ᠵᠦᠸᠧᠽᠢ ᠰᠢᠶᠡᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2019-10-16
ᠰᠠᠶᠢᠨ ᠪᠠᠶᠢᠵᠠᠭᠠᠨ᠎ᠠ ᠤᠤ᠂ ᠪᠢ ᠪᠣᠯ ᠵᠦᠸᠧᠽᠢ ᠰᠢᠶᠡᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠴᠢ ᠲᠣᠪᠴᠢᠶᠠᠨ ᠳᠠᠷᠤᠭ᠎ᠠ ᠱᠧᠩ ᡁᠢ ᠫᠢᠩ    ᠠᠰᠠᠭᠤᠭᠰᠠᠨ ᠨᠢ᠄ ᠲᠣᠪᠴᠢᠶᠠᠨ ᠳᠠᠷᠤᠭ᠎ᠠ  ᠰᠠᠶᠢᠨ ᠪᠠᠶᠢᠨᠥ᠂ 2019 ᠤᠨ ᠵᠦᠸᠧᠽᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠶᠡᠷᠦᠩᠬᠡᠶ ᠠᠵᠢᠯ ᠤᠨ ᠲᠤᠬᠠᠶ ᠲᠠ ᠲᠣᠪᠴᠢᠬᠠᠨ ᠲᠠᠨᠢᠯᠴᠠᠭᠤᠯᠤᠭᠠᠳ ᠥᠭᠭᠦᠨ᠎ᠡ ᠦᠤ    ᠱᠧᠩ ᠲᠣᠪᠴᠢᠶᠠᠨ ᠳᠠᠷᠤᠭ᠎ᠠ᠄    ᠡᠨᠡ ᠵᠢᠯ ᠮᠠᠨ ᠤ ᠲᠣᠪᠴᠢᠶ᠎ᠠ ᠪᠣᠳᠠᠲᠤ ᠪᠠᠢᠳᠠᠯ ᠲᠠᠢ ᠨᠢᠭᠲᠠ ᠤᠶᠠᠯᠳᠤᠭᠤᠯᠤᠨ᠂ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠮᠥᠷᠳᠡᠨ ᠳᠠᠭᠠᠵᠤ᠂ ᠨᠠᠷᠢᠯᠢᠬᠵᠢᠭᠤᠯᠵᠦ᠂ ᠣᠯᠠᠨ ᠲᠦᠮᠡᠨ ᠳᠤ ᠠᠷᠠᠳ ᠤᠨ ᠠᠮᠢᠳᠤᠷᠠᠯ ᠤᠨ ᠳᠣᠤᠷᠠᠬᠢ ᠪᠣᠳᠠᠲᠤ ᠶᠠᠪᠤᠳᠠᠯ ᠢ ᠴᠢᠷᠮᠠᠶᠢᠨ ᠬᠢᠵᠦ ᠦᠭᠭᠦᠨ᠎ᠡ᠃    ᠨᠢᠭᠡ ᠳᠤ ︽ᠡᠷᠦᠬᠡ ᠪᠠᠷ ᠪᠠᠲᠤᠯᠠᠭ᠎ᠠ ᠣᠯᠭᠤᠬᠤ︾ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠢ ᠡᠲᠡᠭᠡᠳ ᠲᠥᠪᠯᠡᠷᠡᠭᠰᠡᠨ᠂ ᠲᠠᠷᠠᠬᠠᠢ ᠪᠤᠲᠠᠷᠬᠠᠶ ᠠᠰᠠᠷᠠᠨ ᠲᠡᠵᠢᠭᠡᠬᠦ ᠪᠠᠷᠢᠮᠵᠢᠶ᠎ᠠ᠂ ᠵᠠᠭᠤᠨ ᠨᠠᠰᠤᠲᠠᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠵᠢᠴᠢ ᠪᠤᠰᠤᠳ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ ᠤᠨ ᠠᠰᠠᠷᠠᠨ ᠲᠡᠵᠢᠭᠡᠬᠦ ᠪᠠᠷᠢᠮᠵᠢᠶ᠎ᠠ  ᠶᠢ ᠲᠣᠭᠲᠠᠭᠤᠨ ᠤ ᠳᠤᠮᠳᠠ  ᠨᠡᠮᠡᠭᠳᠡᠭᠦᠯᠦᠨ᠎ᠡ  ᠃    ᠬᠤᠶᠠᠷ ᠲᠤ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠳᠦᠷᠢᠮ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠦ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠲᠣᠭᠲᠠᠭᠤᠨ ᠢᠶᠠᠷ ᠪᠡᠶᠡᠯᠡᠭᠦᠯᠬᠦ ᠬᠡᠷᠡᠭᠲᠡᠶ᠃    ᠭᠤᠷᠪᠠ ᠳᠤ ᠲᠦᠷ ᠴᠠᠭ ᠠᠪᠤᠷᠠᠨ ᠲᠤᠰᠠᠯᠠᠬᠤ ᠶᠢᠨ ᠠᠪᠤᠷᠠᠨ ᠲᠤᠰᠠᠯᠠᠬᠤ ᠬᠡᠪᠴᠢᠶ᠎ᠡ ᠪᠠ ᠪᠠᠷᠢᠮᠵᠢᠶ᠎ᠠ ᠶᠢ ᠴᠥᠮ ᠨᠡᠮᠡᠭᠳᠡᠭᠦᠯᠦᠭᠰᠡᠨ ᠪᠥᠭᠡᠳ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠪᠠ᠃ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠪᠠ ᠭᠡᠨᠡᠳᠲᠡ ᠡᠭᠦᠰᠬᠦ ᠴᠢᠨᠠᠷᠲᠠᠶ ᠬᠦᠴᠢᠷᠳᠡᠯ ᠠᠴᠠ ᠪᠣᠯᠵᠤ ᠠᠮᠢᠳᠤᠷᠠᠯ ᠤᠨ ᠬᠦᠴᠢᠷᠳᠡᠯ ᠳᠤ ᠲᠤᠯᠭᠠᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔    ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ︹ 2017 ︺ 63 ᠳ᠋ᠤᠭᠠᠷ ᠲᠣᠭᠠᠲᠤ︶ ᠳᠠᠬᠢ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠦᠴᠢᠷᠳᠡᠯᠲᠡᠶ ᠵᠡᠮᠳᠡᠭᠴᠦᠳ ᠪᠠ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃    ᠲᠠᠪᠤ ᠳᠤ ᠥᠨᠳᠥᠷ ᠨᠠᠰᠤᠨ ᠤ ᠨᠡᠮᠡᠭᠦᠷᠢ ᠶᠢ ᠨᠡᠶᠢᠳᠡᠮ ᠬᠠᠷᠠᠭᠠᠯᠵᠠᠬᠤ ᠳᠦᠷᠢᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠤᠶᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠦᠷᠭᠡᠳᠬᠡᠨ᠎ᠡ᠃    ᠵᠢᠷᠭᠤᠭ᠎ᠠ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠪᠤᠷᠠᠯᠲᠠ  ᠶᠢ ᠪᠠᠲᠤᠯᠠᠬᠤ ᠪᠠ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠳᠣ ᠶᠢᠨ ᠪᠠᠶᠢᠭ᠎ᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠬᠥᠳᠡᠯᠦᠩᠭᠦᠶ ᠪᠠᠶᠢᠳᠠᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠶᠢ ᠪᠠᠲᠤᠯᠠᠨ᠂ ᠬᠤᠲᠠ ᠬᠥᠳᠡᠭᠡ ᠶᠢᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠪᠠ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠢ ᠤᠶᠠᠯᠳᠤᠭᠤᠯᠵᠤ᠂ ᠬᠠᠮᠵᠢᠯᠴᠠᠨ ᠠᠬᠢᠭᠤᠯᠤᠨ᠎ᠠ᠃    ᠳᠣᠯᠤᠭ᠎ᠠ ᠳᠤ᠂ ᠬᠠᠤᠯᠢ ᠲᠣᠭᠲᠠᠭᠠᠯ ᠢ ᠵᠥᠷᠢᠴᠡᠨ ᠬᠤᠪᠢ ᠪᠠᠢ ᠢᠶᠠᠨ ︽ᠣᠷᠣᠨ ᠰᠠᠭᠤᠴᠠ ᠶᠢᠨ ᠬᠡᠯᠪᠡᠷᠢ︾ ᠶᠢᠨ ᠪᠤᠯᠠᠰᠢᠨ ᠭᠠᠵᠠᠷ ᠪᠠᠶᠢᠭᠤᠯᠬᠤ ᠵᠡᠷᠭᠡ ᠲᠣᠪᠦ᠋ᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ᠂ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠣᠷᠣᠰᠢᠭᠤᠯᠭ᠎ᠠ ᠶᠢᠨ ᠤᠶᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠣᠷᠣᠰᠢᠭᠤᠯᠬᠤ᠂ ᠬᠤᠪᠢ ᠬᠥᠮᠦᠨ ᠤ ᠪᠤᠯᠠᠰᠢ ᠶᠢ ᠶᠡᠭᠡ ᠬᠡᠪᠴᠢᠶ᠎ᠡ ᠪᠠᠷ ᠪᠠᠶᠢᠭᠤᠯᠬᠤ ᠬᠦᠨᠳᠦ ᠨᠣᠴᠢᠲᠠᠶ ᠠᠰᠠᠭᠤᠳᠠᠯ ᠢ ᠲᠦᠯᠪᠤᠷᠢᠲᠠᠢ  ᠰᠢᠢᠳᠪᠦᠷᠢᠯᠡᠨ᠎ᠡ  ᠃    ᠨᠠᠢᠮᠠ ᠳᠤ᠂ ᠲᠡᠨᠦᠭᠦᠯ ᠭᠤᠶᠢᠷᠠᠨᠴᠢᠳ ᠤᠨ ︽ᠵᠣᠨ ᠤ ᠤᠯᠠᠷᠢᠯ ᠳᠤ ᠰᠡᠷᠢᠭᠦᠨ ᠬᠦᠷᠭᠡᠬᠦ︾᠂ ︽ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠶ ᠠᠪᠤᠷᠠᠨ ᠲᠤᠰᠠᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃    ᠶᠢᠰᠦ ᠳᠤ᠂ ᠤᠷᠤᠭ ᠤᠨ ᠪᠦᠷᠢᠳᠬᠡᠯ ᠤᠨ ᠲᠡᠤᠬᠡ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠨᠥᠬᠦᠪᠥᠷᠢᠯᠡᠨ ᠲᠡᠮᠳᠡᠭᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠡᠷᠭᠦᠨ ᠲᠡᠵᠢᠭᠡᠬᠦ ᠪᠠ ᠪᠡᠯᠡᠭᠯᠡᠨ ᠬᠦᠷᠭᠡᠬᠦ ᠵᠣᠭᠤᠰ ᠤᠨ ᠬᠠᠮᠢᠶᠠᠷᠤᠯᠲᠠ ᠪᠠ ᠬᠡᠷᠡᠭᠯᠡᠯᠲᠡ ᠶᠢ ᠦᠨᠡᠨ ᠬᠦ ᠴᠢᠩᠭᠠᠳᠬᠠᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤ ᠥᠭᠬᠦ ᠠᠵᠢᠯ ᠢ ᠰᠠᠶᠢᠲᠤᠷ ᠬᠢᠨ᠎ᠡ᠃    ᠠᠷᠪᠠ ᠳᠤ᠂ ᠭᠠᠵᠠᠷ ᠤᠨ ᠨᠡᠷ᠎ᠡ ᠪᠠ ᠵᠠᠭᠠᠭ ᠱᠤᠭᠤᠮ ᠤᠨ ᠬᠠᠮᠢᠶᠠᠷᠤᠯᠲᠠ ᠤᠶᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠬᠤᠪᠢᠷᠠᠯᠲᠠ ᠭᠠᠷᠤᠭᠰᠠᠨ ᠵᠦᠢᠯᠡᠰ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠬᠢᠯᠢ ᠬᠢᠵᠠᠭᠠᠷ ᠤᠨ ᠵᠢᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠲᠣᠬᠢᠲᠠᠶ  ᠰᠢᠢᠳᠪᠦᠷᠢᠯᠡᠨ᠎ᠡ    ᠠᠷᠪᠠᠨ ᠨᠢᠭᠡ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠣᠶᠤᠨᠴᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠮᠠᠨ ᠤ ᠰᠢᠶᠠᠨ ᠤ ᠤᠶᠤᠨᠲᠤ ᠨᠡᠶᠢᠭᠡᠮ ᠲᠣᠭᠤᠷᠢᠭ ᠤᠨ ᠲᠣᠨᠤᠭ ᠲᠥᠬᠦᠭᠡᠷᠦᠮᠵᠢ ᠶᠢ ᠤᠶᠤᠨᠴᠢᠯᠠᠨ ᠲᠡᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠤᠨ᠎ᠠ᠃    ᠠᠷᠪᠠᠨ ᠬᠤᠶᠠᠷ ᠲᠤ᠂ ᠠᠶᠤᠯᠭᠦᠶ  ᠤᠶᠢᠯᠡᠳᠪᠦᠷᠢᠯᠡᠯ ᠢ ᠴᠢᠩᠭᠠᠳᠬᠠᠵᠤ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ᠂ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠢ ᠪᠠᠷᠢᠮᠲᠠᠯᠠᠨ᠂ ᠠᠶᠤᠯ ᠦᠭᠡᠢ  ᠤᠶᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃    ᠠᠰᠠᠭᠤᠯᠲᠠ᠄ ᠱᠧᠩ ᠲᠣᠪᠴᠢᠶᠠᠨ ᠳᠠᠷᠤᠭ᠎ᠠ ᠶᠠᠮᠠᠷ ᠪᠠᠢᠳᠠᠯ ᠳᠣᠤᠷ᠎ᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠭᠤᠶᠤᠴᠢᠯᠠᠵᠤ ᠪᠣᠯᠬᠤ ᠲᠤᠬᠠᠶ ᠲᠠᠨᠢᠯᠴᠠᠭᠤᠯᠤᠭᠠᠳ ᠥᠭᠭᠦᠨ᠎ᠡ  ᠤᠤ︖    ᠱᠧᠩ ᠲᠣᠪᠴᠢᠶᠠᠨ ᠳᠠᠷᠤᠭ᠎ᠠ᠄    ᠮᠠᠨ ᠤ ᠰᠢᠶᠠᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ ᠬᠤᠲᠠ ᠬᠥᠳᠡᠭᠡ ᠶᠢᠨ ᠬᠦᠴᠢᠷᠳᠡᠯᠲᠡᠶ ᠰᠠᠭᠤᠭᠠᠯᠢ ᠠᠷᠠᠳ ᠤᠨ ᠬᠠᠮᠲᠤ ᠠᠮᠢᠳᠤᠷᠠᠵᠤ  ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠨᠥᠬᠦᠴᠡᠯ ᠳᠤ ᠨᠡᠶᠢᠴᠡᠪᠡᠯ᠂ ᠳᠡᠰ ᠳᠠᠷᠠᠭᠠᠯᠠᠯ ᠶᠣᠰᠣᠭᠠᠷ ᠡᠷᠦᠬᠡ ᠠᠮᠠ ᠶᠢᠨ ᠳᠠᠩᠰᠠ ᠳᠤ ᠪᠠᠶᠢᠭ᠎ᠠ ᠭᠠᠵᠠᠷ ᠤᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠭᠠᠵᠠᠷ ᠲᠤ ᠪᠢᠴᠢᠭᠯᠡᠭᠰᠡᠨ ᠭᠤᠶᠤᠴᠢᠯᠠᠯ ᠭᠠᠷᠭᠠᠵᠤ ᠪᠣᠯᠤᠨ᠎ᠠ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠭᠤᠶᠤᠴᠢᠯᠠᠯ ᠢ ᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ︵ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠢᠯᠭᠠᠯ ᠤᠨ ᠬᠤᠪᠢᠷᠠᠯᠲᠠ ᠶᠢᠨ ᠭᠤᠶᠤᠴᠢᠯᠠᠯ ᠢ ᠪᠠᠭᠲᠠᠭᠠᠨ᠎ᠠ︶᠂ ᠬᠠᠯᠠᠭᠤᠨ ᠳᠣᠲᠣᠨᠣ ᠰᠠᠨᠠᠭᠤᠯᠤᠮᠵᠢ ᠶᠢᠨ ᠬᠠᠭᠤᠳᠠᠰᠤ᠂ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠪᠢᠴᠢᠭ ᠢ ᠲᠣᠭᠲᠠᠭᠠᠯ ᠶᠣᠰᠣᠭᠠᠷ ᠣᠯᠭᠤᠵᠤ᠂ ᠭᠤᠶᠤᠴᠢᠯᠠᠭᠴᠢ ᠶᠢ ᠭᠤᠶᠤᠴᠢᠯᠠᠯ ᠤᠨ ᠬᠦᠰᠦᠨᠦᠭᠲᠦ᠂ ᠭᠡᠷ ᠪᠦᠯᠢ ᠶᠢᠨ ᠣᠷᠣᠯᠭ᠎ᠠ ᠡᠳ᠋ ᠬᠥᠷᠥᠩᠭᠡ ᠶᠢᠨ ᠢᠯᠡᠷᠬᠡᠶᠢᠯᠡᠯᠲᠡ ᠵᠢᠴᠢ ᠠᠮᠠᠯᠠᠯᠲᠠ ᠶᠢᠨ ᠪᠢᠴᠢᠭ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠡᠷᠬᠡ ᠣᠯᠭᠤᠬᠤ ᠪᠢᠴᠢᠭ ᠢ ᠦᠨᠡᠨ ᠮᠥᠨ ᠢᠶᠠᠷ ᠨᠢ ᠮᠡᠳᠡᠭᠦᠯᠬᠦ ᠪᠠᠷ ᠲᠣᠬᠢᠷᠠᠭᠤᠯᠵᠤ᠂ ᠵᠦᠶ ᠶᠣᠰᠣᠨ ᠤ ᠰᠢᠯᠲᠠᠭᠠᠨ ᠦᠭᠡᠢ ᠪᠠᠷ ᠬᠦᠯᠢᠶᠡᠨ ᠠᠪᠴᠤ ᠰᠢᠢᠳᠪᠦᠷᠢᠯᠡᠬᠦ ᠶᠢ ᠲᠡᠪᠴᠢᠵᠦ ᠪᠣᠯᠬᠤ ᠦᠭᠡᠢ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠤ ᠳᠠᠷᠠᠭ᠎ᠠ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠨ ᠥᠭᠴᠦ᠂ ᠭᠤᠶᠤᠴᠢᠯᠠᠭᠴᠢ ᠬᠢᠭᠡᠳ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠬᠢᠯᠡᠨ  ᠭᠦᠢᠴᠡᠳᠬᠡᠬᠦ ᠠᠵᠢᠯᠲᠠᠨ ᠪᠣᠯᠤᠨ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠨᠢ  ᠤᠶᠢᠷ᠎ᠠ ᠲᠥᠷᠥᠯ ᠰᠠᠳᠤᠨ ᠤ ᠬᠠᠷᠢᠴᠠᠭ᠎ᠠ ᠲᠠᠢ ᠪᠣᠯ ᠡᠷᠬᠡᠪᠰᠢ ᠦᠨᠡᠨ ᠢᠶᠠᠷ ᠨᠢ ᠮᠡᠳᠡᠭᠦᠯᠬᠦ ᠬᠡᠷᠡᠭᠲᠡᠶ᠃ ᠮᠡᠳᠡᠭᠦᠯᠦᠭᠰᠡᠨ ᠨᠢ ᠦᠨᠡᠨ ᠪᠣᠳᠠᠲᠠᠶ ᠪᠢᠰᠢ ᠪᠣᠯ ︽ᠢᠲᠡᠭᠡᠮᠵᠢ ᠶᠢᠨ ᠬᠠᠷ᠎ᠠ ᠳᠠᠩᠰᠠ︾ ᠳᠤ ᠲᠡᠮᠳᠡᠭᠯᠡᠨ ᠣᠷᠣᠭᠤᠯᠬᠤ ᠶᠢᠨ ᠬᠠᠮᠲᠤ ᠳᠠᠩᠰᠠᠯᠠᠭᠤᠯᠵᠤ᠂ ᠬᠤᠶᠠᠷ ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ  ᠰᠢᠢᠳᠪᠦᠷᠢᠯᠡᠬᠦ ᠦᠭᠡᠢ᠃    ᠠᠰᠠᠭᠤᠭᠰᠠᠨ ᠨᠢ᠄ ᠵᠦᠸᠧᠽᠢ ᠰᠢᠶᠠᠨ ᠳᠤ ᠤᠳᠤ ᠬᠡᠳᠦᠶ ᠬᠥᠮᠦᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠬᠤ ᠪᠤᠢ︖    ᠱᠧᠩ ᠲᠣᠪᠴᠢᠶᠠᠨ ᠳᠠᠷᠤᠭ᠎ᠠ᠄    ᠵᠦᠸᠧᠽᠢ ᠰᠢᠶᠠᠨ ᠤ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ 3930 ᠬᠥᠮᠦᠨ ᠪᠠᠶᠢᠵᠤ᠂ ᠡᠭᠦᠨ ᠳᠤ᠄ A ᠲᠥᠷᠥᠯ ᠤᠨ 718 ᠬᠥᠮᠦᠨ ᠪᠠᠶᠢᠵᠤ᠂ ᠡᠳ᠋ᠯᠡᠬᠦ ᠪᠠᠷᠢᠮᠵᠢᠶ᠎ᠠ ᠨᠢ ᠰᠠᠷ᠎ᠠ ᠪᠦᠷᠢ 608 ᠲᠥᠭᠦᠷᠢᠭ ᠪᠣᠯᠤᠨ᠎ᠠ᠃ B ᠲᠥᠷᠥᠯ ᠤᠨ 595 ᠬᠥᠮᠥᠨ᠂ ᠡᠳ᠋ᠯᠡᠬᠦ ᠪᠠᠷᠢᠮᠵᠢᠶ᠎ᠠ ᠨᠢ ᠰᠠᠷ᠎ᠠ ᠪᠦᠷᠢ 485 ᠲᠥᠭᠦᠷᠢᠭ᠃ C1 ᠲᠥᠷᠥᠯ ᠤᠨ 1237 ᠬᠥᠮᠥᠨ᠂ ᠰᠠᠷ᠎ᠠ ᠪᠦᠷᠢ 270ᠲᠥᠭᠦᠷᠢᠭ ᠬᠦᠷᠲᠡᠨ᠎ᠡ᠃ C2 ᠲᠥᠷᠥᠯ ᠤᠨ 1380 ᠬᠥᠮᠦᠨ᠂ ᠰᠠᠷ᠎ᠠ ᠪᠦᠷᠢ 162 ᠲᠥᠭᠦᠷᠢᠭ ᠤᠨ ᠪᠠᠷᠢᠮᠵᠢᠶ᠎ᠠ ᠬᠦᠷᠲᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ 27597 ᠬᠥᠮᠦᠨ ᠪᠠᠶᠢᠵᠤ ᠂ ᠡᠭᠦᠨ ᠳᠤ᠄ A ᠲᠥᠷᠥᠯ ᠤᠨ 4549 ᠬᠥᠮᠦᠨ ᠪᠠᠶᠢᠵᠤ᠂ ᠬᠦᠷᠲᠡᠬᠦ ᠪᠠᠷᠢᠮᠵᠢᠶ᠎ᠠ ᠨᠢ  ᠵᠢᠯ ᠳᠤ 4179 ᠲᠥᠭᠦᠷᠢᠭ ᠪᠠᠶᠢᠵᠤ᠂ B ᠲᠥᠷᠥᠯ ᠤᠨ 12984 ᠬᠥᠮᠦᠨ ᠪᠠᠶᠢᠵᠤ᠂ ᠬᠦᠷᠲᠡᠬᠦ ᠪᠠᠷᠢᠮᠵᠢᠶ᠎ᠠ ᠨᠢ 3706 ᠲᠥᠭᠦᠷᠢᠭ ᠪᠠᠶᠢᠵᠤ᠂ C1 ᠲᠥᠷᠥᠯ ᠤᠨ 4015 ᠬᠥᠮᠦᠨ ᠪᠠᠶᠢᠵᠤ᠂ ᠬᠦᠷᠲᠡᠬᠦ ᠪᠠᠷᠢᠮᠵᠢᠶ᠎ᠠ ᠨᠢ 2512 ᠲᠥᠭᠦᠷᠢᠭ ᠪᠣᠯᠤᠨ᠎ᠠ᠃ C2 ᠲᠥᠷᠥᠯ ᠤᠨ 4878 ᠬᠥᠮᠦᠨ᠂ ᠬᠦᠷᠲᠡᠬᠦ ᠪᠠᠷᠢᠮᠵᠢᠶ᠎ᠠ ᠨᠢ ᠵᠢᠯ ᠪᠦᠷᠢ 1432 ᠲᠥᠭᠦᠷᠢᠭ᠃     ᠠᠰᠠᠭᠤᠯᠲᠠ᠄ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠡᠷᠬᠢᠨ ᠲᠠᠷᠬᠠᠭᠠᠭᠰᠠᠨ ᠪᠤᠢ︖     ᠱᠧᠩ ᠲᠣᠪᠴᠢᠶᠠᠨ ᠳᠠᠷᠤᠭ᠎ᠠ᠄     ᠪᠦᠬᠦᠨ ᠢ ︽ᠠᠷᠠᠳ ᠲᠤ ᠠᠰᠢᠭ ᠬᠦᠷᠲᠡᠭᠡᠬᠦ ᠨᠢᠭᠡᠯᠡ ᠺᠠᠷᠲ︾ ᠢᠶᠠᠷ ᠳᠠᠮᠵᠢᠭᠤᠯᠤᠨ᠂ ᠬᠤᠪᠢ ᠬᠥᠮᠦᠨ ᠤ ᠳᠠᠩᠰᠠᠨ ᠳᠤ ᠣᠯᠭᠤᠬᠤ ᠬᠡᠷᠡᠭᠲᠡᠶ᠃ ᠬᠤᠲᠠ ᠪᠠᠯᠭᠠᠰᠤ ᠪᠣᠯ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠡᠷᠦᠬᠡ ᠳᠤ ᠣᠯᠭᠤᠵᠤ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢ ᠤᠯᠠᠷᠢᠯ ᠢᠶᠠᠷ ᠣᠯᠭᠤᠵᠤ᠂ ᠤᠯᠠᠷᠢᠯ ᠪᠦᠷᠢ ᠶᠢᠨ ᠨᠢᠭᠡᠳᠦᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠣᠯᠭᠤᠨ᠎ᠠ᠃    ᠠᠰᠠᠭᠤᠭᠰᠠᠨ ᠨᠢ᠄ ᠮᠠᠨ ᠤ ᠤᠯᠤᠰ  ᠶᠢᠨ ᠨᠠᠰᠤᠵᠢᠯᠲᠠ ᠶᠢᠨ ᠬᠥᠮᠦᠨ ᠠᠮᠠ ᠶᠢᠨ ᠲᠤᠭ᠎ᠠ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠂ ᠵᠦᠸᠧᠽᠢ ᠰᠢᠶᠠᠨ ᠨᠠᠰᠤᠲᠠᠶᠢᠴᠤᠳ ᠲᠤ ᠶᠠᠮᠠᠷ ᠶᠠᠮᠠᠷ ᠬᠠᠷᠠᠭᠠᠯᠵᠠᠬᠤ ᠲᠥᠷᠦ ᠶᠢᠨ ᠪᠣᠳᠣᠯᠭ᠎ᠠ ᠠᠪᠴᠤ  ᠪᠠᠶᠢᠬᠤ ᠪᠤᠢ︖     ᠱᠧᠩ ᠲᠣᠪᠴᠢᠶᠠᠨ ᠳᠠᠷᠤᠭ᠎ᠠ᠄    ᠨᠢᠭᠡ ᠳᠤ ᠨᠠᠰᠤᠵᠢᠯ ᠤᠨ ᠨᠥᠬᠦᠪᠥᠷᠢ ᠶᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠣᠯᠭᠤᠬᠤ ᠶᠢ ᠪᠡᠶᠡᠯᠡᠭᠦᠯᠦᠨ᠎ᠡ᠃ ᠮᠠᠨ ᠤ ᠰᠢᠶᠠᠨ ᠤ ᠡᠷᠦᠬᠡ ᠠᠮᠠ ᠶᠢᠨ ᠳᠠᠩᠰᠠ ᠲᠠᠢ ᠪᠦᠬᠦᠯᠢ 80 ᠨᠠᠰᠤᠨ ᠤ ᠨᠠᠰᠤᠲᠠᠨ ᠴᠥᠮ ᠥᠨᠳᠥᠷ ᠨᠠᠰᠤᠨ ᠤ ᠨᠥᠬᠦᠪᠥᠷᠢ ᠭᠤᠶᠤᠴᠢᠯᠠᠵᠤ ᠪᠣᠯᠤᠨ᠎ᠠ᠃ ᠣᠳᠣᠬᠠᠨ ᠳᠤ ᠨᠠᠰᠤᠵᠢᠯ ᠤᠨ ᠨᠥᠬᠦᠪᠥᠷᠢ ᠬᠦᠷᠲᠡᠵᠦ ᠪᠠᠶᠢᠭ᠎ᠠ ᠨᠠᠰᠤᠲᠠᠨ 5320 ᠪᠠᠢᠨ᠎ᠠ᠃ ᠬᠤᠶᠠᠷ ᠲᠤ᠂ ᠨᠠᠰᠤᠲᠠᠶᠢᠴᠤᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 60 — 80 ᠪᠦᠬᠦᠯᠢ ᠨᠠᠰᠤᠨ ᠤ ᠨᠠᠰᠤᠲᠠᠶᠢᠴᠤᠳ ᠤᠨ ᠳᠤᠮᠳᠠ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠤᠨ ᠠᠵᠢᠯ ᠢ ᠥᠷᠨᠢᠭᠦᠯᠵᠦ᠂ ᠢᠯᠠᠩᠭᠤᠶ᠎ᠠ ᠣᠨᠴᠠ ᠬᠦᠴᠢᠷᠳᠡᠯᠲᠡᠶ ᠨᠠᠰᠤᠲᠠᠶᠢᠴᠤᠳ ︵ᠬᠥᠳᠡᠭᠡ ᠲᠣᠰᠬᠤᠨ ᠤ ︽ᠲᠠᠪᠤᠨ ᠪᠠᠲᠤᠯᠠᠭᠠᠲᠤ︾ ᠨᠠᠰᠤᠲᠠᠨ᠂ ᠬᠤᠲᠠ ᠶᠢᠨ ︽ᠭᠤᠷᠪᠠ ᠦᠭᠡᠢ︾ ᠨᠠᠰᠤᠲᠠᠨ᠂ ᠭᠤᠤᠯᠳᠠᠯᠭ᠎ᠠ ᠲᠠᠢ ᠬᠠᠷᠠᠭᠠᠯᠵᠠᠬᠤ ᠡᠲᠡᠭᠡᠳ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠨᠠᠰᠤᠲᠠᠨ᠂ ᠭᠠᠭᠴᠠ ᠬᠡᠦᠬᠡᠳ ᠢᠶᠠᠨ ᠠᠯᠳᠠᠭᠰᠠᠨ ᠨᠠᠰᠤᠲᠠᠨ ᠵᠡᠷᠭᠡ︶ ᠤᠨ ᠳᠠᠭᠠᠳᠬᠠᠯ ᠳᠤ ᠣᠷᠣᠯᠴᠠᠬᠤ ᠳᠤ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ ᠬᠠᠩᠭᠠᠨ᠎ᠠ᠃ 29735 ᠨᠠᠰᠤᠲᠠᠨ ᠳᠤ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠬᠢᠵᠦ ᠥᠭᠪᠡ᠃ ᠭᠤᠷᠪᠠ ᠳᠤ ᠨᠠᠰᠤᠲᠠᠶᠢᠴᠤᠳ ᠲᠤ ᠬᠠᠷᠠᠭᠠᠯᠵᠠᠯ ᠤᠨ ᠦᠨᠡᠮᠯᠡᠯ ᠬᠢᠵᠦ ᠥᠭᠭᠦᠨ᠎ᠡ᠃ ᠪᠦᠬᠦᠯᠢ 60 ᠨᠠᠰᠤ ᠬᠦᠷᠦᠭᠰᠡᠨ ᠵᠦᠸᠧᠽᠢ ᠰᠢᠶᠠᠨ ᠤ ᠡᠷᠦᠬᠡ ᠠᠮᠠ ᠶᠢᠨ ᠳᠠᠩᠰᠠ ᠲᠠᠢ ᠨᠠᠰᠤᠲᠠᠶᠢᠴᠤᠳ ᠴᠥᠮ ᠨᠠᠰᠤᠲᠠᠨ ᠢ ᠬᠠᠷᠠᠭᠠᠯᠵᠠᠬᠤ ᠦᠨᠡᠮᠯᠡᠯ ᠭᠤᠶᠤᠴᠢᠯᠠᠵᠤ ᠪᠣᠯᠤᠨ᠎ᠠ᠃    ᠠᠰᠠᠭᠤᠯᠲᠠ᠄ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠬᠠᠩᠭᠠᠬᠤ ᠴᠢᠬᠤᠯᠠᠲᠠᠶ ᠪᠣᠶ︖    ᠱᠧᠩ ᠲᠣᠪᠴᠢᠶᠠᠨ ᠳᠠᠷᠤᠭ᠎ᠠ᠄    ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢ ᠵᠡᠮᠳᠡᠭᠴᠦᠳ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ ᠡᠭᠦᠷᠭᠡᠲᠦ ᠬᠥᠮᠦᠨ ᠨᠢ ᠪᠠᠶᠢᠭ᠎ᠠ ᠭᠠᠵᠠᠷ ᠤᠨ ᠢᠶᠠᠨ ᠲᠣᠰᠬᠤᠨ ᠤ ᠵᠥᠪᠯᠡᠯ ᠪᠤᠶᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠴᠣᠩᠬᠤᠪᠴᠢ ᠳᠤ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠠᠩᠬᠠᠨ ᠤ ᠬᠢᠨᠠᠯᠲᠠ ᠬᠢᠬᠦ ᠬᠡᠷᠡᠭᠲᠡᠶ᠃    ᠲᠤᠰᠢᠶᠠᠪᠠᠰᠤ ᠵᠣᠬᠢᠬᠤ ᠭᠤᠶᠤᠴᠢᠯᠠᠯ ᠤᠨ ᠮᠠᠲ᠋ᠧᠷᠢᠶᠠᠯ ᠨᠢ᠄    1. ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠭᠤᠶᠤᠴᠢᠯᠠᠬᠤ ᠳᠤ ᠲᠤᠰᠢᠶᠠᠪᠠᠰᠤ ᠵᠣᠬᠢᠬᠤ ᠮᠠᠲ᠋ᠧᠷᠢᠶᠠᠯ᠄    ① ᠬᠤᠪᠢ ᠬᠥᠮᠦᠨ ᠤ ᠪᠢᠴᠢᠭ ᠤᠨ ᠭᠤᠶᠤᠴᠢᠯᠠᠯ ᠤᠨ ᠪᠢᠴᠢᠭ    ② ᠵᠡᠮᠳᠡᠭᠴᠦᠳ ᠤᠨ ᠬᠤᠪᠢ ᠬᠥᠮᠦᠨ ᠤ ᠪᠡᠶ᠎ᠡ ᠶᠢᠨ ᠦᠨᠡᠮᠯᠡᠯ ᠪᠤᠶᠤ ᠬᠠᠭᠤᠯᠪᠤᠷᠢ    ③ ᠵᠡᠮᠳᠡᠭ ᠤᠨ ᠭᠡᠷᠡᠴᠢ ᠶᠢᠨ ᠬᠠᠭᠤᠯᠪᠤᠷᠢ    ④ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠦᠨᠡᠮᠯᠡᠯ ᠤᠨ ᠬᠠᠭᠤᠯᠪᠤᠷᠢ   ⑤︽ᠵᠦᠸᠧᠽᠢ ᠰᠢᠶᠠᠨ ᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ ᠭᠤᠶᠤᠴᠢᠯᠠᠯ ᠢ ᠬᠢᠨᠠᠨ ᠵᠥᠪᠰᠢᠶᠡᠷᠡᠬᠦ ᠬᠦᠰᠦᠨᠦᠭᠲᠦ︾    2. ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠶᠢ ᠭᠤᠶᠤᠴᠢᠯᠠᠬᠤ ᠳᠤ ᠲᠤᠰᠢᠶᠠᠪᠠᠰᠤ ᠵᠣᠬᠢᠬᠤ ᠮᠠᠲ᠋ᠧᠷᠢᠶᠠᠯ᠄    ① ᠬᠤᠪᠢ ᠬᠥᠮᠦᠨ ᠤ ᠪᠢᠴᠢᠭ ᠤᠨ ᠭᠤᠶᠤᠴᠢᠯᠠᠯ ᠤᠨ ᠪᠢᠴᠢᠭ    ② ᠵᠡᠮᠳᠡᠭᠴᠦᠳ ᠤᠨ ᠬᠤᠪᠢ ᠬᠥᠮᠦᠨ ᠤ ᠪᠡᠶ᠎ᠡ ᠶᠢᠨ ᠦᠨᠡᠮᠯᠡᠯ ᠪᠤᠶᠤ ᠬᠠᠭᠤᠯᠪᠤᠷᠢ    ③ ᠵᠡᠮᠳᠡᠭ ᠤᠨ ᠭᠡᠷᠡᠴᠢ ᠶᠢᠨ ᠬᠠᠭᠤᠯᠪᠤᠷᠢ    ④ ︽ᠵᠦᠸᠧᠽᠢ ᠰᠢᠶᠠᠨ ᠤ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠭᠤᠶᠤᠴᠢᠯᠠᠯ ᠢ ᠬᠢᠨᠠᠨ ᠵᠥᠪᠰᠢᠶᠡᠷᠡᠬᠦ ᠬᠦᠰᠦᠨᠦᠭᠲᠦ︾    ᠠᠰᠠᠭᠤᠯᠲᠠ᠄ ᠠᠷᠠᠳ ᠤᠨ ᠶᠠᠪᠤᠳᠠᠯ ᠤᠨ ᠣᠷᠤᠭ ᠳᠠᠩᠰᠠᠯᠠᠭᠤᠯᠤᠭᠰᠠᠨ ᠲᠡᠤᠬᠡ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠨᠥᠬᠦᠨ ᠲᠡᠮᠳᠡᠭᠯᠡᠬᠦ ᠠᠵᠢᠯ ᠨᠢ ᠠᠯᠢ ᠵᠢᠯ ᠠᠴᠠ ᠡᠬᠢᠯᠡᠨ ᠨᠥᠬᠦᠨ ᠲᠡᠮᠳᠡᠭᠯᠡᠬᠦ ᠪᠣᠶ︖    ᠱᠧᠩ ᠲᠣᠪᠴᠢᠶᠠᠨ ᠳᠠᠷᠤᠭ᠎ᠠ᠄    ᠤᠷᠤᠭ ᠤᠨ ᠪᠦᠷᠢᠳᠬᠡᠯ ᠤᠨ ᠲᠡᠤᠬᠡ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠨᠥᠬᠦᠨ ᠲᠡᠮᠳᠡᠭᠯᠡᠬᠦ ᠠᠵᠢᠯ ᠨᠢ ᠦᠷ᠎ᠡ ᠶᠢᠨ ᠵᠢᠯ ᠤᠳ ᠲᠤ ᠲᠡᠤᠬᠡ ᠶᠢᠨ ᠤᠨ ᠲᠤᠭ᠎ᠠ ᠪᠠᠷᠢᠮᠲᠠ ᠳᠤᠲᠠᠭᠳᠠᠭᠰᠠᠨ ᠠᠴᠠ ᠪᠣᠯᠵᠤ᠂ ᠲᠤᠬᠠᠶ ᠶᠢᠨ ᠬᠥᠮᠦᠨ ᠵᠢᠴᠢ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠤ ᠮᠠᠰᠢ ᠣᠯᠠᠨ ᠴᠢᠬᠤᠯᠠ ᠪᠤᠰᠤ ᠳᠠᠷᠤᠭᠠᠰᠤ ᠤᠴᠠᠷᠠᠭᠤᠯᠵᠠᠶ᠃  ᠳᠡᠭᠡᠲᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ ᠪᠣᠶ ᠪᠣᠯᠤᠭᠰᠠᠨ ᠤᠷᠤᠭ ᠤᠨ ᠪᠦᠷᠢᠳᠬᠡᠯ ᠤᠨ ᠲᠡᠤᠬᠡ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠨᠥᠬᠦᠨ ᠡᠯᠰᠡᠨ᠎ᠡ᠃ 2018 ᠤᠨ 12 ᠰᠠᠷ᠎ᠠ ᠶᠢᠨ ᠰᠡᠭᠦᠯᠴᠢ ᠠᠴᠠ ᠡᠮᠦᠨ᠎ᠡ 1980 ᠣᠨ ᠠᠴᠠ ᠨᠠᠰᠢᠬᠢ ᠣᠳᠣ ᠶᠢᠨ ᠪᠠᠶᠢᠭ᠎ᠠ ᠤᠷᠤᠭ ᠤᠨ ᠪᠦᠷᠢᠳᠬᠡᠯ ᠤᠨ ᠲᠡᠤᠬᠡ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠨᠥᠬᠦᠨ ᠲᠡᠮᠳᠡᠭᠯᠡᠬᠦ ᠠᠵᠢᠯ ᠢ ᠪᠡᠶᠡᠯᠡᠭᠦᠯᠬᠦ ᠪᠠᠷ ᠲᠣᠬᠢᠷᠠᠭᠤᠯᠵᠠᠢ᠃ 2019 ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠤᠳᠤ ᠪᠠᠶᠢᠭ᠎ᠠ ᠤᠷᠤᠭ ᠤᠨ ᠪᠦᠷᠢᠳᠬᠡᠯ ᠤᠨ ᠲᠡᠤᠬᠡ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠨᠥᠬᠦᠨ ᠲᠡᠮᠳᠡᠭᠯᠡᠬᠦ ᠠᠵᠢᠯ ᠢ ᠳᠠᠭᠤᠰᠬᠠᠨ᠎ᠠ᠃ ᠨᠥᠬᠦᠨ ᠲᠡᠮᠳᠡᠭᠯᠡᠬᠦ ᠠᠭᠤᠯᠭ᠎ᠠ ᠳᠤ ᠣᠷᠤᠭ ᠳᠠᠩᠰᠠᠯᠠᠭᠤᠯᠤᠭᠰᠠᠨ ᠳᠠᠩᠰᠠ ᠡᠪᠬᠡᠮᠡᠯ ᠤᠨ ᠮᠡᠳᠡᠭᠡ ᠵᠠᠩᠭᠢ᠂ ᠣᠷᠤᠭ ᠰᠠᠯᠬᠤ ᠳᠠᠩᠰᠠᠯᠠᠭᠤᠯᠤᠯᠲᠠ ᠬᠢᠭᠰᠡᠨ ᠳᠠᠩᠰᠠ ᠡᠪᠬᠡᠮᠡᠯ ᠤᠨ ᠮᠡᠳᠡᠭᠡ ᠵᠠᠩᠭᠢ᠂ ᠣᠷᠤᠭ ᠳᠠᠩᠰᠠᠯᠠᠭᠤᠯᠤᠭᠰᠠᠨ ᠳᠠᠩᠰᠠ ᠡᠪᠬᠡᠮᠡᠯ ᠤᠨ ᠮᠡᠳᠡᠭᠡ ᠵᠠᠩᠭᠢ᠂ ᠣᠷᠤᠭ ᠳᠠᠩᠰᠠᠯᠠᠭᠤᠯᠤᠭᠰᠠᠨ ᠳᠠᠩᠰᠠ ᠡᠪᠬᠡᠮᠡᠯ ᠢ ᠬᠦᠴᠦᠨ ᠥᠬᠡᠶ ᠪᠣᠯᠭᠠᠭᠰᠠᠨ ᠮᠡᠳᠡᠭᠡ ᠵᠠᠩᠭᠢ᠂ ᠤᠷᠤᠭ ᠤᠨ ᠬᠠᠷᠢᠴᠠᠭ᠎ᠠ ᠶᠢᠨ ᠭᠡᠷᠡᠴᠢ ᠳᠠᠩᠰᠠ ᠡᠪᠬᠡᠮᠡᠯ ᠤᠨ ᠮᠡᠳᠡᠭᠡ ᠵᠠᠩᠭᠢ ᠵᠡᠷᠭᠡ ᠪᠠᠭᠲᠠᠨ᠎ᠠ᠃    ᠠᠰᠠᠭᠤᠯᠲᠠ᠄ ᠶᠠᠮᠠᠷ ᠪᠠᠢᠳᠠᠯ ᠳᠣᠤᠷ᠎ᠠ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠬᠤ ᠪᠤᠢ︖    ᠱᠧᠩ ᠲᠣᠪᠴᠢᠶᠠᠨ ᠳᠠᠷᠤᠭ᠎ᠠ᠄  ︽ᠵᠦᠸᠧᠽᠢ ᠰᠢᠶᠠᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠣᠭᠲᠠᠭᠠᠯ ᠳᠤ ᠨᠡᠶᠢᠴᠡᠭᠰᠡᠨ ᠲᠠᠪᠤᠨ ᠲᠥᠷᠥᠯ ᠤᠨ ᠪᠠᠶᠢᠳᠠᠯ ᠤᠨ ᠨᠢᠭᠡ ᠨᠢ ᠪᠠᠶᠢᠪᠠᠯ᠂ ᠴᠥᠮ ᠲᠦᠷ ᠴᠠᠭ ᠤᠨ ᠬᠦᠴᠢᠷᠳᠡᠯ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠃ ᠨᠢᠭᠡ ᠳᠤ ᠬᠦᠨᠳᠦ ᠲᠦᠭᠰᠢᠭᠦᠷᠢᠲᠡᠶ ᠡᠪᠡᠳᠴᠢᠨ ᠳᠤ ᠨᠡᠷᠪᠡᠭᠳᠡᠵᠦ᠂ ᠬᠤᠪᠢ ᠬᠥᠮᠦᠨ ᠤ ᠥᠪᠡᠰᠦᠪᠡᠨ ᠲᠥᠯᠥᠬᠦ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠠᠶᠢᠵᠤ᠂ ᠭᠡᠷ ᠪᠦᠯᠢ ᠶᠢᠨ ᠠᠮᠢᠳᠤᠷᠠᠯ ᠳᠤ ᠲᠦᠷ ᠴᠠᠭ ᠬᠦᠴᠢᠷᠳᠡᠯ ᠤᠴᠠᠷᠠᠭᠤᠯᠤᠭᠰᠠᠨ᠃ ᠬᠤᠶᠠᠷ ᠲᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠵᠠᠷᠤᠳᠠᠯ ᠤᠨ ᠳᠠᠷᠤᠭᠠᠰᠤ ᠬᠡᠲᠦ ᠬᠦᠨᠳᠦᠷᠡᠭᠰᠡᠨ ᠠᠴᠠ ᠪᠣᠯᠵᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ᠃ ᠭᠤᠷᠪᠠ ᠳᠤ ᠪᠠᠶᠢᠭᠠᠯᠢ ᠶᠢᠨ ᠭᠠᠮᠰᠢᠭ ᠪᠤᠶᠤ ᠪᠤᠰᠤᠳ ᠭᠡᠨᠡᠳᠲᠡ ᠶᠢᠨ ᠬᠡᠷᠡᠭ ᠠᠴᠠ ᠪᠣᠯᠵᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ᠃ ᠳᠥᠷᠪᠡ ᠳᠤ ᠡᠷᠡᠭᠦᠤ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ᠂ ᠲᠦᠷ ᠴᠠᠭ ᠠᠮᠢᠳᠤᠷᠠᠯ ᠤᠨ ᠢᠷᠡᠯᠲᠡ ᠦᠭᠡᠢ ᠪᠠᠶᠢᠬᠤ᠃ ᠲᠠᠪᠤ ᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠴᠢᠬᠤᠯᠠᠲᠠᠶ ᠭᠡᠵᠦ ᠮᠠᠭᠠᠳᠯᠠᠨ ᠲᠣᠭᠲᠠᠭᠠᠭᠰᠠᠨ ᠪᠤᠰᠤᠳ ᠬᠦᠴᠢᠷᠳᠡᠯᠲᠡᠶ ᠭᠡᠷ ᠪᠦᠯᠢ᠃    ᠠᠰᠠᠭᠤᠭᠰᠠᠨ ᠨᠢ᠄ ᠠᠯᠢ ᠬᠡᠰᠡᠭ ᠬᠡᠤᠬᠡᠳ ᠢ ᠠᠪᠤᠷᠠᠵᠤ ᠪᠣᠯᠬᠤ ᠪᠤᠢ︖ ᠶᠠᠮᠠᠷ ᠪᠠᠶᠢᠳᠠᠯ ᠢ ᠬᠦᠴᠢᠷᠳᠡᠯ ᠳᠤ ᠲᠤᠯᠭᠠᠷᠠᠭᠰᠠᠨ  ᠬᠤᠬᠡᠳ ᠢᠶᠠᠷ ᠮᠠᠭᠠᠳᠯᠠᠨ ᠲᠣᠭᠲᠠᠭᠠᠵᠤ ᠪᠣᠯᠬᠤ ᠪᠣᠶ︖    ᠱᠧᠩ ᠲᠣᠪᠴᠢᠶᠠᠨ ᠳᠠᠷᠤᠭ᠎ᠠ᠄ ᠮᠠᠨ ᠤ ᠰᠢᠶᠠᠨ ᠤ ᠬᠦᠴᠢᠷᠳᠡᠯ ᠳᠤ ᠲᠤᠯᠭᠠᠷᠠᠭᠰᠠᠨ ᠬᠡᠤᠬᠡᠳ ᠪᠣᠯᠭᠠᠨ ᠢ ᠠᠪᠤᠷᠠᠨ ᠲᠤᠰᠠᠯᠠᠵᠤ ᠪᠣᠯᠤᠨ᠎ᠠ᠃ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠳᠣᠤᠷᠠᠬᠢ ᠳᠣᠯᠣᠭᠠᠨ ᠲᠠᠯ᠎ᠠ ᠪᠠᠷ ᠮᠠᠭᠠᠳᠯᠠᠨ ᠲᠣᠭᠲᠠᠭᠠᠵᠤ ᠪᠣᠯᠤᠨ᠎ᠠ᠄ ᠨᠢᠭᠡ ᠳᠤ ᠥᠨᠥᠴᠢᠨ ᠬᠡᠤᠬᠡᠳ᠃ ᠡᠴᠢᠭᠡ ᠡᠬᠡ ᠪᠠᠨ ᠠᠯᠳᠠᠭᠰᠠᠨ ᠪᠤᠶᠤ ᠡᠷᠢᠵᠦ ᠣᠯᠬᠤ ᠥᠬᠡᠶ ᠪᠦᠬᠦᠯᠢ 18 ᠨᠠᠰᠤ ᠬᠦᠷᠦᠭᠰᠡᠨ ᠨᠠᠰᠤᠨ ᠳᠤ ᠥᠯᠥ ᠬᠦᠷᠦᠭᠰᠡᠳ ᠢ ᠵᠢᠭᠠᠨ᠎ᠠ᠃ ᠬᠤᠶᠠᠷ ᠲᠤ ᠪᠣᠳᠠᠲᠠᠶ ᠠᠰᠠᠷᠠᠵᠤ ᠲᠡᠵᠢᠭᠡᠬᠦ ᠬᠥᠮᠦᠨ ᠦᠭᠡᠢ ᠬᠡᠤᠬᠡᠳ ᠢ ᠵᠢᠭᠠᠵᠤ ᠪᠠᠶᠢᠨ᠎ᠠ᠃ ᠡᠴᠢᠭᠡ ᠡᠬᠡ ᠶᠢᠨ ᠨᠢᠭᠡ ᠡᠲᠡᠭᠡᠳ ᠨᠢ ᠦᠬᠦᠭᠡᠳ᠂ ᠨᠥᠭᠦᠭᠡ ᠡᠲᠡᠭᠡᠳ ᠨᠢ ᠰᠤᠷᠠᠭ ᠦᠭᠡᠢ ᠪᠣᠯᠤᠭᠰᠠᠨ ᠪᠤᠶᠤ ᠬᠦᠨᠳᠦ ᠵᠡᠮᠳᠡᠭ᠂ ᠬᠦᠨᠳᠦ ᠣᠨᠴᠠ ᠶᠡᠭᠡ ᠡᠪᠡᠳᠴᠢᠨ᠂ ᠠᠰᠠᠷᠠᠨ ᠲᠡᠵᠢᠭᠡᠬᠦ ᠬᠥᠮᠦᠨ ᠦᠭᠡᠢ ᠬᠡᠤᠬᠡᠳ ᠢ ᠵᠢᠭᠠᠵᠤ ᠪᠠᠶᠢᠨ᠎ᠠ᠃ ᠵᠢᠴᠢ ᠡᠴᠢᠭᠡ ᠡᠬᠡ ᠬᠤᠶᠠᠷ ᠡᠲᠡᠭᠡᠳ ᠨᠢ ᠰᠤᠷᠠᠭ ᠦᠭᠡᠢ ᠪᠣᠯᠤᠭᠰᠠᠨ᠂ ᠬᠦᠨᠳᠦ ᠵᠡᠮᠳᠡᠭ ᠪᠣᠯᠤᠭᠰᠠᠨ᠂ ᠬᠦᠨᠳᠦ ᠡᠪᠡᠳᠴᠢᠯᠡᠭᠰᠡᠨ᠂ ᠬᠦᠨᠳᠦ ᠡᠪᠡᠳᠴᠢᠨ ᠲᠠᠢ᠂ ᠠᠯᠪᠠᠳᠠᠭᠳᠠᠭᠰᠠᠨ᠂ ᠪᠣᠳᠠᠲᠠᠶ ᠳᠡᠭᠡᠷ᠎ᠡ ᠪᠠᠨ ᠠᠰᠠᠷᠠᠨ ᠲᠡᠵᠢᠭᠡᠬᠦ ᠬᠥᠮᠦᠨ ᠦᠭᠡᠢ ᠪᠣᠯᠤᠭᠰᠠᠨ ᠬᠡᠤᠬᠡᠳ᠃ ᠭᠤᠷᠪᠠ ᠳᠤ ᠬᠦᠴᠢᠷᠳᠡᠯ ᠲᠠᠢ ᠭᠡᠷ ᠪᠦᠯᠢ ᠶᠢᠨ ᠬᠡᠤᠬᠡᠳ᠃ ᠡᠴᠢᠭᠡ ᠡᠬᠡ ᠶᠢᠨ ᠨᠢᠭᠡ ᠡᠲᠡᠭᠡᠳ ᠨᠢ ᠦᠬᠦᠭᠰᠡᠨ᠂ ᠠᠯᠠᠭ᠎ᠠ ᠪᠣᠯᠤᠭᠰᠠᠨ ᠪᠤᠶᠤ ᠬᠦᠨᠳᠦ ᠵᠡᠮᠳᠡᠭ᠂ ᠬᠦᠨᠳᠦ ᠣᠨᠴᠠ ᠶᠡᠭᠡ ᠡᠪᠡᠳᠴᠢᠨ᠂ ᠬᠦᠨᠳᠦ ᠬᠡᠴᠡᠭᠦᠤ ᠡᠪᠡᠳᠴᠢᠨ᠂ ᠠᠯᠪᠠᠳᠠᠵᠤ ᠪᠠᠶᠢᠭᠠᠳ ᠠᠰᠠᠷᠠᠨ ᠲᠡᠵᠢᠭᠡᠬᠦ ᠴᠢᠳᠠᠪᠤᠷᠢ ᠦᠭᠡᠢ᠂ ᠨᠥᠭᠦᠭᠡ ᠡᠲᠡᠭᠡᠳ ᠨᠢ ᠰᠤᠷᠠᠭ ᠦᠭᠡᠢ ᠪᠣᠯᠣᠭᠠᠳ ᠬᠤᠶᠠᠷ ᠵᠢᠯ ᠠᠴᠠ ᠳᠡᠭᠡᠭᠰᠢ ᠪᠣᠯᠤᠭᠰᠠᠨ ᠬᠡᠤᠬᠡᠳ ᠢ ᠵᠢᠭᠠᠵᠤ ᠪᠠᠶᠢᠨ᠎ᠠ᠃ ᠳᠥᠷᠪᠡ ᠳᠤ᠂ ᠵᠡᠮᠳᠡᠭ ᠠᠴᠠ ᠪᠣᠯᠵᠤ  ᠬᠦᠴᠢᠷᠳᠡᠭᠰᠡᠨ ᠬᠡᠤᠬᠡᠳ᠃ ᠡᠨᠡ ᠨᠢ ᠬᠡᠤᠬᠡᠳ ᠶᠠᠭ ᠰᠠᠶᠢᠬᠠᠨ ᠬᠦᠨᠳᠦ ᠣᠨᠴᠠ ᠶᠡᠭᠡ ᠡᠪᠡᠳᠴᠢᠨ ᠡᠮᠭᠡᠭ᠂ ᠬᠦᠨᠳᠦ ᠵᠡᠮᠳᠡᠭ ᠪᠤᠶᠤ ᠬᠦᠨᠳᠦ ᠵᠡᠮᠳᠡᠭ ᠵᠡᠷᠭᠡ ᠪᠠᠢᠳᠠᠯ ᠳᠤ ᠣᠷᠣᠰᠢᠵᠤ ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠬᠡᠤᠬᠡᠳ ᠢ ᠵᠢᠭᠠᠵᠤ ᠪᠠᠶᠢᠨ᠎ᠠ᠃ ᠲᠠᠪᠤ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ  ᠪᠠᠶᠢᠭ᠎ᠠ ᠭᠡᠷ ᠪᠦᠯᠢ ᠶᠢᠨ ᠬᠡᠤᠬᠡᠳ᠃ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠨᠢ ᠠᠰᠠᠷᠠᠨ ᠲᠡᠵᠢᠭᠡᠬᠦ ᠴᠢᠳᠠᠪᠤᠷᠢ ᠲᠠᠢ ᠪᠣᠯᠪᠠᠴᠤ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ ᠬᠡᠤᠬᠡᠳ ᠢ ᠵᠢᠭᠠᠵᠤ ᠪᠠᠶᠢᠨ᠎ᠠ᠃ ᠵᠢᠷᠭᠤᠭ᠎ᠠ ᠳᠤ ᠬᠡᠤᠬᠡᠳ ᠢ ᠲᠦᠷ ᠴᠠᠭ ᠠᠪᠤᠷᠠᠨ ᠲᠤᠰᠠᠯᠠᠬᠤ᠃ ᠭᠡᠨᠡᠳᠲᠡ ᠡᠭᠦᠰᠬᠦ ᠴᠢᠨᠠᠷ᠂ ᠲᠤᠯᠭᠠᠮ᠎ᠠ ᠴᠢᠨᠠᠷ᠂ ᠦᠨᠳᠦᠰᠦᠨ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢ ᠵᠢᠭᠠᠵᠤ ᠪᠣᠢ᠃ ᠳᠣᠯᠤᠭ᠎ᠠ ᠳᠤ ᠪᠤᠰᠤᠳ ᠬᠦᠴᠢᠷᠳᠡᠯ ᠳᠤ ᠲᠤᠯᠭᠠᠷᠠᠭᠰᠠᠨ ᠬᠡᠦᠬᠡᠳ᠃ ᠬᠥᠨᠥᠭᠡᠭᠳᠡᠭᠰᠡᠨ ᠪᠠ ᠬᠠᠯᠠ ᠠᠮᠰᠠᠭᠰᠠᠨ ᠬᠡᠤᠬᠡᠳ᠂ ᠠᠮᠢᠳᠤᠷᠠᠯ ᠨᠢ ᠬᠦᠴᠢᠷᠳᠡᠯᠲᠡᠶ ᠥᠨᠥᠴᠢᠨ ᠥᠷᠥᠭᠡᠰᠦᠨ ᠭᠡᠷ ᠪᠦᠯᠢ ᠶᠢᠨ ᠬᠡᠤᠬᠡᠳ᠂ ᠬᠥᠯ ᠠᠯᠳᠠᠭᠰᠠᠨ ᠨᠠᠰᠤᠨ ᠳᠤ ᠥᠯᠥ ᠬᠦᠷᠦᠭᠰᠡᠳ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠭᠡᠷ ᠲᠡᠭᠡᠨ ᠬᠤᠴᠣᠷᠤᠭᠰᠠᠨ ᠨᠡᠭᠦᠳᠡᠯ ᠬᠡᠤᠬᠡᠳ ᠵᠡᠷᠭᠡ ᠪᠤᠰᠤᠳ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠵᠢᠭᠠᠵᠤ ᠪᠣᠢ᠃    ᠠᠰᠠᠭᠤᠯᠲᠠ᠄ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠶᠢ ᠬᠡᠷᠬᠢᠨ ᠭᠤᠶᠤᠴᠢᠯᠠᠬᠤ ᠪᠣᠶ︖    ᠱᠧᠩ ᠲᠣᠪᠴᠢᠶᠠᠨ ᠳᠠᠷᠤᠭ᠎ᠠ᠄   ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷ ᠭᠤᠶᠤᠴᠢᠯᠠᠬᠤ ᠳᠤ᠂ ᠲᠣᠰ ᠬᠥᠮᠦᠨ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠭᠠᠵᠠᠷ ᠲᠤ ᠪᠢᠴᠢᠭᠯᠡᠭᠰᠡᠨ ᠭᠤᠶᠤᠴᠢᠯᠠᠯ ᠭᠠᠷᠭᠠᠵᠤ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠳᠡᠪᠰᠢᠭᠦᠯᠦᠨ ᠲᠤᠰᠢᠶᠠᠵᠤ᠂ ᠬᠥᠳᠡᠯᠮᠦᠷᠢᠯᠡᠬᠦ ᠴᠢᠳᠠᠪᠤᠷᠢ᠂ ᠠᠮᠢᠳᠤᠷᠠᠯ ᠤᠨ ᠢᠷᠡᠯᠲᠡ ᠵᠢᠴᠢ ᠠᠰᠠᠷᠠᠨ ᠲᠡᠵᠢᠭᠡᠬᠦ ᠪᠠᠶᠢᠳᠠᠯ ᠢ ᠪᠢᠴᠢᠭ ᠢᠶᠠᠷ ᠲᠣᠳᠣᠷᠬᠠᠶᠢᠯᠠᠨ᠎ᠠ᠃ ᠲᠤᠰ ᠬᠥᠮᠦᠨ ᠨᠢ ᠭᠤᠶᠤᠴᠢᠯᠠᠯ ᠭᠠᠷᠭᠠᠬᠤ ᠳᠤ ᠬᠦᠴᠢᠷᠲᠡᠶ ᠪᠠᠶᠢᠪᠠᠯ᠂ ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠳᠤ ᠨᠠᠶᠢᠳᠠᠬᠤ ᠪᠤᠶᠤ ᠪᠤᠰᠤᠳ ᠬᠥᠮᠦᠨ ᠳᠤ ᠨᠠᠶᠢᠳᠠᠵᠤ ᠣᠷᠣᠯᠠᠨ ᠭᠤᠶᠤᠴᠢᠯᠠᠯ ᠭᠠᠷᠭᠠᠭᠤᠯᠵᠤ ᠪᠣᠯᠤᠨ᠎ᠠ᠃ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠬᠠᠷᠢᠶ᠎ᠠ ᠣᠷᠣᠨ ᠤ ᠪᠠᠨ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ ᠣᠶᠢᠯᠭᠠᠨ ᠡᠵᠡᠮᠰᠢᠵᠦ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠬᠥᠮᠦᠰ ᠢ ᠣᠯᠵᠤ ᠮᠡᠳᠡᠪᠡᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠲᠡᠭᠦᠨ ᠳᠤ ᠬᠡᠯᠡᠵᠦ ᠥᠭᠬᠦ ᠬᠡᠷᠡᠭᠲᠡᠶ᠂ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠥᠬᠡᠶ ᠵᠡᠷᠭᠡ ᠪᠡᠶ᠎ᠡ ᠪᠠᠨ ᠳᠠᠭᠠᠭᠠᠵᠤ ᠭᠤᠶᠤᠴᠢᠯᠠᠬᠤ ᠶᠢᠨ ᠠᠷᠭ᠎ᠠ ᠥᠬᠡᠶ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠤᠶᠤᠴᠢᠯᠠᠯ ᠭᠠᠷᠭᠠᠬᠤ ᠬᠡᠷᠡᠭᠲᠡᠶ᠃ 20 ᠠᠵᠢᠯᠯᠠᠬᠤ ᠡᠳᠦᠷ ᠤᠨ ᠳᠣᠲᠣᠷ᠎ᠠ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ ᠨᠥᠬᠦᠴᠡᠯ ᠳᠤ ᠨᠡᠶᠢᠴᠡᠬᠦ ᠶᠢ ᠨᠢ ᠭᠤᠶᠤᠴᠢᠯᠠᠭᠴᠢ ᠶᠢᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠢᠯᠡ ᠨᠡᠶᠢᠲᠡᠯᠡᠭᠰᠡᠨ ᠤ ᠳᠠᠷᠠᠭ᠎ᠠ᠂ ᠮᠠᠨ ᠤ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃    ᠠᠰᠠᠭᠤᠯᠲᠠ᠄ ᠦᠷ᠎ᠡ ᠶᠢᠨ ᠵᠢᠯ ᠠᠴᠠ ᠨᠠᠭᠠᠰᠢ᠂ ᠵᠠᠷᠢᠮ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠠᠷᠢᠮ ᠳᠠᠭᠠᠨ ᠠᠮᠤᠷ ᠲᠦᠪᠰᠢᠨ ᠤ ᠠᠳᠡᠯ ᠭᠠᠷᠳᠠᠭ᠂ ᠵᠦᠸᠧᠽᠢ ᠰᠢᠶᠠᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠡᠷᠬᠢᠨ ᠪᠦᠲᠦᠮᠵᠢᠲᠡᠶ ᠬᠠᠮᠢᠶᠠᠷᠤᠯᠲᠠ ᠬᠢᠭᠰᠡᠨ ᠪᠣᠶ︖     ᠱᠧᠩ ᠲᠣᠪᠴᠢᠶᠠᠨ ᠳᠠᠷᠤᠭ᠎ᠠ᠄   ᠡᠨᠡ ᠵᠢᠯ᠂ ᠮᠠᠨ ᠤ ᠲᠣᠪᠴᠢᠶ᠎ᠠ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠲᠠᠢ ᠬᠤᠯᠪᠣᠭᠠᠯᠠᠨ ᠨᠠᠰᠤᠲᠠᠨ ᠢ ᠠᠰᠠᠷᠠᠬᠤ ᠬᠦᠷᠢᠶᠡᠯᠡᠩ ᠳᠤ 2 ᠤᠳᠠᠭ᠎ᠠ ᠠᠮᠤᠷ ᠲᠦᠪᠰᠢᠨ ᠤ ᠬᠠᠮᠢᠶᠠᠷᠤᠯᠲᠠ ᠶᠢᠨ ᠶᠡᠭᠡ ᠪᠠᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠨ᠎ᠠ᠃ ᠭᠤᠷᠪᠠ ᠨᠠᠰᠤᠲᠠᠨ ᠠᠰᠠᠷᠠᠬᠤ ᠬᠦᠷᠢᠶᠡᠯᠡᠩ ᠪᠣᠯᠤᠨ ᠬᠡᠰᠡᠭ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠨᠢ ᠬᠠᠤᠯᠢ ᠶᠣᠰᠣᠭᠠᠷ ᠬᠠᠤᠯᠢ ᠶᠢᠨ ᠡᠷᠬᠡᠲᠡᠨ ᠢᠶᠠᠷ ᠳᠠᠩᠰᠠᠯᠠᠭᠤᠯᠵᠤ᠂ ᠳᠣᠲᠣᠭᠠᠳᠤ ᠶᠢᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠤᠶᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠠᠰᠤᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠣᠢᠷ᠎ᠠ ᠶᠢᠨ ᠵᠢᠯ ᠠᠴᠠ ᠨᠠᠰᠢ᠂ ᠡᠯ᠎ᠡ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠪᠠᠢᠭᠤᠯᠤᠮᠵᠢ ᠳᠤ ᠵᠠᠯᠭᠠᠭ᠎ᠠ ᠪᠠᠷ ᠭᠠᠷᠤᠭᠰᠠᠨ ᠠᠮᠤᠷ ᠲᠦᠪᠰᠢᠨ ᠤ  ᠬᠡᠷᠡᠭ ᠤᠨ ᠪᠠᠢᠳᠠᠯ ᠳᠣᠤᠷ᠎ᠠ᠂ ᠮᠠᠨ ᠤ ᠲᠣᠪᠴᠢᠶ᠎ᠠ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠩᠭᠢ ᠵᠡᠷᠭᠡ ᠰᠠᠯᠠᠭ᠎ᠠ ᠮᠥᠴᠢᠷ ᠢ ᠤᠷᠢᠵᠤ ᠠᠵᠢᠯᠯᠠᠬᠤ ᠳᠤᠭᠤᠶᠢᠯᠠᠩ ᠪᠠᠶᠢᠭᠤᠯᠤᠨ 3 ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠯᠭᠡᠵᠡᠶ᠃ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠢᠳᠡᠭᠡᠨ ᠤ ᠠᠷᠢᠭᠤᠨ ᠴᠡᠪᠡᠷ᠂ ᠬᠥᠮᠦᠰ ᠭᠠᠳᠠᠭᠰᠢ ᠭᠠᠷᠬᠤ᠂ ᠣᠷᠣᠵᠤ ᠰᠠᠭᠤᠬᠤ ᠬᠥᠮᠦᠰ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠡᠵᠡᠮᠰᠢᠬᠦ ᠵᠢᠴᠢ ᠰᠤᠷᠭᠠᠨ ᠬᠥᠮᠦᠵᠢᠯ ᠵᠡᠷᠭᠡ ᠲᠠᠯ᠎ᠠ ᠪᠠᠷ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠬᠡᠷᠡᠭᠲᠡᠶ᠃ ᠪᠠᠶᠢᠴᠠᠭᠠᠯᠲᠠ ᠪᠠᠷ ᠳᠠᠮᠵᠢᠨ᠂ ᠮᠠᠨ ᠤ ᠲᠣᠪᠴᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠨᠡᠯᠢᠶᠡᠳ ᠴᠢᠩᠭ᠎ᠠ᠂ ᠠᠶᠤᠯᠭᠦᠶ  ᠤᠶᠢᠯᠡᠳᠪᠦᠷᠢᠯᠡᠯ ᠤᠨ ᠠᠵᠢᠯ ᠶᠢᠨ  ᠪᠠᠶᠢᠳᠠᠯ ᠰᠠᠶᠢᠨ ᠪᠠᠶᠢᠬᠤ ᠶᠢ ᠣᠯᠵᠤ ᠮᠡᠳᠡᠪᠡ᠃    ᠱᠧᠩ ᠲᠣᠪᠴᠢᠶᠠᠨ ᠳᠠᠷᠤᠭ᠎ᠠ᠄ ᠪᠠᠶᠠᠷᠯᠠᠯ᠎ᠠ᠃ ᠡᠶᠢᠮᠦ ᠲᠠᠪᠴᠠᠩ ᠳᠡᠭᠡᠷ᠎ᠡ ᠣᠯᠠᠨ ᠤ ᠬᠦᠴᠢᠷᠳᠡᠯ ᠢ  ᠰᠢᠳᠪᠦᠷᠢᠯᠡᠵᠦ ᠥᠭᠬᠦ ᠪᠣᠯ ᠪᠢᠳᠡᠨ ᠤ ᠬᠠᠷᠢᠭᠤᠴᠠᠯᠭ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠣᠯᠠᠨ ᠢᠶᠠᠷ ᠢᠶᠠᠨ ᠪᠠᠰᠠ ᠮᠠᠨ ᠤ ᠰᠠᠶᠢᠨ ᠲᠠᠢ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠵᠦ᠂ ᠠᠷᠠᠳ ᠤᠨ ᠶᠠᠪᠤᠳᠠᠯ ᠤᠨ ᠠᠵᠢᠯ ᠳᠤ ︽ᠠᠷᠠᠳ ᠤᠨ ᠶᠠᠪᠤᠳᠠᠯ ᠢ ᠬᠠᠶᠢᠷᠠᠯᠠᠵᠤ᠂ ᠠᠷᠠᠳ ᠤᠨ ᠶᠠᠪᠤᠳᠠᠯ ᠢ ᠠᠷᠠᠳ ᠤᠨ ᠲᠥᠯᠥᠭᠡ︾ ᠭᠡᠬᠦ ᠦᠨᠳᠦᠰᠦ ᠰᠤᠷᠪᠤᠯᠵᠢ ᠶᠢ  ᠭᠦᠢᠴᠡᠳ ᠪᠠᠳᠠᠷᠠᠭᠤᠯᠵᠤ᠂ ᠦᠷᠭᠦᠯᠵᠢᠯᠡᠨ ᠤᠷᠤᠭᠰᠢ ᠬᠥᠭᠵᠢᠬᠦ ᠶᠢ ᠬᠦᠰᠡᠵᠦ ᠪᠠᠶᠢᠨ᠎ᠠ᠃                                                           ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2