠲᠤᠲᠠᠢ ᠤᠷᠤᠭᠰᠢᠯᠠᠵᠤ᠂ ᠪᠠᠶᠢᠭᠤᠯᠤᠯᠭ᠎ᠠ ᠵᠢᠴᠢ ᠨᠠᠮ ᠤᠨ ᠭᠡᠰᠢᠭᠦᠨ ᠺᠠᠳ᠋ᠷ ᠤᠨ ᠠᠵᠢᠯ ᠤᠨ ᠰᠤᠷᠲᠠᠯ ᠢᠯᠡᠳᠲᠡ ᠥᠭᠡᠷᠡᠴᠢᠯᠡᠭᠳᠡᠵᠦ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠮ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠵᠤ ᠪᠤᠢ︔ ᠴᠢᠭᠴᠢ ᠵᠠᠰᠠᠭ ᠤᠨ ᠬᠤᠷᠠᠯᠳᠤᠭᠠᠨ ᠢ ᠬᠤᠶᠠᠷ ᠤᠳᠠᠭ᠎ᠠ ᠬᠤᠷᠠᠯᠳᠤᠭᠤᠯᠵᠤ᠂ 131 ᠬᠥᠮᠥᠨ ᠤᠳᠠᠭ᠎ᠠ ᠪᠣᠯᠵᠣᠨ ᠶᠠᠷᠢᠯᠴᠠᠵᠤ᠂ 24 ᠬᠥᠮᠥᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠪᠡᠶᠡᠯᠡᠭᠦᠯᠵᠦ᠂ ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ ᠶᠢ ᠲᠠᠰᠤᠷᠠᠯ ᠦᠭᠡᠢ ᠡᠷᠴᠢᠮᠵᠢᠭᠦᠯᠦᠭᠰᠡᠨ ᠪᠠᠶᠢᠨ᠎ᠠ︔ ᠪᠠᠶᠢᠭᠤᠯᠤᠮᠵᠢ᠂ ᠣᠷᠣᠨ ᠲᠤᠭ᠎ᠠ᠂ ᠠᠵᠢᠯᠲᠠᠨ ᠤ ᠶᠠᠪᠤᠳᠠᠯ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠲᠥᠷᠥᠯ ᠵᠥᠢᠯ᠂ ᠢᠨᠵᠧᠨᠧᠷᠢᠩ ᠤᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠵᠡᠷᠭᠡ ᠬᠦᠷᠢᠶᠡᠨ ᠳᠠᠬᠢ ᠵᠢᠷᠤᠮᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠡᠯ᠎ᠡ ᠱᠠᠲᠤᠨ ᠤ ᠲᠣᠭᠤᠷᠢᠨ ᠦᠵᠡᠬᠦ᠂ ᠬᠢᠨᠠᠨ ᠪᠠᠶᠢᠴᠠᠭᠠᠬᠤ᠂ ᠬᠢᠨᠠᠨ ᠪᠣᠳᠣᠯᠲᠠ ᠪᠠᠷ ᠳᠠᠮᠵᠢᠨ ᠬᠤᠷᠢᠶᠠᠭᠰᠠᠨ ᠰᠠᠨᠠᠯ ᠶᠢ ᠴᠡᠭᠴᠡᠯᠡᠨ ᠥᠭᠡᠷᠡᠴᠢᠯᠡᠬᠦ ᠠᠵᠢᠯ ᠦᠨᠳᠦᠰᠦᠨ ᠳᠡᠭᠡᠨ ᠳᠠᠭᠤᠰᠴᠤ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠯᠴᠠᠭ᠎ᠠ ᠠᠯᠬᠤᠮ ᠠᠯᠬᠤᠮ ᠢᠶᠠᠷ ᠪᠦᠷᠢᠯᠳᠦᠭᠰᠡᠨ ᠪᠠᠶᠢᠨ᠎ᠠ ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠵᠥᠪᠯᠡᠮᠵᠢ ᠶᠢ ᠥᠷᠭᠡᠨ ᠳᠡᠯᠭᠡᠷ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠵᠥᠪᠯᠡᠮᠵᠢ 56 ᠵᠥᠢᠯ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ 55 ᠵᠥᠢᠯ ᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ 100% ᠳᠤ ᠬᠦᠷᠦᠭᠰᠡᠨ ᠪᠠᠶᠢᠨ᠎ᠠ︔ ᠬᠠᠤᠯᠢ ᠳᠥᠷᠢᠮ ᠤᠨ ᠬᠢᠨᠠᠯᠲᠠ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠪᠥᠬᠦ ᠲᠠᠯ᠎ᠠ ᠪᠠᠷ ᠪᠠᠶᠢᠭᠤᠯᠤᠭᠳᠠᠵᠤ᠂ 2870 ᠵᠥᠢᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠲᠣᠳᠣ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠡᠷᠡᠭ ᠶᠠᠪᠤᠳᠠᠯ ᠪᠥᠬᠦᠨ ᠢ ᠵᠠᠰᠠᠭ ᠤᠨ ᠶᠠᠪᠤᠳᠠᠯ ᠤᠨ ᠲᠢᠩᠬᠢᠮ ᠳᠤ ᠬᠠᠷᠢᠶᠠᠯᠠᠭᠤᠯᠵᠤ᠂ ᠵᠢᠭᠰᠠᠭᠠᠯᠲᠠ ᠶᠢᠨ ᠳᠦᠷᠢᠮ ᠤᠨ ᠬᠠᠮᠢᠶᠠᠷᠤᠯᠲᠠ ᠡᠮᠬᠢ ᠴᠡᠭᠴᠡ ᠲᠠᠢ ᠶᠠᠪᠤᠭᠳᠠᠵᠤ᠂ ᠬᠠᠤᠯᠢᠵᠢᠭᠰᠠᠨ ᠵᠠᠰᠠᠭ ᠤᠨ ᠣᠷᠳᠣᠨ᠂ ᠴᠢᠭᠴᠢ ᠵᠠᠰᠠᠭ ᠤᠨ ᠣᠷᠳᠣᠨ᠂ ᠦᠢᠯᠡᠳᠦᠯ ᠴᠢᠳᠠᠪᠤᠷᠢ ᠪᠦᠬᠦᠢ ᠵᠠᠰᠠᠭ ᠤᠨ ᠣᠷᠳᠣᠨ ᠤ ᠪᠥᠲᠦᠭᠡᠨ ᠪᠠᠶᠢᠭᠤᠯᠤᠯᠲᠠ ᠪᠣᠳᠠᠲᠠᠢ ᠦᠷ᠎ᠡ ᠪᠥᠲᠦᠮᠵᠢ ᠣᠯᠣᠭᠰᠠᠨ ᠪᠠᠶᠢᠨ᠎ᠠ᠃ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠬᠤᠷᠸ᠎ᠠ ᠠᠬᠤᠢ ᠪᠠᠶᠢᠳᠠᠯ ᠬᠥᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ᠂ ᠬᠦᠴᠢᠷ ᠲᠥᠪᠡᠭᠳᠡᠯ ᠤᠨ ᠳᠠᠷᠤᠭᠠᠰᠤ ᠰᠠᠨᠠᠭᠠᠨ ᠠᠴᠠ ᠭᠠᠳᠠᠭᠤᠷ ᠬᠥᠨᠳᠦ᠂ ᠵᠥᠷᠢᠴᠡᠯ ᠪᠠ ᠭᠡᠨᠡᠨ ᠲᠥᠭᠰᠢᠭᠦᠷᠢ ᠵᠣᠭᠰᠣᠯᠲᠠ ᠦᠭᠡᠢ ᠣᠯᠠᠰᠢᠷᠠᠭᠰᠠᠨ ᠪᠠᠶᠢᠳᠠᠯ ᠳᠣᠣᠷ᠎ᠠ ᠪᠥᠬᠦ ᠰᠢᠶᠠᠨ ᠤ ᠡᠯ᠎ᠡ ᠱᠠᠲᠤᠨ ᠤ ᠬᠥᠮᠥᠰ ᠰᠡᠳᠬᠢᠯ ᠨᠢᠭᠡᠳᠦᠨ ᠪᠥᠯᠬᠦᠮᠳᠡᠨ ᠲᠡᠮᠡᠴᠡᠭᠰᠡᠨ ᠠᠴᠠ ᠥᠭᠡᠷᠡᠴᠢᠯᠡᠯᠲᠡ ᠬᠥᠭᠵᠢᠯᠲᠡ ᠲᠣᠭᠲᠠᠪᠤᠷᠢᠵᠢᠭᠤᠯᠤᠯᠲᠠ ᠶᠢᠨ ᠡᠯ᠎ᠡ ᠲᠥᠷᠥᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠮᠦᠨ ᠬᠦᠴᠢᠷ ᠲᠥᠪᠡᠭᠳᠡᠯ ᠤᠨ ᠡᠮᠦᠨ᠎ᠡ ᠬᠠᠲᠠᠭᠤᠵᠢᠯᠲᠠᠢ ᠪᠠᠷ ᠤᠷᠤᠭᠰᠢᠯᠠᠬᠤ ᠢᠲᠡᠭᠡᠯ ᠵᠣᠷᠢᠭ ᠢ ᠬᠥᠪᠴᠢᠯᠡᠨ ᠴᠢᠩᠭᠠᠷᠠᠭᠤᠯᠤᠭᠰᠠᠨ ᠪᠠᠶᠢᠨ᠎ᠠ᠃ ᠡᠨᠡᠬᠦ ᠬᠢᠷᠢ ᠪᠥᠲᠦᠮᠵᠢ ᠳᠤ ᠬᠦᠷᠦᠭᠰᠡᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠦᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠲᠤᠰᠠᠯᠠᠮᠵᠢ ᠶᠢᠨ ᠦᠷ᠎ᠡ ᠳ᠋ᠦᠩ ᠮᠦᠨ᠂ ᠨᠡᠩ ᠢᠯᠠᠩᠭᠤᠶ᠎ᠠ ᠪᠥᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠥᠮᠡᠨ ᠤ ᠢᠲᠡᠭᠡᠯ ᠨᠠᠶᠢᠳᠠᠯᠭ᠎ᠠ ᠬᠠᠪᠰᠤᠷᠤᠯᠭ᠎ᠠ ᠳᠡᠮᠵᠢᠯᠭᠡ ᠶᠢᠨ ᠦᠷ᠎ᠡ ᠳ᠋ᠦᠩ ᠪᠣᠯᠬᠤ ᠶᠤᠮ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠵᠦᠧᠧᠽᠢ ᠰᠢᠶᠠᠨ ᠤ ᠬᠥᠭᠵᠢᠯᠲᠡ ᠶᠢ ᠬᠠᠯᠠᠮᠵᠢᠯᠠᠵᠤ᠂ ᠬᠥᠭᠵᠢᠭᠦᠯᠦᠯᠲᠡ ᠳᠤ ᠣᠷᠣᠯᠴᠠᠵᠤ᠂ ᠬᠥᠭᠵᠢᠯᠲᠡ ᠶᠢ ᠳᠡᠮᠵᠢᠵᠦ ᠪᠠᠶᠢᠭ᠎ᠠ ᠪᠥᠬᠦ᠋ᠢᠯᠡ ᠨᠥᠬᠦᠳ᠂ ᠨᠠᠶᠢᠵᠠ ᠨᠠᠷ ᠬᠢᠭᠡᠳ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠥᠨᠳᠦᠳᠬᠡᠯ ᠢᠶᠠᠨ ᠳᠡᠪᠰᠢᠭᠦᠯᠵᠦ ᠪᠠᠶᠢᠨ᠎ᠠ᠃ᠦᠷ᠎ᠡ ᠪᠥᠲᠦᠮᠵᠢ ᠪᠠᠨ ᠬᠤᠷᠢᠶᠠᠬᠤ ᠶᠢᠨ ᠵᠡᠷᠭᠡᠴᠡᠭᠡ ᠪᠢᠳᠡ ᠡᠷᠬᠡᠪᠡᠰᠢ ᠵᠦᠧᠧᠽᠢ ᠰᠢᠶᠠᠨ ᠤ ᠬᠥᠭᠵᠢᠯᠲᠡ ᠶᠢᠨ ᠳᠣᠷᠣᠢ ᠪᠠᠶᠢᠳᠠᠯ ᠢ ᠪᠤᠢ ᠪᠣᠯᠭᠠᠭᠰᠠᠨ ᠰᠢᠶᠠᠨ ᠤ ᠪᠣᠳᠠᠲᠤ ᠪᠠᠶᠢᠳᠠᠯ ᠦᠨᠳᠦᠰᠦᠨ ᠠᠴᠠ ᠪᠠᠨ ᠥᠭᠡᠷᠡᠴᠢᠯᠡᠭᠳᠡᠭᠡᠳᠦᠢ᠂ ᠬᠥᠭᠵᠢᠯᠲᠡ ᠶᠢᠨ ᠳᠤᠮᠳᠠ ᠲᠡᠩᠴᠡᠭᠦᠷᠢ ᠦᠭᠡᠢ᠂ ᠲᠡᠭᠦᠯᠳᠡᠷ ᠪᠤᠰᠤ ᠠᠰᠠᠭᠤᠳᠠᠯ ᠮᠦᠨ ᠯᠡ ᠳᠣᠪᠤᠶᠢᠮ᠎ᠠ ᠢᠯᠡᠷᠡᠵᠦ᠂ ᠪᠡᠶᠡᠲᠦ ᠠᠵᠤ ᠠᠬᠤᠢ ᠪᠠᠭ᠎ᠠ ᠪᠤᠰᠤ ᠬᠦᠴᠢᠷᠳᠡᠯ ᠳᠤ ᠲᠤᠯᠭᠠᠷᠠᠵᠤ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠥᠨᠳᠥᠷ ᠪᠤᠰᠤ︔ ᠲᠥᠷᠥᠯ ᠵᠥᠢᠯ ᠤᠨ ᠲᠤᠯᠭᠠᠭᠤᠷᠢᠯᠠᠬᠤ ᠴᠢᠳᠠᠪᠤᠷᠢ ᠬᠢᠵᠠᠭᠠᠷ ᠲᠠᠢ᠂ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠠᠷᠠᠢ ᠪᠠᠭ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠣᠪᠤᠶᠢᠮ᠎ᠠ᠂ ᠥᠷᠢ ᠥᠭᠴᠡᠭᠡ ᠶᠢ ᠴᠡᠪᠡᠷᠯᠡᠬᠦ ᠳᠠᠷᠤᠭᠠᠰᠤ ᠬᠥᠨᠳᠦᠷᠡᠭᠰᠡᠨ︔ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠬᠥᠨᠳᠦ ᠵᠠᠮ ᠬᠤᠯᠠ ᠪᠥᠭᠡᠳ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠴᠢᠩᠭ᠎ᠠ ᠪᠠᠶᠢᠵᠤ ᠠᠮᠢ ᠠᠬᠤᠢ ᠶᠢᠨ ᠵᠠᠰᠠᠨ ᠰᠡᠷᠭᠦᠭᠡᠯᠲᠡ ᠪᠠ ᠪᠣᠬᠢᠷᠲᠤᠯ ᠢ ᠵᠠᠰᠠᠬᠤ ᠳᠤ ᠪᠠᠰᠠ ᠨᠡᠩ ᠶᠡᠭᠡ ᠬᠡᠮᠵᠢᠶᠡᠨ ᠤ ᠴᠢᠷᠮᠠᠶᠢᠯᠭ᠎ᠠ ᠴᠢᠬᠤᠯᠠᠲᠠᠢ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠪᠣᠯᠣᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢᠨ ᠬᠤᠭᠤᠷᠣᠨᠳᠤ ᠮᠦᠨ ᠯᠡ ᠨᠡᠯᠢᠶᠡᠳ ᠶᠡᠭᠡ ᠵᠥᠷᠢᠶ᠎ᠡ ᠣᠷᠣᠰᠢᠵᠤ ᠪᠤᠢ︔ ᠬᠡᠰᠡᠭ ᠪᠥᠯᠥᠭ ᠺᠠᠳ᠋ᠷ ᠤᠨ ᠠᠵᠢᠯ ᠤᠨ ᠰᠤᠷᠲᠠᠯ ᠪᠠ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ ᠬᠢ ᠤᠬᠠᠮᠰᠠᠷ ᠴᠢᠩᠭ᠎ᠠ ᠪᠢᠰᠢ ᠵᠡᠷᠭᠡ ᠵᠡᠷᠭᠡ ᠪᠠᠶᠢᠳᠠᠯ ᠢ ᠬᠤᠷᠴᠠ ᠰᠡᠷᠭᠡᠭ ᠢᠶᠠᠷ ᠲᠠᠨᠢᠨ ᠮᠡᠳᠡᠷᠡᠬᠦ ᠴᠢᠬᠤᠯᠠᠲᠠᠢ᠃ ᠡᠳᠡᠭᠡᠷ ᠬᠦᠴᠢᠷ ᠪᠡᠷᠬᠡᠰᠢᠶᠡᠯ ᠪᠠ ᠠᠰᠠᠭᠤᠳᠠᠯ ᠳᠤ ᠬᠠᠨᠳᠤᠬᠤ ᠳᠠᠭᠠᠨ ᠪᠢᠳᠡ ᠡᠷᠬᠡᠪᠡᠰᠢ ᠠᠰᠠᠭᠤᠳᠠᠯ ᠤᠨ ᠴᠢᠭᠯᠡᠯ ᠮᠥᠷᠳᠡᠯᠭᠡ ᠶᠢ ᠪᠠᠷᠢᠮᠲᠠᠯᠠᠵᠤ ᠵᠣᠷᠢᠭᠲᠠᠢ ᠪᠠᠷ ᠥᠪᠡᠷ ᠢ ᠪᠠᠨ ᠵᠠᠰᠠᠨ ᠵᠠᠯᠠᠷᠠᠭᠤᠯᠵᠤ᠂ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ ᠡᠯ᠎ᠡ ᠲᠥᠷᠥᠯ ᠤᠨ ᠠᠵᠢᠯ ᠢ ᠨᠡᠩ ᠰᠠᠶᠢᠨ ᠪᠡᠶᠡᠯᠡᠭᠦᠯᠬᠦ ᠪᠠᠷ ᠴᠢᠷᠮᠠᠶᠢᠵᠠᠭᠠᠶ᠎ᠠ︕ᠬᠤᠶᠠᠷ᠂ 2018 ᠣᠨ ᠤ ᠭᠤᠣᠯᠳᠠᠯᠭ᠎ᠠ ᠲᠠᠢ ᠠᠵᠢᠯ    2018 ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠡ ᠨᠡᠬᠡᠭᠡᠯᠲᠡ ᠶᠢᠨ 40 ᠵᠢᠯ ᠤᠨ ᠣᠢ ᠪᠣᠯᠣᠨ᠎ᠠ᠂ ᠮᠦᠨ ᠴᠤ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠩᠬᠠᠨ ᠤ ᠣᠨ ᠪᠣᠯᠬᠤ ᠶᠤᠮ᠂ ᠡᠶᠢᠮᠦ ᠠᠴᠠ ᠵᠠᠰᠠᠭ ᠤᠨ ᠣᠷᠳᠣᠨ ᠤ ᠡᠯ᠎ᠡ ᠲᠥᠷᠥᠯ ᠤᠨ ᠠᠵᠢᠯ ᠢ ᠰᠠᠶᠢᠲᠤᠷ ᠬᠢᠵᠦ ᠪᠡᠶᠡᠯᠡᠭᠦᠯᠬᠦ ᠡᠭᠦᠷᠭᠡ ᠬᠥᠨᠳᠦ ᠪᠥᠭᠡᠳ ᠠᠯᠤᠰ ᠬᠡᠲᠦ ᠶᠢᠨ ᠤᠳᠬ᠎ᠠ ᠠᠭᠤᠯᠭ᠎ᠠ ᠲᠠᠢ ᠶᠤᠮ᠃ ᠲᠤᠰ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠥᠭᠦᠳᠡ ᠬᠤᠷᠠᠯᠳᠤᠭᠠᠨ ᠬᠢᠭᠡᠳ ᠲᠥᠪ ᠤᠨ ᠠᠵᠤ ᠠᠬᠤᠢ ᠶᠢᠨ ᠠᠵᠢᠯ ᠤᠨ ᠪᠠ ᠬᠥᠳᠡᠭᠡ ᠲᠤᠰᠬᠤᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠴᠢᠩᠭ᠎ᠠ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠢᠶᠠᠷ ᠳᠠᠪᠰᠢᠬᠤ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠨᠡᠶᠢᠭᠡᠮ ᠤᠨ ᠭᠤᠣᠯ ᠵᠥᠷᠢᠴᠡᠯ ᠤᠨ ᠰᠢᠨ᠎ᠡ ᠬᠤᠪᠢᠷᠠᠯᠲᠠ ᠶᠢ ᠲᠠᠯᠪᠢᠯ ᠦᠭᠡᠢ ᠪᠠᠷᠢᠵᠤ᠂ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢᠨ ᠱᠠᠭᠠᠷᠳᠠᠯᠭ᠎ᠠ ᠶᠢᠨ ᠳᠠᠭᠠᠤ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠤᠷᠤᠭᠰᠢᠯᠠᠭᠤᠯᠵᠤ᠂ ︽ᠳᠥᠷᠪᠡᠨ ᠪᠥᠬᠦ ᠲᠠᠯ᠎ᠠ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠤᠷᠤᠭᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠪᠠᠷ ᠬᠢ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠴᠠᠯᠭᠢᠯᠠᠨ ᠬᠠᠯᠭᠢᠯᠠᠬᠤ ᠶᠡᠭᠡ ᠲᠦᠷᠭᠡᠨ ᠭᠤᠣᠯ᠂ ᠴᠡᠪᠡᠷ ᠦᠵᠡᠰᠭᠦᠯᠡᠩ ᠨᠣᠭᠤᠭᠠᠨ ᠬᠤᠩᠭᠢᠯ᠂ ᠰᠡᠯᠡᠭᠦᠴᠡᠨ ᠰᠤᠪᠢᠯᠠᠬᠤ ᠰᠠᠶᠢᠬᠠᠨ ᠣᠷᠣᠨ᠂ ᠰᠣᠶᠣᠯ ᠡᠷᠳᠡᠮᠲᠦ ᠵᠦᠧᠧᠽᠢ ᠱᠠᠨ︾ ᠬᠥᠭᠵᠢᠯᠲᠡ ᠶᠢᠨ ᠳᠥᠷᠪᠡᠨ ᠵᠣᠭᠰᠤᠴᠠ ᠳᠤ ᠬᠥᠯ ᠲᠣᠭᠲᠠᠵᠤ᠂ ᠬᠥᠨᠳᠦ ᠴᠢᠬᠤᠯᠠ ᠭᠡᠨᠡᠨ ᠲᠥᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ᠂ ᠨᠠᠷᠢᠯᠢᠭ ᠣᠨᠣᠪᠴᠢᠲᠠᠢ ᠶᠠᠳᠠᠭᠤ ᠶᠢ ᠲᠡᠳᠬᠦᠬᠦ᠂ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠬᠡᠪᠡᠰᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠡᠷᠴᠢᠮᠵᠢᠭᠦᠯᠵᠦ᠂ ᠵᠦᠧᠧᠽᠢ ᠰᠢᠶᠠᠨ ᠤ ᠠᠵᠤ ᠠᠬᠤᠢ ᠨᠡᠶᠢᠭᠡᠮ ᠤᠨ ᠨᠡᠩ ᠥᠨᠳᠥᠷ ᠲᠦᠪᠰᠢᠨ ᠤ ᠨᠡᠩ ᠥᠨᠳᠥᠷ ᠴᠢᠨᠰᠠᠭ᠎ᠠ ᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ᠭᠤᠣᠯ ᠪᠣᠯᠬᠤ ᠤᠷᠢᠳᠴᠢᠯᠠᠨ ᠲᠥᠰᠥᠪᠯᠡᠭᠰᠡᠨ ᠬᠠᠷᠠᠯᠲᠠ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠥᠪᠯᠡᠭᠰᠡᠨ ᠣᠷᠣᠯᠭ᠎ᠠ ᠶᠢ 5% ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ 8.5% ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠳᠤ ᠲᠡᠭᠰᠢᠳᠬᠡᠭᠰᠡᠨ ᠣᠷᠣᠯᠭ᠎ᠠ ᠶᠢ ᠲᠤᠰ ᠲᠤᠰ 9% ᠪᠠ 9.8% ᠨᠡᠮᠡᠭᠳᠡᠭᠦᠯᠦᠨ᠎ᠡ᠃ᠳᠡᠭᠡᠷᠡᠬᠢ ᠰᠡᠳᠬᠢᠮᠵᠢ ᠪᠠ ᠬᠠᠷᠠᠯᠲᠠ ᠶᠢᠨ ᠲᠣᠭᠤᠷᠢᠨ ᠳᠤ ᠳᠠᠷᠠᠭᠠᠬᠢ ᠠᠵᠢᠯ ᠢ ᠭᠤᠣᠯᠳᠠᠯᠭ᠎ᠠ ᠲᠠᠢ ᠪᠠᠷ ᠰᠠᠶᠢᠲᠤᠷ ᠬᠢᠵᠦ ᠪᠡᠶᠡᠯᠡᠭᠦᠯᠦᠨ᠎ᠡ᠄    ︵ ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠬᠡᠪᠡᠰᠢ ᠰᠠᠶᠢᠲᠤᠷ ᠬᠢᠵᠦ ᠪᠥᠬᠦ ᠬᠦᠴᠦᠨ ᠢᠶᠠᠷ ᠢᠶᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠲᠡᠮᠡᠴᠡᠨ ᠣᠯᠣᠨ᠎ᠠᠡᠨᠡ ᠪᠣᠯ ᠠᠵᠤ ᠠᠬᠤᠢ ᠶᠢ ᠥᠨᠳᠥᠷ ᠴᠢᠨᠰᠠᠭ᠎ᠠ ᠲᠠᠢ ᠬᠥᠭᠵᠢᠯᠲᠡ ᠳᠤ ᠰᠢᠯᠵᠢᠭᠦᠯᠵᠦ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠵᠠᠪᠠᠯ ᠳᠠᠪᠠᠭ᠋ᠤ ᠶᠣᠰᠣᠲᠠᠢ ᠬᠥᠨᠳᠦ ᠴᠢᠬᠤᠯᠠ ᠪᠣᠭᠤᠮᠲᠠ ᠮᠦᠨ᠂ ᠪᠢᠳᠡᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠠᠵᠢᠯ ᠤᠨ ᠭᠤᠣᠯᠳᠠᠯᠭ᠎ᠠ ᠴᠥᠮ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠡᠭᠡᠷ᠎ᠡ ᠬᠦᠴᠦᠨ ᠢᠶᠠᠨ ᠲᠥᠪᠯᠡᠷᠡᠭᠦᠯᠬᠦ ᠶᠤᠮ᠃    ᠬᠥᠨᠳᠦ ᠴᠢᠬᠤᠯᠠ ᠭᠡᠨᠡᠨ ᠲᠥᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡᠨ ᠤ ᠭᠡᠨᠡᠨ ᠲᠥᠭᠰᠢᠭᠦᠷᠢ ᠶᠢ ᠪᠥᠲᠥᠮᠵᠢᠲᠡᠢ ᠰᠡᠷᠭᠡᠶᠢᠯᠡᠨ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ ᠶᠢ ᠴᠢᠩᠭᠠᠳᠬᠠᠵᠤ ᠲᠥᠰᠥᠪ ᠤᠨ ᠲᠣᠬᠢᠷᠠᠭᠤᠯᠭ᠎ᠠ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠬᠤ᠂ ᠠᠪᠤᠴᠠᠭᠠᠨ ᠤ ᠡᠷᠬᠡ ᠶᠢᠨ ᠰᠣᠯᠢᠯᠲᠠ᠂ ᠬᠥᠷᠥᠩᠭᠡ ᠶᠢᠨ ᠳᠠᠬᠢᠨ ᠪᠦᠷᠢᠯᠳᠦᠯ᠂ ᠡᠬᠢ ᠪᠠᠶᠠᠯᠢᠭ ᠢ ᠢᠳᠡᠪᠬᠢᠵᠢᠭᠦᠯᠬᠦ ᠵᠡᠷᠭᠡ ᠠᠷᠭ᠎ᠠ ᠠᠪᠴᠢᠯ ᠢ ᠬᠡᠷᠡᠭᠯᠡᠨ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠨᠥᠭᠡᠴᠡᠯᠡᠭᠳᠡᠭᠰᠡᠨ ᠥᠷᠢ ᠥᠭᠴᠡᠭᠡ ᠶᠢ ᠴᠡᠪᠡᠷᠯᠡᠨ᠎ᠡ᠃ ︽ᠭᠤᠷᠪᠠᠨ ᠠᠯᠪᠠᠨ︾ ᠤ ᠵᠠᠷᠤᠯᠭ᠎ᠠ ᠶᠢ ᠪᠠᠭᠠᠰᠬᠠᠵᠤ᠂ ᠪᠥᠬᠦ ᠰᠢᠶᠠᠨ ᠤ ᠡᠯ᠎ᠡ ᠱᠠᠲᠤᠨ ᠤ ᠬᠢᠨ ᠠᠷᠪᠢᠯᠠᠨ ᠬᠡᠮᠨᠡᠬᠦ ᠦᠵᠡᠯ ᠰᠠᠨᠠᠭ᠎ᠠ ᠶᠢ ᠪᠤᠢ ᠪᠣᠯᠭᠠᠵᠤ᠂ ᠡᠳ᠋ ᠤᠨ ᠵᠠᠰᠠᠭ ᠤᠨ ᠳᠣᠲᠣᠭᠠᠳᠤ ᠬᠠᠮᠢᠶᠠᠷᠤᠯᠲᠠ ᠵᠢᠴᠢ ᠡᠯ᠎ᠡ ᠲᠠᠯ᠎ᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠴᠢᠩᠭᠠᠳᠬᠠᠵᠤ᠂ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠪᠠᠭᠠᠰᠬᠠᠵᠤ᠂ ᠥᠷᠢ ᠥᠭᠴᠡᠭᠡ ᠪᠠᠨ ᠠᠷᠢᠯᠭᠠᠬᠤ ᠠᠷᠭ᠎ᠠ ᠵᠠᠮ ᠢ ᠥᠷᠭᠡᠳᠬᠡᠵᠦ᠂ ᠨᠢᠭᠡ ᠵᠢᠯ ᠳᠤ 7.39 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠲᠥᠰᠥᠪ ᠤᠨ ᠬᠢᠵᠠᠭᠠᠷᠯᠠᠯ ᠢ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠠᠵᠢᠯᠯᠠᠵᠤ ᠣᠷᠣᠯᠭ᠎ᠠ ᠶᠢᠨ ᠢᠶᠠᠨ ᠬᠡᠮᠵᠢᠶᠡᠨ ᠳᠤ ᠵᠠᠷᠤᠴᠠᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠥᠢᠯ᠂ ᠵᠢᠭᠡᠯᠡᠯᠭᠡ ᠪᠠᠷ ᠬᠥᠷᠥᠩᠭᠡᠵᠢᠭᠦᠯᠬᠦ᠂ ᠰᠠᠭᠤᠷᠢ ᠮᠥᠩᠭᠦᠨ ᠤ ᠡᠵᠡᠩᠨᠡᠯᠲᠡ ᠡᠷᠭᠢᠯᠲᠡ ᠬᠢᠭᠡᠳ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭᠠᠨ ᠢ ᠴᠢᠩᠭ᠎ᠠ ᠬᠢᠨᠠᠮᠠᠭᠠᠢ ᠲᠥᠯᠥᠪᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡᠨ ᠤ ᠨᠡᠮᠡᠭᠳᠡᠯ ᠢ ᠴᠢᠩᠳᠠᠯᠠᠨ ᠬᠢᠵᠠᠭᠠᠷᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠡᠰᠡ ᠵᠥᠪᠰᠢᠶᠡᠷᠡᠭᠰᠡᠨ᠂ ᠲᠥᠰᠥᠪ ᠲᠤ ᠡᠰᠡ ᠲᠣᠬᠢᠷᠠᠭᠤᠯᠤᠭᠰᠠᠨ᠂ ᠪᠡᠯᠡ ᠮᠥᠩᠭᠦᠨ ᠤ ᠡᠬᠢ ᠡᠭᠦᠰᠪᠦᠷᠢ ᠦᠭᠡᠢ ᠰᠢᠨ᠎ᠡ ᠪᠠᠷ ᠨᠡᠮᠡᠭᠰᠡᠨ ᠲᠥᠷᠥᠯ ᠵᠥᠢᠯ ᠢ ᠴᠥᠮ ᠬᠢᠨᠠᠨ ᠵᠥᠪᠰᠢᠶᠡᠷᠡᠵᠦ ᠪᠣᠯᠬᠤ ᠦᠭᠡᠢ᠃ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ ᠶᠢ ᠨᠢ ᠪᠤᠴᠠᠭᠠᠵᠤ ᠪᠠᠶᠢᠴᠠᠭᠠᠵᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ ᠪᠠ ᠬᠢᠨᠠᠨ ᠪᠣᠳᠣᠬᠤ ᠶᠢ ᠴᠢᠩᠭᠠᠳᠬᠠᠵᠤ᠂ ᠬᠠᠤᠯᠢ ᠳᠦᠷᠢᠮ ᠢ ᠵᠥᠷᠢᠴᠡᠵᠦ ᠥᠷᠢ ᠲᠠᠯᠪᠢᠭᠰᠠᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠰᠢᠩ ᠱᠧᠩ ᠮᠡᠲᠦ ᠶᠢᠨ ᠵᠠᠰᠠᠭ ᠤᠨ ᠣᠷᠳᠣᠨ ᠤ ᠪᠡᠯᠡ ᠣᠷᠣᠭᠤᠯᠵᠤ ᠬᠥᠷᠥᠩᠭᠡᠵᠢᠭᠦᠯᠬᠦ ᠲᠠᠪᠴᠠᠩ ︵ᠺᠣᠮᠫᠠᠨᠢ︶ ᠤᠨ ᠢᠯᠡ ᠲᠣᠳᠣ ᠮᠥᠷᠲᠡᠭᠡᠨ ᠬᠠᠤᠯᠢ ᠳᠦᠷᠢᠮ ᠳᠤ ᠨᠡᠶᠢᠴᠡᠭᠰᠡᠨ ᠦᠢᠯᠡ ᠠᠵᠢᠯᠯᠠᠭᠠᠨ ᠢ ᠲᠦᠯᠬᠢᠨ ᠠᠬᠢᠭᠤᠯᠵᠤ᠂ ᠲᠡᠭᠦᠨ ᠤ ᠵᠠᠬ᠎ᠠ ᠳᠡᠯᠭᠡᠭᠦᠷᠴᠢᠯᠡᠬᠦ ᠬᠡᠯᠪᠡᠷᠢ ᠶᠢᠨ ᠰᠢᠯᠵᠢᠯᠲᠡ ᠶᠢ ᠲᠥᠷᠥᠯ ᠬᠤᠪᠢᠶᠠᠨ ᠲᠦᠯᠬᠢᠨ ᠠᠬᠢᠭᠤᠯᠵᠤ᠂ ᠺᠣᠮᠫᠠᠨᠢ ᠶᠢᠨ ᠪᠡᠯᠡ ᠣᠷᠣᠭᠤᠯᠵᠤ ᠬᠥᠷᠥᠩᠭᠡᠵᠢᠬᠦ ᠴᠢᠳᠠᠪᠤᠷᠢ ᠶᠢ ᠤᠯᠠᠮ ᠨᠡᠮᠡᠭᠳᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠨ᠎ᠠ︔ ᠥᠷᠢ ᠥᠭᠴᠡᠭᠡ ᠶᠢ ᠠᠷᠢᠯᠭᠠᠬᠤ ᠪᠠ ᠬᠥᠭᠵᠢᠯᠲᠡ ᠶᠢᠨ ᠬᠠᠷᠢᠴᠠᠭ᠎ᠠ ᠶᠢ ᠵᠥᠢ ᠵᠣᠬᠢᠰᠲᠠᠢ ᠪᠠᠷ ᠨᠢᠭᠡᠳᠦᠯᠲᠡᠢ ᠲᠥᠯᠥᠪᠯᠡᠵᠦ᠂ ᠡᠮᠬᠢ ᠵᠢᠷᠤᠮ ᠲᠠᠢ ᠪᠠᠷ ᠥᠷᠢ ᠥᠭᠴᠡᠭᠡ ᠶᠢ ᠠᠷᠢᠯᠭᠠᠬᠤ ᠮᠥᠷᠲᠡᠭᠡᠨ ᠵᠣᠬᠢᠰ ᠦᠭᠡᠢ ᠵᠢᠭᠡᠯᠡᠯᠭᠡ ᠶᠢ ᠡᠷᠡᠰ ᠬᠤᠷᠢᠭᠯᠠᠵᠤ᠂ ᠪᠠᠰᠠ ᠳᠡᠭᠡᠳᠦ ᠱᠠᠲᠤᠨ ᠠᠴᠠ ᠢᠳᠡᠪᠬᠢᠲᠡᠢ ᠪᠠᠷ ᠪᠡᠯᠡ ᠮᠥᠩᠭᠦ ᠬᠥᠭᠡᠭᠡᠴᠡᠯᠳᠦᠵᠦ᠂ ᠬᠠᠤᠯᠢ ᠳᠦᠷᠢᠮ ᠳᠤ ᠨᠡᠶᠢᠴᠡᠭᠦᠯᠦᠨ ᠬᠥᠷᠥᠩᠭᠡᠵᠢᠭᠦᠯᠵᠦ᠂ ᠠᠷᠠᠯᠵᠢᠶᠠᠴᠢᠨ ᠢ ᠤᠷᠢᠵᠤ ᠪᠡᠯᠡ ᠲᠠᠲᠠᠵᠤ᠂ ᠥᠷᠢ ᠥᠭᠴᠡᠭᠡ ᠪᠠᠨ ᠠᠷᠢᠯᠭᠠᠬᠤ ᠠᠵᠢᠯ ᠪᠠᠷ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠵᠠ ᠲᠣᠬᠢᠶᠠᠯ ᠪᠣᠯᠭᠠᠨ᠎ᠠ᠃ ᠮᠥᠩᠭᠦᠨ ᠭᠦᠢᠯᠭᠡᠭᠡᠨ ᠤ ᠭᠡᠨᠡᠨ ᠲᠥᠭᠰᠢᠭᠦᠷᠢ ᠶᠢ ᠪᠥᠲᠥᠮᠵᠢᠲᠡᠢ ᠰᠡᠷᠭᠡᠶᠢᠯᠡᠨ ᠡᠵᠡᠮᠳᠡᠵᠦ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠮᠡᠲᠦ ᠶᠢᠨ ᠬᠠᠤᠯᠢ ᠳᠦᠷᠢᠮ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭᠠᠨ ᠳᠤ ᠴᠢᠩᠭ᠎ᠠ ᠬᠦᠴᠦᠲᠡᠢ ᠴᠣᠬᠢᠯᠲᠠ ᠥᠭᠴᠦ᠂ ᠲᠠᠷᠢᠶᠠᠯᠠᠩ ᠤᠨ ᠢᠲᠡᠭᠡᠮᠵᠢ ᠶᠢᠨ ᠬᠤᠷᠰᠢᠶᠠᠵᠢᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠬᠢᠰ ᠦᠭᠡᠢ ᠵᠢᠭᠡᠯᠡᠯᠭᠡ ᠶᠢᠨ ᠨᠣᠷᠮ᠎ᠠ ᠶᠢ ᠳᠣᠷᠣᠭᠰᠢᠯᠠᠭᠤᠯᠵᠤ᠂ ᠲᠣᠣᠷ ᠰᠦᠯᠵᠢᠶᠡᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠭᠠᠵᠠᠷ ᠣᠷᠣᠨ ᠤ ᠴᠢᠨᠠᠷᠲᠠᠢ ᠭᠡᠨᠡᠨ ᠲᠥᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ ᠭᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠵᠡᠷᠭᠡ ᠭᠡᠨᠡᠨ ᠲᠥᠭᠰᠢᠭᠦᠷᠢ ᠳᠡᠭᠡᠷ᠎ᠡ ᠠᠩᠬᠠᠷᠤᠯ ᠢᠶᠠᠨ ᠲᠠᠯᠪᠢᠨ᠎ᠠ᠃    ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠥᠨᠳᠦ ᠴᠢᠬᠤᠯᠠ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠢᠶᠠᠷ ᠦᠵᠡᠵᠦ᠂ ︽ᠳᠥᠷᠪᠡᠨ ᠦᠨᠡᠨᠬᠦ︾᠂ ︽ᠵᠢᠷᠭᠤᠭᠠᠨ ᠨᠠᠷᠢᠯᠢᠭ ᠣᠨᠣᠪᠴᠢᠲᠠᠢ︾᠂ ︽ᠲᠠᠪᠤᠨ ᠨᠢᠭᠡ ᠪᠥᠯᠥᠭ︾ ᠤᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠭᠦᠨᠴᠡ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠠᠶᠢᠲᠤᠷ ᠠᠰᠢᠭᠯᠠᠬᠤ ᠪᠠ ᠭᠦᠢᠴᠡᠳ ᠬᠡᠷᠡᠭᠯᠡᠵᠦ᠂ ᠶᠠᠳᠠᠭᠤ ᠶᠢ ᠲᠡᠳᠬᠦᠬᠦ ᠪᠣᠯᠣᠨ ᠵᠣᠷᠢᠭ ᠤᠬᠠᠭᠠᠨ ᠢ ᠨᠢ ᠲᠡᠳᠬᠦᠬᠦ ᠶᠢ ᠬᠠᠷᠢᠯᠴᠠᠨ ᠤᠶᠠᠯᠳᠤᠭᠤᠯᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠶᠠᠳᠠᠭᠤ ᠠᠴᠠ ᠠᠩᠭᠢᠵᠢᠷᠠᠬᠤ ᠳᠣᠲᠣᠭᠠᠳᠤ ᠠᠮᠢᠵᠢᠷᠠᠯ ᠤᠨ ᠬᠦᠴᠦᠨ ᠢ ᠤᠷᠮᠠᠰᠢᠭᠤᠯᠤᠨ ᠬᠥᠭᠵᠢᠭᠡᠵᠦ᠂ ᠨᠠᠷᠢᠯᠢᠭ ᠣᠨᠣᠪᠴᠢᠲᠠᠢ ᠪᠠᠷ ᠲᠠᠨᠢᠬᠤ ᠪᠠ ᠬᠥᠳᠡᠯᠭᠡᠭᠡᠨᠲᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤᠴᠤᠳ ᠢ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠤᠰᠠᠯᠠᠵᠤ᠂ ᠲᠥᠷᠥᠯ ᠬᠤᠪᠢᠶᠠᠨ ᠬᠡᠷᠡᠭᠵᠢᠭᠦᠯᠵᠦ᠂ ︽ᠴᠡᠴᠡᠭ ᠬᠠᠳᠬᠤᠬᠤ︾ ᠡᠷᠳᠡᠮ ᠢᠶᠠᠨ ᠪᠦᠷᠢᠨ ᠭᠦᠢᠴᠡᠳ ᠪᠠᠳᠠᠷᠠᠭᠤᠯᠵᠤ᠂ ᠥᠨᠥ ᠵᠢᠯ ᠳᠡᠭᠡᠨ 4400 ᠬᠥᠮᠥᠨ ᠢ ᠲᠣᠭᠲᠠᠭᠤᠨ ᠪᠠᠲᠤᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠣᠪᠤᠶᠢᠯᠭᠠᠬᠤ᠃ ᠵᠠᠬᠢᠶᠠᠯᠠᠭ᠎ᠠ ᠪᠠᠷ ᠲᠠᠷᠢᠵᠤ ᠲᠡᠵᠢᠭᠡᠬᠦ᠂ ᠬᠥᠳᠡᠯᠮᠥᠷᠢ ᠦᠢᠯᠡᠴᠢᠯᠡᠭᠡ ᠪᠠ ᠠᠵᠢᠯ ᠣᠯᠭᠤᠯᠲᠠ᠂ ᠬᠠᠮᠲᠤᠷᠠᠨ ᠡᠵᠡᠩᠨᠡᠬᠦ᠂ ᠬᠤᠪᠢ ᠣᠷᠣᠭᠰᠠᠨ ᠠᠰᠢᠭ ᠣᠷᠣᠯᠭ᠎ᠠ ᠪᠠᠨ ᠬᠤᠪᠢᠶᠠᠷᠢᠯᠠᠬᠤ᠂ ᠭᠠᠵᠠᠷ ᠰᠢᠷᠤᠢ ᠶᠢᠨ ᠡᠷᠬᠡ ᠶᠢᠨ ᠡᠷᠭᠢᠯᠲᠡ ᠰᠢᠯᠵᠢᠯᠲᠡ᠂ ᠡᠳ᠋ ᠬᠥᠷᠥᠩᠭᠡ ᠶᠢᠨ ᠠᠰᠢᠭ ᠣᠷᠣᠯᠭ᠎ᠠ ᠵᠡᠷᠭᠡ ᠲᠠᠷᠢᠶᠠᠯᠠᠬᠤ ᠠᠵᠤ ᠠᠬᠤᠶᠢᠯᠠᠯ ᠤᠨ ᠬᠤᠯᠪᠣᠭᠠᠲᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ︾ ᠤᠨ ᠬᠡᠯᠪᠡᠷᠢ ᠶᠢ ᠥᠷᠭᠦᠯᠵᠢᠯᠡᠨ ᠳᠡᠯᠭᠡᠷᠡᠭᠦᠯᠵᠦ᠂ ᠭᠤᠣᠯᠯᠠᠨ ᠰᠢᠪᠲᠤᠯᠤᠯᠲᠠ ᠬᠢᠬᠦ ᠠᠵᠤ ᠦᠢᠯᠡᠰ ᠬᠢᠭᠡᠳ ᠭᠤᠣᠯᠯᠠᠨ ᠰᠢᠪᠲᠤᠯᠬᠤ ᠴᠢᠭᠯᠡᠯ ᠢᠶᠠᠨ ᠵᠥᠪ ᠣᠨᠣᠪᠴᠢᠲᠠᠢ ᠰᠣᠩᠭᠤᠵᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠵᠤ ᠥᠪᠡᠷᠮᠢᠴᠡ ᠣᠨᠴᠠᠯᠢᠭ ᠲᠠᠢ ᠲᠠᠷᠢᠶᠠᠯᠠᠩ᠂ ᠠᠶᠠᠯᠠᠯ ᠵᠢᠭᠤᠯᠴᠢᠯᠠᠯ᠂ ᠭᠠᠷ ᠨᠡᠬᠡᠮᠡᠯ ᠵᠡᠷᠭᠡ ᠠᠵᠤ ᠦᠢᠯᠡᠰ ᠢ ᠬᠥᠭᠵᠢᠭᠦᠯᠵᠦ᠂ ᠡᠷᠦᠬᠡ ᠪᠣᠯᠭᠠᠨ ᠳᠤ ᠣᠷᠣᠯᠭ᠎ᠠ ᠪᠠᠨ ᠨᠡᠮᠡᠭᠳᠡᠭᠦᠯᠬᠦ ᠲᠥᠷᠥᠯ ᠵᠥᠢᠯ ᠲᠠᠢ᠂ ᠬᠥᠮᠥᠨ ᠪᠣᠯᠭᠠᠨ ᠳᠤ ᠶᠠᠳᠠᠭᠤ ᠠᠴᠠ ᠠᠩᠭᠢᠵᠢᠷᠠᠬᠤ ᠠᠷᠭ᠎ᠠ ᠵᠠᠮ ᠲᠠᠢ ᠪᠣᠯᠭᠠᠨ᠎ᠠ᠃ ᠤᠯᠠᠭᠠᠨᠴᠠᠪ ᠤᠨ ︽ᠢᠨᠲ᠋ᠧᠷ ᠰᠦᠯᠵᠢᠶ᠎ᠡ + ᠭᠠᠴᠠᠭ᠎ᠠ ᠲᠤᠰᠬᠤᠨ︾ ᠴᠠᠬᠢᠮ ᠬᠤᠳᠠᠯᠳᠤᠭᠠᠨ ᠤ ᠲᠠᠪᠴᠠᠩ ᠪᠠ ᠨᠡᠶᠢᠲᠡ ᠶᠢᠨ ᠠᠰᠠᠷᠠᠮᠵᠢ ᠶᠢᠨ ᠲᠥᠷᠥᠯ ᠵᠥᠢᠯ ᠢ ᠰᠠᠶᠢᠲᠤᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠬᠦᠴᠦ ᠲᠠᠯᠪᠢᠨ ᠨᠡᠬᠡᠭᠡᠨ ᠥᠷᠭᠡᠳᠬᠡᠵᠦ᠂ ᠯᠠᠪᠳᠠᠭᠤᠨ ᠲᠣᠭᠲᠠᠪᠤᠷᠢᠲᠠᠢ ᠪᠣᠷᠣᠯᠠᠭᠤᠯᠤᠯᠲᠠ ᠶᠢᠨ ᠵᠠᠮ ᠢ ᠪᠤᠢ ᠪᠣᠯᠭᠠᠵᠤ᠂ ᠶᠠᠳᠠᠭᠤ ᠬᠦᠴᠢᠷᠳᠡᠯᠲᠡᠢ ᠭᠡᠷ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ᠎ᠡ︔ ᠳ᠋ᠧ ᠴᠢᠩ ᠶᠤᠸᠠᠨ ᠤ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ ᠪᠠ ᠤᠯᠠᠷᠢᠯ ᠰᠥᠷᠬᠦ ᠢᠳᠡᠰᠢᠨ ᠨᠣᠭᠤᠭ᠎ᠠ ᠬᠢᠭᠡᠳ ᠬᠦᠢᠲᠡᠨ ᠤ ᠨᠣᠭᠤᠭᠠᠨ ᠤ ᠰᠠᠭᠤᠷᠢᠨ ᠭᠠᠵᠠᠷ ᠤᠨ ᠲᠥᠷᠥᠯ ᠵᠥᠢᠯ ᠢ ᠰᠠᠶᠢᠲᠤᠷ ᠬᠡᠷᠡᠭᠵᠢᠭᠦᠯᠵᠦ᠂ ᠨᠢᠭᠡ ᠵᠢᠯ ᠳᠤ 240 ᠲᠥᠮᠡᠨ ᠲᠡᠵᠢᠭᠡᠪᠦᠷᠢ ᠲᠡᠵᠢᠭᠡᠬᠦ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠣᠭᠤᠷᠢᠭ᠂ ᠲᠡᠵᠢᠭᠡᠯ ᠪᠣᠷᠳᠣᠭᠠᠨ ᠤ ᠦᠢᠯᠡᠳᠪᠦᠷᠢ᠂ ᠤᠷᠭᠠᠨᠢᠭ ᠪᠣᠷᠳᠣᠭᠤᠷ ᠤᠨ ᠦᠢᠯᠡᠳᠪᠦᠷᠢ᠂ ᠠᠯᠠᠵᠤ ᠨᠢᠲᠤᠯᠠᠬᠤ ᠭᠠᠵᠠᠷ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ᠂ ᠬᠦᠢᠲᠡᠨ ᠬᠥᠮᠥᠷᠭᠡ᠂ ᠮᠥᠰᠥ ᠦᠢᠯᠡᠳᠬᠦ ᠦᠢᠯᠡᠳᠪᠦᠷᠢ ᠵᠢᠴᠢ ᠲᠡᠭᠦᠨ ᠤ ᠳᠠᠭᠠᠯᠳᠤᠬᠤ ᠲᠣᠨᠤᠭ ᠲᠥᠬᠦᠭᠡᠷᠦᠮᠵᠢ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠰᠣᠯᠢᠯᠴᠠᠬᠤ ᠰᠠᠭᠤᠷᠢᠨ ᠭᠠᠵᠠᠷ ᠢ ᠴᠥᠮ ᠠᠰᠢᠭᠯᠠᠯᠲᠠ ᠳᠤ ᠣᠷᠣᠭᠤᠯᠤᠨ᠎ᠠ︔ 2.43 ᠲᠥᠮᠡᠨ ᠺᠢᠯᠤᠸᠠᠲ ᠶᠢᠨ ᠶᠠᠳᠠᠭᠤ ᠶᠢ ᠲᠡᠳᠬᠦᠬᠦ ᠲᠥᠪᠯᠡᠷᠡᠭᠦᠯᠦᠭᠰᠡᠨ ᠭᠡᠷᠡᠯ ᠤᠨ ᠴᠠᠬᠢᠯᠭᠠᠨ ᠥᠷᠲᠡᠭᠡ ᠪᠠ 51 ᠲᠤᠰᠬᠤᠨ ᠤ 2.55 ᠲᠥᠮᠡᠨ ᠺᠢᠯᠤᠸᠠᠲ ᠶᠢᠨ ᠲᠤᠰᠬᠤᠨ ᠤ ᠳᠡᠰ ᠤᠨ ᠴᠠᠬᠢᠯᠭᠠᠨ ᠥᠷᠲᠡᠭᠡᠨ ᠤ ᠡᠬᠢᠨ ᠤ ᠬᠤᠭᠤᠴᠠᠭᠠᠨ ᠤ ᠭᠠᠷ ᠭᠦᠢᠴᠡᠳᠬᠡᠯ ᠢ ᠲᠥᠷᠭᠡᠪᠴᠢᠯᠡᠨ ᠬᠥᠭᠡᠭᠡᠴᠡᠯᠳᠦᠵᠦ᠂ ᠥᠨᠥ ᠵᠢᠯ ᠳᠡᠭᠡᠨ ᠪᠠᠭᠲᠠᠭᠠᠨ ᠪᠥᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠶᠠᠳᠠᠭᠤ ᠬᠦᠴᠢᠷᠳᠡᠯᠲᠡᠢ ᠡᠷᠦᠬᠡ ᠲᠠᠢ ᠲᠣᠭᠲᠠᠪᠤᠷᠢᠲᠠᠢ ᠠᠰᠢᠭ ᠲᠤᠰᠠ ᠶᠢᠨ ᠬᠤᠯᠪᠣᠭᠠᠰᠤ ᠪᠠᠶᠢᠭᠤᠯᠬᠤ ᠶᠢ ᠪᠠᠲᠤᠯᠠᠵᠤ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠ 972 ᠡᠷᠦᠬᠡ ᠣᠨᠴᠠ ᠬᠦᠴᠢᠷᠳᠡᠯᠲᠡᠢ ᠭᠡᠷ ᠪᠥᠯᠢ ᠨᠢᠭᠡ ᠪᠦᠷᠢ ᠶᠢᠨ ᠵᠢᠯ ᠤᠨ ᠣᠷᠣᠯᠭ᠎ᠠ ᠶᠢ 3000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ︔ ᠪᠥᠬᠦᠨ ᠢ ᠳᠠᠭᠠᠭᠠᠬᠤ ᠪᠠᠲᠤᠯᠠᠭ᠎ᠠ ᠶᠢ ᠴᠢᠩᠭᠠᠳᠬᠠᠵᠤ᠂ ᠲᠠᠷᠢᠶᠠᠯᠠᠬᠤ ᠲᠤᠰᠬᠤᠨ ᠤ ᠳᠣᠣᠷ᠎ᠠ ᠪᠠᠲᠤᠯᠠᠭ᠎ᠠ ᠪᠣᠯᠣᠨ ᠶᠠᠳᠠᠭᠤ ᠶᠢ ᠲᠡᠳᠬᠦᠬᠦ ᠶᠢᠨ ᠬᠤᠣᠰ ᠴᠢᠭᠯᠡᠯᠲᠦ ᠬᠤᠯᠪᠣᠭᠠᠰᠤ ᠶᠢ ᠲᠦᠯᠬᠢᠨ ᠠᠬᠢᠭᠤᠯᠵᠤ᠂ ︽ᠲᠡᠳᠬᠦᠬᠦ ᠶᠣᠰᠣᠲᠠᠢ ᠶᠢ ᠨᠢ ᠴᠢᠳᠠᠯ ᠢᠶᠠᠷ ᠢᠶᠠᠨ ᠲᠡᠳᠬᠦᠵᠦ᠂ ᠪᠠᠲᠤᠯᠠᠪᠠᠰᠤ ᠵᠣᠬᠢᠰᠲᠠᠢ ᠪᠥᠬᠦᠨ ᠢ ᠴᠥᠮ ᠪᠠᠲᠤᠯᠠᠨ᠎ᠠ︾᠃ ︽ᠭᠤᠷᠪᠠᠨ ᠪᠠᠲᠤᠯᠠᠭ᠎ᠠ︾ ᠶᠢ ᠨᠠᠶᠢᠳᠠᠪᠤᠷᠢᠵᠢᠭᠤᠯᠤᠨ᠎ᠠ ᠃ ᠣᠷᠣᠨ ᠰᠠᠭᠤᠴᠠ ᠶᠢᠨ ᠪᠠᠲᠤᠯᠠᠭ᠎ᠠ ᠶᠢ ᠶᠠᠳᠠᠭᠤ ᠠᠴᠠ ᠠᠩᠭᠢᠵᠢᠷᠠᠬᠤ ᠶᠢᠨ ᠴᠢᠬᠤᠯᠠ ᠵᠢᠭᠠᠯᠲᠠ ᠪᠠᠷ ᠦᠵᠡᠵᠦ᠂ ᠥᠨᠥ ᠵᠢᠯ ᠳᠤ ᠪᠢᠳᠡ ᠬᠦᠴᠦᠨ ᠢᠶᠠᠨ ᠲᠠᠯᠪᠢᠵᠤ ᠶᠠᠳᠠᠭᠤ ᠬᠦᠴᠢᠷᠳᠡᠯᠲᠡᠢ ᠬᠥᠮᠥᠰ ᠤᠨ ᠣᠷᠣᠨ ᠰᠠᠭᠤᠴᠠ ᠪᠥᠬᠦᠨ ᠢ ᠠᠮᠤᠷ ᠲᠦᠪᠰᠢᠨ ᠪᠣᠯᠭᠠᠨ᠎ᠠ᠃ ᠨᠡᠭᠦᠯᠭᠡᠨ ᠰᠢᠯᠵᠢᠭᠦᠯᠬᠦ ᠱᠠᠭᠠᠷᠳᠠᠯᠭ᠎ᠠ ᠲᠠᠢ ᠬᠥᠮᠥᠰ ᠢ ᠢᠯᠭᠠᠨ ᠲᠣᠳᠣᠯᠠᠬᠤ᠂ ᠨᠤᠷᠠᠬᠤ ᠠᠶᠤᠯ ᠲᠠᠢ ᠭᠡᠷ ᠪᠠᠶᠢᠰᠢᠩ ᠤᠨ ᠵᠡᠷᠭᠡ ᠳᠡᠰ ᠢ ᠦᠨᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠲᠤᠰ ᠵᠢᠯ ᠳᠤ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠣᠨᠳᠣᠣ ᠭᠠᠵᠠᠷ ᠨᠡᠭᠦᠯᠭᠡᠨ ᠰᠢᠯᠵᠢᠭᠦᠯᠬᠦ ᠪᠠ ᠨᠤᠷᠠᠬᠤ ᠠᠶᠤᠯ ᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠰᠠᠶᠢᠲᠤᠷ ᠪᠡᠶᠡᠯᠡᠭᠦᠯᠬᠦ ᠪᠠᠷ ᠲᠥᠯᠥᠪᠯᠡᠵᠦ᠂ 5350 ᠡᠷᠦᠬᠡ ᠶᠢᠨ 11000 ᠭᠠᠷᠤᠢ ᠬᠥᠮᠥᠨ ᠢ ᠲᠣᠰ ᠲᠥᠯᠥᠪᠯᠡᠭᠡᠨ ᠳᠤ ᠬᠠᠮᠤᠷᠤᠭᠤᠯᠬᠤ ᠪᠠᠷ ᠪᠤᠢ︔ ᠰᠤᠷᠭᠠᠨ ᠬᠥᠮᠥᠵᠢᠯ ᠤᠨ ᠪᠠᠲᠤᠯᠠᠭ᠎ᠠ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠢ ᠰᠤᠷᠤᠭᠴᠢᠳ ᠢ ᠳᠡᠮᠵᠢᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠰᠤᠷᠤᠯᠭ᠎ᠠ ᠶᠢᠨ ᠱᠠᠲᠤᠨ ᠤ ᠶᠠᠳᠠᠭᠤ ᠬᠦᠴᠢᠷᠳᠡᠯᠲᠡᠢ ᠰᠤᠷᠤᠭᠴᠢᠳ ᠢ ᠨᠠᠷᠢᠯᠢᠭ ᠣᠨᠣᠪᠴᠢᠲᠠᠢ ᠪᠠᠷ ᠢᠯᠭᠠᠨ ᠲᠣᠳᠣᠯᠠᠵᠤ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠬᠦᠷᠲᠡᠯᠡᠬᠢ ᠰᠤᠷᠤᠯᠭ᠎ᠠ ᠶᠢᠨ ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠷᠡᠭᠦᠯ ᠮᠡᠨᠳᠦ ᠶᠢᠨ ᠪᠠᠲᠤᠯᠠᠭ᠎ᠠ ᠶᠢ ᠰᠠᠶᠢᠲᠤᠷ ᠬᠢᠵᠦ ᠶᠠᠳᠠᠭᠤ ᠬᠦᠴᠢᠷᠳᠡᠯᠲᠡᠢ ᠬᠥᠮᠥᠰ ᠲᠤ ᠡᠮ ᠡᠮᠴᠢᠯᠡᠭᠡ ᠬᠦᠷᠭᠡᠬᠦ ᠪᠣᠯᠵᠣᠭᠰᠠᠨ ᠦᠢᠯᠡᠴᠢᠯᠡᠭᠡ ᠪᠠ ᠲᠥᠯᠥᠪᠦᠷᠢ ᠦᠭᠡᠢ ᠡᠷᠡᠭᠦᠯ ᠮᠡᠨᠳᠦ ᠶᠢᠨ ᠪᠠᠶᠢᠴᠠᠭᠠᠯᠲᠠ ᠶᠢ ᠪᠥᠬᠦ ᠬᠦᠷᠢᠶᠡᠨ ᠳᠤ ᠪᠡᠶᠡᠯᠡᠭᠦᠯᠦᠨ᠎ᠡ᠃ ᠤᠵᠢᠭ ᠴᠢᠨᠠᠷᠲᠠᠢ ᠡᠪᠡᠳᠴᠢᠨ ᠢ ᠵᠠᠰᠠᠬᠤ ᠳᠤ ᠬᠡᠷᠡᠭᠯᠡᠬᠦ ᠡᠮ ᠤᠨ ᠨᠡᠷᠡᠰ ᠤᠨ ᠵᠢᠯᠣᠭᠤᠳᠤᠮᠵᠢ ᠶᠢ ᠵᠠᠰᠠᠪᠤᠷᠢᠯᠠᠨ ᠲᠡᠭᠦᠯᠳᠡᠷᠵᠢᠭᠦᠯᠵᠦ᠂ ᠵᠠᠷᠤᠳᠠᠯ ᠢᠶᠠᠨ ᠭᠠᠷᠭᠠᠭᠤᠯᠬᠤ ᠲᠥᠷᠥᠯ ᠠᠩᠭᠢᠯᠠᠯ ᠢ ᠨᠡᠮᠡᠵᠦ᠂ ᠵᠠᠷᠤᠳᠠᠯ ᠢᠶᠠᠨ ᠭᠠᠷᠭᠠᠭᠤᠯᠵᠤ ᠪᠣᠯᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠶᠠᠳᠠᠭᠤ ᠬᠦᠴᠢᠷᠳᠡᠯᠲᠡᠢ ᠠᠶᠢᠯ ᠡᠷᠦᠬᠡ ᠶᠢᠨ ᠡᠮᠴᠢᠯᠡᠭᠡᠨ ᠤ ᠵᠠᠷᠤᠳᠠᠯ ᠢ ᠪᠠᠭᠠᠰᠬᠠᠨ᠎ᠠ᠃ ᠬᠤᠳᠠᠯᠳᠤᠭᠠᠨ ᠤ ᠳᠠᠭᠠᠳᠬᠠᠯ ᠢᠶᠠᠷ ᠪᠠᠲᠤᠯᠠᠭᠰᠠᠨ ᠶᠠᠳᠠᠭᠤ ᠬᠦᠴᠢᠷᠳᠡᠯᠲᠡᠢ ᠬᠥᠮᠥᠰ ᠲᠤ ᠡᠮᠨᠡᠯᠭᠡ ᠶᠢᠨ ᠳᠠᠭᠠᠳᠬᠠᠯ ᠢ ᠨᠥᠬᠦᠪᠦᠷᠢᠯᠡᠬᠦ ᠪᠠ ᠮᠡᠳᠡᠷᠡᠯ ᠤᠨ ᠲᠤᠳᠬᠠᠷ ᠲᠠᠢ ᠡᠪᠡᠳᠴᠢᠲᠡᠨ ᠤ ᠠᠪᠤᠷᠠᠨ ᠲᠤᠰᠠᠯᠠᠬᠤ ᠲᠥᠷᠥᠯ ᠵᠥᠢᠯ ᠢ ᠰᠠᠶᠢᠲᠤᠷ ᠬᠡᠷᠡᠭᠵᠢᠭᠦᠯᠵᠦ᠂ ᠪᠥᠬᠦ ᠰᠢᠶᠠᠨ ᠤ ᠶᠠᠳᠠᠭᠤ ᠬᠦᠴᠢᠷᠳᠡᠯᠲᠡᠢ ᠬᠥᠮᠥᠨ ᠠᠮᠠ ᠵᠢᠴᠢ ᠮᠡᠳᠡᠷᠡᠯ ᠤᠨ ᠲᠤᠳᠬᠠᠷ ᠲᠠᠢ ᠡᠪᠡᠳᠴᠢᠲᠡᠨ ᠢ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠴᠢᠨᠠᠷᠲᠠᠢ ᠪᠠᠲᠤᠯᠠᠭ᠎ᠠ ᠶᠢᠨ ᠲᠤᠰᠠᠯᠠᠮᠵᠢ ᠳᠤ ᠬᠠᠮᠤᠷᠤᠭᠤᠯᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯᠯᠠᠭᠠᠨ ᠢ ᠠᠬᠢᠭᠤᠯᠤᠨ᠎ᠠ ᠃ ᠨᠡᠶᠢᠭᠡᠮ ᠤᠨ ᠬᠦᠴᠦᠨ ᠢ ᠵᠥᠪ ᠠᠰᠢᠭᠯᠠᠨ ᠶᠠᠳᠠᠭᠤ ᠶᠢ ᠲᠡᠳᠬᠦᠬᠦ ᠠᠵᠢᠯ ᠳᠤ ᠣᠷᠣᠯᠴᠠᠭᠤᠯᠵᠤ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠪᠣᠯᠣᠨ ᠮᠠᠨ ᠤ ᠰᠢᠶᠠᠨ ᠤ ᠰᠠᠯᠠᠭ᠎ᠠ ᠮᠥᠴᠢᠷ ᠪᠠ ᠵᠡᠭᠡᠯᠢ ᠭᠤᠳᠤᠮᠵᠢ ᠭᠠᠴᠠᠭ᠎ᠠ ᠲᠤᠰᠬᠤᠨ ᠤ ᠬᠤᠭᠤᠷᠣᠨᠳᠤᠬᠢ ᠬᠠᠪᠰᠤᠷᠤᠨ ᠲᠤᠰᠠᠯᠠᠯᠴᠠᠬᠤ ᠬᠤᠣᠰᠯᠠᠯ ᠤᠨ ᠬᠡᠯᠡᠯᠴᠡᠭᠡᠷ ᠢ ᠨᠠᠶᠢᠳᠠᠪᠤᠷᠢᠵᠢᠭᠤᠯᠵᠤ᠂ ᠵᠦᠩ ᠬᠠᠢ ᠴᠢᠯᠠᠭᠤᠨ ᠲᠣᠰᠣᠨ ᠤ ᠬᠠᠪᠰᠤᠷᠤᠨ ᠲᠤᠰᠠᠯᠠᠬᠤ ᠲᠥᠷᠥᠯ ᠵᠥᠢᠯ ᠢ ᠵᠣᠬᠢᠰᠲᠠᠢ ᠵᠠᠯᠭᠠᠮᠵᠢᠯᠠᠵᠤ᠂ ᠲᠣᠭᠤᠷᠢᠭ ᠪᠠ ᠬᠤᠲᠠ ᠶᠢᠨ ᠪᠠᠶᠢᠭᠤᠯᠤᠯᠭ᠎ᠠ ᠨᠢᠭᠡᠴᠢ ᠶᠢᠨ ᠴᠡᠭ ᠲᠣᠭᠲᠠᠭᠠᠵᠤ ᠲᠡᠳᠬᠦᠨ ᠲᠤᠰᠠᠯᠠᠬᠤ ᠶᠢ ᠰᠠᠶᠢᠲᠤᠷ ᠳᠡᠮᠵᠢᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠠᠷᠢᠯᠢᠭ ᠣᠨᠣᠪᠴᠢᠲᠠᠢ ᠶᠠᠳᠠᠭᠤ ᠶᠢ ᠲᠡᠳᠬᠦᠬᠦ ᠠᠵᠢᠯ ᠳᠤ ᠣᠷᠣᠯᠴᠠᠬᠤ ᠶᠢ ᠢᠳᠡᠪᠬᠢᠲᠡᠢ ᠵᠣᠷᠢᠭᠵᠢᠭᠤᠯᠤᠨ᠎ᠠ᠃ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠲᠥᠪ ᠴᠢᠩᠭ᠎ᠠ ᠪᠠᠷ ᠶᠠᠪᠤᠭᠳᠠᠭᠤᠯᠤᠨ᠎ᠠ ᠃ ᠰᠢᠶᠠᠨ ᠤ ᠳᠡᠰ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠢᠶᠠᠩ ᠪᠠᠯᠭᠠᠰᠤᠨ ᠤ ᠰᠢᠭᠤᠳ ᠬᠠᠷᠢᠭᠤᠴᠠᠯᠭ᠎ᠠ᠂ ᠭᠠᠴᠠᠭᠠᠨ ᠤ ᠬᠤᠶᠠᠷ ᠡᠪᠯᠡᠯ ᠤᠨ ᠪᠣᠳᠠᠲᠠᠢ ᠪᠠᠷ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠲᠤᠰᠬᠤᠨ ᠢ ᠳᠠᠭᠠᠭᠠᠴᠢᠯᠠᠭᠰᠠᠨ ᠺᠠᠳ᠋ᠷ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ᠂ ᠨᠢᠭᠡᠳᠦᠭᠡᠷ ᠱᠦᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠱᠠᠲᠤ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠶᠠᠳᠠᠭᠤ ᠶᠢ ᠲᠡᠳᠬᠦᠬᠦ ᠡᠭᠦᠷᠭᠡ ᠶᠢ ᠳᠡᠰ ᠳᠡᠰ ᠢᠶᠠᠷ ᠭᠠᠴᠠᠭ᠎ᠠ᠂ ᠡᠷᠦᠬᠡ᠂ ᠬᠥᠮᠥᠨ ᠠᠮᠠ ᠳᠤ ᠨᠠᠶᠢᠳᠠᠪᠤᠷᠢᠵᠢᠭᠤᠯᠤᠨ᠎ᠠ᠃ ᠲᠥᠪ ᠴᠢᠩᠭ᠎ᠠ ᠪᠠᠷ ᠬᠢᠨᠠᠨ ᠰᠢᠯᠭᠠᠵᠤ ᠱᠠᠯᠠᠪᠳᠠᠭᠤᠯᠤᠨ ᠪᠠᠶᠢᠴᠠᠭᠠᠵᠤ᠂ ᠪᠦᠷᠢᠨ ᠲᠡᠭᠦᠯᠳᠡᠷ ᠰᠢᠯᠭᠠᠨ ᠦᠨᠡᠯᠡᠬᠦ ᠰᠢᠰᠲ᠋ᠧᠮ ᠢ ᠪᠠᠶᠢᠭᠤᠯᠵᠤ᠂ ᠡᠯ᠎ᠡ ᠱᠠᠲᠤᠨ ᠤ ᠪᠠᠶᠢᠴᠠᠭᠠᠯᠲᠠ ᠰᠢᠯᠭᠠᠯᠲᠠ ᠶᠢᠨ ᠦᠷ᠎ᠡ ᠳ᠋ᠦᠩ ᠢ ᠬᠠᠮᠲᠤ ᠪᠠᠷ ᠬᠡᠷᠡᠭᠯᠡᠬᠦ ᠪᠠ ᠠᠰᠢᠭᠯᠠᠵᠤ᠂ ᠶᠠᠳᠠᠭᠤ ᠶᠢ ᠲᠡᠳᠬᠦᠬᠦ ᠠᠵᠢᠯ ᠪᠣᠳᠠᠲᠠᠢ ᠦᠷ᠎ᠡ ᠠᠰᠢᠭ ᠣᠯᠬᠤ ᠶᠢ ᠪᠠᠲᠤᠯᠠᠨ᠎ᠠ᠃ ᠲᠤᠰᠬᠠᠢ ᠵᠣᠷᠢᠭᠤᠯᠤᠯᠲᠠ ᠲᠠᠢ ᠵᠠᠰᠠᠨ ᠴᠡᠭᠴᠡᠯᠡᠯᠲᠡ ᠶᠢ ᠰᠠᠶᠢᠲᠤᠷ ᠠᠳᠬᠤᠬᠤ ᠶᠠᠳᠠᠭᠤ ᠶᠢ ᠲᠡᠳᠬᠦᠬᠦ ᠠᠵᠢᠯ ᠤᠨ ᠬᠦᠷᠢᠶᠡᠨ ᠳᠠᠬᠢ ᠰᠤᠷᠲᠠᠯ ᠤᠨ ᠠᠰᠠᠭᠤᠳᠠᠯ ᠤᠨ ᠲᠤᠬᠠᠢ ᠲᠤᠰᠬᠠᠢ ᠴᠡᠭᠴᠡᠯᠡᠨ ᠵᠠᠰᠠᠯᠲᠠ ᠶᠢ ᠴᠢᠩᠳᠠᠯᠠᠵᠤ᠂ ᠬᠡᠯᠪᠡᠷᠢᠰᠢᠬᠦ ᠦᠵᠡᠯ᠂ ᠨᠣᠶᠠᠨᠴᠢ ᠰᠤᠷᠲᠠᠯ᠂ ᠶᠠᠭᠠᠷᠠᠵᠤ ᠪᠠᠴᠢᠮᠳᠠᠬᠤ ᠪᠠ ᠠᠵᠢᠯ ᠠᠴᠠ ᠵᠠᠯᠬᠠᠭᠰᠠᠨ ᠪᠠᠶᠢᠳᠠᠯ ᠢ ᠬᠤᠷᠢᠭᠯᠠᠨ ᠴᠡᠭᠡᠷᠯᠡᠵᠦ᠂ ᠲᠠᠰᠤᠷᠠᠯᠲᠠ ᠦᠭᠡᠢ ᠪᠠᠷ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠤᠨ ᠪᠣᠳᠠᠲᠠᠶᠢᠵᠢᠭᠤᠯᠤᠯᠲᠠ ᠶᠢ ᠲᠦᠯᠬᠢᠨ ᠠᠬᠢᠭᠤᠯᠤᠨ᠎ᠠ︔ ᠲᠠᠷᠢᠶᠠᠯᠠᠩ ᠪᠠ ᠶᠠᠳᠠᠭᠤ ᠶᠢ ᠲᠡᠳᠬᠦᠬᠦ ᠲᠠᠢ ᠬᠤᠯᠪᠣᠭᠳᠠᠯ ᠲᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠨᠡᠶᠢᠳᠬᠡᠬᠦ ᠬᠦᠴᠦᠯᠡᠴᠡ ᠶᠢ ᠴᠢᠩᠭᠠᠳᠬᠠᠵᠤ᠂ ᠲᠤᠰᠬᠠᠢ ᠵᠣᠷᠢᠭᠤᠯᠤᠯᠲᠠ ᠲᠠᠢ ᠪᠡᠯᠡ ᠮᠥᠩᠭᠦ ᠶᠢ ᠢᠯᠡ ᠪᠠᠷ᠂ ᠲᠥᠪ ᠭᠤᠣᠯᠴᠢ ᠪᠠᠷ᠂ ᠵᠥᠢ ᠵᠣᠬᠢᠰᠲᠠᠢ ᠪᠥᠭᠡᠳ ᠴᠠᠭ ᠲᠤᠬᠠᠢ ᠳᠤᠨᠢ ᠪᠡᠯᠡᠳᠬᠡᠬᠦ ᠶᠢ ᠪᠠᠲᠤᠯᠠᠬᠤ ᠬᠡᠷᠡᠭᠲᠡᠢ︔ ᠣᠳᠣᠬᠠᠨ ᠤ ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠤ ᠳᠠᠭᠠᠤ ᠶᠠᠳᠠᠭᠤ ᠠᠴᠠ ᠠᠩᠭᠢᠵᠢᠷᠠᠭᠤᠯᠬᠤ ᠶᠢᠨ ᠴᠢᠨᠠᠷ ᠢ ᠪᠠᠲᠤᠯᠠᠵᠤ᠂ ᠥᠪᠡᠷ ᠤᠨ ᠳᠤᠷ᠎ᠠ ᠵᠣᠷᠢᠭ ᠢᠶᠠᠷ ᠢᠶᠠᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠥᠮᠥᠨ ᠠᠴᠠ ᠰᠢᠯᠲᠠᠭᠠᠯᠠᠭᠰᠠᠨ ᠬᠤᠪᠳᠤᠭ ᠰᠢᠨᠤᠬᠠᠢ ᠪᠠᠶᠢᠳᠠᠯ ᠢ ᠡᠭᠦᠰᠬᠡᠵᠦ ᠪᠣᠯᠬᠤ ᠦᠭᠡᠢ ᠪᠥᠭᠡᠳ ᠪᠠᠷᠢᠮᠵᠢᠶ᠎ᠠ ᠶᠢ ᠳᠣᠷᠣᠭᠰᠢᠯᠠᠭᠤᠯᠵᠤ ᠶᠠᠳᠠᠭᠤ ᠶᠢ ᠲᠡᠳᠬᠦᠬᠦ ᠠᠵᠢᠯ ᠢ ᠬᠡᠢ ᠬᠤᠭᠤᠰᠣᠨ ᠬᠤᠳᠠᠯ ᠬᠠᠭᠤᠷᠮᠠᠭ ᠵᠥᠢᠯ ᠪᠣᠯᠭᠠᠵᠤ ᠪᠣᠯᠬᠤ ᠦᠭᠡᠢ᠂ ᠵᠠᠪᠠᠯ ᠵᠢᠩᠬᠢᠨᠢ ᠶᠠᠳᠠᠭᠤᠴᠤᠳ ᠢ ᠶᠠᠳᠠᠭᠤ ᠠᠴᠠ ᠦᠨᠡᠨᠬᠦ ᠠᠩᠭᠢᠵᠢᠷᠠᠭᠤᠯᠵᠤ ᠴᠢᠳᠠᠭᠰᠠᠨ ᠪᠠᠶᠢᠬᠤ ᠬᠡᠷᠡᠭᠲᠡᠢ᠃   ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠨᠠᠮ ᠵᠠᠰᠠᠭ ᠬᠠᠮᠲᠤ ᠳᠠᠭᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠪᠠᠶᠢᠷᠢ ᠶᠢᠨ ᠬᠤᠣᠰ ᠬᠠᠷᠢᠭᠤᠴᠠᠯᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠲᠠᠯ᠎ᠠ ᠪᠠᠷ ᠬᠢ ᠬᠠᠤᠯᠢ ᠬᠡᠷᠡᠭᠵᠢᠭᠦᠯᠦᠯᠲᠡ ᠪᠠ ᠬᠢᠨᠠᠯᠲᠠ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠱᠠᠯᠠᠪᠳᠠᠭᠤᠯᠤᠨ ᠪᠠᠶᠢᠴᠠᠭᠠᠯᠲᠠ ᠠᠴᠠ ᠬᠤᠷᠢᠶᠠᠭᠰᠠᠨ ᠰᠠᠨᠠᠯ ᠢ ᠴᠡᠭᠴᠡᠯᠡᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ ᠠᠳᠬᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠡᠯ᠎ᠡ ᠵᠥᠢᠯ ᠤᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠵᠤ᠂ ᠰᠢᠨ᠎ᠡ ︽ᠠᠭᠠᠷ ᠮᠠᠨᠳᠠᠯ ᠤᠨ ᠲᠤᠬᠠᠢ ᠠᠷᠪᠠᠨ ᠵᠥᠢᠯ︾ ᠦᠢᠯᠡ ᠠᠵᠢᠯᠯᠠᠭᠠᠨ ᠤ ᠲᠥᠯᠥᠪᠯᠡᠭᠡ ᠶᠢ ᠭᠦᠨᠴᠡ ᠲᠠᠢ ᠬᠡᠷᠡᠭᠵᠢᠭᠦᠯᠵᠦ᠂ ᠠᠭᠠᠷ ᠤᠨ ᠬᠢᠨᠠᠨ ᠬᠡᠮᠵᠢᠬᠦ ᠥᠷᠲᠡᠭᠡ ᠶᠢ ᠪᠠᠶᠢᠭᠤᠯᠵᠤ᠂ ᠭᠤᠣᠯᠯᠠᠬᠤ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠴᠢᠩᠳᠠᠯᠠᠨ ᠵᠠᠰᠠᠵᠤ᠂ ᠵᠢᠵᠢᠭ ᠠᠭᠤᠷ ᠤᠨ ᠵᠤᠤᠬ᠎ᠠ ᠶᠢᠨ ᠲᠤᠰᠬᠠᠢ ᠴᠡᠭᠴᠡᠯᠡᠯᠲᠡ ᠶᠢ ᠠᠬᠢᠭᠤᠯᠵᠤ᠂ ᠴᠡᠪᠡᠷ ᠡᠨᠧᠷᠬᠢ ᠶᠢ ᠠᠰᠢᠭᠯᠠᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠢ ᠥᠷᠭᠦᠯᠵᠢᠯᠡᠨ ᠶᠠᠪᠤᠭᠳᠠᠭᠤᠯᠵᠤ᠂ ᠬᠥᠬᠡᠮᠳᠦᠭ ᠲᠡᠭᠷᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠣᠨ᠎ᠠ︔ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠪᠠ ᠳᠤᠮᠳᠠᠬᠢ ᠤᠰᠤ ᠶᠢ ᠳᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂  ᠶᠡᠭᠡ ᠲᠦᠷᠭᠡᠨ ᠭᠤᠣᠯ ᠤᠨ ᠬᠢᠯᠢ ᠠᠴᠠ ᠭᠠᠷᠬᠤ ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠵᠦ ᠵᠠᠰᠠᠨ ᠴᠡᠭᠴᠡᠯᠡᠬᠦ ᠬᠦᠴᠦᠨ ᠢ ᠴᠢᠩᠭᠠᠳᠬᠠᠵᠤ᠂ ᠵᠦᠸᠧ ᠬᠤᠸᠠ ᠬᠢᠭᠡᠳ ᠲᠡᠭᠦᠨ ᠤ ᠬᠠᠷᠢᠶᠠᠨ ᠳᠠᠬᠢ ᠠᠵᠤ ᠦᠢᠯᠡᠳᠪᠦᠷᠢ ᠶᠢᠨ ᠲᠣᠭᠤᠷᠢᠭ ᠤᠨ ᠬᠤᠶᠠᠷ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ ᠶᠢᠨ ᠡᠵᠡᠩᠨᠡᠯᠲᠡ ᠳᠤ ᠲᠠᠯᠪᠢᠬᠤ ᠬᠢᠨᠠᠯᠲᠠ ᠬᠠᠮᠢᠶᠠᠷᠤᠯᠲᠠ ᠢᠶᠠᠨ ᠴᠢᠩᠭᠠᠳᠬᠠᠵᠤ᠂ ᠭᠤᠷᠪᠠᠳᠠᠭᠴᠢ ᠡᠲᠡᠭᠡᠳ ᠤᠨ ᠡᠵᠡᠩᠨᠡᠨ ᠬᠠᠮᠢᠶᠠᠷᠬᠤ ᠬᠡᠯᠪᠡᠷᠢ ᠶᠢ ᠲᠥᠷᠭᠡᠪᠴᠢᠯᠡᠨ ᠲᠦᠯᠬᠢᠨ ᠤᠷᠤᠭᠰᠢᠯᠠᠭᠤᠯᠤᠨ᠎ᠠ᠃ ᠪᠣᠬᠢᠷᠲᠤᠯ ᠢ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠦᠴᠦᠨ ᠢᠶᠠᠨ ᠨᠡᠮᠡᠵᠦ᠂ ᠠᠵᠤ ᠠᠬᠤᠶᠢᠯᠠᠯ ᠤᠨ ︽ᠡᠰᠡ ᠭᠠᠳᠠᠭᠰᠢᠯᠠᠭᠤᠯᠬᠤ︾ ᠬᠠᠷᠠᠯᠲᠠ ᠶᠢ ᠪᠡᠶᠡᠯᠡᠭᠦᠯᠵᠦ᠂ ᠢ ᠳ᠋ᠦᠩ ᠳ᠋ᠦᠩ ᠰᠢᠩ ᠬᠢᠮᠢ ᠶᠢᠨ ᠦᠢᠯᠡᠳᠪᠦᠷᠢ ᠶᠢᠨ ᠬᠠᠶᠠᠭᠳᠠᠮᠠᠯ ᠢ ᠣᠪᠣᠭᠠᠯᠠᠬᠤ ᠲᠠᠯᠠᠪᠠᠢ᠂ ᠬᠡᠲᠦ ᠱᠣᠷᠪᠣᠭ ᠬᠠᠶᠠᠭᠳᠠᠮᠠᠯ ᠤᠰᠤ ᠶᠢ ︽ᠡᠰᠡ ᠭᠠᠳᠠᠭᠰᠢᠯᠠᠭᠤᠯᠬᠤ︾ ᠪᠠ ᠬᠤᠸᠠ ᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠳᠤᠮᠳᠠᠬᠢ ᠤᠰᠤ ᠶᠢ ᠳᠠᠬᠢᠨ ᠠᠰᠢᠭᠯᠠᠬᠤ ᠲᠥᠷᠥᠯ ᠵᠥᠢᠯ ᠢ ᠲᠤᠰ ᠵᠢᠯ ᠳᠤ ᠪᠠᠭᠲᠠᠭᠠᠨ ᠬᠡᠷᠡᠭᠵᠢᠭᠦᠯᠦᠨ᠎ᠡ︔ ᠬᠥᠷᠥᠰᠥᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠤᠷᠤᠭᠰᠢᠯᠠᠭᠤᠯᠵᠤ᠂ ︽ᠬᠥᠷᠥᠰᠥᠨ ᠤ ᠲᠤᠬᠠᠢ ᠠᠷᠪᠠᠨ ᠵᠥᠢᠯ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠰᠢ ᠰᠦᠷᠡᠯ ᠢ ᠲᠠᠷᠢᠶᠠᠯᠠᠩ ᠳᠤ ᠪᠤᠴᠠᠭᠠᠬᠤ᠂ ᠤᠷᠭᠠᠨᠢᠭ ᠪᠣᠷᠳᠣᠭᠤᠷ ᠤᠨ ᠬᠡᠷᠡᠭᠯᠡᠯᠲᠡ ᠶᠢ ᠨᠡᠮᠡᠭᠳᠡᠭᠦᠯᠬᠦ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ ᠲᠠᠷᠢᠶᠠᠯᠠᠩ ᠤᠨ ᠡᠮ ᠪᠠ ᠬᠢᠮᠢ ᠶᠢᠨ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠵᠤ ᠮᠠᠯ ᠠᠳᠤᠭᠤᠰᠤ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭ ᠪᠣᠯᠭᠠᠨ ᠠᠰᠢᠭᠯᠠᠬᠤ ᠠᠵᠢᠯ ᠢ ᠲᠦᠯᠬᠢᠨ ᠠᠬᠢᠭᠤᠯᠵᠤ᠂ ᠣᠯᠠᠨ ᠡᠬᠢᠲᠦ ᠪᠣᠬᠢᠷᠲᠤᠯ ᠤᠨ ᠠᠰᠠᠭᠤᠳᠠᠯ ᠢ ᠦᠨᠡᠨ ᠪᠠᠲᠤᠲᠠᠢ ᠰᠢᠢᠳᠪᠦᠷᠢᠯᠡᠨ᠎ᠡ᠃ ᠠᠭᠤᠷᠬᠠᠢ ᠶᠢᠨ ᠡᠬᠢ ᠪᠠᠶᠠᠯᠢᠭ ᠢ ᠨᠡᠬᠡᠭᠡᠨ ᠠᠰᠢᠭᠯᠠᠬᠤ ᠪᠣᠬᠢᠷᠲᠤᠯ᠂ ᠬᠥᠨᠳᠦ ᠲᠡᠮᠦᠷᠯᠢᠭ ᠤᠨ ᠠᠵᠢᠯ ᠦᠢᠯᠡᠰ ᠤᠨ ᠪᠣᠬᠢᠷᠲᠤᠯ ᠢ ᠴᠢᠩᠳᠠᠯᠠᠨ ᠰᠡᠷᠭᠡᠶᠢᠯᠡᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠭᠠᠴᠠᠭ᠎ᠠ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠵᠤᠤᠬ᠎ᠠ ᠵᠢᠴᠢ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠪᠥᠷᠬᠦᠴᠡ ᠶᠢ ᠳᠡᠭᠡᠭᠰᠢᠯᠡᠭᠦᠯᠦᠨ᠎ᠡ᠃ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠲᠦ ᠦᠢᠯᠡᠳᠦᠯ ᠭᠠᠷᠭᠠᠬᠤ ᠬᠥᠨᠳᠦ ᠴᠢᠬᠤᠯᠠ ᠤᠯᠤᠰ ᠲᠥᠷᠥ ᠶᠢᠨ ᠡᠭᠦᠷᠭᠡ ᠮᠦᠨ᠂ ᠰᠢ ᠶᠢᠨ ᠫᠢᠩ ᠨᠥᠬᠦᠷ ᠢᠶᠠᠷ ᠲᠥᠪ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠦᠨ᠂ ᠪᠢᠳᠡᠨ ᠡᠷᠬᠡᠪᠰᠢ ︽ᠳᠥᠷᠪᠡᠨ ᠤᠬᠠᠮᠰᠠᠷ︾ ᠢ ᠦᠢᠯᠡᠳᠦᠯᠭᠡᠵᠢᠭᠦᠯᠬᠦ ᠥᠨᠳᠥᠷᠴᠡ ᠠᠴᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠨ ᠲᠠᠨᠢᠵᠤ᠂ ᠭᠡᠨᠡᠨ ᠲᠥᠭᠰᠢᠭᠦᠷᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠮᠤᠭ ᠤᠨ ᠬᠥᠨᠳᠦ ᠲᠠᠷᠤᠭᠠᠰᠤ ᠢ ᠡᠭᠦᠷᠬᠦ ᠵᠣᠷᠢᠭᠲᠠᠢ᠂ ᠬᠠᠮᠤᠭ ᠤᠨ ᠬᠠᠲᠠᠭᠤ ᠡᠭᠦᠷᠭᠡ ᠶᠢ ᠡᠭᠦᠷᠭᠡᠯᠡᠬᠦ ᠵᠣᠷᠢᠭᠲᠠᠢ ᠪᠠᠶᠢᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠶᠢ ᠰᠢᠪᠲᠤᠯᠤᠨ ᠬᠦᠴᠢᠷ ᠢ ᠢᠯᠠᠵᠤ᠂ ᠡᠯ᠎ᠡ ᠲᠥᠷᠥᠯ ᠤᠨ ᠠᠵᠢᠯ ᠡᠭᠦᠷᠭᠡ ᠶᠢ ᠦᠨᠡᠨᠬᠦ ᠲᠤᠤᠱᠠᠯᠠᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠬᠡᠪᠡᠰᠢ ᠰᠠᠶᠢᠲᠤᠷ ᠬᠢᠨ᠎ᠡ᠃   ︵ᠬᠤᠶᠠᠷ︶ ᠠᠷᠠᠯᠵᠢᠶᠠᠴᠢᠨ ᠢ ᠤᠷᠢᠵᠤ ᠪᠡᠯᠡ ᠲᠠᠲᠠᠬᠤ ᠪᠠ ᠲᠥᠷᠥᠯ ᠵᠥᠢᠯ ᠤᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠤ ᠴᠢᠯᠦᠭᠡᠲᠡᠢ ᠬᠥᠭᠵᠢᠭᠰᠡᠨ ᠰᠢᠨ᠎ᠡ ᠥᠨᠳᠦᠷᠯᠢᠭ ᠢ ᠪᠥᠲᠦᠭᠡᠨ ᠪᠠᠶᠢᠭᠤᠯᠤᠨ᠎ᠠ︽ᠨᠡᠭᠡᠭᠡᠪᠡᠰᠦ ᠤᠷᠤᠭᠰᠢᠯᠠᠯᠲᠠ ᠶᠢ ᠠᠪᠴᠢᠷᠠᠵᠤ᠂ ᠬᠠᠭᠠᠪᠠᠰᠤ ᠡᠷᠬᠡ ᠦᠭᠡᠢ ᠬᠤᠴᠣᠷᠤᠨ᠎ᠠ︾ ᠭᠡᠳᠡᠭ ᠦᠵᠡᠯ ᠰᠠᠨᠠᠭ᠎ᠠ ᠶᠢ ᠪᠤᠢ ᠪᠣᠯᠭᠠᠵᠤ᠂ ᠣᠷᠣᠨ ᠪᠠᠶᠢᠷᠢ ᠶᠢᠨ ᠳᠠᠪᠠᠭᠤᠯᠢᠭ ᠲᠤ ᠬᠥᠯ ᠲᠣᠭᠲᠠᠵᠤ᠂ ᠨᠡᠬᠡᠭᠡᠯᠲᠡ ᠶᠢᠨ ᠳᠠᠯᠳᠠ ᠬᠦᠴᠦᠨ ᠢ ᠭᠦᠨ᠎ᠡ ᠠᠭᠤᠳᠠᠯᠵᠤ᠂ ᠡᠨᠡᠬᠦ ᠨᠡᠬᠡᠭᠡᠯᠲᠡ ᠬᠥᠭᠵᠢᠯᠲᠡ ᠶᠢᠨ ᠲᠣᠮᠣ ᠵᠣᠬᠢᠶᠠᠯ ᠢ ᠰᠠᠶᠢᠬᠠᠨ ᠪᠢᠴᠢᠭᠯᠡᠰᠦᠭᠡᠢ᠃   ᠭᠠᠳᠠᠭᠠᠳᠤ ᠨᠡᠬᠡᠭᠡᠯᠲᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠃ ᠮᠠᠨ ᠤ ᠰᠢᠶᠠᠨ ︽ᠥᠭᠡᠷᠡᠴᠢᠯᠡᠯᠲᠡ ᠶᠢᠨ ᠬᠤᠰᠢᠭᠤᠴᠢ︾ ᠶᠢᠨ ᠵᠣᠷᠢᠭ ᠰᠠᠨᠠᠭ᠎ᠠ ᠪᠠᠨ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠦᠭᠡᠯᠡᠵᠦ᠂ ᠶᠡᠭᠡ ᠪᠠᠷ ᠨᠡᠭᠡᠭᠡᠪᠡᠰᠦ ᠶᠡᠭᠡ ᠬᠥᠭᠵᠢᠬᠦ ᠪᠠ ᠪᠠᠭ᠎ᠠ ᠪᠠᠷ ᠨᠡᠭᠡᠭᠡᠪᠡᠰᠦ ᠪᠠᠭ᠎ᠠ ᠬᠥᠭᠵᠢᠬᠦ᠂ ᠨᠡᠭᠡᠭᠡᠬᠦ ᠦᠭᠡᠢ ᠪᠣᠯ ᠬᠥᠭᠵᠢᠬᠦᠢ ᠳᠤ ᠪᠡᠷᠬᠡ ᠪᠠᠶᠢᠳᠠᠭ ᠪᠣᠳᠠᠲᠤ ᠪᠠᠶᠢᠳᠠᠯ ᠢ ᠪᠥᠷᠢᠨ ᠭᠦᠢᠴᠡᠳ ᠤᠬᠠᠨ ᠲᠠᠨᠢᠭᠰᠠᠨ ᠪᠠᠶᠢᠨ᠎ᠠ︔ ᠨᠡᠭᠡᠭᠡᠯᠲᠡ ᠶᠢᠨ ᠠᠯᠬᠤᠭ᠎ᠠ ᠪᠠᠨ ᠶᠡᠬᠡᠰᠬᠡᠵᠦ᠂ ᠤᠯᠤᠰ ᠠᠴᠠ ᠪᠠᠷᠠᠭᠤᠨ ᠣᠷᠣᠨ ᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠠᠰᠤᠷᠤ ᠰᠠᠶᠢᠨ ᠠᠵᠠ ᠲᠣᠬᠢᠶᠠᠯ ᠢ ᠴᠢᠩᠭ᠎ᠠ ᠠᠳᠬᠤᠵᠤ ᠨᠡᠩ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠤᠯᠤᠰ ᠤᠨ ᠳᠣᠲᠣᠭᠠᠳᠤ ᠭᠠᠳᠠᠭᠠᠳᠤ᠂ ᠣᠷᠣᠨ ᠤ ᠳᠣᠲᠣᠭᠠᠳᠤ ᠭᠠᠳᠠᠭᠠᠳᠤ ᠶᠢᠨ ᠪᠥᠬᠦᠯᠢ ᠴᠣᠭᠴᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠨ ᠣᠷᠣᠵᠤ᠂ ︽ᠨᠢᠭᠡ ᠪᠥᠰᠡ ᠨᠢᠭᠡ ᠵᠠᠮ︾ ᠤᠨ ᠪᠥᠲᠦᠭᠡᠨ ᠪᠠᠶᠢᠭᠤᠯᠤᠯᠲᠠ ᠪᠠ ᠪᠡᠭᠡᠵᠢᠩ — ᠲᠢᠶᠠᠨᠵᠢᠨ — ᠾᠧᠪᠧᠢ ᠶᠢᠨ ᠬᠠᠮᠵᠢᠯᠴᠠᠨ ᠬᠥᠭᠵᠢᠬᠦ ᠳᠤ ᠠᠭᠤᠰᠤᠨ ᠣᠷᠣᠵᠤ᠂ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠵᠠᠯᠭᠠᠮᠵᠢᠯᠠᠵᠤ᠂ ᠮᠠᠨ ᠤ ᠰᠢᠶᠠᠨ ᠢᠶᠠᠨ ᠨᠡᠭᠡᠭᠡᠯᠲᠡ ᠶᠢᠨ ᠬᠤᠲᠣᠭᠤᠷ ᠠᠴᠠ ᠨᠡᠭᠡᠭᠡᠯᠲᠡ ᠶᠢᠨ ᠥᠨᠳᠦᠷᠯᠢᠭ ᠲᠤ ᠬᠦᠷᠭᠡᠨ᠎ᠡ︔ ᠨᠡᠭᠡᠭᠡᠯᠲᠡ ᠲᠠᠢ ᠣᠷᠴᠢᠨ ᠢ ᠪᠥᠲᠦᠭᠡᠵᠦ᠂ ᠰᠠᠶᠢᠨ ᠰᠠᠶᠢᠬᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠴᠣᠭᠴᠠᠯᠠᠨ ᠪᠠᠶᠢᠭᠤᠯᠵᠤ᠂ ᠵᠦᠧᠧᠽᠢ ᠰᠢᠶᠠᠨ ᠢᠶᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠤᠳ ᠤᠨ ᠢᠷᠡᠬᠦ ᠳᠤᠷᠠᠲᠠᠢ᠂ ᠦᠯᠡᠳᠡᠬᠦ ᠰᠣᠨᠢᠷᠬᠠᠯ ᠲᠠᠢ᠂ ᠬᠥᠭᠵᠢᠯᠲᠡ ᠳᠤ ᠬᠦᠷᠴᠦ ᠴᠢᠳᠠᠬᠤ ᠪᠡᠯᠡ ᠣᠷᠣᠭᠤᠯᠤᠯᠲᠠ ᠥᠷᠨᠢᠯ ᠬᠥᠭᠵᠢᠯ ᠤᠨ ᠥᠯᠥᠭᠡᠢ ᠪᠣᠯᠭᠠᠨ ᠪᠥᠲᠦᠭᠡᠨ ᠪᠠᠶᠢᠭᠤᠯᠤᠨ᠎ᠠ︔ ᠨᠡᠭᠡᠭᠡᠯᠲᠡ ᠶᠢᠨ ᠲᠥᠯᠥᠪ ᠪᠠᠶᠢᠳᠠᠯ ᠢ ᠭᠠᠶᠢᠬᠠᠭᠤᠯᠵᠤ᠂ ᠥᠪᠡᠷ ᠤᠨ ᠳᠠᠪᠠᠭᠤᠯᠢᠭ ᠲᠠᠭᠠᠨ ᠰᠠᠭᠤᠷᠢᠯᠠᠵᠤ᠂ ᠨᠡᠭᠡᠭᠡᠯᠲᠡ ᠬᠥᠭᠵᠢᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ᠂ ᠤᠯᠤᠰ ᠤᠨ ᠠᠵᠤ ᠦᠢᠯᠡᠰ ᠤᠨ ᠲᠤᠬᠠᠢ ᠲᠥᠷᠥ ᠶᠢᠨ ᠪᠣᠳᠣᠯᠭ᠎ᠠ᠂ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠢ ᠰᠤᠳᠤᠯᠵᠤ᠂ ᠠᠵᠢᠯ ᠤᠨ ᠬᠠᠨᠳᠤᠯᠭᠠᠲᠤ ᠴᠢᠨᠠᠷ ᠬᠢᠭᠡᠳ ᠦᠷ᠎ᠡ ᠪᠥᠲᠦᠮᠵᠢᠲᠦ ᠴᠢᠨᠠᠷ ᠢ ᠳᠡᠭᠡᠭᠰᠢᠯᠡᠭᠦᠯᠵᠦ᠂ ᠮᠠᠨ ᠤ ᠰᠢᠶᠠᠨ ᠢᠶᠠᠨ ᠨᠡᠷ᠎ᠡ ᠨᠢᠳᠡᠷ ᠲᠡᠭᠡᠨ ᠲᠡᠩᠴᠡᠭᠰᠡᠨ ᠪᠡᠯᠡ ᠣᠷᠣᠭᠤᠯᠤᠯᠲᠠ ᠶᠢᠨ ᠬᠤᠲᠣᠭᠤᠷ᠂ ᠦᠢᠯᠡᠰ ᠮᠠᠨᠳᠤᠭᠤᠯᠬᠤ ᠡᠷᠳᠡᠨᠢᠲᠦ ᠣᠷᠣᠨ᠂ ᠨᠡᠭᠡᠭᠡᠯᠲᠡ ᠶᠢᠨ ᠥᠨᠳᠦᠷᠯᠢᠭ ᠪᠣᠯᠭᠠᠨ ᠪᠥᠲᠦᠭᠡᠨ ᠪᠠᠶᠢᠭᠤᠯᠤᠨ᠎ᠠ᠃    ᠠᠷᠠᠯᠵᠢᠶᠠᠴᠢᠳ ᠢ ᠤᠷᠢᠵᠤ ᠪᠡᠯᠡ ᠲᠠᠲᠠᠬᠤ ᠠᠵᠢᠯ ᠢ ᠴᠢᠩᠭᠠᠳᠬᠠᠬᠤ᠃ ᠠᠷᠠᠯᠵᠢᠶᠠᠴᠢᠳ ᠢ ᠤᠷᠢᠵᠤ ᠪᠡᠯᠡ ᠲᠠᠲᠠᠬᠤ ᠠᠵᠢᠯ ᠢ ᠠᠵᠤ ᠠᠬᠤᠢ ᠶᠢᠨ ᠠᠵᠢᠯ ᠤᠨ ᠴᠢᠬᠤᠯᠠ ᠪᠠᠷᠢᠴᠠ ᠪᠣᠯᠭᠠᠵᠤ᠂ ᠠᠷᠠᠯᠵᠢᠶᠠᠴᠢᠳ ᠢ ᠤᠷᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠯᠵᠢᠶᠠᠴᠢᠳ ᠢ ᠤᠷᠢᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠷᠠᠯᠵᠢᠶᠠᠴᠢᠳ ᠢ ᠤᠷᠢᠬᠤ ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠨ ᠣᠯᠠᠨ ᠳᠡᠰ ᠳᠠᠪᠬᠤᠷᠭ᠎ᠠ ᠲᠠᠢ᠂ ᠣᠯᠠᠨ ᠵᠠᠮ ᠰᠤᠪᠠᠭ ᠲᠠᠢ᠂ ᠣᠯᠠᠨ ᠡᠰᠢᠴᠢᠯᠡᠭᠰᠡᠨ ᠠᠷᠠᠯᠵᠢᠶᠠᠴᠢᠨ ᠤᠷᠢᠬᠤ ᠲᠥᠯᠥᠪᠰᠢᠷᠡᠯ ᠢ ᠪᠤᠢ ᠪᠣᠯᠭᠠᠨ᠎ᠠ᠃ ᠳᠡᠭᠡᠳᠦ ᠱᠠᠲᠤᠨ ᠤ ᠬᠤᠯᠪᠣᠭᠳᠠᠬᠤ ᠰᠠᠯᠠᠭ᠎ᠠ ᠮᠦᠴᠢᠷ ᠤᠳ ᠲᠠᠢ ᠵᠣᠬᠢᠴᠠᠩᠭᠤᠢ ᠪᠠᠷ ᠵᠣᠯᠭᠠᠯᠴᠠᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡᠨ ᠤ ᠬᠥᠲᠥᠯᠪᠦᠷᠢ ᠶᠢ ᠴᠠᠭ ᠲᠤᠬᠠᠢ ᠳᠤᠨᠢ ᠤᠶᠢᠯᠠᠭᠠᠬᠤ ᠪᠠ ᠡᠵᠡᠮᠰᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ ᠠᠰᠢᠭᠲᠠᠢ ᠴᠠᠭ ᠲᠣᠬᠢᠶᠠᠯ ᠢ ᠠᠰᠢᠭᠯᠠᠵᠤ᠂ ᠨᠡᠩ ᠣᠯᠠᠨ ᠲᠥᠷᠥᠯ ᠵᠥᠢᠯ ᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠥᠷᠥᠯ ᠵᠥᠢᠯ ᠤᠨ ᠪᠡᠯᠡ ᠣᠷᠣᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ ᠠᠵᠢᠯᠯᠠᠨ᠎ᠠ︔ ᠪᠡᠭᠡᠵᠢᠩ ᠬᠤᠲᠠ ᠶᠢᠨ ᠨᠡᠶᠢᠰᠯᠡᠯ ᠤᠨ ᠪᠤᠰᠤ ᠴᠢᠳᠠᠮᠵᠢ ᠶᠢᠨ ᠲᠠᠷᠬᠠᠭᠠᠬᠤ ᠪᠠ ᠪᠡᠭᠡᠵᠢᠩ ᠥᠪᠥᠷ ᠮᠣᠩᠭᠤᠯ ᠬᠤᠭᠤᠷᠣᠨᠳᠤ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠠ ᠲᠣᠬᠢᠶᠠᠯ ᠢ ᠠᠰᠢᠭᠯᠠᠨ ᠮᠠᠨ ᠤ ᠰᠢᠶᠠᠨ ᠤ ᠬᠥᠭᠵᠢᠯᠲᠡ ᠳᠤ ᠨᠡᠶᠢᠴᠡᠬᠦ ᠪᠥᠭᠡᠳ ᠠᠵᠤ ᠦᠢᠯᠡᠰ ᠤᠨ ᠲᠤᠬᠠᠢ ᠲᠥᠷᠥ ᠶᠢᠨ ᠪᠣᠳᠣᠯᠭ᠎ᠠ᠂ ᠪᠣᠬᠢᠷᠲᠤᠯ ᠦᠭᠡᠢ ᠣᠷᠴᠢᠨ ᠠᠬᠤᠢ ᠶᠢᠨ ᠬᠠᠮᠠᠭᠠᠯᠠᠯᠲᠠ ᠳᠤ ᠨᠡᠶᠢᠴᠡᠭᠰᠡᠨ ᠨᠢᠭᠡ ᠪᠥᠯᠥᠭ ᠲᠥᠷᠥᠯ ᠵᠥᠢᠯ ᠢ ᠳᠠᠭᠠᠭᠠᠨ ᠠᠪᠬᠤ ᠪᠠᠷ ᠴᠢᠷᠮᠠᠶᠢᠨ ᠠᠵᠢᠯᠯᠠᠨ᠎ᠠ︔ ᠪᠡᠭᠡᠵᠢᠩ — ᠲᠢᠶᠠᠨᠵᠢᠨ — ᠾᠧᠪᠧᠢ᠂ ᠬᠥᠬᠡ ᠮᠥᠷᠡᠨ ᠤᠨ ᠭᠤᠷᠪᠠᠯᠵᠢᠨ ᠬᠤᠶᠢᠭ ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠣᠷᠣᠨ ᠪᠥᠰᠡ ᠲᠠᠢ ᠢᠳᠡᠪᠬᠢᠲᠡᠢ ᠪᠠᠷ ᠵᠣᠯᠭᠠᠯᠴᠠᠵᠤ᠂ ᠠᠵᠤ ᠦᠢᠯᠡᠰ ᠤᠨ ᠰᠢᠯᠵᠢᠯᠲᠡ ᠶᠢᠨ ᠠᠵᠠ ᠲᠣᠬᠢᠶᠠᠯ ᠢ ᠠᠳᠬᠤᠨ ᠠᠪᠴᠤ ᠨᠡᠩ ᠣᠯᠠᠨ ᠲᠣᠮᠣ ᠲᠥᠷᠥᠯ ᠵᠥᠢᠯ ᠪᠠ ᠰᠢᠯᠢᠳᠡᠭ ᠲᠥᠷᠥᠯ ᠵᠥᠢᠯ ᠢ ᠲᠠᠲᠠᠵᠤ ᠣᠷᠣᠭᠤᠯᠬᠤ ᠪᠠᠷ ᠴᠢᠷᠮᠠᠶᠢᠨ ᠠᠵᠢᠯᠯᠠᠨ᠎ᠠ᠃   ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠃ ᠴᠢᠬᠤᠯᠠ ᠶᠡᠭᠡ ᠲᠥᠷᠥᠯ ᠵᠥᠢᠯ ᠢ ᠰᠢᠶᠠᠨ ᠤ ᠳᠡᠰ ᠤᠨ ᠺᠠᠳ᠋ᠷ ᠲᠤ ᠳᠠᠭᠠᠭᠠᠴᠢᠯᠠᠭᠤᠯᠤᠨ ᠬᠠᠷᠢᠯᠴᠠᠭᠤᠯᠬᠤ ᠬᠠᠷᠢᠭᠤᠴᠠᠯᠭ᠎ᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠵᠣᠬᠢᠰᠲᠠᠢ ᠴᠠᠭ ᠦᠶ᠎ᠡ ᠳᠤ ᠴᠢᠬᠤᠯᠠ ᠶᠡᠭᠡ ᠲᠥᠷᠥᠯ ᠵᠥᠢᠯ ᠪᠠ ᠭᠤᠣᠯᠳᠠᠯᠭ᠎ᠠ ᠲᠠᠢ ᠢᠨᠵᠧᠨᠧᠷᠢᠩ ᠢ ᠲᠥᠪᠯᠡᠷᠡᠭᠦᠯᠦᠨ ᠪᠥᠲᠦᠭᠡᠨ ᠪᠠᠶᠢᠭᠤᠯᠵᠤ᠂ ᠣᠶᠢᠷ᠎ᠠ ᠶᠢᠨ ᠬᠤᠭᠤᠴᠠᠭᠠᠨ ᠤ ᠥᠰᠥᠯᠲᠡ ᠶᠢ ᠬᠥᠳᠡᠯᠭᠡᠬᠦ ᠪᠥᠭᠡᠳ ᠪᠠᠰᠠ ᠬᠥᠭᠵᠢᠯᠲᠡ ᠶᠢᠨ ᠬᠤᠶᠢᠨᠠᠬᠢ ᠬᠦᠴᠦᠨ ᠢ ᠬᠠᠳᠠᠭᠠᠯᠠᠨ ᠬᠤᠷᠠᠮᠳᠤᠭᠤᠯᠬᠤ ᠨᠢᠭᠡ ᠪᠥᠯᠥᠭ ᠲᠣᠮᠣ ᠲᠥᠰᠥᠯ ᠢ ᠪᠥᠲᠦᠭᠡᠨ ᠪᠠᠶᠢᠭᠤᠯᠵᠤ᠂ ᠪᠥᠬᠦ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠴᠢᠩᠭ᠎ᠠ ᠬᠦᠴᠦᠲᠡᠢ ᠠᠮᠢᠵᠢᠷᠠᠯ ᠤᠨ ᠬᠦᠴᠦᠨ ᠣᠯᠭᠤᠨ᠎ᠠ᠃ ᠲᠥᠯᠥᠪᠯᠡᠭᠰᠡᠨ ᠢᠶᠠᠷ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 18 ᠭᠤᠣᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠵᠦ᠂ 37.97 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠵᠠᠮ ᠬᠠᠷᠢᠯᠴᠠᠭ᠎ᠠ᠂ ᠡᠨᠧᠷᠬᠢ᠂ ᠤᠰᠤᠨ ᠠᠰᠢᠭᠯᠠᠯᠲᠠ᠂ ᠬᠤᠯᠪᠣᠭ᠎ᠠ ᠬᠠᠷᠢᠯᠴᠠᠭ᠎ᠠ ᠵᠡᠷᠭᠡ ︽ᠳᠥᠷᠪᠡᠨ ᠰᠦᠯᠵᠢᠶ᠎ᠡ︾ ᠶᠢᠨ ᠪᠥᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠦᠯᠵᠢᠶ᠎ᠡ ᠢ ᠲᠡᠭᠦᠯᠳᠡᠷᠵᠢᠭᠦᠯᠵᠦ᠂ ᠰᠢ ᠶᠡᠷᠦᠩᠬᠡᠢ ᠱᠦᠵᠢ ᠶᠢᠨ ᠳᠤᠷᠠᠳᠤᠭᠰᠠᠨ ︽ᠳᠥᠷᠪᠡᠨ ᠰᠢᠯᠢᠳᠡᠭ ᠬᠥᠳᠡᠭᠡ ᠲᠤᠰᠬᠤᠨ ᠤ ᠵᠠᠮ︾ ᠢ ᠪᠥᠲᠦᠭᠡᠨ ᠪᠠᠶᠢᠭᠤᠯᠬᠤ ᠴᠢᠬᠤᠯᠠ ᠵᠢᠯᠣᠭᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠶᠠᠨ ᠰᠢᠶᠠᠩ ᠭᠠᠴᠠᠭ᠎ᠠ ᠭᠤᠷᠪᠠᠨ ᠳᠡᠰ ᠤᠨ ᠵᠠᠰᠠᠮᠠᠯ ᠵᠠᠮ ᠢ ᠰᠦᠯᠵᠢᠶ᠎ᠡ ᠲᠠᠢ ᠬᠤᠯᠪᠣᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ 3 ᠵᠣᠷᠪᠣᠰ ᠠᠶᠠᠯᠠᠯ ᠵᠢᠭᠤᠯᠴᠢᠯᠠᠯ ᠤᠨ ᠵᠠᠰᠠᠮᠠᠯ ᠵᠠᠮ ᠪᠠ 5 ᠵᠣᠷᠪᠣᠰ ᠰᠢᠶᠠᠩ ᠲᠤᠰᠬᠤᠨ ᠤ ᠵᠠᠰᠠᠮᠠᠯ ᠵᠠᠮ ᠢ ᠲᠥᠯᠥᠪᠵᠢᠭᠦᠯᠦᠨ ᠪᠠᠶᠢᠭᠤᠯᠤᠨ᠎ᠠ︔ ᠪᠣᠬᠢᠷᠲᠤᠯ ᠦᠭᠡᠢ ᠡᠨᠧᠷᠬᠢ ᠶᠢᠨ ᠲᠣᠣᠷ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ︽ᠥᠪᠥᠷ ᠮᠣᠩᠭᠤᠯ ᠢ ᠬᠡᠶᠢᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ ᠪᠠᠶᠢᠬᠤ ᠲᠠᠰᠢᠷᠠᠮ ᠢ ᠠᠰᠢᠭᠯᠠᠨ ᠪᠠᠶᠢᠭᠠᠯᠢ ᠶᠢᠨ ᠰᠢᠲᠠᠮᠠᠬᠠᠢ ᠬᠡᠢ ᠶᠢ ᠲᠤᠰᠬᠤᠨ ᠪᠠᠯᠭᠠᠰᠤ ᠪᠠ ᠬᠦᠷᠢᠶᠡᠯᠡᠩ ᠲᠣᠭᠤᠷᠢᠭ ᠲᠤ ᠣᠷᠣᠭᠤᠯᠬᠤ ᠠᠵᠢᠯ ᠢ ᠲᠥᠷᠭᠡᠪᠴᠢᠯᠡᠨ ᠠᠬᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠱᠤᠭᠤᠮ ᠰᠦᠯᠵᠢᠶ᠎ᠡ ᠪᠠᠷ ᠲᠥᠪ ᠤᠨ ᠬᠤᠲᠠ ᠪᠠᠯᠭᠠᠰᠤ ᠶᠢ ᠪᠥᠷᠬᠦᠬᠦ ᠡᠭᠦᠷᠭᠡ ᠶᠢ ᠪᠡᠶᠡᠯᠡᠭᠦᠯᠦᠨ᠎ᠡ᠃ ᠴᠠᠬᠢᠯᠭᠠᠨ ᠰᠦᠯᠵᠢᠶᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠢᠭᠡᠨ 110KV ᠶᠢᠨ ᠬᠦᠴᠦᠳᠡᠯ ᠥᠭᠡᠷᠡᠴᠢᠯᠡᠬᠦ ᠥᠷᠲᠡᠭᠡ ᠶᠢ ᠥᠭᠡᠷᠡᠴᠢᠯᠡᠨ ᠪᠠᠶᠢᠭᠤᠯᠬᠤ ᠪᠠ 35KV ᠶᠢᠨ ᠴᠠᠬᠢᠯᠭᠠᠨ ᠳᠠᠮᠵᠢᠭᠤᠯᠬᠤ ᠵᠠᠮ ᠱᠤᠭᠤᠮ᠂ 10KV ᠠᠴᠠ ᠳᠣᠷᠣᠭᠰᠢᠬᠢ ᠴᠠᠬᠢᠯᠭᠠᠨ ᠬᠤᠪᠢᠶᠠᠷᠢᠯᠠᠬᠤ ᠵᠠᠮ ᠱᠤᠭᠤᠮ᠂ 0.4KV ᠶᠢᠨ ᠵᠠᠮ ᠱᠤᠭᠤᠮ ᠢ ᠲᠤᠰ ᠲᠤᠰ ᠲᠤᠨᠢ 35 ᠺᠢᠯᠣᠮᠧᠳ᠋ᠷ ᠤᠷᠲᠤ᠂ 37.3 ᠺᠢᠯᠣᠮᠧᠳ᠋ᠷ ᠤᠷᠲᠤ᠂ 21 ᠺᠢᠯᠣᠮᠧᠳ᠋ᠷ ᠤᠷᠲᠤ ᠲᠠᠢ ᠰᠢᠨ᠎ᠡ ᠪᠠᠷ ᠲᠠᠲᠠᠬᠤ ᠪᠤᠶᠤ ᠥᠭᠡᠷᠡᠴᠢᠯᠡᠨ ᠰᠢᠨᠡᠳᠬᠡᠵᠦ᠂ 11 ᠴᠠᠬᠢᠯᠭᠠᠨ ᠬᠤᠪᠢᠶᠠᠷᠢᠯᠠᠬᠤ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠨᠡᠮᠡᠵᠦ ᠲᠣᠬᠢᠷᠠᠭᠤᠯᠤᠨ 1.92 ᠡᠷᠦᠬᠡ ᠶᠢᠨ ᠬᠠᠭᠤᠴᠢᠨ ᠬᠡᠮᠵᠢᠭᠦᠷ ᠢ ᠥᠭᠡᠷᠡᠴᠢᠯᠡᠨ ᠰᠢᠨᠡᠳᠬᠡᠨ᠎ᠡ︔ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠰᠦᠯᠵᠢᠶ᠎ᠡ ᠶᠢ ᠲᠡᠭᠦᠯᠳᠡᠷᠵᠢᠭᠦᠯᠵᠦ᠂ ᠵᠢᠢ ᠴᠢᠩ ᠬᠠᠪᠴᠢᠯ ᠤᠨ ᠤᠰᠤᠨ ᠴᠥᠭᠦᠷᠥᠮ ᠤᠨ ᠪᠥᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠤ ᠪᠡᠯᠡᠳᠬᠡᠯ ᠠᠵᠢᠯ ᠢ ᠲᠥᠷᠭᠡᠨ ᠪᠡᠶᠡᠯᠡᠭᠦᠯᠵᠦ᠂ ᠪᠥᠲᠦᠭᠡᠨ ᠪᠠᠶᠢᠭᠤᠯᠤᠯᠲᠠ ᠶᠢᠨ ᠠᠵᠢᠯ ᠢ ᠴᠠᠭ ᠢ ᠠᠮᠵᠢᠨ ᠡᠷᠲᠡ ᠨᠢᠭᠡ ᠡᠳᠦᠷ ᠡᠬᠢᠯᠡᠭᠦᠯᠦᠨ᠎ᠡ᠃ ᠤᠰᠤ ᠶᠢ ᠬᠠᠮᠠᠭᠠᠯᠠᠨ ᠵᠠᠰᠠᠬᠤ᠂ ᠤᠰᠤ ᠬᠡᠮᠨᠡᠬᠦ ᠤᠰᠤᠯᠠᠯᠲᠠ᠂ ᠬᠥᠮᠥᠨ ᠮᠠᠯ ᠤᠨ ᠤᠮᠳᠠᠭᠠᠨ ᠤ ᠤᠰᠤ ᠵᠡᠷᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ︔ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠰᠦᠯᠵᠢᠶ᠎ᠡ ᠶᠢ ᠲᠡᠭᠦᠯᠳᠡᠷᠵᠢᠭᠦᠯᠵᠦ᠂ ︽ᠭᠤᠷᠪᠠᠨ ᠰᠦᠯᠵᠢᠶᠡᠨ ᠤ ᠠᠭᠤᠰᠤᠨ ᠨᠡᠶᠢᠯᠡᠯᠴᠡᠯ︾ ᠢᠶᠠᠷ ᠲᠤᠯᠭᠠᠭᠤᠷᠢ ᠪᠣᠯᠭᠠᠭᠰᠠᠨ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠥᠷᠭᠡᠨ ᠳᠠᠪᠲᠠᠮᠵᠢ ᠶᠢᠨ ᠪᠥᠰᠡ ᠨᠡᠪᠲᠡᠷᠡᠭᠦᠯᠵᠦ᠂ ᠪᠠᠶᠢᠭᠠᠯᠢᠯᠢᠭ ᠭᠠᠴᠠᠭ᠎ᠠ ᠲᠤᠰᠬᠤᠨ ᠢ ᠳᠣᠬᠢᠶ᠎ᠠ ᠪᠠᠷ ᠪᠦᠷᠬᠦᠵᠦ᠂ ᠬᠥᠳᠡᠭᠡ ᠲᠤᠰᠬᠤᠨ ᠤ ᠡᠷᠦᠬᠡ ᠪᠥᠬᠦᠨ ᠳᠤ ᠷᠠᠳᠢᠣ᠋᠂ ᠲᠧᠯᠸᠢᠰ ᠨᠡᠪᠲᠡᠷᠡᠭᠦᠯᠦᠨ᠎ᠡ᠃    ︵ᠭᠤᠷᠪᠠ︶ ᠰᠢᠶᠠᠩ ᠲᠤᠰᠬᠤᠨ ᠢ ᠰᠡᠷᠭᠦᠭᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠲᠠᠷᠢᠶᠠᠯᠠᠩ ᠬᠥᠳᠡᠭᠡ ᠲᠤᠰᠬᠤᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ᠎ᠡᠲᠥᠪ ᠤᠨ ᠨᠢᠭᠡ ᠨᠣᠮᠧᠷᠲᠤ ᠪᠢᠴᠢᠭ ᠮᠠᠲ᠋ᠧᠷᠢᠶᠠᠯ᠂ ᠥᠪᠡᠷᠲᠡᠭᠡᠨ ᠵᠠᠰᠠᠬᠤ ᠣᠷᠣᠨ ᠤ ︽ᠰᠢᠶᠠᠩ ᠲᠤᠰᠬᠤᠨ ᠢ ᠰᠡᠷᠭᠦᠭᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠢ ᠰᠠᠨᠠᠯ︾ ᠤᠨ ᠵᠣᠷᠢᠭ ᠰᠠᠨᠠᠭ᠎ᠠ ᠪᠠ ︽ᠬᠥᠳᠡᠭᠡ ᠲᠤᠰᠬᠤᠨ ᠤ ᠠᠮᠢᠳᠤᠷᠠᠯ ᠤᠨ ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠥᠲᠥᠯᠪᠦᠷᠢ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠵᠤ ᠦᠢᠯᠡᠰ ᠬᠥᠭᠵᠢᠨ ᠪᠠᠳᠠᠷᠠᠵᠤ᠂ ᠣᠷᠴᠢᠨ ᠠᠬᠤᠢ ᠠᠮᠢᠳᠤᠷᠠᠬᠤ ᠳᠤ ᠲᠣᠬᠢᠷᠠᠮᠵᠢᠲᠠᠢ᠂ ᠰᠢᠶᠠᠩ ᠤᠨ ᠰᠤᠷᠲᠠᠯ ᠪᠣᠯᠪᠠᠰᠤᠨ᠂ ᠵᠠᠰᠠᠯᠲᠠ ᠴᠡᠭᠴᠡᠯᠡᠯᠲᠡ ᠪᠥᠲᠥᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ ᠦᠵᠡᠰᠬᠦᠯᠡᠩᠲᠦ ᠰᠠᠶᠢᠬᠠᠨ ᠰᠢᠶᠠᠩ ᠲᠤᠰᠬᠤᠨ ᠢ ᠲᠥᠷᠭᠡᠪᠴᠢᠯᠡᠨ ᠪᠠᠶᠢᠭᠤᠯᠤᠨ᠎ᠠ᠃    ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠢ ᠬᠦᠴᠦᠲᠡᠢ ᠬᠥᠭᠵᠢᠭᠦᠯᠦᠨ᠎ᠡ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠪᠠᠷ ᠬᠢ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠢ ᠴᠢᠨᠠᠷ ᠲᠠᠢ ᠪᠠᠷ ᠬᠥᠭᠵᠢᠭᠦᠯᠬᠦ᠂ ᠲᠠᠷᠢᠶᠠᠯᠠᠩ ᠢ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠤᠨᠠᠯᠲᠠ ᠶᠢ ᠨᠡᠮᠡᠭᠳᠡᠭᠦᠯᠬᠦ ᠠᠴᠠ ᠴᠢᠨᠠᠷ ᠢ ᠳᠡᠭᠡᠭᠰᠢᠯᠡᠭᠦᠯᠬᠦ ᠵᠦᠭ ᠲᠤ ᠰᠢᠯᠵᠢᠭᠦᠯᠦᠨ᠎ᠡ᠃ ᠲᠣᠯᠣᠭᠠᠶᠢᠯᠠᠬᠤ ᠠᠵᠤ ᠠᠬᠤᠶᠢᠯᠠᠯ ᠤᠨ ᠬᠦᠴᠦᠲᠡᠢ ᠳᠠᠶᠢᠴᠢᠯᠠᠯ ᠢ ᠤᠳᠤᠷᠢᠳᠤᠨ ᠣᠷᠣᠭᠤᠯᠵᠤ᠂ ᠡᠷᠴᠢᠮᠲᠡᠢ ᠡᠵᠡᠩᠨᠡᠵᠦ᠂ ᠮᠠᠨ ᠤ ᠰᠢᠶᠠᠨ ᠤ ᠬᠦᠢᠲᠡᠨ ᠤ ᠨᠣᠭᠤᠭ᠎ᠠ᠂ ᠲᠥᠮᠥᠰᠥ᠂ ᠨᠣᠬᠠᠢ ᠶᠢᠨ ᠬᠤᠰᠢᠭᠤ᠂ ᠠᠮᠢᠳᠤ ᠭᠠᠭ᠋ᠠᠢ᠂ ᠥᠨᠳᠡᠭᠡᠨ ᠲᠠᠬᠢᠶ᠎ᠠ᠂ ᠲᠠᠤᠯᠠᠢ᠂ ᠮᠢᠬᠠᠨ ᠬᠤᠨᠢ᠂ ᠮᠢᠬᠠᠨ ᠦᠬᠡᠷ ᠪᠠᠷ ᠭᠤᠣᠯᠯᠠᠭᠤᠯᠤᠭᠰᠠᠨ ᠳᠠᠪᠠᠭᠤᠯᠢᠭ ᠤᠯᠠᠮᠵᠢᠯᠠᠯᠲᠤ ᠲᠠᠷᠢᠵᠤ ᠲᠡᠵᠢᠭᠡᠬᠦ ᠠᠵᠤ ᠦᠢᠯᠡᠰ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠠᠷᠢᠵᠤ ᠲᠡᠵᠢᠭᠡᠬᠦ ᠦᠢᠯᠡᠰ ᠢ ᠬᠡᠪᠴᠢᠶᠡᠵᠢᠯᠲᠡ᠂ ᠪᠠᠷᠢᠮᠵᠢᠶᠠᠵᠢᠯᠲᠠ᠂ ᠨᠡᠷᠡᠲᠦ ᠲᠡᠮᠳᠡᠭᠴᠢᠯᠡᠯᠲᠡ ᠵᠦᠭ ᠬᠥᠭᠵᠢᠭᠦᠯᠦᠨ᠎ᠡ᠃ ᠪᠥᠬᠦ ᠰᠢᠶᠠᠨ ᠤ ᠬᠦᠢᠲᠡᠨ ᠤ ᠨᠣᠭᠤᠭ᠎ᠠ᠂ ᠲᠥᠮᠥᠰᠥ᠂ ᠨᠣᠬᠠᠢ ᠶᠢᠨ ᠬᠤᠰᠢᠭᠤ᠂ ᠠᠮᠢᠳᠤ ᠭᠠᠭ᠋ᠠᠢ᠂ ᠥᠨᠳᠡᠭᠡᠨ ᠲᠠᠬᠢᠶ᠎ᠠ ᠵᠡᠷᠭᠡ ᠶᠢ ᠲᠠᠷᠢᠵᠤ ᠲᠡᠵᠢᠭᠡᠬᠦ ᠬᠡᠪᠴᠢᠶᠡᠵᠢᠯ ᠢ ᠯᠠᠪᠳᠠᠭᠤᠨ ᠪᠠᠲᠤᠲᠠᠢ ᠪᠠᠷ ᠲᠤᠰ ᠲᠤᠰ 5 ᠲᠥᠮᠡᠨ ᠮᠦ᠂ 22 ᠲᠥᠮᠡᠨ ᠮᠦ᠂ 10 ᠲᠥᠮᠡᠨ ᠮᠦ᠂ 6 ᠲᠥᠮᠡᠨ ᠭᠠᠭ᠋ᠠᠢ᠂ 340 ᠲᠥᠮᠡᠨ ᠲᠠᠬᠢᠶ᠎ᠠ ᠪᠣᠯᠭᠠᠨ ᠬᠥᠭᠵᠢᠭᠦᠯᠦᠨ᠎ᠡ︔ ᠪᠠᠷᠢᠮᠵᠢᠶᠠᠵᠢᠭᠰᠠᠨ ᠦᠢᠯᠡᠳᠪᠦᠷᠢᠯᠡᠯ ᠢ ᠳᠡᠯᠭᠡᠷᠡᠭᠦᠯᠵᠦ᠂ ᠴᠢᠨᠠᠷ ᠬᠢᠭᠡᠳ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠮᠠᠯ ᠢ ᠰᠡᠯᠭᠦᠨ ᠲᠠᠷᠢᠬᠤ ᠪᠠ ᠬᠤᠷᠣᠬᠠᠢ ᠰᠢᠪᠠᠵᠢ ᠭᠡᠮ ᠬᠢᠵᠢᠭ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠤᠨ ᠪᠦᠲᠦᠭᠡᠭᠳᠡᠬᠦᠨ ᠤ ᠴᠢᠨᠠᠷ ᠤᠨ ᠬᠢᠨᠠᠯᠲᠠ ᠬᠠᠮᠢᠶᠠᠷᠤᠯᠲᠠ ᠬᠢᠭᠡᠳ ᠠᠮᠤᠷ ᠲᠦᠪᠰᠢᠨ ᠤ ᠮᠥᠷᠳᠡᠯᠲᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠵᠥᠢ ᠶᠢᠨ ᠲᠡᠮᠳᠡᠭᠲᠦ ᠪᠠ ᠡᠺᠣᠯᠣᠭᠢ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠵᠢᠴᠢ ᠳᠠᠩᠰᠠᠯᠠᠯᠲᠠ ᠶᠢ ᠴᠢᠩᠭᠠᠳᠬᠠᠵᠤ᠂ ᠨᠡᠩ ᠣᠯᠠᠨ ᠲᠣᠯᠣᠭᠠᠶᠢᠯᠠᠬᠤ ᠠᠵᠤ ᠠᠬᠤᠶᠢᠯᠠᠯ ᠪᠠ ᠨᠡᠷᠡᠲᠦ ᠲᠡᠮᠳᠡᠭᠲᠦ ᠶᠢ ᠥᠰᠬᠡᠨ ᠪᠤᠶᠢᠵᠢᠭᠤᠯᠵᠤ᠂ ᠲᠠᠷᠢᠶᠠᠯᠠᠩ ᠮᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠬᠢᠭᠡᠳ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠵᠢᠯ ᠳᠤ 10 ᠠᠴᠠ ᠳᠡᠭᠡᠭᠰᠢ ᠲᠣᠭᠠᠨ ᠤ ᠲᠠᠷᠢᠶᠠᠯᠠᠩ ᠮᠠᠯ ᠤᠨ ᠪᠦᠲᠦᠭᠡᠭᠳᠡᠬᠦᠨ ᠤ ᠨᠡᠶᠢᠲᠡ ᠶᠢᠨ ᠬᠥᠨᠥᠭᠡᠯ ᠦᠭᠡᠢ᠂ ᠪᠣᠬᠢᠷᠲᠤᠯ ᠦᠭᠡᠢ᠂ ᠤᠷᠭᠠᠨᠢᠭ ᠪᠠᠲᠤᠯᠠᠭᠠᠵᠢᠭᠤᠯᠤᠯᠲᠠ ᠶᠢ ᠪᠡᠶᠡᠯᠡᠭᠦᠯᠦᠨ᠎ᠡ︔ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠢ ᠢᠯᠭᠠᠨ ᠲᠣᠭᠲᠠᠭᠠᠬᠤ ᠠᠵᠢᠯ ᠢ ᠲᠦᠯᠬᠢᠨ ᠠᠬᠢᠭᠤᠯᠵᠤ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠪᠠ ᠲᠠᠷᠢᠶᠠᠯᠠᠩ ᠤᠨ ᠮᠡᠷᠭᠡᠵᠢᠯ ᠢ ᠤᠬᠠᠭᠤᠯᠤᠨ ᠳᠡᠯᠭᠡᠷᠡᠭᠦᠯᠬᠦ ᠠᠵᠢᠯ ᠢ ᠡᠷᠴᠢᠮᠵᠢᠭᠦᠯᠦᠨ᠎ᠡ᠃    ᠬᠥᠳᠡᠭᠡ ᠲᠤᠰᠬᠤᠨ ᠤ ᠣᠳᠣᠬᠢᠴᠢᠯᠠᠯᠲᠠ ᠶᠢ ᠲᠥᠷᠭᠡᠪᠴᠢᠯᠡᠨ ᠠᠬᠢᠭᠤᠯᠤᠨ᠎ᠠ᠃ ᠬᠥᠳᠡᠭᠡ ᠲᠤᠰᠬᠤᠨ ᠤ ᠭᠠᠵᠠᠷ ᠰᠢᠷᠤᠢ ᠶᠢᠨ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠵᠡᠷᠭᠡ ︽ᠭᠤᠷᠪᠠᠨ ᠡᠷᠬᠡ︾ ᠶᠢᠨ ᠲᠤᠰᠠᠭᠠᠷᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠠᠵᠠᠷ ᠰᠢᠷᠤᠢ᠂ ᠲᠠᠯ᠎ᠠ ᠨᠤᠲᠤᠭ ᠤᠨ ᠡᠷᠬᠡ ᠶᠢ ᠪᠠᠲᠤᠯᠠᠭᠠᠵᠢᠭᠤᠯᠬᠤ᠂ ᠳᠠᠩᠰᠠᠯᠠᠬᠤ᠂ ᠦᠨᠡᠮᠯᠡᠯ ᠣᠯᠭᠤᠬᠤ ᠠᠵᠢᠯ ᠢ ᠪᠡᠶᠡᠯᠡᠭᠦᠯᠵᠦ᠂ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠬᠠᠷᠢᠴᠠᠭᠠᠨ ᠤ ᠲᠣᠭᠲᠠᠪᠤᠷᠢᠲᠠᠢ ᠪᠥᠭᠡᠳ ᠤᠷᠲᠤ ᠬᠤᠭᠤᠴᠠᠭ᠎ᠠ ᠪᠠᠷ ᠬᠤᠪᠢᠷᠠᠬᠤ ᠦᠭᠡᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠬᠥᠳᠡᠭᠡ ᠲᠤᠰᠬᠤᠨ ᠤ ᠤᠰᠤ ᠴᠠᠬᠢᠯᠭᠠᠨ ᠵᠠᠮ ᠤᠨ ᠲᠤᠬᠠᠢ ᠮᠡᠳᠡᠭᠡ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠶᠢᠯ ᠲᠤᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠦᠨ᠎ᠡ︔ ᠠᠵᠤ ᠠᠬᠤᠢ ᠶᠢᠨ ᠣᠢ ᠰᠢᠭᠤᠢ ᠪᠠᠷ ᠭᠤᠣᠯᠯᠠᠭᠤᠯᠤᠭᠰᠠᠨ ᠠᠶᠢᠯ ᠲᠤᠰᠬᠤᠨ ᠤ ︽ᠳᠥᠷᠪᠡᠨ ᠬᠠᠵᠠᠭᠤ︾ ᠳᠤ ᠮᠣᠳᠣ ᠲᠠᠷᠢᠬᠤ ᠠᠵᠢᠯ ᠢ ᠰᠠᠶᠢᠲᠤᠷ ᠬᠢᠵᠦ᠂ ᠨᠣᠮᠢᠨ ᠤᠰᠤ ᠬᠥᠬᠡ ᠠᠭᠤᠯᠠ ᠪᠠ ᠴᠡᠪᠡᠷ ᠲᠤᠩᠭᠠᠯᠠᠭ ᠨᠠᠮ ᠰᠡᠯᠡᠭᠦᠦ ᠲᠠᠷᠢᠶᠠᠯᠠᠩ ᠤᠨ ᠥᠩᠭᠡ ᠦᠵᠡᠮᠵᠢ ᠶᠢ ᠰᠠᠶᠢᠲᠤᠷ ᠬᠠᠮᠠᠭᠠᠯᠠᠵᠤ᠂ ᠭᠤᠸ᠎ᠠ ᠦᠵᠡᠰᠬᠦᠯᠡᠩ ᠪᠠ ᠨᠤᠲᠤᠭ ᠤᠨ ᠮᠥᠷᠥᠭᠡᠳᠦᠯ ᠢ ᠰᠢᠶᠠᠩ ᠲᠤᠰᠬᠤᠨ ᠳᠤ ᠦᠯᠡᠳᠡᠭᠡᠨ᠎ᠡ︔ ᠰᠤᠯᠠ ᠰᠡᠯᠡᠭᠦᠦ ᠲᠠᠷᠢᠶᠠᠯᠠᠩ᠂ ᠲᠠᠷᠢᠶᠠᠯᠠᠩ ᠢ ᠪᠡᠶ᠎ᠡ ᠪᠠᠷ ᠲᠤᠷᠰᠢᠬᠤ᠂ ᠲᠠᠷᠢᠶᠠᠯᠠᠩ ᠤᠨ ᠲᠠᠯᠠᠪᠠᠢ ᠶᠢᠨ ᠶᠡᠷᠦᠩᠬᠡᠶ ᠴᠣᠭᠴᠠ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠲᠥᠯᠥᠪ ᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ᠴᠠᠬᠢᠮ ᠬᠤᠳᠠᠯᠳᠤᠭ᠎ᠠ ᠶᠢ ᠠᠯᠢ ᠲᠥᠷᠭᠡᠨ ᠢᠶᠠᠷ ᠬᠥᠳᠡᠭᠡ ᠲᠤᠰᠬᠤᠨ ᠳᠤ ᠣᠷᠣᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠪᠤᠶᠤ ᠰᠦᠯᠵᠢᠶᠡᠨ ᠤ ᠭᠠᠳᠠᠨᠠᠬᠢ ᠳᠡᠯᠭᠡᠨ ᠦᠵᠡᠭᠦᠯᠬᠦ ᠪᠠ ᠪᠣᠷᠣᠯᠠᠭᠤᠯᠬᠤ ᠲᠠᠪᠴᠠᠩ ᠢ ᠰᠠᠶᠢᠲᠤᠷ ᠠᠳᠬᠤᠵᠤ᠂ ᠰᠠᠶᠢᠨ ᠪᠦᠲᠦᠭᠡᠭᠳᠡᠬᠦᠨ ᠳᠤ ᠰᠠᠶᠢᠨ ᠵᠠᠬ᠎ᠠ ᠳᠡᠯᠭᠡᠭᠦᠷ ᠲᠠᠢ ᠪᠣᠯᠭᠠᠵᠤ ᠥᠨᠳᠥᠷ ᠦᠷ᠎ᠡ ᠠᠰᠢᠭ ᠲᠠᠢ ᠪᠣᠯᠭᠠᠨ᠎ᠠ︔ ᠬᠥᠳᠡᠭᠡ ᠲᠤᠰᠬᠤᠨ ᠤ ᠦᠨᠳᠦᠰᠦᠨ ᠱᠠᠲᠤᠨ ᠤ ᠦᠨᠳᠦᠰᠦᠨ ᠠᠵᠢᠯ ᠢ ᠴᠢᠩᠭᠠᠳᠬᠠᠵᠤ᠂ ᠭᠠᠴᠠᠭ᠎ᠠ ᠲᠤᠰᠬᠤᠨ ᠤ ᠳᠡᠰ ᠤᠨ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ︔ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠷᠴᠢᠮᠵᠢᠭᠦᠯᠵᠦ᠂ ᠴᠠᠭ ᠠᠭᠤᠷ ᠤᠨ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ︽ᠨᠢᠭᠡᠨ ᠰᠠᠯᠠᠭ᠎ᠠ ᠬᠥᠳᠡᠭᠡ ᠠᠵᠤ ᠠᠬᠤᠢ ᠶᠢ ᠤᠶᠢᠯᠠᠭᠠᠵᠤ᠂ ᠬᠥᠳᠡᠭᠡ ᠲᠤᠰᠬᠤᠨ ᠢ ᠬᠠᠶᠢᠷᠠᠯᠠᠵᠤ᠂ ᠬᠥᠳᠡᠭᠡ ᠶᠢᠨ ᠠᠷᠠᠳ ᠢ ᠬᠠᠶᠢᠷᠠᠯᠠᠬᠤ ᠭᠤᠷᠪᠠᠨ ᠬᠥᠳᠡᠭᠡ ᠠᠵᠢᠯᠯᠠᠬᠤ ᠪᠠᠭ ᠢ ᠬᠥᠮᠥᠵᠢᠭᠦᠯᠦᠨ ᠪᠠᠶᠢᠭᠤᠯᠬᠤ︾ ᠶᠢᠨ ᠱᠠᠭᠠᠷᠳᠠᠯᠭ᠎ᠠ ᠶᠢ ᠦᠨᠳᠦᠰᠦᠯᠡᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢ ᠰᠤᠳᠤᠯᠤᠨ ᠵᠣᠬᠢᠶᠠᠵᠤ᠂ ᠰᠢᠶᠠᠩ ᠲᠤᠰᠬᠤᠨ ᠢ ᠰᠡᠷᠭᠦᠭᠡᠨ ᠮᠠᠨᠳᠤᠭᠤᠯᠬᠤ ᠦᠢᠯᠡᠰ ᠲᠤ ᠵᠠᠯᠭᠠᠮᠵᠢᠯᠠᠭᠴᠢ ᠲᠠᠢ ᠪᠣᠯᠭᠠᠨ᠎ᠠ᠃    ︵ᠳᠥᠷᠪᠡ︶ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠦᠨ ᠪᠡᠶᠡᠲᠦ ᠠᠵᠤ ᠠᠬᠤᠢ ᠶᠢᠨ ᠴᠢᠨᠠᠷ ᠴᠢᠨᠰᠠᠭ᠎ᠠ ᠬᠢᠭᠡᠳ ᠦᠷ᠎ᠡ ᠠᠰᠢᠭ ᠢ ᠳᠡᠭᠡᠭᠰᠢᠯᠡᠭᠦᠯᠦᠨ᠎ᠡᠬᠠᠩᠭᠠᠯᠭ᠎ᠠ ᠶᠢᠨ ᠲᠠᠯ᠎ᠠ ᠪᠠᠷ ᠬᠢ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ ᠂ ᠠᠵᠤ ᠦᠢᠯᠡᠳᠪᠦᠷᠢᠵᠢᠭᠦᠯᠦᠯᠲᠡ ᠪᠣᠯᠣᠨ ᠮᠡᠳᠡᠭᠡ ᠵᠠᠩᠭᠢᠵᠢᠯᠲᠠ ᠶᠢᠨ ᠠᠭᠤᠰᠤᠯᠴᠠᠨ ᠦᠢᠯᠡᠳᠦᠯᠴᠡᠬᠦ ᠶᠢ ᠠᠬᠢᠭᠤᠯᠵᠤ᠂ ᠣᠳᠣᠬᠠᠨ ᠤ ᠠᠵᠤ ᠠᠬᠤᠶᠢᠯᠠᠯ ᠤᠳ ᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠱᠠᠯᠠᠪᠳᠠᠨ ᠭᠦᠢᠴᠡᠳᠬᠡᠵᠦ᠂ ᠰᠢᠨ᠎ᠡ ᠬᠡᠯᠪᠡᠷᠢ ᠶᠢᠨ ᠠᠵᠤ ᠦᠢᠯᠡᠰ ᠢ ᠤᠳᠤᠷᠢᠳᠤᠨ ᠣᠷᠣᠭᠤᠯᠵᠤ᠂ ᠪᠡᠶᠡᠲᠦ ᠠᠵᠤ ᠠᠬᠤᠢ ᠶᠢ ᠬᠥᠭᠵᠢᠭᠦᠯᠦᠨ᠎ᠡ᠃    ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠵᠦᠩ ᠰᠢ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠦᠢᠯᠡᠳᠪᠦᠷᠢᠯᠡᠯ ᠤᠨ ᠬᠦᠷᠢᠶ᠎ᠡ ᠬᠡᠪᠴᠢᠶ᠎ᠡ ᠶᠢ ᠥᠷᠭᠦᠯᠵᠢᠯᠡᠨ ᠥᠷᠭᠡᠳᠬᠡᠵᠦ᠂ ᠮᠣᠯᠢᠪᠳᠧᠨ ᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠢ ᠬᠤᠷᠳᠤᠬᠠᠨ ᠠᠰᠢᠭᠯᠠᠯᠲᠠ ᠳᠤ ᠣᠷᠣᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠷᠲᠡᠭ ᠪᠠ ᠦᠷ᠎ᠡ ᠠᠰᠢᠭ ᠢ ᠳᠡᠭᠡᠭᠰᠢᠯᠡᠭᠦᠯᠵᠦ᠂ ᠴᠢᠷᠮᠠᠶᠢᠵᠤ ᠪᠠᠶᠢᠭᠠᠳ ᠮᠠᠨ ᠤ ᠰᠢᠶᠠᠨ ᠢᠶᠠᠨ ᠪᠥᠬᠦ ᠤᠯᠤᠰ ᠤᠨ ᠮᠣᠯᠢᠪᠳᠧᠨ ᠤ ᠴᠢᠬᠤᠯᠠ ᠰᠠᠭᠤᠷᠢᠨ ᠭᠠᠵᠠᠷ ᠪᠣᠯᠭᠠᠨ᠎ᠠ︔ ᠴᠠᠬᠢᠯᠭᠠᠨ᠂ ᠬᠢᠮᠢ ᠶᠢᠨ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠬᠡᠵᠦ᠂ ᠬᠤᠸᠠ ᠢ ᠢᠯᠴᠢ ᠶᠢᠨ ᠴᠠᠬᠢᠯᠭᠠᠨ ᠪᠠ ᠢ ᠳ᠋ᠦᠩ ᠳ᠋ᠦᠩ ᠰᠢᠩ ᠬᠢᠮᠢ ᠶᠢᠨ ᠦᠢᠯᠡᠳᠪᠦᠷᠢ ᠵᠡᠷᠭᠡ ᠲᠣᠯᠣᠭᠠᠶᠢᠯᠠᠬᠤ ᠠᠵᠤ ᠠᠬᠤᠶᠢᠯᠠᠯ ᠤᠨ ᠭᠤᠣᠯ ᠥᠷᠢᠰᠦᠯᠳᠦᠬᠦ ᠬᠦᠴᠦᠨ ᠢ ᠦᠨᠡᠨ ᠪᠠᠲᠤᠲᠠᠢ ᠨᠡᠮᠡᠭᠳᠡᠭᠦᠯᠦᠨ᠎ᠡ᠃ ᠳ᠋ᠦᠩ ᠰᠢᠩ ᠬᠢᠮᠢ ᠶᠢᠨ ᠦᠢᠯᠡᠳᠪᠦᠷᠢ ᠶᠢᠨ ᠬᠥᠭᠵᠢᠯᠲᠡ ᠶᠢᠨ ᠢᠵᠢ ᠪᠥᠷᠢᠯᠳᠦᠯ ᠠᠵᠤ ᠦᠢᠯᠡᠰ ᠪᠠ ᠲᠡᠭᠦᠨ ᠤ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠳᠡᠮᠵᠢᠨ ᠲᠡᠳᠬᠦᠵᠦ ᠨᠡᠩ ᠪᠥᠷᠢᠨ ᠪᠥᠲᠦᠨ ᠪᠥᠭᠡᠳ ᠥᠨᠳᠥᠷ ᠦᠷ᠎ᠡ ᠪᠥᠲᠥᠮᠵᠢᠲᠡᠢ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠬᠤ ᠠᠵᠢᠯ ᠢ ᠲᠦᠯᠬᠢᠨ ᠤᠷᠤᠭᠰᠢᠯᠠᠭᠤᠯᠤᠨ᠎ᠠ︔ ᠰᠲ᠋ᠣᠺ ᠶᠢᠨ ᠵᠠᠬ᠎ᠠ ᠳᠤ ᠪᠦᠷᠢᠳᠬᠡᠯ ᠲᠠᠢ ᠤᠯᠤᠰ ᠤᠨ ᠳᠣᠲᠣᠭᠠᠳᠤ ᠶᠢᠨ ᠪᠣᠳᠠᠲᠤ ᠬᠦᠴᠦᠨ ᠪᠥᠬᠦᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠺᠣᠮᠫᠠᠨᠢ ᠪᠤᠶᠤ ᠲᠣᠯᠣᠭᠠᠶᠢᠯᠠᠬᠤ ᠠᠵᠤ ᠠᠬᠤᠶᠢᠯᠠᠯ ᠢ ᠤᠳᠤᠷᠢᠳᠤᠨ ᠣᠷᠣᠭᠤᠯᠵᠤ᠂ ᠲᠤᠬᠠᠢ ᠶᠢᠨ ᠭᠠᠵᠠᠷ ᠤᠨ ᠣᠯᠠᠨ ᠠᠷᠪᠢᠨ ᠤᠯᠠᠮᠵᠢᠯᠠᠯᠲᠤ ᠪᠣᠯᠪᠠᠰᠤᠷᠠᠭᠤᠯᠬᠤ ᠺᠣᠮᠫᠠᠨᠢ ᠤᠳ ᠲᠠᠢ ᠬᠠᠮᠲᠤ ᠪᠠᠷ ᠵᠦᠧᠧᠽᠢ ᠤᠲᠤᠭᠰᠠᠨ ᠲᠠᠬᠢᠶᠠᠨ ᠤ ᠪᠥᠯᠥᠭᠯᠡᠯ ᠺᠣᠮᠫᠠᠨᠢ ᠶᠢ ᠵᠣᠬᠢᠶᠠᠨ ᠪᠠᠶᠢᠭᠤᠯᠵᠤ᠂ ᠰᠠᠯᠪᠤᠷᠢ ᠶᠢᠨ ᠪᠠᠷᠢᠮᠵᠢᠶ᠎ᠠ ᠪᠠ ᠪᠦᠲᠦᠭᠡᠭᠳᠡᠬᠦᠨ ᠤ ᠪᠠᠲᠤᠯᠠᠭᠠᠵᠢᠭᠤᠯᠤᠯᠲᠠ ᠢ ᠬᠤᠷᠳᠤᠨ ᠲᠣᠭᠲᠠᠭᠠᠵᠤ᠂ ︽ᠨᠢᠭᠡᠳᠦᠯᠲᠡᠢ ᠨᠡᠷᠡᠲᠦ ᠲᠡᠮᠳᠡᠭᠲᠦ᠂ ᠨᠢᠭᠡᠳᠦᠯᠲᠡᠢ ᠨᠢᠲᠤᠯᠠᠬᠤ᠂ ᠨᠢᠭᠡᠳᠦᠯᠲᠡᠢ ᠪᠣᠯᠪᠠᠰᠤᠷᠠᠭᠤᠯᠬᠤ᠂ ᠨᠢᠭᠡᠳᠦᠯᠲᠡᠢ ᠰᠠᠪᠠᠯᠠᠬᠤ᠂ ᠨᠢᠭᠡᠳᠦᠯᠲᠡᠢ ᠪᠣᠷᠣᠯᠠᠭᠤᠯᠬᠤ︾ ᠲᠠᠪᠤᠨ ᠨᠢᠭᠡᠳᠦᠯᠲᠡᠢ ᠬᠠᠮᠢᠶᠠᠷᠤᠯᠲᠠ ᠶᠢᠨ ᠲᠣᠭᠲᠠᠴᠠ ᠶᠢ ᠠᠰᠢᠭᠯᠠᠵᠤ᠂ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠪᠠ ᠪᠦᠲᠦᠭᠡᠭᠳᠡᠬᠦᠨ ᠤ ᠰᠤᠳᠤᠯᠤᠨ ᠢᠯᠡᠷᠡᠭᠦᠯᠦᠯᠲᠡ ᠪᠠᠷ ᠳᠠᠮᠵᠢᠨ ︽ᠵᠠᠭᠤᠨ ᠣᠨ ᠤ ᠨᠡᠷᠡᠲᠦ ᠲᠡᠮᠳᠡᠭᠲᠦ︾ ᠤᠲᠤᠭᠰᠠᠨ ᠲᠠᠬᠢᠶᠠᠨ ᠤ ᠠᠵᠤ ᠦᠢᠯᠡᠰ ᠢ ᠪᠥᠬᠦ ᠲᠠᠯ᠎ᠠ ᠪᠠᠷ ᠰᠡᠷᠭᠦᠭᠡᠨ ᠮᠠᠨᠳᠤᠭᠤᠯᠤᠨ᠎ᠠ᠃    ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠪᠠ ᠬᠦᠴᠦᠷᠬᠡᠭᠵᠢᠭᠦᠯᠬᠦ᠃ ᠴᠡᠪᠡᠷ ᠡᠨᠧᠷᠭᠢ ᠶᠢᠨ ᠰᠤᠷᠪᠤᠯᠵᠢ᠂ ᠰᠢᠨ᠎ᠡ ᠡᠨᠧᠷᠭᠢ ᠶᠢᠨ ᠰᠤᠷᠪᠤᠯᠵᠢ ᠰᠢᠨ᠎ᠡ ᠮᠠᠲ᠋ᠧᠷᠢᠶᠠᠯ᠂ ᠲᠣᠮᠣ ᠳ᠋ᠧᠶᠢᠲ᠋ᠠ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠵᠡᠷᠭᠡ ᠶᠢᠨ ᠲᠣᠨᠣᠭᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠠᠬᠤᠶᠢᠯᠠᠯ ᠢ ᠥᠰᠬᠡᠨ ᠪᠤᠵᠠᠭᠠᠶᠢᠷᠠᠭᠤᠯᠵᠤ᠂ ᠳᠡᠮᠵᠢᠯᠭᠡ ᠶᠢᠨ ᠬᠦᠴᠦᠨ ᠢᠶᠠᠨ ᠨᠡᠮᠡᠵᠦ᠂ ᠠᠵᠤ ᠠᠬᠤᠢ ᠶᠢᠨ ᠰᠢᠨ᠎ᠡ ᠥᠰᠥᠯᠲᠡ ᠶᠢᠨ ᠴᠡᠭ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠴᠡᠭ ᠪᠠ ᠠᠵᠢᠯ ᠣᠯᠭᠤᠯᠲᠠ ᠶᠢᠨ ᠲᠠᠲᠠᠨ ᠬᠥᠳᠡᠯᠭᠡᠬᠦ ᠴᠡᠭ ᠢ ᠪᠤᠢ ᠪᠣᠯᠭᠠᠨ᠎ᠠ︔ ᠰᠢᠩ ᠹᠧᠩ ᠰᠢᠨ᠎ᠡ ᠡᠨᠧᠷᠭᠢ ᠶᠢᠨ ᠰᠤᠷᠪᠤᠯᠵᠢ ᠺᠣᠮᠫᠠᠨᠢ ᠶᠢᠨ ᠵᠢᠯ ᠳᠤ 20 ᠲᠥᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠪᠣᠯᠪᠠᠰᠤᠷᠠᠭᠤᠯᠬᠤ ᠲᠥᠷᠥᠯ ᠵᠥᠢᠯ᠂ ᠿᠦᠩ ᠱᠧᠩ ᠳ᠋ᠧ ᠺᠣᠮᠫᠠᠨᠢ ᠶᠢᠨ ᠠᠯᠺᠤᠤᠯ ᠶᠢᠨ ᠲᠥᠷᠥᠯ ᠤᠨ ᠲᠦᠯᠡᠰᠢᠨ ᠤ ᠬᠤᠶᠠᠳᠠᠭᠴᠢ ᠭᠤᠷᠪᠠᠳᠠᠭᠴᠢ ᠬᠤᠭᠤᠴᠠᠭᠠᠨ ᠤ ᠪᠥᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠢ ᠲᠥᠷᠭᠡᠪᠴᠢᠯᠡᠨ ᠡᠬᠢᠯᠡᠭᠦᠯᠵᠦ ᠥᠨᠥ ᠵᠢᠯ ᠳᠤ ᠪᠠᠭᠲᠠᠭᠠᠨ ᠠᠰᠢᠭᠯᠠᠯᠲᠠ ᠳᠤ ᠣᠷᠣᠭᠤᠯᠤᠨ᠎ᠠ︔ ᠤᠯᠤᠰ ᠠᠴᠠ ᠲᠣᠮᠣ ᠳ᠋ᠧᠶᠢᠲ᠋ᠠ ᠶᠢᠨ ᠪᠠᠶᠢᠯᠳᠤᠬᠤ ᠪᠣᠳᠣᠯᠭ᠎ᠠ ᠬᠡᠷᠡᠭᠵᠢᠭᠦᠯᠵᠦ ᠪᠠᠶᠢᠭ᠎ᠠ ᠵᠠᠪᠰᠢᠶᠠᠨ ᠢ ᠳᠠᠯᠢᠮᠳᠠᠭᠤᠯᠵᠤ ᠲᠣᠮᠣ ᠳ᠋ᠧᠶᠢᠲ᠋ᠠ ᠶᠢᠨ ᠡᠭᠦᠯᠡᠨ ᠪᠣᠳᠣᠯᠲᠠ ᠶᠢᠨ ᠠᠵᠤ ᠦᠢᠯᠡᠰ ᠢ ᠴᠤᠭᠯᠠᠷᠠᠭᠤᠯᠵᠤ᠂ ᠥᠪᠥᠷ ᠮᠣᠩᠭᠤᠯ ᠤᠨ ᠴᠤᠸᠠᠩ ᠱᠢ ᠵᠢᠢ ᠲᠣᠮᠣ ᠳ᠋ᠧᠶᠢᠲ᠋ᠠ᠂ ᠪᠡᠭᠡᠵᠢᠩ ᠤᠨ ᠰᠢᠩ ᠶᠥᠨ ᠳ᠋ᠧᠶᠢᠲ᠋ᠠ ᠵᠡᠷᠭᠡ ᠲᠥᠷᠥᠯ ᠵᠥᠢᠯ ᠤᠨ ᠪᠣᠳᠠᠲᠠᠢ ᠪᠥᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃   ᠵᠣᠬᠢᠴᠠᠭᠤᠯᠤᠯᠲᠠ ᠶᠢ ᠴᠢᠩᠭᠠᠳᠬᠠᠵᠤ ᠰᠠᠶᠢᠲᠤᠷ ᠦᠢᠯᠡᠴᠢᠯᠡᠬᠦ᠃ ︽ᠠᠵᠤ ᠠᠬᠤᠶᠢᠯᠠᠯ ᠳᠤ ᠣᠷᠣᠵᠤ ᠦᠢᠯᠡᠳᠪᠦᠷᠢ ᠳᠤ ᠣᠷᠣᠯᠴᠠᠬᠤ︾ ᠦᠢᠯᠡᠴᠢᠯᠡᠭᠡᠨ ᠤ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ︽ᠨᠢᠭᠡ ᠠᠵᠤ ᠠᠬᠤᠶᠢᠯᠠᠯ ᠨᠢᠭᠡ ᠪᠣᠳᠣᠯᠭ᠎ᠠ︾ ᠲᠤᠰᠠᠯᠠᠨ ᠳᠡᠮᠵᠢᠬᠦ ᠠᠷᠭ᠎ᠠ ᠪᠠᠷᠢᠯ ᠢ ᠪᠣᠲᠠᠲᠠᠶᠢᠵᠢᠭᠤᠯᠵᠤ᠂ ᠠᠷᠭ᠎ᠠ ᠪᠥᠬᠦᠨ ᠢ ᠰᠥᠪᠡᠭᠴᠢᠯᠡᠨ ᠠᠵᠤ ᠠᠬᠤᠶᠢᠯᠠᠯ ᠳᠤ ᠲᠤᠰᠠᠯᠠᠵᠤ ᠡᠯᠧᠮᠧᠨ᠋ᠲ ᠶᠢᠨ ᠬᠠᠩᠭᠠᠯᠭ᠎ᠠ᠂ ᠪᠦᠲᠦᠭᠡᠭᠳᠡᠬᠦᠨ ᠤ ᠲᠡᠭᠡᠭᠡᠪᠦᠷᠢᠯᠡᠯᠲᠡ ᠪᠣᠷᠣᠯᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠣᠳᠠᠲᠠᠢ ᠣᠷᠣᠰᠢᠬᠤ ᠬᠦᠴᠢᠷ ᠲᠥᠪᠡᠭᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷᠲᠠᠢ ᠦᠢᠯᠡᠴᠢᠯᠡᠭᠡ ᠬᠢᠭᠡᠳ ᠲᠡᠷᠢᠭᠦᠨ ᠵᠡᠷᠭᠡ ᠶᠢᠨ ᠣᠷᠴᠢᠨ ᠲᠣᠭᠤᠷᠢᠨ ᠢ ᠬᠠᠩᠭᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠥᠪᠡᠷ ᠤᠨ ᠥᠷᠲᠡᠭ ᠢ ᠳᠣᠷᠣᠭᠰᠢᠯᠠᠭᠤᠯᠵᠤ᠂ ᠳᠠᠯᠳᠠ ᠶᠢ ᠠᠭᠤᠳᠠᠯᠵᠤ ᠦᠷ᠎ᠡ ᠪᠥᠲᠦᠮᠵᠢ ᠶᠢ ᠨᠡᠮᠡᠭᠳᠡᠭᠦᠯᠵᠦ᠂ ᠬᠤᠬᠢᠷᠠᠯ ᠢ ᠡᠷᠭᠢᠭᠦᠯᠵᠦ ᠬᠦᠴᠢᠷ ᠠᠴᠠ ᠠᠩᠭᠢᠵᠢᠷᠠᠬᠤ ᠠᠵᠢᠯ ᠢ ᠤᠷᠤᠭᠰᠢ ᠠᠬᠢᠭᠤᠯᠤᠨ᠎ᠠ᠃ ᠠᠵᠤ ᠠᠬᠤᠶᠢᠯᠠᠯ ᠢ ᠵᠢᠯᠣᠭᠤᠳᠤᠨ ᠴᠢᠳᠠᠪᠤᠷᠢᠲᠠᠨ ᠣᠷᠣᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠬᠠᠮᠢᠶᠠᠷᠤᠯᠲᠠ ᠶᠢ ᠳᠥᠷᠢᠮᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠡᠷᠴᠢᠮᠵᠢᠭᠦᠯᠵᠦ᠂ ︽ᠬᠤᠪᠢ ᠬᠥᠮᠥᠨ ᠠᠴᠠ ᠠᠵᠤ ᠠᠬᠤᠶᠢᠯᠠᠯ ᠳᠤ ᠰᠢᠯᠵᠢᠬᠦ᠂ ᠵᠢᠵᠢᠭ ᠠᠴᠠ ᠬᠡᠪᠴᠢᠶᠡᠵᠢᠯ ᠳᠤ ᠳᠡᠪᠰᠢᠬᠦ᠂ ᠬᠡᠪᠴᠢᠶᠡᠵᠢᠯ ᠢ ᠬᠤᠪᠢᠴᠠᠭ᠎ᠠ ᠪᠤᠯᠭᠠᠨ ᠥᠭᠡᠷᠡᠴᠢᠯᠡᠵᠦ᠂ ᠬᠤᠪᠢᠴᠠᠭ᠎ᠠ ᠶᠢ ᠰᠲ᠋ᠣᠺ ᠤᠨ ᠵᠠᠬ᠎ᠠ ᠳᠤ ᠪᠥᠷᠢᠳᠬᠡᠭᠦᠯᠬᠦ︾ ᠠᠵᠢᠯ ᠢ ᠲᠦᠯᠬᠢᠨ ᠤᠷᠤᠭᠰᠢᠯᠠᠭᠤᠯᠤᠨ᠎ᠠ᠃ ᠠᠵᠤ ᠠᠬᠤᠶᠢᠯᠠᠯ ᠳᠤ ᠠᠪᠬᠤ ᠬᠠᠮᠠᠭᠠᠯᠠᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶᠡᠨ ᠳᠤ ᠬᠥᠩᠭᠡᠯᠡᠵᠦ᠂ ᠠᠵᠤ ᠠᠬᠤᠶᠢᠯᠠᠯ ᠳᠤ ᠦᠵᠡᠭᠦᠯᠬᠦ ᠡᠰᠡᠷᠭᠦ ᠨᠥᠯᠥᠭᠡ ᠶᠢ ᠪᠠᠭᠠᠰᠬᠠᠨ᠎ᠠ᠃ ᠨᠡᠶᠢᠲᠡ ᠶᠢᠨ ᠪᠤᠰᠤ ᠥᠮᠴᠢᠯᠡᠯ ᠤᠨ ᠳᠥᠷᠢᠮᠲᠦ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠬᠤ ᠪᠠ ᠳᠡᠮᠵᠢᠵᠦ᠂ ᠨᠡᠶᠢᠲᠡ ᠶᠢᠨ ᠪᠤᠰᠤ ᠥᠮᠴᠢᠯᠡᠯ ᠤᠨ ᠳᠥᠷᠢᠮᠲᠦ ᠠᠵᠤ ᠠᠬᠤᠢ ᠶᠢᠨ ᠬᠥᠭᠵᠢᠯᠲᠡ ᠶᠢ ᠨᠡᠩ ᠴᠢᠬᠤᠯᠠ᠂ ᠨᠡᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠲᠡᠭᠦᠨ ᠢ ᠪᠥᠬᠦ ᠬᠦᠴᠦᠨ ᠢᠶᠠᠷ ᠢᠶᠠᠨ ᠳᠡᠮᠵᠢᠵᠦ ᠬᠥᠭᠵᠢᠭᠦᠯᠦᠨ ᠪᠤᠵᠠᠭᠠᠶᠢᠷᠠᠭᠤᠯᠵᠤ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯᠲᠠᠨ ᠢ ᠪᠠᠶᠢᠷᠢ ᠰᠠᠭᠤᠷᠢ ᠲᠠᠢ᠂ ᠨᠡᠷ᠎ᠡ ᠬᠥᠨᠳᠦ ᠲᠠᠢ᠂ ᠢᠲᠡᠭᠡᠯ ᠵᠣᠷᠢᠭ ᠲᠠᠢ ᠪᠣᠯᠭᠠᠨ᠎ᠠ᠃   ︵ᠲᠠᠪᠤ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠥᠷᠭᠡᠨ ᠬᠥᠭᠵᠢᠭᠦᠯᠵᠦ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ᠎ᠠᠠᠶᠠᠯᠠᠯ ᠵᠢᠭᠤᠯᠴᠢᠯᠠᠯ ᠢᠶᠠᠷ ᠲᠣᠯᠣᠭᠠᠶᠢᠯᠠᠭᠤᠯᠤᠭᠰᠠᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠠᠵᠢᠯ ᠢ ᠨᠡᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠵᠢᠯᠣᠭᠤᠳᠤᠯᠭ᠎ᠠ᠂ ᠵᠠᠬ᠎ᠠ ᠳᠡᠯᠭᠡᠭᠦᠷ ᠤᠨ ᠠᠵᠢᠯᠯᠠᠭᠠᠨ᠂ ᠨᠡᠶᠢᠭᠡᠮ ᠤᠨ ᠡᠳ᠋ ᠬᠥᠷᠥᠩᠭᠡ ᠶᠢ ᠣᠷᠣᠯᠴᠠᠭᠤᠯᠬᠤ ᠬᠡᠯᠪᠡᠷᠢ ᠪᠠᠷ ᠳᠠᠮᠵᠢᠨ ᠰᠢᠨ᠎ᠡ ᠡᠵᠡᠩᠨᠡᠯᠲᠡ ᠶᠢᠨ ᠵᠠᠭᠪᠤᠷ ᠢ ᠡᠭᠦᠳᠴᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠬᠤᠷᠳᠤᠰᠬᠠᠵᠤ᠂ ᠬᠠᠷᠢᠴᠠᠯ ᠢ ᠨᠡᠮᠡᠭᠳᠡᠭᠦᠯᠵᠦ᠂ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃   ᠵᠢᠭᠤᠯᠴᠢᠯᠠᠯ ᠤᠨ ᠦᠢᠯᠡᠰ ᠤᠨ ᠶᠡᠭᠡ ᠬᠥᠭᠵᠢᠯᠲᠡ ᠶᠢ ᠲᠦᠯᠬᠢᠨ ᠬᠥᠳᠡᠯᠭᠡᠬᠦ ᠃ ᠪᠥᠬᠦ ᠬᠦᠷᠢᠶᠡᠨ ᠳᠠᠬᠢ ᠠᠶᠠᠯᠠᠯ ᠵᠢᠭᠤᠯᠴᠢᠯᠠᠯ᠂ ᠳᠥᠷᠪᠡᠨ ᠤᠯᠠᠷᠢᠯ ᠤᠨ ᠠᠶᠠᠯᠠᠯ ᠵᠢᠭᠤᠯᠴᠢᠯᠠᠯ ᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠥᠬᠦ᠋ᠢᠯᠡ ᠡᠯᠧᠮᠧᠨ᠋ᠲ᠂ ᠪᠥᠬᠦ᠋ᠢᠯᠡ ᠠᠵᠤ ᠦᠢᠯᠡᠰ ᠤᠨ ᠬᠡᠯᠬᠢᠶᠡᠨ ᠳᠤ ᠵᠢᠭᠤᠯᠴᠢᠯᠠᠯ ᠢ ᠬᠥᠭᠵᠢᠭᠦᠯᠬᠦ ᠵᠠᠭᠪᠤᠷ ᠢ ᠪᠥᠲᠦᠭᠡᠨ᠎ᠡ᠃ ᠲᠤᠰ ᠵᠢᠯ ᠳᠤ ᠪᠥᠬᠦ ᠰᠢᠶᠠᠨ ᠤ ᠪᠥᠬᠦ ᠬᠦᠷᠢᠶᠡᠨ ᠳᠠᠬᠢ ᠠᠶᠠᠯᠠᠯ ᠵᠢᠭᠤᠯᠴᠢᠯᠠᠯ ᠤᠨ ᠶᠡᠷᠦᠩᠬᠡᠢ ᠲᠥᠯᠥᠪᠵᠢᠭᠦᠯᠭᠡ ᠶᠢ ᠲᠥᠷᠭᠡᠪᠴᠢᠯᠡᠨ ᠪᠡᠶᠡᠯᠡᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠢ ᠲᠥᠷᠭᠡᠪᠴᠢᠯᠡᠨ ᠨᠡᠶᠢᠳᠬᠡᠵᠦ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠨᠡᠷᠡᠲᠦ ᠲᠡᠮᠳᠡᠭᠲᠦ ᠪᠣᠯᠣᠭᠰᠠᠨ ᠵᠢᠭᠤᠯᠴᠢᠯᠠᠯ ᠤᠨ ᠭᠠᠵᠠᠷ ᠪᠠ ᠦᠵᠡᠮᠵᠢ ᠶᠢᠨ ᠣᠷᠣᠨ ᠤ ᠨᠠᠶᠢᠳᠠᠨ ᠬᠠᠮᠢᠶᠠᠷᠤᠭᠴᠢ ᠠᠵᠤ ᠠᠬᠤᠶᠢᠯᠠᠯ ᠢ ᠤᠳᠤᠷᠢᠳᠤᠨ ᠣᠷᠣᠭᠤᠯᠵᠤ᠂ ᠦᠵᠡᠮᠵᠢ ᠶᠢᠨ ᠣᠷᠣᠨ ᠢ ᠭᠦᠨᠵᠡᠭᠡᠢ ᠨᠡᠬᠡᠭᠡᠨ ᠬᠥᠭᠵᠢᠭᠦᠯᠬᠦ ᠳᠤ ᠣᠷᠣᠯᠴᠠᠨ᠎ᠠ᠃ ᠮᠠᠨ ᠤ ᠰᠢᠶᠠᠨ ᠪᠣᠯᠣᠨ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠤᠭᠤᠷᠣᠨᠳᠤᠬᠢ ᠬᠤᠣᠰᠯᠠᠯ ᠪᠥᠷᠢᠯᠳᠦᠬᠦᠯᠦᠨ ᠬᠠᠪᠰᠤᠷᠤᠨ ᠲᠤᠰᠠᠯᠠᠯᠴᠠᠬᠤ ᠠᠵᠢᠯ ᠤᠨ ᠲᠣᠬᠢᠶᠠᠯ ᠢ ᠠᠰᠢᠭᠯᠠᠨ ᠪᠡᠭᠡᠵᠢᠩ ᠬᠤᠲᠠ ᠶᠢᠨ ᠲᠣᠮᠣᠬᠠᠨ ᠵᠢᠭᠤᠯᠴᠢᠯᠠᠯ ᠤᠨ ᠪᠥᠯᠥᠭᠯᠡᠯ ᠤᠳ ᠲᠠᠢ ᠵᠣᠯᠭᠠᠯᠴᠠᠬᠤ ᠪᠠ ᠲᠡᠳᠡᠨ ᠢ ᠲᠠᠲᠠᠵᠤ ᠣᠷᠣᠭᠤᠯᠬᠤ ᠠᠵᠢᠯ ᠢ ᠰᠠᠶᠢᠲᠤᠷ ᠬᠢᠵᠦ᠂ ᠳᠥᠭᠦᠮ ᠲᠦᠳᠡ ᠵᠠᠮ ᠬᠠᠷᠢᠯᠴᠠᠭᠠᠨ ᠤ ᠨᠥᠬᠦᠴᠡᠯ ᠳᠡᠭᠡᠨ ᠲᠥᠰᠢᠭᠯᠡᠨ ᠣᠷᠣᠨ ᠤ ᠲᠥᠪ ᠪᠠ ᠨᠡᠶᠢᠰᠯᠡᠯ ᠬᠤᠲᠠ ᠪᠠᠷ ᠲᠥᠪ ᠪᠣᠯᠭᠠᠭᠰᠠᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠠᠨᠠᠭᠠᠴᠢᠯᠠᠭ᠎ᠠ ᠲᠠᠢ ᠪᠠᠷ ᠠᠭᠤᠰᠤᠨ ᠨᠡᠶᠢᠯᠡᠵᠦ᠂ ᠮᠠᠨ ᠤ ᠰᠢᠶᠠᠨ ᠤ ᠵᠢᠭᠤᠯᠴᠢᠯᠠᠯ ᠤᠨ ᠦᠵᠡᠮᠵᠢᠲᠦ ᠣᠷᠣᠨ ᠢ ᠣᠷᠣᠨ ᠤ ᠲᠥᠪ ᠤᠨ ᠬᠤᠶᠢᠲᠤ ᠴᠡᠴᠡᠭ ᠤᠨ ᠬᠦᠷᠢᠶᠡᠯᠡᠩ ᠪᠠ ᠨᠡᠶᠢᠰᠯᠡᠯ ᠬᠤᠲᠠ ᠶᠢᠨ ᠰᠤᠪᠢᠯᠠᠯ ᠤᠨ ᠭᠠᠵᠠᠷ ᠪᠣᠯᠭᠠᠨ ᠪᠥᠲᠦᠭᠡᠨ ᠪᠠᠶᠢᠭᠤᠯᠤᠨ᠎ᠠ︔ ᠣᠯᠠᠨ ᠲᠠᠯ᠎ᠠ ᠠᠴᠠ ᠪᠡᠯᠡ ᠮᠥᠩᠭᠦ ᠬᠤᠷᠠᠮᠳᠤᠭᠤᠯᠵᠤ ᠬᠤᠩ ᠵᠣᠣ᠂ ᠬᠤᠩ ᠱᠢ ᠶᠠ ᠰᠥᠮ᠎ᠡ ᠪᠠ ᠳ᠋ᠠ ᠢᠦᠢ ᠱᠤ᠋ ᠯᠢᠨ ᠬᠤ᠋ ᠭᠦ᠋ ᠰᠠᠢ ᠳᠤ ᠨᠡᠪᠲᠡᠷᠡᠬᠦ ᠵᠢᠭᠤᠯᠴᠢᠯᠠᠯ ᠤᠨ ᠵᠠᠮ ᠳᠡᠪᠢᠰᠴᠦ᠂ ᠦᠵᠡᠮᠵᠢ ᠶᠢᠨ ᠣᠷᠣᠨ ᠤ ᠲᠡᠮᠳᠡᠭ ᠫᠠᠶᠢᠰᠠ᠂ ᠲᠣᠰᠤ ᠬᠡᠢ ᠨᠡᠮᠡᠬᠦ᠂ ᠥᠪᠡᠷᠲᠡᠭᠡᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ᠂ ᠲᠥᠯᠥᠪᠥᠷᠢ ᠦᠭᠡᠢ WIFI ᠵᠡᠷᠭᠡ ᠡᠯ᠎ᠡ ᠲᠥᠷᠥᠯ ᠤᠨ ᠦᠨᠳᠦᠰᠦᠨ ᠦᠢᠯᠡᠴᠢᠯᠡᠭᠡᠨ ᠤ ᠲᠥᠬᠦᠭᠡᠷᠦᠮᠵᠢ ᠪᠠ ᠴᠢᠮᠡᠭᠡ ᠬᠤᠯᠪᠣᠭ᠎ᠠ᠂ ᠱᠤᠭᠤᠮ ᠰᠦᠯᠵᠢᠶ᠎ᠡ ᠵᠡᠷᠭᠡ ᠢᠵᠢ ᠪᠥᠷᠢᠯᠳᠦᠯ ᠲᠥᠬᠦᠭᠡᠷᠦᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ︔ ᠥᠪᠥᠷ ᠮᠣᠩᠭᠤᠯ ᠤᠨ ᠭᠠᠵᠠᠷ ᠰᠢᠷᠤᠢ ᠶᠢᠨ ᠬᠠᠳᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢ ᠪᠥᠬᠦ ᠬᠦᠴᠦᠨ ᠢᠶᠠᠷ ᠢᠶᠠᠨ ᠳᠡᠮᠵᠢᠵᠦ ᠬᠤᠩ ᠱᠢ ᠶᠠ ᠤᠯᠤᠰ ᠤᠨ ᠠᠮᠢ ᠠᠬᠤᠢ ᠶᠢᠨ ᠴᠡᠴᠡᠷᠯᠢᠭ ᠢᠶᠠᠷ ᠲᠥᠪ ᠪᠣᠯᠭᠠᠭᠰᠠᠨ ᠬᠤᠩ ᠵᠣᠣ ᠶᠢᠨ ᠠᠭᠤᠯᠠ ᠤᠰᠤᠨ ᠤ ᠵᠢᠷᠤᠭᠲᠤ ᠬᠤᠩᠭᠢᠯ ᠤᠨ ᠠᠶᠠᠯᠠᠯ ᠵᠢᠭᠤᠯᠴᠢᠯᠠᠯ ᠤᠨ ᠶᠠᠳᠠᠭᠤ ᠶᠢ ᠲᠡᠳᠬᠦᠬᠦ ᠲᠥᠷᠥᠯ ᠵᠥᠢᠯ ᠤᠨ ᠪᠥᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠪᠥᠬᠦ ᠵᠢᠯ ᠳᠤ ᠳ᠋ᠠ ᠲᠦᠩ ᠶᠢᠩ — ᠫᠢᠩ ᠳ᠋ᠢᠩ ᠱᠠᠨ ᠤ ᠠᠶᠠᠯᠠᠯ ᠵᠢᠭᠤᠯᠴᠢᠯᠠᠯ ᠤᠨ ᠶᠠᠳᠠᠭᠤ ᠶᠢ ᠲᠡᠳᠬᠦᠬᠦ ᠲᠥᠷᠥᠯ ᠵᠥᠢᠯ ᠤᠨ ᠨᠢᠭᠡᠳᠦᠭᠡᠷ ᠬᠤᠭᠤᠴᠠᠭᠠᠨ ᠤ ᠪᠥᠲᠦᠭᠡᠨ ᠪᠠᠶᠢᠭᠤᠯᠤᠯᠲᠠ ᠶᠢ ᠬᠢᠵᠦ ᠳᠠᠭᠤᠰᠬᠠᠬᠤ ᠪᠥᠭᠡᠳ ᠠᠰᠢᠭᠯᠠᠯᠲᠠ ᠳᠤ ᠣᠷᠣᠭᠤᠯᠤᠨ᠎ᠠ᠂ ᠯᠢᠨ ᠬᠤ᠋ ᠭᠦ᠋ ᠰᠠᠢ ᠶᠢᠨ ᠬᠤᠶᠠᠳᠠᠭᠴᠢ ᠬᠤᠭᠤᠴᠠᠭᠠᠨ ᠤ ᠴᠠᠨ᠎ᠠ ᠶᠢᠨ ᠲᠠᠯᠠᠪᠠᠢ᠂ ᠤᠰᠤᠲᠤ ᠶᠢᠷᠲᠢᠨᠴᠦ ᠵᠡᠷᠭᠡ ᠲᠥᠷᠥᠯ ᠵᠥᠢᠯ ᠢ ᠲᠥᠷᠭᠡᠨ ᠠᠰᠢᠭᠯᠠᠯᠲᠠ ᠳᠤ ᠣᠷᠣᠭᠤᠯᠵᠤ᠂ ᠬᠤᠩ ᠵᠣᠣ ᠶᠢᠨ ᠵᠢᠦ ᠯᠥᠩ ᠸᠠᠨ᠂ ᠳ᠋ᠧᠦ ᠶᠢᠨ ᠶᠤᠸᠠᠨ ᠠᠶᠠᠯᠠᠯ ᠵᠢᠭᠤᠯᠴᠢᠯᠠᠯ ᠤᠨ ᠡᠷᠡᠭᠦᠯᠵᠢᠨ ᠰᠤᠪᠢᠯᠠᠬᠤ ᠠᠮᠠᠷᠠᠯᠲᠠ ᠶᠢᠨ ᠲᠥᠪ᠂ ᠬᠥᠬᠡ ᠲᠤᠭ ᠵᠠᠩ ᠦᠢᠯᠡ ᠰᠣᠶᠣᠯ ᠤᠨ ᠬᠦᠷᠢᠶᠡᠯᠡᠩ᠂ ᠬᠤᠣ ᠯᠠᠢ ᠹᠦ᠋ ᠮᠢᠨ ᠵᠢᠭᠤᠯᠴᠢᠯᠠᠯ ᠤᠨ ᠭᠠᠵᠠᠷ ᠵᠡᠷᠭᠡ ᠲᠥᠷᠥᠯ ᠵᠥᠢᠯ ᠤᠨ ᠪᠥᠲᠦᠭᠡᠨ ᠪᠠᠶᠢᠭᠤᠯᠬᠤ ᠠᠬᠢᠴᠠ ᠶᠢ ᠬᠤᠷᠳᠤᠰᠬᠠᠨ᠎ᠠ︔ ︽ᠵᠢᠭᠤᠯᠴᠢᠯᠠᠯ + ᠰᠣᠶᠣᠯ︾᠂ ︽ᠵᠢᠭᠤᠯᠴᠢᠯᠠᠯ + ᠪᠡᠶ᠎ᠡ ᠶᠢᠨ ᠲᠠᠮᠢᠷ︾᠂ ︽ᠵᠢᠭᠤᠯᠴᠢᠯᠠᠯ + ᠰᠤᠪᠢᠯᠠᠯ︾᠂ ︽ᠵᠢᠭᠤᠯᠴᠢᠯᠠᠯ + ᠡᠮ ᠡᠮᠨᠡᠯᠭᠡ︾ ᠵᠡᠷᠭᠡ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ᠪᠥᠬᠦ ᠲᠠᠯ᠎ᠠ ᠪᠠᠷ ᠨᠡᠬᠡᠭᠡᠨ ᠬᠥᠭᠵᠢᠭᠦᠯᠦᠭᠰᠡᠨ ᠪᠠ ᠪᠥᠬᠦ ᠠᠵᠤ ᠦᠢᠯᠡᠰ ᠤᠨ ᠬᠡᠯᠬᠢᠶᠡᠨ ᠳᠤ ᠬᠥᠭᠵᠢᠭᠦᠯᠦᠭᠰᠡᠨ ᠠᠶᠠᠯᠠᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠢ ᠪᠣᠯᠭᠠᠨ᠎ᠠ︔ ᠰᠢᠶᠠᠨ ᠤ ᠠᠶᠠᠯᠠᠯ ᠵᠢᠭᠤᠯᠴᠢᠯᠠᠯ ᠤᠨ ᠬᠥᠷᠥᠩᠭᠡ ᠣᠷᠣᠭᠤᠯᠤᠯᠲᠠ ᠶᠢᠨ ᠺᠣᠮᠫᠠᠨᠢ ᠶᠢᠨ ᠦᠢᠯᠡᠳᠦᠯ ᠢ ᠪᠥᠷᠢᠨ ᠭᠦᠢᠴᠡᠳ ᠪᠠᠳᠠᠷᠠᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠳᠤ ᠦᠢᠯᠡᠴᠢᠯᠡᠬᠦ ᠪᠠ ᠵᠢᠭᠤᠯᠴᠢᠯᠠᠯ ᠤᠨ ᠡᠵᠡᠩᠨᠡᠯᠲᠡ ᠳᠤ ᠣᠷᠣᠯᠴᠠᠬᠤ ᠲᠠᠯ᠎ᠠ ᠪᠠᠷ ᠠᠰᠢᠭᠲᠠᠢ ᠠᠷᠭ᠎ᠠ ᠵᠠᠮ ᠢ ᠬᠠᠶᠢᠨ ᠰᠥᠪᠡᠭᠴᠢᠯᠡᠨ᠎ᠡ᠃ ᠪᠥᠬᠦ ᠵᠢᠯ ᠳᠤ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ ᠨᠡᠶᠢᠲᠡ 80 ᠲᠥᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠣᠷᠣᠯᠭ᠎ᠠ ᠶᠢ 1.5 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠲᠥᠯᠥᠪᠯᠡᠵᠦ ᠪᠤᠢ︔ ᠵᠢᠭᠤᠯᠴᠢᠯᠠᠯ ᠤᠨ ᠲᠥᠷᠥᠯ ᠵᠥᠢᠯ ᠳᠤ 15.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃    ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠳᠥᠭᠦᠮ ᠲᠦᠳᠡ ᠵᠠᠮ ᠬᠠᠷᠢᠯᠴᠠᠭ᠎ᠠ ᠪᠠ ᠳᠠᠪᠠᠭᠤᠯᠢᠭ ᠣᠷᠣᠨ ᠪᠠᠶᠢᠷᠢᠯᠠᠯ ᠳᠠᠭᠠᠨ ᠲᠥᠰᠢᠭᠯᠡᠵᠦ ᠠ ᠯᠢ ᠪᠠ ᠪᠠ᠂ ᠲᠣᠣ ᠪᠣᠣ᠂ ᠯᠧ ᠼᠦᠨ ᠲᠣᠣ ᠵᠡᠷᠭᠡ ᠴᠠᠬᠢᠮ ᠬᠤᠳᠠᠯᠳᠤᠭᠠᠨ ᠤ ᠲᠣᠯᠣᠭᠠᠶᠢᠯᠠᠬᠤ ᠠᠵᠤ ᠠᠬᠤᠶᠢᠯᠠᠯ ᠤᠳ ᠢ ᠣᠷᠣᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠲᠦ ᠴᠣᠭᠴᠠ ᠶᠢᠨ ᠴᠠᠬᠢᠮ ᠬᠤᠳᠠᠯᠳᠤᠭᠠᠨ ᠤ ᠲᠠᠪᠴᠠᠩ ᠢ ᠠᠰᠢᠭᠯᠠᠨ ᠪᠣᠷᠣᠯᠠᠭᠤᠯᠤᠯᠲᠠ ᠶᠢᠨ ᠵᠠᠮ ᠰᠤᠪᠠᠭ ᠢᠶᠠᠨ ᠥᠷᠭᠡᠳᠬᠡᠬᠦ ᠳᠤ ᠵᠢᠯᠣᠭᠤᠳᠤᠯᠭ᠎ᠠ ᠬᠢᠨ᠎ᠡ︔ ᠴᠠᠬᠢᠮ ᠬᠤᠳᠠᠯᠳᠤᠭᠠᠨ ᠤ ᠭᠤᠷᠪᠠᠳᠤᠭᠠᠷ ᠳᠡᠰ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠲᠤᠰᠬᠤᠨ ᠤ ᠳᠡᠰ ᠤᠨ ᠴᠠᠬᠢᠮ ᠬᠤᠳᠠᠯᠳᠤᠭᠠᠨ ᠤ ᠦᠢᠯᠡᠴᠢᠯᠡᠭᠡᠨ ᠤ ᠴᠡᠭ ᠤᠨ ᠥᠪᠴᠢ ᠪᠥᠷᠬᠦᠯᠲᠡ ᠶᠢ ᠪᠡᠶᠡᠯᠡᠭᠦᠯᠵᠦ᠂ ᠴᠠᠬᠢᠮ ᠬᠤᠳᠠᠯᠳᠤᠭᠠᠨ ᠤ ᠡᠵᠡᠩᠨᠡᠯᠲᠡ ᠶᠢᠨ ᠪᠡᠶᠡᠲᠦ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠳᠠᠭᠠᠳᠤ ᠪᠣᠷᠣᠯᠠᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ ᠴᠢᠨᠠᠷᠯᠢᠭ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠲᠣᠣᠷ ᠰᠦᠯᠵᠢᠶᠡᠨ ᠳᠡᠭᠡᠷ᠎ᠡ ᠭᠠᠷᠭᠠᠬᠤ ᠠᠵᠢᠯ ᠢ ᠠᠬᠢᠭᠤᠯᠵᠤ᠂ ᠥᠷᠢᠰᠦᠯᠳᠦᠬᠦ ᠬᠦᠴᠦᠨ ᠢᠶᠠᠷ ᠰᠠᠶᠢᠨ ᠨᠢᠭᠡ ᠪᠥᠯᠥᠭ ᠴᠠᠬᠢᠮ ᠬᠤᠳᠠᠯᠳᠤᠭᠠᠨ ᠤᠨ ᠨᠡᠷᠡᠲᠦ ᠲᠡᠮᠳᠡᠭᠲᠦ ᠶᠢ ᠪᠥᠲᠦᠭᠡᠨ᠎ᠡ︔ ᠨᠣᠮ ᠵᠢᠷᠤᠭ ᠢ ᠲᠣᠣᠷ ᠰᠦᠯᠵᠢᠶᠡᠨ ᠳᠡᠭᠡᠷ᠎ᠡ ᠬᠤᠳᠠᠯᠳᠤᠬᠤ ᠪᠠ ᠬᠦᠷᠭᠡᠬᠦ ᠲᠠᠪᠴᠠᠩ ᠢ ᠪᠠᠶᠢᠭᠤᠯᠵᠤ᠂ ᠲᠣᠣᠷ ᠰᠦᠯᠵᠢᠶᠡᠨ ᠤ ᠪᠣᠷᠣᠯᠠᠭᠤᠯᠤᠯᠲᠠ ᠶᠢᠨ ᠦᠢᠯᠡ ᠠᠵᠢᠯᠯᠠᠭ᠎ᠠ ᠶᠢ ᠥᠷᠭᠡᠳᠬᠡᠵᠦ᠂ ᠨᠣᠮ ᠵᠢᠷᠤᠭ ᠤᠨ ᠪᠣᠷᠣᠯᠠᠭᠤᠯᠤᠯᠲᠠ ᠶᠢᠨ ᠦᠢᠯᠡᠰ ᠢ ᠪᠤᠵᠠᠭᠠᠶᠢᠷᠠᠭᠤᠯᠤᠨ᠎ᠠ︔ ᠨᠠᠰᠤᠲᠠᠶᠢᠴᠤᠳ ᠢ ᠠᠰᠠᠷᠠᠬᠤ᠂ ᠡᠷᠡᠭᠦᠯᠵᠢᠭᠦᠯᠬᠦ᠂ ᠰᠤᠪᠢᠯᠠᠬᠤ᠂ ᠵᠢᠭᠤᠯᠴᠢᠯᠠᠨ ᠰᠠᠭᠤᠷᠢᠰᠢᠬᠤ ᠶᠢ ᠨᠢᠭᠡ ᠴᠣᠭᠴᠠᠵᠢᠭᠤᠯᠤᠭᠰᠠᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠠᠵᠤ ᠠᠬᠤᠶᠢᠯᠠᠯ ᠢ ᠤᠳᠤᠷᠢᠳᠤᠨ ᠣᠷᠣᠭᠤᠯᠬᠤ ᠪᠠ ᠬᠥᠭᠵᠢᠭᠦᠯᠵᠦ᠂ ᠣᠶᠢᠷ᠎ᠠ ᠬᠠᠪᠢ ᠶᠢᠨ ᠬᠤᠲᠠ ᠰᠠᠭᠤᠷᠢᠨ ᠳᠤ ᠦᠢᠯᠡᠴᠢᠯᠡᠬᠦ ᠡᠷᠡᠭᠦᠯ ᠰᠠᠷᠠᠭᠤᠯ ᠠᠰᠠᠷᠠᠨ ᠰᠤᠪᠢᠯᠠᠬᠤ ᠰᠠᠭᠤᠷᠢᠨ ᠭᠠᠵᠠᠷ ᠢ ᠪᠠᠶᠢᠭᠤᠯᠤᠨ᠎ᠠ︔ ᠣᠳᠣ ᠦᠶ᠎ᠡ ᠶᠢᠨ ᠮᠥᠩᠭᠦᠨ ᠭᠦᠢᠯᠭᠡᠭᠡᠨ᠂ ᠮᠡᠳᠡᠭᠡ ᠵᠠᠩᠭᠢ ᠶᠢᠨ ᠬᠡᠷᠡᠭᠯᠡᠭᠡ᠂ ᠰᠣᠶᠣᠯ ᠤᠨ ᠪᠥᠲᠦᠭᠡᠯᠴᠢ ᠰᠡᠳᠬᠢᠬᠦᠢ ᠵᠡᠷᠭᠡ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠥᠰᠬᠡᠨ ᠪᠤᠶᠢᠵᠢᠭᠤᠯᠤᠨ᠎ᠠ᠃    ︵ᠵᠢᠷᠭᠤᠭ᠎ᠠ︶ ᠬᠤᠲᠠ ᠰᠠᠭᠤᠷᠢᠨ ᠤ ᠪᠥᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠵᠦ ᠬᠤᠲᠠ ᠰᠠᠭᠤᠷᠢᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡᠬᠤᠲᠠ ᠰᠠᠭᠤᠷᠢᠨ ᠢ ᠲᠥᠯᠥᠪᠵᠢᠭᠦᠯᠦᠨ ᠪᠠᠶᠢᠭᠤᠯᠬᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢᠨ ᠲᠥᠰᠢᠭ ᠲᠤᠯᠭᠠᠭᠤᠷᠢ ᠶᠢ ᠪᠠᠲᠤᠳᠬᠠᠵᠤ᠂ ᠠᠮᠢᠳᠤᠷᠠᠬᠤ ᠳᠤ ᠲᠣᠬᠢᠷᠠᠮᠵᠢᠲᠠᠢ ᠠᠵᠢᠯᠯᠠᠬᠤ ᠳᠤ ᠲᠣᠬᠢᠷᠠᠮᠵᠢᠲᠠᠢ ᠵᠢᠭᠤᠯᠴᠢᠯᠠᠬᠤ ᠳᠤ ᠲᠣᠬᠢᠷᠠᠮᠵᠢᠲᠠᠢ ᠵᠤᠯ ᠵᠢᠷᠭᠠᠯᠲᠤ ᠭᠡᠷ ᠣᠷᠣᠨ ᠢ ᠴᠣᠭᠴᠠᠯᠠᠨ ᠪᠠᠶᠢᠭᠤᠯᠤᠨ᠎ᠠ᠃    ᠲᠥᠯᠥᠪᠵᠢᠭᠦᠯᠭᠡ ᠶᠢᠨ ᠬᠢᠵᠠᠭᠠᠷᠯᠠᠯ ᠢ ᠴᠢᠩᠭᠠᠳᠬᠠᠬᠤ ᠃ ᠬᠥᠮᠥᠨ ᠢᠶᠠᠷ ᠦᠨᠳᠦᠰᠦ ᠪᠣᠯᠭᠠᠬᠤ᠂ ᠠᠵᠤ ᠦᠢᠯᠡᠰ ᠪᠠ ᠬᠤᠲᠠ ᠰᠠᠭᠤᠷᠢᠨ ᠤ ᠬᠠᠷᠢᠯᠴᠠᠨ ᠦᠢᠯᠡᠳᠦᠯᠴᠡᠯ᠂ ᠬᠤᠲᠠ ᠬᠥᠳᠡᠭᠡ ᠶᠢᠨ ᠠᠭᠤᠰᠤᠯᠴᠠᠯ ᠢ ᠪᠠᠷᠢᠮᠲᠠᠯᠠᠵᠤ ᠲᠥᠯᠥᠪᠵᠢᠭᠦᠯᠭᠡ ᠶᠢᠨ ᠲᠣᠯᠣᠭᠠᠶᠢᠯᠠᠬᠤ ᠪᠠ ᠤᠳᠤᠷᠢᠳᠬᠤ ᠦᠢᠯᠡᠳᠦᠯ ᠢ ᠪᠦᠷᠢᠮᠦᠰᠦᠨ ᠪᠠᠳᠠᠷᠠᠭᠤᠯᠵᠤ ᠬᠤᠲᠠ ᠪᠠᠯᠭᠠᠰᠤᠨ ᠤ ᠬᠢᠵᠠᠭᠠᠷᠯᠠᠭᠳᠠᠮᠠᠯ ᠴᠢᠨᠠᠷᠲᠠᠢ ᠨᠠᠷᠢᠪᠴᠢᠯᠠᠭᠰᠠᠨ ᠲᠥᠯᠥᠪᠵᠢᠭᠦᠯᠭᠡ᠂ ᠴᠢᠬᠤᠯᠠ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠡᠷᠭᠡ ᠲᠤᠰᠬᠠᠢ ᠵᠣᠷᠢᠭᠤᠯᠤᠯᠲᠠ ᠶᠢᠨ ᠲᠥᠯᠥᠪᠵᠢᠭᠦᠯᠭᠡ ᠶᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠷ ᠬᠥᠭᠵᠢᠯᠲᠡ ᠶᠢᠨ ᠴᠢᠭᠯᠡᠯ ᠢ ᠤᠳᠤᠷᠢᠳᠤᠨ ᠳᠠᠶᠢᠴᠢᠯᠠᠵᠤ ᠬᠤᠲᠠ ᠰᠠᠭᠤᠷᠢᠨ ᠤ ᠪᠥᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠬᠢᠷᠢ ᠲᠦᠪᠰᠢᠨ ᠬᠢᠭᠡᠳ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠭᠤᠯᠠ ᠤᠰᠤ ᠥᠩᠭᠡ ᠦᠵᠡᠮᠵᠢ ᠶᠢ ᠬᠤᠲᠠ ᠰᠠᠭᠤᠷᠢᠨ ᠳᠤ ᠠᠭᠤᠰᠬᠠᠨ ᠨᠡᠶᠢᠯᠡᠭᠦᠯᠵᠦ᠂ ᠲᠡᠦᠬᠡ ᠰᠣᠶᠣᠯ ᠪᠠ ᠨᠤᠲᠤᠭ ᠤᠰᠤᠨ ᠤ ᠵᠠᠩ ᠦᠢᠯᠡ ᠶᠢ ᠪᠠᠷᠢᠯᠭ᠎ᠠ ᠳᠤ ᠰᠢᠩᠭᠡᠭᠡᠨ ᠣᠷᠣᠭᠤᠯᠤᠨ᠎ᠠ᠃ ᠲᠥᠯᠥᠪᠵᠢᠭᠦᠯᠭᠡ ᠶᠢᠨ ᠬᠠᠲᠠᠭᠤ ᠴᠢᠨᠠᠷᠲᠠᠢ ᠬᠢᠵᠠᠭᠠᠷᠯᠠᠯ ᠢ ᠴᠢᠩᠭᠠᠳᠬᠠᠵᠤ᠂ ᠲᠥᠯᠥᠪᠵᠢᠭᠦᠯᠭᠡ ᠶᠢᠨ ᠶᠠᠰᠤ ᠴᠢᠨᠠᠷ ᠤᠨ ᠬᠢᠨᠠᠨ ᠪᠠᠶᠢᠴᠠᠭᠠᠯᠲᠠ᠂ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠠᠶᠢᠭᠤᠯᠤᠯ ᠲᠣᠭᠲᠠᠴᠠ ᠨᠤᠭᠤᠳ ᠢ ᠲᠡᠭᠦᠯᠳᠡᠷᠵᠢᠭᠦᠯᠦᠨ ᠪᠠᠶᠢᠭᠤᠯᠵᠤ᠂ ᠬᠠᠤᠯᠢ ᠳᠥᠷᠢᠮ ᠠᠴᠠ ᠵᠥᠷᠢᠴᠡᠭᠰᠡᠨ ᠲᠥᠯᠥᠪᠵᠢᠭᠦᠯᠭᠡ ᠶᠢᠨ ᠦᠢᠯᠡ ᠠᠵᠢᠯᠯᠠᠭᠠᠨ ᠢ ᠲᠥᠪ ᠴᠢᠩᠭ᠎ᠠ ᠪᠠᠷ ᠪᠠᠶᠢᠴᠠᠭᠠᠨ ᠰᠢᠢᠳᠬᠡᠵᠦ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠨᠥ ᠵᠢᠯ ᠳᠤ ᠵᠦᠧᠧᠽᠢ ᠱᠠᠨ ᠪᠠᠯᠭᠠᠰᠤ᠂ ᠴᠢ ᠰᠢᠶᠠ ᠶᠢᠩ ᠪᠠᠯᠭᠠᠰᠤ᠂ ᠬᠤᠩ ᠵᠣᠣ ᠰᠢᠶᠠᠩ ᠤᠨ ᠶᠡᠷᠦᠩᠬᠡᠢ ᠲᠥᠯᠥᠪᠵᠢᠭᠦᠯᠭᠡ ᠶᠢ ᠦᠨᠡᠯᠡᠨ ᠵᠠᠰᠠᠪᠤᠷᠢᠯᠠᠬᠤ ᠠᠵᠢᠯ ᠢ ᠬᠢᠵᠦ ᠳᠠᠭᠤᠰᠬᠠᠨ᠎ᠠ᠃   ᠬᠤᠲᠠ ᠶᠢᠨ ᠶᠠᠪᠤᠳᠠᠯ ᠤᠨ ᠴᠢᠳᠠᠮᠵᠢ ᠶᠢ ᠲᠡᠭᠦᠯᠳᠡᠷᠵᠢᠭᠦᠯᠬᠦ᠃ ᠬᠤᠲᠠ ᠲᠣᠭᠤᠷᠢᠭ ᠤᠨ ᠵᠠᠮ ᠱᠤᠭᠤᠮ᠂ ᠲᠥᠭᠡᠭᠡᠯ ᠤᠰᠤ᠂ ᠪᠣᠷᠣᠭᠠᠨ ᠤ ᠤᠰᠤ ᠪᠠ ᠪᠣᠬᠢᠷ ᠤᠰᠤ᠂ ᠰᠢᠲᠠᠮᠠᠬᠠᠢ ᠬᠡᠢ᠂ ᠢᠯᠴᠢ᠂ ᠶᠡᠷᠦᠩᠬᠡᠶᠢᠯᠡᠭᠰᠡᠨ ᠱᠤᠭᠤᠮ ᠬᠤᠭᠤᠯᠠᠢ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠲᠥᠷᠥᠯ ᠵᠥᠢᠯ ᠤᠨ ᠭᠦᠢᠴᠡᠳᠬᠡᠯ ᠢ ᠲᠦᠯᠬᠢᠨ ᠠᠬᠢᠭᠤᠯᠵᠤ᠂ ᠪᠥᠷᠭᠡ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠯᠬᠤᠴᠠ ᠪᠠᠨ ᠲᠦᠷᠭᠡᠳᠬᠡᠵᠦ᠂ ᠬᠤᠲᠠ ᠰᠠᠭᠤᠷᠢᠨ ᠤ ᠠᠮᠢᠳᠤᠷᠠᠬᠤ ᠠᠵᠢᠯᠯᠠᠬᠤ ᠵᠢᠭᠤᠯᠴᠢᠯᠠᠬᠤ ᠳᠤ ᠲᠣᠬᠢᠷᠠᠮᠵᠢᠲᠠᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠶᠠᠪᠤᠳᠠᠯ ᠤᠨ ᠪᠡᠯᠡ ᠣᠷᠣᠭᠤᠯᠤᠯᠲᠠ ᠶᠢᠨ ᠭᠤᠣᠯᠳᠠᠯᠭ᠎ᠠ ᠶᠢ ᠠᠷᠠᠳ ᠤᠨ ᠠᠮᠢᠳᠤᠷᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠵᠦᠭ ᠬᠡᠯᠪᠠᠶᠢᠯᠭᠡᠵᠦ᠂ ᠠᠷᠠᠳ ᠤᠨ ᠠᠮᠢᠳᠤᠷᠠᠯ ᠲᠠᠢ ᠬᠤᠯᠪᠣᠭᠳᠠᠬᠤ ᠵᠦᠧᠧᠽᠢ ᠱᠠᠨ ᠪᠠᠯᠭᠠᠰᠤᠨ ᠤ ᠰᠢᠨ᠎ᠡ ᠲᠣᠭᠤᠷᠢᠭ᠂ ᠴᠢ ᠰᠢᠶᠠ ᠶᠢᠩ ᠪᠠᠯᠭᠠᠰᠤᠨ ᠤ ᠬᠠᠭᠤᠴᠢᠨ ᠤᠰᠤ ᠭᠠᠳᠠᠭᠰᠢᠯᠠᠭᠤᠯᠬᠤ ᠪᠠ ᠪᠣᠬᠢᠷ ᠤᠰᠤ ᠭᠠᠳᠠᠭᠰᠢᠯᠠᠭᠤᠯᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ︔ ᠪᠥᠷᠭᠡ ᠲᠣᠭᠤᠷᠢᠭ ᠤᠨ ᠲᠥᠪᠬᠢᠨᠡᠭᠦᠯᠬᠦ ᠭᠡᠷ ᠪᠠᠶᠢᠰᠢᠩ ᠢ ᠥᠷᠭᠦᠯᠵᠢᠯᠡᠨ ᠪᠠᠷᠢᠵᠤ᠂ ᠰᠢᠨ᠎ᠡ ᠪᠠᠷ ᠪᠠᠷᠢᠬᠤ ᠪᠠ ᠥᠨᠥ ᠵᠢᠯ ᠳᠤ 983 ᠡᠷᠦᠬᠡ ᠶᠢᠨ ᠪᠥᠷᠭᠡ ᠭᠡᠷ ᠪᠠᠶᠢᠰᠢᠩ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠭᠤᠣᠯᠳᠠᠭ᠎ᠠ ᠲᠠᠢ ᠬᠡᠷᠡᠭᠵᠢᠭᠦᠯᠦᠨ᠎ᠡ︔ ᠵᠦᠧᠧᠽᠢ ᠱᠠᠨ ᠪᠠᠯᠭᠠᠰᠤᠨ ᠤ ᠰᠢᠨ᠎ᠡ ᠲᠣᠭᠤᠷᠢᠭ ᠲᠤ ᠤᠰᠤᠨ ᠤ ᠡᠬᠢ ᠡᠭᠦᠰᠪᠦᠷᠢ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠬᠠᠭᠤᠴᠢᠨ ᠲᠣᠭᠤᠷᠢᠭ ᠤᠨ ᠤᠰᠤᠨ ᠬᠠᠩᠭᠠᠮᠵᠢ ᠶᠢ ᠬᠤᠯᠪᠣᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ︔ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠴᠡᠭ᠂ ᠤᠰᠤ ᠪᠠᠷ ᠴᠡᠪᠡᠷᠰᠢᠭᠦᠯᠬᠦ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠴᠢᠯᠡᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃    ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠃ ︽ᠲᠠᠪᠤᠨ ᠬᠤᠲᠠ ᠶᠢ ᠬᠠᠮᠲᠤ ᠳᠤᠨᠢ ᠴᠣᠭᠴᠠᠯᠠᠬᠤ︾ ᠢᠨᠵᠧᠨᠧᠷᠢᠩ ᠢ ᠥᠷᠭᠦᠯᠵᠢᠯᠡᠨ ᠲᠦᠯᠬᠢᠨ ᠠᠬᠢᠭᠤᠯᠵᠤ᠂ ᠬᠤᠣᠰ ᠪᠥᠬᠦᠢ ᠵᠢᠱᠢᠶᠡᠴᠢ ᠰᠢᠶᠠᠨ ᠤ ᠬᠤᠲᠠ᠂ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠰᠢᠶᠠᠨ ᠤ ᠬᠤᠲᠠ᠂ ᠴᠡᠴᠡᠷᠯᠢᠭᠲᠦ ᠰᠢᠶᠠᠨ ᠤ ᠬᠤᠲᠠ᠂ ᠠᠷᠢᠭᠤᠨ ᠴᠡᠪᠡᠷ ᠰᠢᠶᠠᠨ ᠤ ᠬᠤᠲᠠ᠂ ᠪᠣᠯᠪᠠᠰᠤᠨ ᠰᠢᠶᠠᠨ ᠤ ᠬᠤᠲᠠ ᠢ ᠴᠣᠭᠴᠠᠯᠠᠨ ᠪᠠᠶᠢᠭᠤᠯᠬᠤ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠳᠠᠶᠢᠴᠢᠯᠠᠨ᠎ᠠ︔ ᠬᠤᠲᠠ ᠰᠠᠭᠤᠷᠢᠨ ᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠳᠦᠷᠢ ᠳᠦᠷᠬᠦ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠥᠷᠭᠦᠯᠵᠢᠯᠡᠨ ᠲᠦᠯᠬᠢᠨ ᠠᠬᠢᠭᠤᠯᠤᠨ᠎ᠠ᠃ ︽ᠣᠶᠣᠨᠴᠢ ᠬᠤᠲᠠ︾ ᠶᠢᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠰᠢᠶᠠᠨ ᠤ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ᠂ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠢᠨᠵᠧᠨᠧᠷᠢᠩ᠂ ᠬᠤᠲᠠ ᠲᠣᠭᠤᠷᠢᠭ ᠢ ᠴᠡᠭᠴᠡᠯᠡᠨ ᠴᠡᠪᠡᠷᠯᠡᠬᠦ ᠢᠨᠵᠧᠨᠧᠷᠢᠩ ᠪᠠ ᠣᠯᠠᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠰᠠᠭᠤᠷᠢᠨ ᠤ ᠬᠠᠮᠢᠶᠠᠷᠤᠯᠲᠠ ᠪᠠ ᠣᠯᠠᠨ ᠨᠡᠶᠢᠲᠡ ᠶᠢᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠮᠬᠢ ᠴᠡᠭᠴᠡ ᠲᠠᠢ ᠪᠣᠯᠪᠠᠰᠤᠨ ᠬᠤᠲᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ︽ᠠᠳᠠᠯ ᠠᠬᠤᠢ ᠶᠢᠨ ᠬᠠᠮᠢᠶᠠᠷᠤᠯᠲᠠ ᠶᠢᠨ ᠲᠤᠬᠠᠢ ᠲᠣᠭᠲᠠᠭᠠᠯ︾ ᠢ ᠲᠣᠭᠲᠠᠭᠠᠨ ᠬᠡᠷᠡᠭᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠲᠡ ᠶᠢᠨ ᠮᠠᠰᠢᠨ ᠲᠡᠷᠭᠡᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠪᠣᠯᠣᠮᠵᠢ ᠶᠢ ᠲᠡᠭᠦᠯᠳᠡᠷᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢ ᠳᠥᠷᠢᠮᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠨᠡᠶᠢᠲᠡ ᠶᠢᠨ ᠮᠠᠰᠢᠨ ᠤ ᠵᠠᠮ ᠤᠨ ᠱᠤᠭᠤᠮ ᠢ ᠵᠥᠢ ᠵᠣᠬᠢᠰᠲᠠᠢ ᠪᠠᠷ ᠨᠡᠮᠡᠬᠦ ᠪᠠ ᠰᠠᠶᠢᠵᠢᠷᠠᠭᠤᠯᠵᠤ᠂ ᠨᠡᠶᠢᠲᠡ ᠶᠢᠨ ᠮᠠᠰᠢᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃    ︵ ᠳᠣᠯᠤᠭ᠎ᠠ︶ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠠᠮᠢ ᠠᠬᠤᠢ ᠶᠢᠨ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡᠨᠣᠮᠢᠨ ᠤᠰᠤ ᠬᠥᠬᠡ ᠠᠭᠤᠯᠠ ᠪᠣᠯ ᠲᠠᠷᠤᠢ ᠠᠯᠲᠠ ᠮᠥᠩᠭᠦᠨ ᠤ ᠠᠭᠤᠯᠠ ᠮᠦᠨ ᠭᠡᠳᠡᠭ ᠣᠶᠢᠯᠠᠭᠠᠭᠳᠠᠬᠤᠨ ᠢ ᠪᠠᠲᠤᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢᠨ ᠰᠢᠶᠠᠨ ᠢ ᠪᠠᠶᠢᠭᠤᠯᠬᠤ ᠵᠠᠮ ᠢᠶᠠᠷ ᠰᠢᠯᠵᠢᠰᠢ ᠦᠭᠡᠢ ᠵᠠᠮᠨᠠᠵᠤ᠂ ᠲᠡᠭᠷᠢ ᠨᠢ ᠴᠡᠯᠮᠡᠭ ᠬᠥᠷᠥᠰᠥ ᠨᠢ ᠨᠣᠭᠤᠭᠠᠨ ᠤᠰᠤ ᠨᠢ ᠲᠤᠩᠭᠠᠯᠠᠭ ᠦᠵᠡᠰᠭᠦᠯᠡᠩᠲᠦ ᠰᠠᠶᠢᠬᠠᠨ ᠭᠡᠷ ᠣᠷᠣᠨ ᠢ ᠲᠥᠷᠭᠡᠪᠴᠢᠯᠡᠨ ᠪᠠᠶᠢᠭᠤᠯᠵᠤ᠂ ᠬᠥᠮᠥᠨ ᠪᠣᠯᠣᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠢ ᠪᠡᠶᠡᠯᠡᠭᠦᠯᠦᠨ᠎ᠡ᠃    ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠶᠢ ᠦᠨᠡᠨ ᠪᠠᠲᠤᠲᠠᠢ ᠴᠢᠩᠭᠠᠳᠬᠠᠨ᠎ᠠ᠃ ᠠᠮᠢ ᠠᠬᠤᠢ ᠶᠢ ᠬᠠᠮᠤᠭ ᠤᠨ ᠲᠦᠷᠦᠭᠦᠨ ᠳᠤ ᠲᠠᠯᠪᠢᠵᠤ ᠪᠣᠬᠢᠷᠲᠤᠯ ᠦᠭᠡᠢ ᠬᠥᠭᠵᠢᠭᠦᠯᠬᠦ ᠢᠯᠡ ᠲᠣᠳᠣᠷᠬᠠᠢ ᠤᠳᠤᠷᠢᠳᠤᠮᠵᠢ ᠶᠢ ᠡᠭᠦᠷᠢᠳᠡ ᠪᠠᠷᠢᠮᠲᠠᠯᠠᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠥᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠲᠤᠬᠠᠢ ᠶᠢᠨ ᠭᠠᠵᠠᠷ ᠲᠤᠨᠢ ᠲᠣᠬᠢᠷᠠᠭᠤᠯᠵᠤ ᠮᠣᠳᠣᠨ ᠳᠤᠨᠢ ᠲᠣᠬᠢᠷᠠᠭᠤᠯᠬᠤ ᠵᠠᠷᠴᠢᠮ ᠢ ᠪᠠᠷᠢᠮᠲᠠᠯᠠᠵᠤ᠂ ᠵᠠᠮ ᠱᠤᠭᠤᠮ᠂ ᠠᠶᠢᠯ ᠲᠤᠰᠬᠤᠨ᠂ ᠦᠢᠯᠡᠳᠪᠦᠷᠢ ᠠᠭᠤᠷᠬᠠᠢ᠂ ᠬᠦᠷᠢᠶᠡᠯᠡᠩ ᠲᠣᠭᠤᠷᠢᠭ᠂ ᠰᠤᠷᠭᠠᠭᠤᠯᠢ᠂ ᠪᠠᠶᠢᠭᠤᠯᠤᠯᠭ᠎ᠠ ᠨᠢᠭᠡᠴᠢ᠂ ᠠᠵᠤ ᠠᠬᠤᠶᠢᠯᠠᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ᠎ᠠ︔ ᠴᠡᠴᠡᠷᠯᠢᠭ᠂ ᠵᠠᠮ᠂ ᠬᠤᠩᠭᠢᠯ ᠪᠠ ᠬᠤᠲᠠ ᠶᠢᠨ ᠭᠠᠳᠠᠭᠤᠷᠬᠢ ᠨᠣᠭᠤᠭᠠᠷᠠᠭᠤᠯᠤᠯᠲᠠ ᠶᠢᠨ ᠪᠥᠰᠡᠨ ᠤ ᠪᠠᠶᠢᠭᠤᠯᠤᠯᠲᠠ ᠶᠢ ᠵᠥᠢ ᠵᠣᠬᠢᠰᠲᠠᠢ ᠪᠠᠶᠢᠷᠢᠯᠠᠭᠤᠯᠵᠤ᠂ ᠨᠣᠭᠤᠭᠠᠷᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ ᠨᠣᠭᠤᠭᠠᠷᠠᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠥᠯᠥᠪᠯᠡᠭᠰᠡᠨ ᠢᠶᠠᠷ ᠥᠨᠥ ᠵᠢᠯ ᠳᠤ 7.65 ᠲᠥᠮᠡᠨ ᠮᠦ ᠡᠯ᠎ᠡ ᠲᠥᠷᠥᠯ ᠤᠨ ᠣᠢ ᠰᠢᠭᠤᠢ ᠶᠢᠨ ᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠂ ᠡᠭᠦᠨ ᠤ ᠳᠤᠮᠳᠠ ᠤᠯᠤᠰ ᠤᠨ ᠣᠢ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠢᠨᠵᠧᠨᠧᠷᠢᠩ 5.3 ᠲᠥᠮᠡᠨ ᠮᠦ᠂ ᠠᠵᠤ ᠠᠬᠤᠢ ᠶᠢᠨ ᠣᠢ ᠰᠢᠭᠤᠢ ᠶᠢᠨ ᠪᠥᠲᠦᠭᠡᠨ ᠪᠠᠶᠢᠭᠤᠯᠤᠯᠲᠠ 2 ᠲᠥᠮᠡᠨ ᠮᠦ᠂ ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ 3500 ᠮᠦ ᠪᠠᠭᠲᠠᠵᠤ ᠪᠤᠢ᠃    ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠬᠢᠨᠠᠨ ᠬᠠᠮᠢᠶᠠᠷᠤᠯᠲᠠ ᠶᠢᠨ ᠬᠦᠴᠦᠨ ᠢᠶᠠᠨ ᠴᠢᠩᠭᠠᠳᠬᠠᠨ᠎ᠠ ᠃ ᠠᠭᠤᠯᠠ ᠤᠰᠤ ᠣᠢ ᠰᠢᠭᠤᠢ ᠨᠠᠭᠤᠷ ᠲᠠᠷᠢᠶ᠎ᠠ ᠡᠪᠡᠰᠦᠨ ᠤ ᠰᠢᠰᠲ᠋ᠧᠮ ᠤᠨ ᠴᠡᠭᠴᠡᠯᠡᠨ ᠵᠠᠰᠠᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠺᠠᠳ᠋ᠷ ᠤᠳᠤᠷᠢᠳᠤᠯᠭ᠎ᠠ ᠶᠢᠨ ᠪᠠᠶᠢᠭᠠᠯᠢ ᠶᠢᠨ ᠡᠬᠢ ᠪᠠᠶᠠᠯᠢᠭ ᠶᠢᠨ ᠡᠳ᠋ ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠭᠦᠨᠵᠡᠭᠡᠢ ᠥᠷᠨᠢᠭᠦᠯᠦᠨ᠎ᠡ᠃ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠮᠥᠷᠡᠨ ᠤ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠮᠳᠠᠭᠠᠨ ᠤ ᠤᠰᠤᠨ ᠤ ᠡᠬᠢ ᠠᠪᠤᠭᠰᠠᠨ ᠭᠠᠵᠠᠷ᠂ ᠴᠢᠭᠢᠭᠯᠢᠭ ᠭᠠᠵᠠᠷ ᠵᠢᠴᠢ ᠭᠤᠣᠯ ᠮᠥᠷᠡᠨ ᠤ ᠤᠰᠤᠨ ᠵᠠᠮ ᠤᠨ ᠰᠠᠭᠠᠳ ᠦᠭᠡᠢ ᠨᠡᠪᠲᠡᠷᠡᠯ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠦᠨ᠎ᠡ︔ ᠴᠢᠯᠠᠭᠤ ᠠᠪᠬᠤ ᠵᠢᠴᠢ ᠡᠯᠡᠰᠦ ᠬᠠᠶᠢᠷ ᠠᠪᠬᠤ ᠶᠢ ᠬᠠᠤᠯᠢ ᠶᠣᠰᠣᠭᠠᠷ ᠲᠤᠰᠬᠠᠶᠢᠯᠠᠨ ᠴᠡᠭᠴᠡᠯᠡᠨ ᠵᠠᠰᠠᠵᠤ᠂ ᠵᠠᠮ ᠱᠤᠭᠤᠮ ᠤᠨ ᠣᠶᠢᠷ᠎ᠠ ᠬᠠᠪᠢ ᠪᠠ ᠳ᠋ᠠ ᠾᠧᠢ ᠾᠧ ᠭᠤᠣᠯ ᠮᠥᠷᠡᠨ ᠤ ᠤᠰᠤᠨ ᠵᠠᠮ ᠢ ᠳᠤᠷ᠎ᠠ ᠪᠠᠷ ᠤᠬᠤᠵᠤ ᠮᠠᠯᠲᠠᠬᠤ ᠶᠢ ᠡᠷᠡᠰ ᠬᠤᠷᠢᠭᠯᠠᠵᠤ᠂ ᠢᠯᠡ ᠪᠠᠷ ᠦᠨ᠎ᠡ ᠬᠠᠶᠠᠯᠴᠠᠨ ᠬᠤᠳᠠᠯᠳᠤᠭᠠᠯᠠᠬᠤ᠂ ᠬᠦᠴᠦᠨ ᠪᠥᠬᠦᠢ ᠳᠠᠨᠵᠢᠯᠠᠯᠲᠠ᠂ ᠤᠷᠭᠤᠮᠠᠯ ᠤᠨ ᠬᠤᠴᠢᠴᠠ ᠶᠢ ᠰᠡᠷᠭᠦᠭᠡᠬᠦ ᠵᠡᠷᠭᠡ ᠪᠥᠬᠦ ᠵᠥᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠬᠠᠤᠯᠢ ᠪᠤᠰᠤ ᠤᠬᠤᠵᠤ ᠮᠠᠯᠲᠠᠬᠤ ᠦᠢᠯᠡ ᠠᠵᠢᠯᠯᠠᠭᠠᠨ ᠳᠤ ᠴᠢᠩᠭ᠎ᠠ ᠬᠦᠴᠦᠲᠡᠢ ᠴᠣᠬᠢᠯᠲᠠ ᠥᠭᠭᠦᠨ᠎ᠡ︔ ᠭᠧᠣᠯᠣᠭᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠠᠭᠤᠯᠠ ᠠᠭᠤᠷᠬᠠᠢ ᠶᠢᠨ ᠭᠧᠣᠯᠣᠭᠢ ᠶᠢᠨ ᠣᠷᠴᠢᠨ ᠤ ᠵᠠᠰᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠠᠭᠤᠷᠬᠠᠢ ᠶᠢᠨ ᠣᠷᠣᠨ ᠢ ᠴᠢᠷᠮᠠᠶᠢᠨ ᠪᠠᠶᠢᠭᠤᠯᠤᠨ᠎ᠠ︔ ᠲᠠᠷᠢᠶᠠᠨ ᠭᠠᠵᠠᠷ ᠢ ᠴᠢᠩᠳᠠᠯᠠᠨ ᠬᠠᠮᠠᠭᠠᠯᠠᠵᠤ᠂ ᠭᠠᠵᠠᠷ ᠰᠢᠷᠤᠢ ᠶᠢᠨ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠳᠦᠷᠢᠮ ᠢ ᠵᠥᠷᠢᠴᠡᠵᠦ ᠭᠠᠵᠠᠷ ᠠᠰᠢᠭᠯᠠᠭᠰᠠᠨ ᠦᠢᠯᠡ ᠠᠵᠢᠯᠯᠠᠭ᠎ᠠ ᠶᠢ ᠲᠥᠪ ᠴᠢᠩᠭ᠎ᠠ ᠪᠠᠷ ᠴᠡᠭᠴᠡᠯᠡᠨ ᠵᠠᠰᠠᠨ᠎ᠠ︔ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠯᠦᠩ ᠱᠧᠩ ᠤᠯᠤᠰ ᠤᠨ ᠣᠢ ᠰᠢᠭᠤᠢ ᠶᠢᠨ ᠴᠡᠴᠡᠷᠯᠢᠭ᠂ ᠬᠤᠩ ᠱᠢ ᠶᠠ ᠤᠯᠤᠰ ᠤᠨ ᠠᠮᠢ ᠠᠬᠤᠢ ᠶᠢᠨ ᠴᠡᠴᠡᠷᠯᠢᠭ ᠪᠠ ᠣᠶᠢᠲᠤ ᠭᠠᠵᠠᠷ ᠤᠨ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠷ ᠴᠢᠩᠭᠠᠳᠬᠠᠨ᠎ᠠ︔ ᠡᠪᠡᠰᠦ ᠪᠡᠯᠴᠢᠭᠡᠷ ᠮᠠᠯ ᠲᠡᠵᠢᠭᠡᠪᠦᠷᠢ ᠶᠢ ᠲᠡᠩᠴᠡᠭᠦᠷᠢᠰᠢᠭᠦᠯᠬᠦ ᠳᠦᠷᠢᠮ ᠢ ᠥᠷᠭᠦᠯᠵᠢᠯᠡᠨ ᠬᠡᠷᠡᠭᠵᠢᠭᠦᠯᠵᠦ᠂ ᠣᠢ ᠰᠢᠭᠤᠢ ᠲᠠᠯ᠎ᠠ ᠭᠠᠵᠠᠷ ᠤᠨ ᠭᠠᠯ ᠠᠴᠠ ᠰᠡᠷᠭᠡᠶᠢᠯᠡᠬᠦ ᠴᠡᠷᠢᠭ ᠠᠩᠭᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠢ ᠰᠢᠭᠤᠢ ᠲᠠᠯ᠎ᠠ ᠭᠠᠵᠠᠷ ᠤᠨ ᠭᠠᠯ ᠠᠴᠠ ᠰᠡᠷᠭᠡᠶᠢᠯᠡᠬᠦ ᠵᠠᠰᠠᠭ ᠵᠠᠬᠢᠷᠭᠠᠨ ᠤ ᠲᠡᠷᠢᠭᠦᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠦᠢᠯᠡ ᠠᠵᠢᠯᠯᠠᠭᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃    ︵ᠨᠠᠢᠮᠠ︶ ᠨᠡᠶᠢᠭᠡᠮ ᠤᠨ ᠠᠵᠢᠯ ᠦᠢᠯᠡᠰ ᠢ ᠵᠣᠬᠢᠴᠠᠩᠭᠤᠢ ᠬᠥᠭᠵᠢᠭᠦᠯᠵᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠦᠨ᠎ᠡ    ᠰᠢᠨ᠎ᠡ ᠴᠠᠭ ᠦᠶ᠎ᠡ ᠶᠢᠨ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠬᠡᠷᠡᠭᠴᠡᠭᠡᠨ ᠤ ᠰᠢᠨ᠎ᠡ ᠬᠦᠰᠡᠯ ᠨᠠᠶᠢᠳᠠᠯᠭ᠎ᠠ ᠂ ᠰᠢᠨ᠎ᠡ ᠬᠤᠪᠢᠷᠠᠯᠲᠠ ᠠᠴᠠ ᠡᠭᠦᠰᠴᠦ ᠴᠢᠳᠠᠯ ᠤᠨ ᠢᠶᠠᠨ ᠬᠢᠷᠢ ᠪᠠᠷ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠡᠷᠡᠭ ᠤᠴᠢᠷ ᠢ ᠨᠢᠭᠡᠳ ᠨᠢᠭᠡ ᠪᠠᠷ ᠰᠢᠢᠳᠪᠦᠷᠢᠯᠡᠵᠦ᠂ ᠨᠢᠭᠡ ᠨᠢᠭᠡ ᠵᠢᠯ ᠢᠶᠠᠷ ᠴᠢᠷᠮᠠᠶᠢᠨ ᠵᠢᠳᠬᠦᠵᠦ ᠰᠤᠷᠭᠠᠨ ᠬᠥᠮᠥᠵᠢᠯ ᠲᠠᠢ᠂ ᠣᠷᠣᠯᠭ᠎ᠠ ᠲᠠᠢ᠂ ᠡᠮ ᠡᠮᠨᠡᠯᠭᠡ ᠲᠠᠢ᠂ ᠣᠷᠣᠨ ᠰᠠᠭᠤᠴᠠ ᠲᠠᠢ᠂ ᠳᠡᠮᠵᠢᠯᠭᠡ ᠲᠤᠰᠠᠯᠠᠮᠵᠢ ᠲᠠᠢ ᠪᠠᠷ ᠲᠠᠰᠤᠷᠠᠯᠲᠠ ᠦᠭᠡᠢ ᠤᠷᠤᠭᠰᠢᠯᠠᠨ ᠬᠥᠭᠵᠢᠵᠦ᠂ ᠥᠷᠭᠡᠨ ᠣᠯᠠᠨ ᠠᠷᠠᠳ ᠲᠥᠮᠡᠨ ᠢ ᠬᠠᠮᠲᠤ ᠪᠠᠷ ᠴᠣᠭᠴᠠᠯᠠᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠶᠠᠪᠤᠴᠠ ᠳᠤᠮᠳᠠ ᠨᠡᠩ ᠶᠡᠭᠡ ᠦᠷ᠎ᠡ ᠪᠥᠲᠦᠮᠵᠢ ᠲᠠᠢ ᠪᠣᠯᠭᠠᠨ᠎ᠠ᠃   ᠠᠷᠠᠳ ᠲᠥᠮᠡᠨ ᠤ ᠰᠡᠳᠬᠢᠯ ᠳᠤ ᠲᠠᠭᠠᠯᠠᠭᠳᠠᠭᠰᠠᠨ ᠰᠤᠷᠭᠠᠨ ᠬᠥᠮᠥᠵᠢᠯ ᠤᠨ ᠠᠵᠢᠯ ᠢ ᠰᠠᠶᠢᠲᠤᠷ ᠬᠢᠬᠦ ᠰᠤᠷᠭᠠᠨ ᠬᠥᠮᠥᠵᠢᠯ ᠢ ᠡᠩ ᠲᠡᠷᠢᠭᠦᠨ ᠳᠤ ᠬᠥᠭᠵᠢᠭᠦᠯᠬᠦ ᠶᠠᠪᠤᠳᠠᠯ ᠢ ᠰᠢᠯᠵᠢᠰᠢ ᠦᠭᠡᠢ ᠪᠠᠷᠢᠮᠲᠠᠯᠠᠵᠤ᠂ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠥᠵᠢᠯ ᠢᠶᠠᠷ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠡᠬᠢᠯᠡᠨ ᠶᠠᠪᠤᠭᠳᠠᠭᠤᠯᠵᠤ᠂ ᠠᠷᠠᠳ ᠲᠥᠮᠡᠨ ᠤ ᠰᠡᠳᠬᠢᠯ ᠳᠤ ᠲᠠᠭᠠᠯᠠᠭᠳᠠᠭᠰᠠᠨ ᠰᠤᠷᠭᠠᠨ ᠬᠥᠮᠥᠵᠢᠯ ᠢ ᠰᠠᠶᠢᠲᠤᠷ ᠬᠢᠨ᠎ᠡ᠃ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠥᠯᠥᠭ ᠨᠡᠷᠡᠲᠦ ᠰᠤᠷᠭᠠᠭᠤᠯᠢ ᠨᠡᠷᠡᠲᠦ ᠪᠠᠭᠰᠢ ᠨᠡᠷᠡᠲᠦ ᠰᠤᠷᠤᠭᠴᠢᠳ ᠢ ᠪᠤᠢ ᠪᠣᠯᠭᠠᠨ᠎ᠠ᠃ ᠨᠡᠶᠢᠰᠯᠡᠯ᠂ ᠣᠷᠣᠨ ᠤ ᠲᠥᠪ ᠤᠨ ᠴᠢᠨᠠᠷᠯᠢᠭ ᠰᠤᠷᠭᠠᠨ ᠬᠥᠮᠥᠵᠢᠯ ᠤᠨ ᠡᠬᠢ ᠪᠠᠶᠠᠯᠢᠭ ᠢ ᠠᠰᠢᠭᠯᠠᠨ ᠬᠤᠯᠪᠣᠭᠠᠯᠠᠭᠰᠠᠨ ᠨᠠᠶᠢᠳᠠᠨ ᠬᠠᠮᠢᠶᠠᠷᠤᠯᠲᠠ᠂ ᠨᠡᠷᠡᠲᠦ ᠰᠤᠷᠭᠠᠭᠤᠯᠢ ᠶᠢᠨ ᠨᠡᠷᠡᠲᠦ ᠪᠠᠭᠰᠢ ᠶᠢ ᠣᠷᠣᠭᠤᠯᠬᠤ ᠵᠡᠷᠭᠡ ᠬᠡᠯᠪᠡᠷᠢ ᠪᠠᠷ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠰᠢᠨᠡᠴᠢᠯᠡᠵᠦ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠥᠭᠡᠷᠡᠴᠢᠯᠡᠬᠦ ᠲᠤᠬᠠᠢ ᠰᠠᠨᠠᠯ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠪᠠ ᠠᠷᠠᠳ ᠲᠥᠮᠡᠨ ᠳᠤ ᠲᠠᠭᠠᠯᠠᠭᠳᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ᠂ ᠪᠥᠲᠦᠭᠡᠯᠴᠢ ᠮᠠᠶ᠋ᠢᠭ ᠤᠨ ᠪᠠᠭᠰᠢ ᠶᠢᠨ ᠡᠩᠨᠡᠭᠡ ᠢ ᠬᠥᠮᠥᠵᠢᠭᠦᠯᠦᠨ ᠪᠠᠶᠢᠭᠤᠯᠤᠨ᠎ᠠ᠃ ᠪᠠᠭᠰᠢ ᠶᠢᠨ ᠮᠡᠷᠭᠡᠵᠢᠯ ᠤᠨ ᠴᠣᠯᠠ ᠲᠣᠭᠲᠠᠭᠠᠬᠤ᠂ ᠬᠥᠯᠥᠰᠦ ᠬᠠᠷᠠᠮᠵᠢ᠂ ᠠᠮᠵᠢᠯᠲᠠ ᠪᠥᠲᠦᠮᠵᠢ ᠶᠢ ᠬᠤᠯᠪᠣᠭᠳᠠᠭᠤᠯᠬᠤ ᠵᠡᠷᠭᠡ ᠳᠥᠷᠢᠮ ᠢ ᠪᠥᠬᠦ ᠲᠠᠯ᠎ᠠ ᠪᠠᠷ ᠳᠦᠷᠢᠮᠵᠢᠭᠦᠯᠵᠦ᠂ ᠪᠠᠭᠰᠢ ᠶᠢᠨ ᠬᠥᠯᠥᠰᠦ ᠬᠠᠷᠠᠮᠵᠢ ᠪᠠ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢᠯᠠᠭᠰᠠᠳ ᠤᠨ ᠠᠵᠢᠯ ᠤᠨ ᠢᠳᠡᠪᠬᠢᠵᠢᠯ ᠢ ᠦᠨᠡᠨᠬᠦ ᠳᠠᠶᠢᠴᠢᠯᠠᠵᠤ᠂ ᠪᠠᠭᠰᠢ ᠶᠢᠨ ᠠᠵᠢᠯ ᠢ ᠬᠥᠮᠥᠨ ᠪᠥᠬᠦᠨ ᠤ ᠪᠢᠰᠢᠷᠡᠨ ᠬᠥᠨᠳᠥᠳᠬᠡᠭᠰᠡᠨ ᠠᠵᠢᠯ ᠮᠡᠷᠭᠡᠵᠢᠯ ᠪᠣᠯᠭᠠᠨ᠎ᠠ᠃ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠵᠤ᠂ 10 ᠣᠷᠴᠢᠮ ᠰᠤᠷᠤᠭᠴᠢ ᠲᠠᠢ ᠪᠤᠶᠢᠳᠠ ᠪᠥᠭᠯᠡᠭᠦᠦ ᠶᠠᠳᠠᠭᠤ ᠬᠦᠴᠢᠷᠳᠡᠯᠲᠡᠢ ᠰᠢᠶᠠᠩ ᠲᠤᠰᠬᠤᠨ ᠤ ᠰᠤᠷᠭᠠᠭᠤᠯᠢ ᠶᠢ ᠬᠠᠭᠠᠵᠤ᠂ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠪᠡᠯᠡ ᠮᠥᠩᠭᠦ ᠬᠢᠭᠡᠳ ᠡᠬᠢ ᠪᠠᠶᠠᠯᠢᠭ ᠢ ᠨᠡᠶᠢᠳᠬᠡᠵᠦ᠂ ᠥᠨᠥ ᠵᠢᠯ ᠳᠤ ᠮᠠᠨ ᠤ ᠰᠢᠶᠠᠨ ᠤ ᠶᠡᠷᠦᠩᠬᠡᠶᠢᠯᠡᠭᠰᠡᠨ ᠴᠢᠨᠠᠷᠲᠠᠢ ᠰᠤᠷᠭᠠᠨ ᠬᠥᠮᠥᠵᠢᠯ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠡᠬᠢᠯᠡᠨ ᠶᠠᠪᠤᠭᠳᠠᠭᠤᠯᠵᠤ᠂ ᠠᠷᠠᠳ ᠨᠡᠶᠢᠲᠡ ᠳᠤ ᠰᠤᠷᠭᠠᠨ ᠬᠥᠮᠥᠵᠢᠯ ᠬᠦᠷᠲᠡᠬᠦ ᠲᠥᠬᠦᠭᠡᠷᠦᠮᠵᠢ ᠲᠠᠢ ᠪᠠᠶᠢᠬᠤ ᠶᠢ ᠪᠠᠲᠤᠯᠠᠵᠤ᠂ ᠣᠨᠴᠠᠭᠠᠶᠢᠯᠠᠨ ᠶᠠᠳᠠᠭᠤ ᠬᠦᠴᠢᠷᠳᠡᠯᠲᠡᠢ ᠰᠢᠶᠠᠩ ᠲᠤᠰᠬᠤᠨ ᠤ ᠰᠤᠷᠤᠭᠴᠢᠳ ᠲᠤ ᠰᠢᠯᠢᠳᠡᠭ ᠰᠤᠷᠭᠠᠨ ᠬᠥᠮᠥᠵᠢᠯ ᠤᠨ ᠡᠬᠢ ᠪᠠᠶᠠᠯᠢᠭ ᠢ ᠠᠳᠠᠯᠢᠬᠠᠨ ᠬᠦᠷᠲᠡᠬᠦ ᠨᠥᠬᠦᠴᠡᠯ ᠪᠣᠯᠣᠮᠵᠢ ᠶᠢ ᠣᠯᠭᠤᠨ᠎ᠠ᠃ ᠪᠥᠬᠦ ᠬᠤᠲᠠ ᠶᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠵᠦ᠂ ᠪᠥᠬᠦ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠦᠷᠢᠨ ᠭᠦᠢᠴᠡᠳ ᠪᠡᠯᠡᠳᠬᠡᠨ᠎ᠡ᠃    ᠡᠮᠴᠢᠯᠡᠭᠡᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠢᠶᠠᠷ ᠡᠮᠨᠡᠯᠭᠡ ᠶᠢ ᠲᠡᠵᠢᠭᠡᠬᠦ ᠲᠣᠭᠲᠠᠴᠠ ᠶᠢ ᠡᠪᠳᠡᠨ ᠤᠰᠠᠳᠬᠠᠨ᠎ᠠ᠃ ᠪᠡᠭᠡᠵᠢᠩ ᠥᠪᠥᠷ ᠮᠣᠩᠭᠤᠯ ᠤᠨ ᠬᠤᠭᠤᠷᠣᠨᠳᠤᠬᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠤ ᠲᠣᠬᠢᠶᠠᠯ ᠢ ᠠᠰᠢᠭᠯᠠᠨ ᠲᠤᠰᠬᠠᠢ ᠰᠠᠯᠠᠭ᠎ᠠ ᠶᠢ ᠬᠠᠮᠲᠤ ᠪᠠᠷ ᠪᠠᠶᠢᠭᠤᠯᠬᠤ᠂ ᠲᠤᠰᠬᠠᠢ ᠮᠡᠷᠭᠡᠵᠢᠯᠲᠡᠨ ᠲᠣᠭᠤᠷᠢᠨ ᠡᠮᠴᠢᠯᠡᠬᠦ᠂ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠪᠥᠬᠦᠯᠢ ᠴᠣᠭᠴᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠬᠡᠯᠪᠡᠷᠢ ᠪᠠᠷ ᠪᠡᠭᠡᠵᠢᠩ ᠤᠨ ᠨᠡᠷᠡᠲᠦ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠬᠤ ᠶᠢ ᠴᠢᠩᠭᠠᠳᠬᠠᠵᠤ᠂ ᠠᠷᠠᠳ ᠲᠥᠮᠡᠨ ᠭᠡᠷ ᠠᠴᠠ ᠪᠠᠨ ᠬᠤᠯᠠᠳᠠᠬᠤ ᠦᠭᠡᠢ ᠴᠤ ᠭᠡᠰᠡᠨ ᠠᠳᠠᠯᠢᠬᠠᠨ ᠴᠢᠨᠠᠷᠲᠠᠢ ᠡᠮᠴᠢᠯᠡᠭᠡᠨ ᠤ ᠦᠢᠯᠡᠴᠢᠯᠡᠭᠡ ᠶᠢ ᠬᠦᠷᠲᠡᠵᠦ ᠴᠢᠳᠠᠬᠤ ᠪᠣᠯᠭᠠᠨ᠎ᠠ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠡᠵᠡᠩᠨᠡᠨ ᠠᠵᠢᠯᠯᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠢᠭᠡᠳ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ᠂ ᠰᠢᠶᠠᠩ᠂ ᠲᠤᠰᠬᠤᠨ ᠭᠤᠷᠪᠠᠨ ᠳᠡᠰ ᠤᠨ ᠡᠮᠴᠢᠯᠡᠭᠡᠨ ᠤ ᠲᠣᠣᠷ ᠰᠦᠯᠵᠢᠶᠡᠨ ᠤ ᠰᠢᠰᠲ᠋ᠧᠮ ᠤᠨ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠬᠠᠤᠯᠢ ᠪᠤᠰᠤ ᠪᠠᠷ ᠡᠮᠴᠢᠯᠡᠬᠦ ᠦᠢᠯᠡ ᠠᠵᠢᠯᠯᠠᠭᠠᠨ ᠳᠤ ᠴᠣᠬᠢᠯᠲᠠ ᠥᠭᠴᠦ᠂ ᠡᠮᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠳᠦᠷᠢᠮᠵᠢᠭᠦᠯᠵᠦ᠂ ᠣᠯᠠᠨ ᠨᠡᠶᠢᠲᠡ ᠶᠢᠨ ᠡᠮᠴᠢᠯᠡᠭᠡᠨ ᠤ ᠦᠢᠯᠡᠴᠢᠯᠡᠭᠡ ᠶᠢ ᠪᠠᠲᠤᠯᠠᠬᠤ ᠴᠢᠳᠠᠪᠤᠷᠢ ᠪᠠ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠬᠥᠨᠳᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠤᠵᠢᠭ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠬᠢᠵᠠᠭᠠᠷᠯᠠᠬᠤ ᠰᠢᠶᠠᠨ᠂ ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠭᠦᠯᠬᠦ ᠰᠢᠶᠠᠨ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮᠵᠢᠭᠰᠡᠨ ᠰᠢᠶᠠᠨ ᠢ ᠴᠣᠭᠴᠠᠯᠠᠨ ᠪᠠᠶᠢᠭᠤᠯᠬᠤ ᠠᠵᠢᠯᠯᠠᠭᠠᠨ ᠢ ᠰᠠᠶᠢᠲᠤᠷ ᠥᠷᠨᠢᠭᠦᠯᠦᠨ᠎ᠡ︔ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠨᠡᠶᠢᠭᠡᠮ ᠤᠨ ᠨᠠᠰᠤᠲᠠᠶᠢᠴᠤᠳ ᠢ ᠠᠰᠠᠷᠠᠬᠤ ᠪᠠᠶᠢᠭᠤᠯᠤᠮᠵᠢ ᠪᠠ ᠪᠣᠳᠠᠲᠤ ᠬᠦᠴᠦᠨ ᠪᠥᠬᠦᠢ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠤᠳ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠮᠴᠢᠯᠡᠭᠡ ᠬᠢᠭᠡᠳ ᠠᠰᠠᠷᠠᠬᠤ ᠶᠢ ᠤᠶᠠᠯᠳᠤᠭᠤᠯᠤᠭᠰᠠᠨ ᠠᠵᠤ ᠦᠢᠯᠡᠰ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠥᠲᠡᠭᠦᠰ ᠤᠨ ᠡᠪᠡᠳᠴᠢᠨ ᠪᠠ ᠤᠵᠢᠭ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠡᠷᠡᠭᠦᠯᠵᠢᠭᠦᠯᠦᠨ ᠰᠤᠪᠢᠯᠠᠬᠤ ᠦᠢᠯᠡᠴᠢᠯᠡᠭᠡᠨ ᠤ ᠠᠵᠢᠯ ᠢ ᠦᠨᠡᠨ ᠪᠠᠲᠤᠲᠠᠢ ᠰᠠᠶᠢᠲᠤᠷ ᠬᠢᠨ᠎ᠡ᠃   ᠰᠣᠶᠣᠯ ᠤᠨ ᠠᠵᠢᠯ ᠦᠢᠯᠡᠰ ᠤᠨ ᠬᠥᠭᠵᠢᠯᠲᠡ ᠶᠢ ᠲᠥᠷᠭᠡᠳᠬᠡᠨ᠎ᠡ ᠃ ᠲᠠᠨᠢᠯᠲᠠ ᠶᠢᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡ ᠶᠢ ᠡᠵᠡᠮᠳᠡᠨ ᠬᠠᠮᠢᠶᠠᠷᠴᠤ᠂ ᠲᠣᠣᠷ ᠰᠦᠯᠵᠢᠶᠡᠨ ᠤ ᠣᠷᠣᠨ ᠵᠠᠢ ᠶᠢ ᠴᠡᠪᠡᠷᠰᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠ ᠢᠲᠡᠭᠡᠯ ᠬᠦᠰᠡᠯ ᠤᠨ ᠰᠤᠷᠭᠠᠨ ᠬᠥᠮᠥᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠬᠦᠰᠡᠯᠡᠩ ᠢᠶᠠᠷ ᠬᠠᠮᠲᠤ ᠶᠢᠨ ᠲᠠᠨᠢᠯᠲᠠ ᠶᠢ ᠲᠥᠪᠯᠡᠷᠡᠭᠦᠯᠦᠨ ᠬᠦᠴᠦᠨ ᠢ ᠨᠢᠭᠡᠳᠬᠡᠨ᠎ᠡ᠃ ᠰᠣᠶᠣᠯ ᠤᠨ ᠲᠠᠯ᠎ᠠ ᠪᠠᠷ ᠬᠢ ᠢᠲᠡᠭᠡᠯ ᠵᠣᠷᠢᠭ ᠢᠶᠠᠨ ᠴᠢᠩᠭᠠᠯᠠᠵᠤ᠂ ᠰᠣᠶᠣᠯ ᠢᠶᠠᠷ ᠬᠡᠪ ᠰᠤᠷᠲᠠᠯ ᠢ ᠤᠳᠤᠷᠢᠳᠤᠨ ᠳᠠᠭᠠᠭᠤᠯᠵᠤ᠂ ᠠᠷᠠᠳ ᠲᠥᠮᠡᠨ ᠢ ᠰᠤᠷᠭᠠᠨ ᠬᠥᠮᠥᠵᠢᠭᠦᠯᠵᠦ᠂ ᠨᠡᠶᠢᠭᠡᠮ ᠳᠤ ᠦᠢᠯᠡᠴᠢᠯᠡᠵᠦ᠂ ᠬᠥᠭᠵᠢᠯᠲᠡ ᠶᠢ ᠲᠦᠯᠬᠢᠨ ᠤᠷᠤᠭᠰᠢᠯᠠᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠥᠯᠵᠡᠢ ᠪᠡᠯᠭᠡᠲᠦ ᠶᠢᠰᠦᠨ ᠡᠭᠡᠰᠢᠭ᠂ ᠦᠵᠡᠰᠭᠦᠯᠡᠩᠲᠦ ᠰᠠᠶᠢᠬᠠᠨ ᠵᠦᠧᠧᠽᠢ︾ ᠰᠣᠶᠣᠯ ᠤᠨ ᠨᠠᠶᠢᠷ᠂ ︽ᠤᠲᠤᠭᠰᠠᠨ ᠲᠠᠬᠢᠶ᠎ᠠ ᠠᠮᠲᠠᠲᠤ ᠢᠳᠡᠭᠡᠨ ᠤ ᠰᠣᠶᠣᠯ ᠤᠨ ᠨᠠᠶᠢᠷ︾᠂ ︽ᠬᠠᠯᠭᠢᠯᠠᠨ ᠴᠠᠯᠭᠢᠯᠠᠬᠤ  ᠶᠡᠭᠡ ᠲᠦᠷᠭᠡᠨ ᠭᠤᠣᠯ︾ ᠨᠡᠶᠢᠲᠡ ᠲᠥᠮᠡᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠪᠠ ᠳᠤᠮᠳᠠᠳᠤ ᠤᠯᠤᠰ ᠤᠨ ᠪᠠᠷᠠᠭᠤᠨ ᠣᠷᠣᠨ ᠤ ᠦᠯᠢᠶᠡᠨ ᠳᠡᠯᠡᠳᠬᠦ ᠬᠥᠭᠵᠢᠮ ᠤᠨ ᠤᠷᠢᠯᠭ᠎ᠠ ᠶᠢᠨ ᠤᠷᠤᠯᠳᠤᠭᠠᠨ ᠵᠡᠷᠭᠡ ᠡᠯ᠎ᠡ ᠲᠥᠷᠥᠯ ᠤᠨ ᠣᠯᠠᠨ ᠲᠥᠮᠡᠨᠴᠢ ᠴᠢᠨᠠᠷᠲᠠᠢ ᠰᠣᠶᠣᠯ ᠤᠨ ᠬᠥᠳᠡᠯᠭᠡᠭᠡᠨ ᠢ ᠵᠢᠯ ᠪᠦᠷᠢ ᠨᠢᠭᠡ ᠤᠳᠠᠭ᠎ᠠ ᠰᠠᠶᠢᠲᠤᠷ ᠡᠷᠬᠢᠯᠡᠨ ᠶᠠᠪᠤᠭᠳᠠᠭᠤᠯᠤᠨ᠎ᠠ᠃ ᠰᠢᠶᠠᠩ ᠲᠤᠰᠬᠤᠨ ᠤ ᠰᠣᠶᠣᠯ ᠢ ᠴᠣᠭᠴᠠᠯᠠᠨ ᠪᠠᠶᠢᠭᠤᠯᠬᠤ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠰᠢᠶᠠᠩ ᠲᠤᠰᠬᠤᠨ ᠤ ᠲᠣᠮᠣ ᠪᠦᠵᠢᠭ ᠤᠨ ᠲᠠᠪᠴᠠᠩ᠂ ᠶᠢᠰᠦᠨ ᠡᠭᠡᠰᠢᠭᠲᠦ ᠰᠣᠶᠣᠯ ᠤᠨ ᠠᠭᠤᠳᠠᠮ ᠲᠠᠯᠠᠪᠠᠢ ᠵᠡᠷᠭᠡ ᠬᠥᠳᠡᠭᠡ ᠲᠤᠰᠬᠤᠨ ᠤ ᠰᠣᠶᠣᠯ ᠤᠨ ᠲᠠᠯᠠᠪᠤᠷ ᠤᠨ ᠪᠥᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠳᠡᠮᠵᠢᠵᠦ᠂ ᠣᠯᠠᠨ ᠲᠥᠮᠡᠨ ᠤ ᠶᠠᠳᠠᠭᠤ ᠶᠢ ᠲᠡᠳᠬᠦᠵᠦ ᠵᠣᠷᠢᠭ ᠤᠬᠠᠭᠠᠨ ᠢ ᠨᠢ ᠲᠡᠳᠬᠦᠭᠰᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠬᠥᠳᠡᠭᠡ ᠲᠤᠰᠬᠤᠨ ᠤ ᠰᠢᠨ᠎ᠡ ᠬᠡᠪ ᠰᠤᠷᠲᠠᠯ ᠢ ᠤᠬᠠᠭᠤᠯᠤᠨ ᠰᠤᠷᠲᠠᠯᠴᠢᠯᠠᠭᠰᠠᠨ ᠠᠭᠤᠯᠭ᠎ᠠ ᠲᠠᠢ ᠣᠷᠣᠨ ᠨᠤᠲᠤᠭ ᠤᠨ ᠣᠬᠤᠷ ᠵᠥᠴᠦᠭᠡ ᠢ ᠥᠪᠡᠷᠲᠡᠭᠡᠨ ᠨᠠᠶᠢᠷᠠᠭᠤᠯᠵᠤ ᠥᠪᠡᠷᠲᠡᠭᠡᠨ ᠲᠣᠭᠯᠠᠬᠤ ᠶᠢ ᠵᠣᠷᠢᠭᠵᠢᠭᠤᠯᠤᠨ᠎ᠠ᠃ ᠰᠣᠶᠣᠯ ᠤᠷᠠᠯᠢᠭ ᠤᠨ ᠵᠣᠬᠢᠶᠠᠯ ᠪᠥᠲᠦᠭᠡᠯ ᠢ ᠥᠷᠨᠢᠭᠦᠯᠦᠨ ᠬᠥᠭᠵᠢᠭᠦᠯᠵᠦ᠂ ᠰᠣᠶᠣᠯ ᠤᠨ ᠭᠦᠨ ᠠᠭᠤᠯᠤᠭᠳᠠᠬᠤᠨ ᠢ ᠭᠦᠨᠵᠡᠭᠡᠢ ᠦᠨᠳᠦᠰᠦᠯᠡᠭᠦᠯᠵᠦ᠂ ᠨᠡᠩ ᠣᠯᠠᠨ ᠴᠠᠭ ᠦᠶ᠎ᠡ ᠶᠢᠨ ᠣᠨᠴᠠᠯᠢᠭ᠂ ᠶᠡᠭᠡ ᠲᠦᠷᠭᠡᠨ ᠭᠤᠣᠯ ᠶᠢᠨ ᠵᠣᠷᠢᠭ ᠰᠠᠨᠠᠭ᠎ᠠ ᠶᠢ ᠬᠠᠷᠠᠭᠤᠯᠤᠭᠰᠠᠨ ᠰᠣᠶᠣᠯ ᠤᠷᠠᠯᠢᠭ ᠤᠨ ᠰᠣᠳᠣᠨ ᠪᠥᠲᠦᠭᠡᠯ ᠢ ᠵᠣᠬᠢᠶᠠᠨ ᠪᠥᠲᠦᠭᠡᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠪᠤᠷᠢ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠠᠭᠠᠨᠮᠥ᠋ᠴᠢᠷ ᠤᠨ ᠴᠢᠳᠠᠪᠤᠷᠢᠲᠠᠨ ᠢ ᠬᠥᠮᠥᠵᠢᠭᠦᠯᠬᠦ ᠬᠢᠭᠡᠳ ᠰᠣᠩᠭᠤᠨ ᠰᠢᠯᠭᠠᠷᠠᠭᠤᠯᠬᠤ ᠬᠦᠴᠦᠯᠡᠴᠡ ᠪᠠᠨ ᠨᠡᠮᠡᠭᠳᠡᠭᠦᠯᠬᠦ ᠶᠢ ᠳᠡᠮᠵᠢᠵᠦ᠂ ᠲᠡᠳᠡᠨ ᠤ ᠦᠨᠳᠦᠰᠦᠨ ᠱᠠᠲᠤᠨ ᠳᠤ ᠦᠨᠳᠦᠰᠦᠯᠡᠵᠦ ᠣᠯᠠᠨ ᠲᠥᠮᠡᠨ ᠳᠤ ᠦᠢᠯᠡᠴᠢᠯᠡᠵᠦ᠂ ᠭᠠᠵᠠᠷ ᠣᠷᠣᠨ ᠤ ᠣᠨᠴᠠᠯᠢᠭ ᠲᠠᠢ᠂ ᠳᠡᠯᠭᠡᠷᠡᠭᠦᠯᠵᠦ ᠪᠣᠯᠬᠤᠶᠢᠴᠠ᠂ ᠦᠯᠡᠳᠡᠭᠡᠨ ᠬᠠᠳᠠᠭᠠᠯᠠᠵᠤ ᠪᠣᠯᠬᠤᠶᠢᠴᠠ ᠰᠣᠳᠣᠨ ᠪᠥᠲᠦᠭᠡᠯ ᠢ ᠣᠯᠠᠨ ᠠᠷᠪᠢᠨ ᠵᠣᠬᠢᠶᠠᠨ ᠪᠥᠲᠦᠭᠡᠨ᠎ᠡ᠃ ᠲᠡᠦᠬᠡ ᠶᠢᠨ ᠳᠤᠷᠠᠰᠬᠠᠯᠲᠤ ᠵᠥᠢᠯᠡᠰ᠂ ᠰᠣᠶᠣᠯ ᠤᠨ ᠥᠪ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠵᠦ᠂ ᠭᠠᠵᠠᠷ ᠣᠷᠣᠨ ᠬᠢᠭᠡᠳ ᠦᠨᠳᠦᠰᠦᠲᠡᠨ ᠤ ᠰᠣᠶᠣᠯ ᠢ ᠵᠠᠯᠭᠠᠮᠵᠢᠯᠠᠨ ᠪᠠᠳᠠᠷᠠᠭᠤᠯᠤᠨ᠎ᠠ᠃    ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠡᠩ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠠ ᠢᠳᠡᠪᠬᠢᠲᠡᠢ ᠪᠠᠷ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠬᠥᠳᠡᠭᠡ ᠶᠢᠨ ᠠᠵᠢᠯᠲᠠᠨ᠂ ᠬᠤᠲᠠ ᠪᠠᠯᠭᠠᠰᠤᠨ ᠤ ᠠᠵᠢᠯ ᠣᠯᠬᠤ ᠳᠤ ᠬᠦᠴᠢᠷ ᠬᠥᠮᠥᠰ ᠤᠨ ᠠᠵᠢᠯ ᠣᠯᠭᠤᠯᠲᠠ ᠪᠠ ᠬᠠᠯᠠᠭᠳᠠᠭᠰᠠᠨ ᠴᠡᠷᠢᠭ ᠢ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠡ᠃ ᠠᠵᠢᠯ ᠤᠨ ᠪᠠᠶᠢᠷᠢ ᠶᠢ ᠣᠯᠠᠨ ᠤᠳᠠᠭ᠎ᠠ ᠨᠡᠮᠡᠭᠳᠡᠭᠦᠯᠦᠭᠰᠡᠨ ᠠᠴᠠ ᠬᠤᠲᠠ ᠪᠠᠯᠭᠠᠰᠤᠨ ᠳᠤ ᠵᠢᠯ ᠳᠤ 1000 ᠬᠥᠮᠥᠨ ᠢ ᠰᠢᠨ᠎ᠡ ᠪᠠᠷ ᠠᠵᠢᠯ ᠳᠤ ᠤᠷᠤᠭᠤᠯᠵᠤ᠂ ᠬᠤᠲᠠ ᠪᠠᠯᠭᠠᠰᠤᠨ ᠤ ᠠᠵᠢᠯ ᠠᠯᠳᠠᠭᠰᠠᠨ ᠨᠣᠷᠮ᠎ᠠ ᠶᠢ 3.6% ᠳᠣᠲᠣᠷ᠎ᠠ ᠬᠢᠵᠠᠭᠠᠷᠯᠠᠨ᠎ᠠ᠃ ᠠᠵᠢᠯ ᠮᠡᠷᠭᠡᠵᠢᠯ ᠤᠨ ᠤᠷ᠎ᠠ ᠳᠡᠮ ᠤᠨ ᠪᠣᠯᠪᠠᠰᠤᠷᠠᠯ ᠢ ᠥᠷᠨᠢᠭᠦᠯᠦᠭᠰᠡᠨ ᠠᠴᠠ ᠬᠥᠳᠡᠯᠮᠥᠷᠢᠯᠡᠭᠴᠢᠳ ᠤᠨ ᠠᠵᠢᠯ ᠣᠯᠬᠤ ᠪᠠ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠥᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠨ᠎ᠡ ᠃ ᠬᠥᠳᠡᠭᠡ ᠶᠢᠨ ᠠᠵᠢᠯᠲᠠᠨ ᠪᠠ ᠭᠠᠳᠠᠨ᠎ᠠ ᠭᠠᠵᠠᠷ ᠶᠠᠪᠤᠭᠰᠠᠨ ᠬᠥᠮᠥᠰ ᠤᠨ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ ᠶᠢ ᠳᠡᠮᠵᠢᠨ᠎ᠡ᠃ ᠠᠷᠠᠳ ᠨᠡᠶᠢᠲᠡ ᠶᠢᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠰᠤᠲᠠᠶᠢᠴᠤᠳ ᠢ ᠠᠰᠠᠷᠠᠬᠤ᠂ ᠡᠮᠨᠡᠯᠭᠡ ᠶᠢᠨ ᠳᠠᠭᠠᠳᠬᠠᠯ᠂ ᠳᠣᠣᠷ᠎ᠠ ᠪᠠᠲᠤᠯᠠᠭ᠎ᠠ ᠪᠠ ᠠᠰᠠᠷᠠᠨ ᠬᠠᠷᠠᠭᠠᠯᠵᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽8+1︾ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠭᠡᠷ ᠢᠶᠠᠨ ᠰᠠᠬᠢᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠶᠢ ᠡᠷᠴᠢᠮᠵᠢᠭᠦᠯᠵᠦ᠂ ᠬᠦᠴᠢᠷ ᠲᠥᠪᠡᠭᠳᠡᠯ ᠲᠠᠢ ᠣᠯᠠᠨ ᠲᠥᠮᠡᠨ ᠳᠤ ᠪᠠᠴᠢᠮᠳᠠᠭᠰᠠᠨ ᠴᠠᠭ ᠲᠤ ᠲᠤᠰᠠᠯᠠᠮᠵᠢ ᠲᠠᠢ᠂ ᠬᠦᠴᠢᠷᠳᠡᠭᠰᠡᠨ ᠴᠠᠭ ᠲᠤ ᠬᠠᠪᠰᠤᠷᠤᠯᠭ᠎ᠠ ᠲᠠᠢ ᠪᠣᠯᠭᠠᠵᠤ᠂ ᠭᠡᠷᠡᠯ ᠭᠡᠭᠡ ᠪᠢᠯᠬᠠᠭᠰᠠᠨ ᠨᠡᠶᠢᠭᠡᠮ ᠢ ᠴᠣᠭᠴᠠᠯᠠᠨ ᠪᠠᠶᠢᠭᠤᠯᠤᠨ᠎ᠠ᠃ ᠵᠠᠩ ᠳᠠᠳᠬᠠᠯ ᠢᠶᠠᠨ ᠥᠭᠡᠷᠡᠴᠢᠯᠡᠬᠦ ᠶᠢ ᠰᠠᠨᠠᠭᠠᠴᠢᠯᠠᠨ ᠤᠳᠤᠷᠢᠳᠴᠤ᠂ ᠣᠷᠣᠰᠢᠭᠤᠯᠤᠯᠭ᠎ᠠ ᠶᠢᠨ ᠥᠭᠡᠷᠡᠴᠢᠯᠡᠯᠲᠡ ᠶᠢ ᠬᠤᠷᠳᠤᠳᠬᠠᠵᠤ᠂ ᠥᠨᠥ ᠵᠢᠯ ᠳᠤ ᠣᠷᠣᠰᠢᠭᠤᠯᠤᠯᠭ᠎ᠠ ᠶᠢᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠥᠭᠡᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠣᠷᠣᠰᠢᠭᠤᠯᠤᠯᠭ᠎ᠠ ᠶᠢᠨ ᠶᠠᠪᠤᠳᠠᠯ ᠤᠨ ᠲᠠᠯ᠎ᠠ ᠪᠠᠷ ᠬᠢ ᠬᠠᠤᠯᠢ ᠬᠡᠷᠡᠭᠵᠢᠭᠦᠯᠦᠯᠲᠡ ᠶᠢ ᠬᠤᠲᠠ ᠶᠢᠨ ᠬᠠᠮᠢᠶᠠᠷᠤᠯᠲᠠ ᠳᠤ ᠬᠠᠮᠤᠷᠤᠭᠤᠯᠵᠤ᠂ ᠣᠷᠣᠰᠢᠭᠤᠯᠤᠯᠭ᠎ᠠ ᠶᠢᠨ ᠶᠣᠰᠣᠯᠠᠯ ᠲᠠᠢ ᠬᠤᠯᠪᠣᠭᠳᠠᠬᠤ ᠦᠢᠯᠡ ᠠᠵᠢᠯᠯᠠᠭᠠᠨ ᠢ ᠪᠥᠲᠥᠮᠵᠢᠲᠡᠢ ᠳᠦᠷᠢᠮᠵᠢᠭᠦᠯᠦᠨ᠎ᠡ᠃    ᠨᠡᠶᠢᠭᠡᠮ ᠤᠨ ᠵᠠᠰᠠᠯᠲᠠ ᠶᠢᠨ ᠰᠢᠨ᠎ᠡ ᠡᠭᠦᠳᠦᠯᠲᠡ ᠶᠢ ᠲᠦᠯᠬᠢᠨ ᠠᠬᠢᠭᠤᠯᠤᠨ᠎ᠠ ᠃ ᠬᠠᠤᠯᠢ ᠲᠦᠷᠢᠮ ᠤᠨ ᠰᠡᠳᠬᠢᠬᠦᠢ ᠪᠠ ᠬᠠᠤᠯᠢ ᠲᠦᠷᠢᠮ ᠤᠨ ᠠᠷᠭ᠎ᠠ ᠮᠠᠶ᠋ᠢᠭ ᠢᠶᠠᠷ ᠵᠠᠰᠠᠭ ᠤᠨ ᠤᠷᠳᠤᠨ ᠤ ᠵᠠᠰᠠᠯᠲᠠ᠂ ᠨᠡᠶᠢᠭᠡᠮ ᠤᠨ ᠲᠤᠬᠢᠷᠠᠭᠤᠯᠤᠯᠲᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠭᠤᠷᠪᠠᠨ ᠲᠠᠯ᠎ᠠ ᠶᠢᠨ ᠡᠭᠡᠯᠢ ᠲᠠᠢ ᠦᠢᠯᠡᠳᠦᠯᠴᠡᠯ ᠢ ᠵᠤᠬᠢᠴᠠᠭᠤᠯᠵᠤ᠂ ᠨᠡᠶᠢᠭᠡᠮ ᠤᠨ ᠵᠠᠰᠠᠯᠲᠠ ᠶᠢ ᠲᠦᠯᠬᠢᠨ ᠠᠬᠢᠭᠤᠯᠤᠨ᠎ᠠ᠃ ᠪᠦᠬᠦ ᠲᠠᠯ᠎ᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ︽ᠬᠠᠷ᠎ᠠ ᠪᠦᠯᠦᠭᠳᠡᠨ ᠳᠤ ᠴᠣᠬᠢᠯᠲᠠ ᠦᠭᠴᠦ ᠬᠠᠷᠬᠢᠰ ᠬᠦᠴᠦᠨ ᠢ ᠠᠷᠢᠯᠭᠠᠬᠤ︾ ᠡᠷᠴᠢᠮ ᠢᠶᠠᠨ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠲᠠ ᠦᠭᠴᠦ᠂ ᠠᠷᠠᠳ ᠤᠯᠠᠨ ᠤ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ᠂ ᠬᠦᠮᠦᠨ ᠤ ᠨᠡᠷ᠎ᠡ ᠬᠦᠨᠳᠦ ᠶᠢᠨ ᠡᠷᠬᠡ ᠶᠢ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠤ ᠲᠦᠷᠦᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠤᠰᠬᠤᠨ ᠤ ᠶᠡᠷᠦᠩᠬᠡᠶᠢᠯᠡᠨ ᠵᠠᠰᠠᠬᠤ ᠲᠦᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢᠨ ᠰᠣᠳᠣᠯᠣᠨ ᠮᠠᠭᠠᠳᠯᠠᠯᠲᠠ ᠪᠠ ᠵᠤᠬᠢᠴᠠᠭᠤᠯᠤᠯᠲᠠ ᠶᠢ ᠴᠢᠩᠭᠠᠳᠬᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢᠶᠠᠷ ᠠᠷᠠᠳ ᠤᠨ ᠰᠠᠨᠠᠭ᠎ᠠ ᠶᠢ ᠦᠢᠯᠠᠭᠠᠬᠤ᠂ ᠠᠷᠠᠳ ᠤᠨ ᠤᠶᠤᠨ ᠤᠬᠠᠭᠠᠨ ᠢ ᠲᠦᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠠᠷᠭ᠎ᠠ ᠵᠠᠮ ᠪᠤᠯᠭᠠᠵᠤ᠂ ᠨᠡᠶᠢᠭᠡᠮ ᠤᠨ ᠵᠦᠷᠢᠴᠡᠯ ᠢ ᠪᠠᠶᠢᠴᠠᠭᠠᠨ ᠰᠢᠢᠳᠪᠦᠷᠢᠯᠡᠬᠦ ᠶᠢ ᠭᠦᠨᠵᠡᠭᠡᠢ ᠦᠷᠨᠢᠭᠦᠯᠵᠦ᠂ ᠬᠠᠤᠯᠢᠵᠢᠬᠰᠡ ᠵᠠᠬᠢᠳᠠᠯ ᠰᠤᠷᠪᠤᠯᠵᠢᠯᠠᠭ᠎ᠠ᠂ ᠬᠠᠷᠢᠭᠤᠴᠠᠯᠭ᠎ᠠ ᠲᠠᠢ ᠵᠠᠬᠢᠳᠠᠯ ᠰᠤᠷᠪᠤᠯᠵᠢᠯᠠᠭ᠎ᠠ᠂ ᠢᠯᠡ ᠵᠠᠬᠢᠳᠠᠯ ᠰᠤᠷᠪᠤᠯᠵᠢᠯᠠᠭ᠎ᠠ ᠶᠢ ᠲᠦᠯᠬᠢᠨ ᠠᠬᠢᠭᠤᠯᠵᠤ᠂ ᠵᠦᠷᠢᠴᠡᠯ ᠵᠢᠭᠤᠷᠠᠯᠳᠤᠭᠠᠨ ᠤ ᠤᠯᠠᠨ ᠲᠠᠯ᠎ᠠ ᠶᠢᠨ ᠲᠤᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠢᠳᠪᠦᠷᠢᠯᠡᠬᠦ︾ ᠶᠢ ᠰᠠᠶᠢᠲᠤᠷ ᠡᠷᠴᠢᠮᠵᠢᠭᠦᠯᠦᠨ᠎ᠡ᠃ ︽ᠠᠮᠤᠷ ᠲᠦᠪᠰᠢᠨ ᠴᠢᠬᠤᠯᠠ ᠠᠴᠠ ᠴᠢᠬᠤᠯᠠ︾ ᠭᠡᠬᠦ ᠦᠵᠡᠯ ᠰᠠᠨᠠᠭ᠎ᠠ ᠶᠢ ᠪᠠᠲᠦ ᠪᠠᠬᠢ ᠪᠤᠯᠭᠠᠵᠤ᠂ ᠠᠶᠤᠯᠭᠦᠢ ᠦᠢᠯᠡᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠲᠤᠤᠱᠯᠠᠭᠤᠯᠵᠤ᠂ ᠠᠮᠤᠷ ᠲᠦᠪᠰᠢᠨ ᠤ ᠭᠡᠨᠡᠨ ᠲᠦᠭᠰᠢᠭᠦᠷᠢ ᠶᠢ ᠱᠠᠲᠤ ᠬᠤᠪᠢᠶᠠᠨ ᠡᠵᠡᠮᠳᠡᠨ ᠬᠠᠮᠢᠶᠠᠷᠬᠤ ᠪᠠ ᠳᠠᠯᠳᠠ ᠬᠡᠮ ᠢ ᠪᠠᠶᠢᠴᠠᠭᠠᠨ ᠵᠠᠰᠠᠬᠤ ᠳᠠᠪᠬᠤᠷ ᠰᠡᠷᠡᠮᠵᠢᠯᠡᠭᠦᠯᠬᠦ ᠲᠤᠭᠲᠠᠴᠠ ᠶᠢ ᠶᠡᠬᠡᠪᠡᠷ ᠲᠦᠯᠬᠢᠨ ᠠᠬᠢᠭᠤᠯᠵᠤ᠂ ᠵᠠᠮ ᠬᠠᠷᠢᠯᠴᠠᠭ᠎ᠠ᠂ ᠢᠳᠡᠭᠡᠨ ᠤ ᠵᠦᠢᠯ ᠡᠮ ᠤᠨ ᠵᠦᠢᠯ ᠵᠡᠷᠭᠡ ᠭᠤᠤᠯᠳᠠᠯᠭ᠎ᠠ ᠲᠠᠢ ᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠰᠠᠶᠢᠲᠤᠷ ᠴᠢᠩᠭᠠᠳᠬᠠᠵᠤ᠂ ᠬᠦᠨᠳᠦ ᠨᠤᠴᠢᠲᠠᠢ ᠤᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃    ᠨᠡᠶᠢᠭᠡᠮ ᠤᠨ ᠡᠶ᠎ᠡ ᠵᠤᠬᠢᠴᠠᠯ ᠲᠠᠢ ᠬᠠᠮᠲᠤᠪᠠᠷ ᠬᠦᠭᠵᠢᠬᠦ ᠶᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ ᠪᠤᠯᠤᠨ ᠬᠤᠶᠠᠷ ᠢ ᠬᠦᠷᠢᠶᠡᠯᠡᠬᠦ ᠶᠢᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠦᠨ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠨᠠᠮ ᠤᠨ ᠦᠨᠳᠦᠰᠦᠳᠡᠨ ᠱᠠᠰᠢᠨ ᠰᠣᠷᠲᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠨᠳᠦᠰᠦᠳᠡᠨ ᠤ ᠪᠦᠯᠭᠦᠮᠳᠡᠯ ᠲᠠᠪᠰᠢᠯᠲᠠ ᠶᠢᠨ ᠬᠦᠮᠦᠵᠢᠯ ᠪᠤᠯᠣᠨ ᠡᠭᠦᠳᠦᠨ ᠴᠤᠭᠴᠠᠯᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ᠃ ᠠᠬᠠᠮᠠᠳ ᠺᠠᠳ᠋ᠷ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠵᠤᠬᠢᠶᠠᠨ ᠪᠠᠶᠢᠭᠤᠯᠤᠯᠲᠠ ᠶᠢᠨ ᠬᠦᠬᠦᠷᠬᠡ ᠬᠤᠯᠪᠤᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠤᠭ᠎ᠠ ᠪᠦᠷᠢᠳᠭᠡᠯ᠂ ᠭᠠᠵᠠᠷ ᠬᠦᠳᠡᠯᠦᠯᠳᠡ᠂ ᠴᠠᠭ ᠠᠭᠤᠷ᠂ ᠲᠠᠩᠰᠠ ᠡᠪᠬᠡᠮᠡᠯ ᠵᠡᠷᠭᠡ ᠠᠵᠢᠯ ᠢ ᠨᠠᠷᠢᠨ ᠬᠢᠨᠠᠮᠠᠭᠠᠢ ᠬᠢᠵᠦ᠂ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠲᠠᠬᠢᠨ ᠨᠢᠭᠡᠨ ᠳᠡᠭᠳᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃    ᠭᠤᠷᠪᠠ᠂ ᠵᠠᠰᠠᠭ ᠤᠨ ᠤᠷᠳᠤᠨ ᠤ ᠬᠤᠪᠢ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠬᠦᠢᠴᠡᠳᠭᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡᠰᠢᠨ᠎ᠡ ᠴᠠᠭ ᠦᠶ᠎ᠡ ᠳᠤ ᠰᠢᠨ᠎ᠡ ᠠᠭᠤᠷ ᠠᠮᠢᠰᠬᠤᠯ ᠲᠠᠢ ᠪᠠᠶᠢᠬᠤ ᠮᠦᠷᠲᠡᠭᠡᠨ ᠨᠡᠩ ᠴᠦ ᠰᠢᠨ᠎ᠡ ᠬᠢᠷᠢ ᠪᠦᠲᠦᠮᠵᠢ ᠲᠠᠢ ᠪᠠᠶᠢᠬᠤ ᠬᠡᠷᠡᠭᠳᠡᠢ᠃ ᠡᠭᠦᠷᠬᠡ ᠴᠢᠳᠠᠪᠬᠢ ᠪᠠᠨ ᠬᠤᠪᠢᠷᠠᠭᠤᠯᠬᠤ ᠪᠠᠨ ᠲᠦᠷᠭᠡᠳᠭᠡᠵᠤ᠂ ᠵᠠᠰᠠᠭ ᠵᠠᠬᠢᠷᠭᠠᠨ ᠤ ᠠᠵᠢᠯᠯᠠᠭ᠎ᠠ ᠪᠠᠨ ᠲᠦᠷᠢᠮᠵᠢᠭᠦᠯᠵᠦ᠂ ᠦᠢᠯᠡᠴᠢᠯᠡᠭᠡᠨ ᠤ ᠴᠢᠳᠠᠪᠬᠢ ᠪᠠᠨ ᠰᠢᠯᠢᠳᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠴᠦᠬᠦᠷᠡᠯ ᠦᠭᠡᠢ ᠰᠢᠷᠭᠠᠭᠤ ᠬᠠᠳᠠᠭᠤᠵᠢᠯᠲᠠᠢ ᠠᠵᠢᠯᠯᠠᠵᠤ᠂ ᠠᠷᠠᠳ ᠤᠯᠠᠨ ᠤ ᠪᠠᠨ ᠰᠠᠶᠢᠨ ᠦᠢᠯᠡᠴᠢᠯᠡᠭᠡᠨ ᠤ ᠴᠡᠷᠢᠭ ᠪᠤᠯᠤᠨ᠎ᠠ᠃    ᠤᠯᠤᠰ ᠲᠦᠷᠦ ᠦᠵᠡᠯ ᠰᠠᠨᠠᠭᠠᠨ ᠤ ᠪᠠᠶᠢᠭᠤᠯᠤᠯᠲᠠ ᠪᠠᠨ ᠴᠢᠩᠭᠠᠳᠬᠠᠨ᠎ᠠ᠃ ᠵᠠᠰᠠᠭ ᠤᠨ ᠤᠷᠳᠤᠨ ᠪᠤᠯᠤᠨ ᠵᠢᠴᠢ ᠲᠡᠭᠦᠨ ᠤ ᠪᠦᠷᠢᠯᠳᠦᠭᠦᠨ ᠰᠠᠯᠠᠭ᠎ᠠ ᠮᠦᠴᠢᠷ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠵᠤ᠂ ︽ᠳᠦᠷᠪᠡᠨ ᠢᠲᠡᠭᠡᠯ︾ ᠢ ᠴᠢᠩᠭᠠᠷᠠᠭᠤᠯᠵᠤ᠂ ︽ᠳᠥᠷᠪᠡ ᠶᠢ ᠲᠠᠭᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ ᠶᠤᠰᠦ ᠵᠦᠢ ᠶᠢ ᠴᠢᠩᠭ᠎ᠠ ᠵᠢᠷᠦᠮᠯᠠᠨ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭᠠᠨ ᠤ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠲᠦᠯᠳᠡᠢ ᠪᠠᠶᠢᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠨᠢᠮᠪᠠᠢ ᠰᠤᠷᠤᠯᠴᠠᠨ ᠲᠤᠤᠱᠯᠠᠭᠤᠯᠵᠤ᠂ ᠰᠤᠷᠴᠤ ᠮᠡᠳᠡᠬᠦ᠂ ᠨᠡᠪᠲᠡᠷᠬᠡᠢ ᠣᠶᠢᠯᠠᠭᠠᠬᠤ᠂ ᠪᠤᠲᠠᠳᠠᠢ ᠬᠢᠬᠦ ᠳᠡᠭᠡᠷ᠎ᠡ ᠪᠠᠨ ᠬᠦᠴᠦ ᠪᠠᠨ ᠲᠠᠯᠪᠢᠵᠤ᠂ ︽ᠬᠤᠶᠠᠷ ᠢ ᠰᠤᠷᠴᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠡ ᠲᠦᠷᠢᠮᠵᠢᠯᠲᠡ ᠶᠢ ᠯᠠᠪᠳᠠᠭᠤᠨ ᠪᠠᠲᠦᠳᠠᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠪᠠᠨ ᠪᠠᠲᠦ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠭᠦᠨᠵᠡᠭᠡᠢ ᠦᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠯᠵᠣ᠂ ᠠᠵᠢᠯ ᠢᠶᠠᠨ ᠠᠬᠢᠭᠤᠯᠤᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠤᠷᠤᠯᠴᠠᠬᠤ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠤᠨ᠎ᠠ᠃    ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠢᠳᠠ ᠡᠷᠬᠡᠪᠰᠢ ᠴᠠᠭ ᠦᠶ᠎ᠡ ᠶᠢᠨ ᠡᠮᠦᠨ᠎ᠡ ᠡᠩᠨᠡᠭᠡᠨ ᠳᠤ ᠵᠤᠭᠰᠤᠨ᠂ ᠴᠠᠭ ᠦᠶ᠎ᠡ ᠶᠢᠨ ᠲᠠᠭᠤᠨ᠂ ᠠᠷᠠᠳ ᠲᠦᠮᠡᠨ ᠤ ᠰᠡᠳᠬᠢᠯ ᠤᠨ ᠦᠭᠡ ᠶᠢ ᠰᠤᠨᠤᠰᠴᠦ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠤᠯ ᠪᠢᠳᠠᠨ ᠤ ᠴᠢᠷᠮᠠᠶᠢᠬᠤ ᠬᠠᠷᠠᠯᠲᠠ ᠮᠦᠨ︾ ᠭᠡᠳᠡᠭ ᠢ ᠪᠠᠲᠦ ᠴᠡᠭᠡᠵᠢᠯᠡᠵᠦ᠂ ᠯᠠᠷᠵᠢᠶᠠᠯᠠᠬᠤ ᠦᠭᠡᠢ᠂ ᠳᠠᠷᠤᠤ ᠬᠢᠴᠢᠶᠡᠩᠭᠦᠢ᠂ ᠠᠷᠠᠳ ᠤᠯᠠᠨ ᠤ ᠠᠮᠢᠳᠤᠷᠠᠯ ᠳᠤ ᠤᠶᠢᠷᠠᠳᠤᠵᠤ᠂ ᠦᠨᠳᠦᠰᠦᠨ ᠱᠠᠲᠤᠨ ᠤ ᠪᠠᠶᠢᠳᠠᠯ ᠢ ᠦᠢᠯᠠᠭᠠᠵᠤ᠂ ᠦᠷᠭᠡᠨ ᠤᠯᠠᠨ ᠠᠷᠠᠳ ᠲᠦᠮᠡᠨ ᠤ ᠬᠠᠮᠤᠭ ᠠᠴᠠ ᠶᠠᠭᠠᠷᠠᠵᠤ ᠵᠤᠪᠠᠵᠤ ᠭᠤᠮᠤᠳᠠᠯ ᠲᠠᠢ ᠪᠠᠶᠢᠬᠤ ᠠᠰᠠᠭᠤᠳᠠᠯ ᠢ ᠠᠩᠬᠠᠷᠤᠯ ᠳᠠᠭᠠᠨ ᠠᠪᠴᠤ᠂ ᠲᠡᠳᠡᠨᠤᠰ ᠤᠨ ᠬᠠᠮᠤᠭ ᠠᠴᠠ ᠬᠠᠯᠠᠮᠵᠢᠯᠠᠵᠤ ᠪᠠᠶᠢᠬᠤ ᠰᠢᠭᠤᠳ ᠪᠤᠳᠠᠳᠠᠢ ᠠᠰᠢᠭ ᠲᠤᠰᠠ ᠲᠠᠢ ᠬᠤᠯᠪᠤᠭᠳᠠᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠡᠯ᠎ᠡ ᠱᠠᠲᠤᠨ ᠤ ᠺᠠᠳ᠋ᠷᠴᠤᠳ ᠤᠨ ᠪᠤᠳᠠᠲᠦ ᠪᠠᠶᠢᠳᠠᠯ ᠢ ᠪᠠᠶᠢᠴᠠᠭᠠᠬᠤ᠂ ᠪᠤᠳᠠᠲᠠᠢ ᠠᠷᠭ᠎ᠠ ᠬᠡᠮᠵᠢᠶ᠎ᠡ ᠠᠪᠬᠤ᠂ ᠪᠤᠳᠠᠲᠦ ᠠᠵᠢᠯ ᠬᠢᠬᠦ᠂ ᠪᠤᠳᠠᠳᠠᠢ ᠦᠷ᠎ᠡ ᠪᠦᠲᠦᠮᠵᠢ ᠭᠠᠷᠭᠠᠬᠤ ᠳᠡᠭᠡᠷ᠎ᠡ ᠬᠦᠴᠦ ᠪᠠᠨ ᠲᠠᠯᠪᠢᠬᠤ ᠶᠢ ᠲᠦᠯᠬᠢᠨ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠦᠵᠡᠯ ᠰᠠᠨᠠᠭ᠎ᠠ ᠪᠤᠯᠤᠨ ᠨᠠᠮ ᠤᠨ ᠤᠯᠠᠨ ᠲᠦᠮᠡᠨᠴᠢ ᠱᠤᠭᠤᠮ ᠢ ᠵᠠᠰᠠᠭ ᠤᠨ ᠤᠷᠳᠤᠨ ᠤ ᠠᠵᠢᠯ ᠤᠨ ᠡᠯ᠎ᠡ ᠬᠦᠷᠢᠶᠡᠨ ᠳᠤ ᠪᠦᠬᠦ ᠶᠠᠪᠤᠴᠠ ᠳᠤ ᠠᠭᠤᠰᠬᠠᠨ᠂ ᠠᠷᠠᠳ ᠲᠦᠮᠡᠨ ᠤ ᠰᠡᠳᠬᠢᠯ ᠳᠤ ᠲᠠᠭᠠᠯᠠᠭᠳᠠᠭᠰᠠᠨ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠤᠨ᠎ᠠ᠃    ᠬᠠᠤᠯᠢ ᠶᠤᠰᠤᠭᠠᠷ ᠵᠠᠰᠠᠭ ᠶᠠᠪᠤᠭᠤᠯᠬᠤ ᠲᠦᠪᠰᠢᠨ ᠢᠶᠠᠨ ᠳᠡᠭᠡᠭᠰᠢᠯᠡᠭᠦᠯᠦᠨ᠎ᠡ ᠃ ᠬᠠᠤᠯᠢᠵᠢᠯ ᠤᠨ ᠰᠡᠳᠬᠢᠴᠡ ᠶᠢ ᠪᠠᠲᠦ ᠪᠤᠢ ᠪᠤᠯᠭᠠᠵᠤ᠂ ᠦᠨᠳᠦᠰᠦᠨ ᠬᠠᠤᠯᠢ ᠶᠢ ᠴᠢᠩᠭ᠎ᠠ ᠵᠢᠷᠤᠮᠯᠠᠵᠤ᠂ ᠬᠠᠤᠯᠢ ᠪᠠᠷ ᠵᠠᠰᠠᠬᠤ ᠶᠢ ᠬᠦᠨᠳᠦᠳᠭᠡᠨ᠂ ᠬᠠᠤᠯᠢ ᠶᠢ ᠡᠷᠬᠢᠮᠯᠡᠨ᠂ ᠬᠠᠤᠯᠢ ᠶᠤᠰᠤᠭᠠᠷ ᠵᠠᠰᠠᠭ ᠶᠠᠪᠤᠭᠤᠯᠵᠤ᠂ ᠬᠠᠤᠯᠢ ᠠᠴᠠ ᠡᠷᠬᠡ ᠤᠯᠭᠤᠭᠰᠠᠨ ᠦᠭᠡᠢ ᠪᠤᠯ ᠬᠢᠵᠦ ᠪᠣᠯᠬᠤ ᠦᠭᠡᠢ᠂ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠬᠦᠢᠴᠡᠳᠭᠡᠬᠦ ᠬᠡᠷᠡᠭᠳᠡᠢ᠃ ︽ᠭᠤᠷᠪᠠᠨ ᠴᠢᠬᠤᠯᠠ ᠨᠢᠭᠡ ᠲᠤᠮᠤ︾ ᠰᠢᠢᠳᠪᠦᠷᠢᠲᠦ ᠳᠦᠷᠢᠮ ᠢ ᠨᠠᠷᠢᠨ ᠨᠢᠮᠪᠠᠢ ᠬᠡᠷᠡᠭᠵᠢᠭᠦᠯᠵᠦ᠂ ᠰᠢᠢᠳᠪᠦᠷᠢᠲᠦ ᠪᠤᠳᠤᠯᠭ᠎ᠠ ᠲᠤᠭᠲᠠᠭᠠᠬᠤ ᠠᠴᠠ ᠡᠮᠦᠨᠡᠬᠢ ᠭᠡᠨᠡᠨ ᠲᠦᠭᠰᠢᠭᠦᠷᠢ ᠶᠢ ᠵᠢᠱᠢᠨ ᠦᠨᠡᠯᠡᠬᠦ᠂ ᠬᠠᠤᠯᠢ ᠶᠤᠰᠤᠨ ᠤ ᠬᠢᠨᠠᠨ ᠪᠠᠶᠢᠴᠠᠭᠠᠯᠲᠠ᠂ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠠᠯᠢᠪᠠ ᠡᠷᠬᠡ ᠶᠢ ᠬᠠᠤᠯᠢᠵᠢᠯ ᠤᠨ ᠵᠠᠮ ᠳᠤ ᠤᠷᠤᠭᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠰᠠᠨᠠᠯ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠵᠦᠪᠯᠡᠯᠭᠡ ᠶᠢ ᠨᠠᠷᠢᠨ ᠨᠢᠮᠪᠠᠢ ᠰᠢᠢᠳᠪᠦᠷᠢᠯᠡᠵᠦ᠂ ᠠᠷᠠᠳ ᠤᠨ ᠲᠦᠯᠦᠭᠡᠯᠡᠭᠴᠢᠳ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠤᠬᠠᠮᠰᠠᠷ ᠠᠴᠠ ᠪᠠᠨ ᠬᠦᠯᠢᠶᠡᠨ ᠠᠪᠴᠤ᠂ ᠨᠠᠮ ᠤᠨ ᠭᠠᠳᠠᠨᠠᠬᠢ ᠬᠦᠮᠦᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠵᠦᠪᠯᠡᠮᠵᠢ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠤ ᠰᠤᠨᠤᠰᠤᠨ᠎ᠠ᠃ ︽ᠳᠤᠯᠤᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠠᠵᠢᠯ ᠢ ᠰᠠᠶᠢᠲᠤᠷ ᠬᠢᠵᠦ᠂ ᠪᠦᠬᠦ ᠠᠷᠠᠳ ᠤᠨ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠤᠬᠢᠶᠠᠯᠳᠤᠪᠠᠯ ᠬᠠᠤᠯᠢ ᠪᠠᠷ ᠰᠢᠢᠳᠪᠦᠷᠢᠯᠡᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠶᠢ ᠵᠢᠯᠤᠭᠤᠳᠤᠨ ᠳᠠᠶᠢᠴᠢᠯᠠᠵᠤ᠂ ᠢᠯᠡ᠂ ᠭᠤᠤᠯᠴᠢ᠂ ᠦᠨᠳᠦᠷ ᠪᠦᠲᠦᠮᠵᠢᠳᠡᠢ ᠬᠠᠤᠯᠢᠵᠢᠬᠰᠠᠨ ᠵᠠᠰᠠᠭ ᠤᠨ ᠤᠷᠳᠤᠨ ᠢ ᠪᠠᠶᠢᠭᠤᠯᠤᠨ᠎ᠠ᠃    ᠲᠥᠪ ᠭᠤᠤᠯᠴᠢ ᠠᠷᠢᠭᠤᠨ ᠴᠢᠭᠡᠴᠢ ᠬᠤᠷᠢᠭ᠎ᠠ ᠱᠤᠭᠤᠮ ᠢ ᠪᠠᠲᠦ ᠪᠠᠬᠢ ᠪᠤᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠲᠤᠤᠱᠯᠠᠭᠤᠯᠵᠤ᠂ ︽ᠨᠢᠭᠡ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠵᠤ᠂ ᠢᠮᠠᠭᠲᠠ ᠰᠠᠬᠢᠯᠭ᠎ᠠ ᠪᠠᠲᠦ ᠪᠠ ᠶᠤᠰᠦ ᠳᠦᠷᠢᠮ ᠢ ᠵᠢᠷᠤᠮᠯᠠᠵᠤ᠂ ᠲᠥᠪ ᠤᠨ ︽ᠨᠠᠢᠮᠠᠨ ᠵᠤᠷᠪᠤᠰ ᠲᠤᠭᠲᠠᠭᠠᠯ︾ ᠤᠨ ᠵᠣᠷᠢᠭ ᠰᠠᠨᠠᠭ᠎ᠠ ᠪᠤᠯᠤᠨ ᠥᠪᠡᠷᠲᠡᠭᠡᠨ ᠵᠠᠰᠠᠬᠤ ᠤᠷᠤᠨ᠂ ᠬᠤᠳᠠ ᠶᠢᠨ ᠬᠡᠷᠡᠭᠵᠢᠭᠦᠯᠬᠦ ᠨᠠᠷᠢᠨ ᠳᠦᠷᠢᠮ ᠢ ᠤᠬᠠᠮᠰᠠᠷ ᠠᠴᠠ ᠪᠠᠨ ᠰᠠᠬᠢᠨ ᠵᠢᠷᠤᠮᠯᠠᠵᠤ᠂ ︽ᠳᠦᠷᠪᠡᠨ ᠰᠤᠷᠳᠠᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠤᠨ ᠡᠷᠡᠰ ᠡᠰᠡᠷᠭᠦᠴᠡᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠪᠠ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠵᠤ᠂ ᠬᠢᠨᠠᠨ ᠪᠤᠳᠤᠯᠲᠠ ᠶᠢᠨ ᠪᠦᠷᠢᠨ ᠬᠠᠮᠤᠷᠠᠯᠲᠠ ᠶᠢ ᠲᠦᠯᠬᠢᠨ ᠠᠬᠢᠭᠤᠯᠵᠤ᠂ ᠡᠷᠬᠡ ᠪᠠᠨ ᠡᠵᠡᠮᠳᠡᠵᠦ ᠳᠡᠶᠢᠯᠬᠦ ᠦᠭᠡᠢ᠂ ᠰᠢᠢᠳᠪᠦᠷᠢᠲᠦ ᠪᠤᠳᠤᠯᠭ᠎ᠠ ᠶᠢᠨ ᠠᠯᠳᠠᠭ᠎ᠠ ᠭᠠᠷᠬᠤ᠂ ᠦᠢᠯᠡ ᠠᠵᠢᠯᠯᠠᠭᠠᠨ ᠤ ᠵᠢᠷᠦᠮᠵᠢᠯ ᠠᠯᠳᠠᠬᠤ ᠶᠢ ᠴᠢᠩᠭ᠎ᠠ ᠰᠡᠷᠭᠡᠶᠢᠯᠡᠨ᠎ᠡ᠃ ᠬᠤᠷᠢᠭ᠎ᠠ ᠦᠭᠡᠢ᠂ ᠪᠥᠬᠦᠨ ᠢ ᠬᠠᠮᠤᠷᠴᠤ᠂ ᠦᠴᠦᠬᠡᠨ ᠴᠦ ᠢᠯᠳᠡᠷ ᠬᠠᠶᠠᠬᠤ ᠦᠭᠡᠢ ᠪᠠᠶᠢᠬᠤ ᠶᠢ ᠪᠠᠷᠢᠮᠲᠠᠯᠠᠵᠤ᠂ ᠴᠢᠩᠭ᠎ᠠ ᠬᠤᠷᠢᠭᠯᠠᠨ ᠵᠣᠭᠰᠣᠭᠠᠬᠤ᠂ ᠬᠦᠴᠦᠲᠡᠢ ᠬᠥᠨᠳᠦ ᠳᠠᠷᠤᠯᠲᠠ᠂ ᠤᠷᠲᠤ ᠬᠤᠭᠤᠴᠠᠭᠠᠨ ᠤ ᠡᠷᠬᠡ ᠰᠦᠷ ᠲᠠᠢ ᠪᠠᠶᠢᠬᠤ ᠶᠢ ᠪᠠᠷᠢᠮᠳᠠᠯᠠᠵᠤ᠂ ᠬᠢᠨᠠᠨ ᠬᠠᠮᠢᠶᠠᠷᠤᠯᠲᠠ ᠶᠢᠨ ᠵᠦᠪᠯᠡᠯ ᠤᠨ ᠠᠵᠢᠯ ᠢ ᠳᠡᠮᠵᠢᠨ ᠬᠠᠮᠵᠢᠯᠴᠠᠵᠤ᠂ ᠰᠠᠬᠢᠯᠭ᠎ᠠ ᠪᠠᠲᠦ ᠬᠠᠤᠯᠢ ᠳᠦᠷᠢᠮ ᠢ ᠵᠦᠷᠢᠴᠡᠭᠰᠡᠨ ᠬᠡᠷᠡᠭ ᠢ ᠲᠥᠪ ᠴᠢᠩᠭ᠎ᠠ ᠪᠠᠷ ᠪᠠᠶᠢᠴᠠᠭᠠᠨ ᠰᠢᠢᠳᠬᠡᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ ᠡᠷᠡᠰ ᠵᠠᠯᠠᠷᠠᠭᠤᠯᠵᠤ᠂ ᠰᠢᠳᠤᠷᠭᠤ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ᠲᠦᠯᠦᠭᠡᠯᠡᠭᠴᠢᠳ ᠡ︕ ᠰᠢᠨ᠎ᠡ ᠴᠠᠭ ᠦᠶ᠎ᠡ ᠳᠤ ᠤᠷᠤᠵᠤ᠂ ᠰᠢᠨ᠎ᠡ ᠬᠠᠷᠠᠯᠲᠠ ᠪᠠᠨ ᠪᠡᠶᠡᠯᠡᠭᠦᠯᠬᠦ ᠳᠤ ᠵᠠᠰᠠᠭ ᠤᠨ ᠤᠷᠳᠤᠨ ᠤ ᠡᠬᠦᠷᠭᠡ ᠬᠠᠷᠢᠭᠤᠴᠠᠯᠭ᠎ᠠ ᠬᠦᠨᠲᠦ᠂ ᠭᠠᠭᠴᠠ ᠬᠦ ᠥᠷᠯᠥᠭᠡ ᠦᠳᠡᠰᠢ ᠶᠢ ᠲᠡᠮᠡᠴᠡᠨ ᠠᠵᠢᠯᠯᠠᠵᠤ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠭᠡᠪᠡᠯ ᠰᠠᠶ᠋ᠢ ᠬᠦᠨᠳᠦ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠡᠭᠦᠷᠬᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠃ ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ᠂ ᠵᠤᠯ ᠵᠢᠷᠭᠠᠯ ᠪᠤᠯ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠦᠨ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠰᠢᠶᠠᠨ ᠤ ᠨᠠᠮ ᠤᠨ ᠬᠤᠷᠢᠶᠠᠨ ᠤ ᠡᠷᠡᠰ ᠪᠠᠲᠦ ᠤᠳᠤᠷᠢᠳᠤᠯᠭ᠎ᠠ ᠲᠤᠤᠷ᠎ᠠ ᠤᠭ ᠰᠠᠨᠠᠭ᠎ᠠ ᠪᠠᠨ ᠦᠯᠦ ᠮᠠᠷᠲᠠᠨ᠂ ᠡᠭᠦᠷᠬᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠰᠡᠳᠬᠢᠯ ᠰᠢᠭᠤᠳᠤᠨ ᠴᠢᠷᠮᠠᠶᠢᠵᠤ᠂ ᠵᠠᠮ ᠨᠡᠬᠡᠬᠡᠨ ᠰᠢᠨ᠎ᠡ ᠶᠢ ᠡᠭᠦᠳᠴᠦ᠂ ᠵᠥᠧᠧᠽᠢ ᠰᠢᠶᠠᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠠᠶᠠᠨ ᠢ ᠡᠬᠢᠯᠡᠭᠦᠯᠵᠦ᠂ ᠴᠢᠨᠡᠭᠡᠯᠢᠭ ᠵᠥᠧᠧᠽᠢ ᠰᠢᠶᠠᠨ ᠢᠶᠠᠨ ᠪᠦᠬᠦ ᠲᠠᠯ᠎ᠠ ᠪᠠᠷ ᠴᠤᠭᠴᠠᠯᠠᠬᠤ ᠶᠢᠨ ᠲᠦᠯᠦᠭᠡ ᠴᠢᠷᠮᠠᠶᠢᠨ ᠲᠡᠮᠡᠴᠡᠰᠦᠭᠡᠢ︕
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2