ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠢᠯᠡᠷᠡᠭᠦᠯᠵᠦ᠂ | ᠥᠷᠭᠡᠨ ᠣᠯᠠᠨ ᠺᠠᠳ᠋ᠷ ᠣᠯᠠᠨ ᠲᠦᠮᠡᠨ ᠢ ᠵᠣᠷᠢᠭᠵᠢᠭᠤᠯᠤᠨ ᠳᠠᠶᠢᠴᠢᠯᠠᠵᠤ ᠪᠠᠢᠭᠠᠳ ᠪᠦᠯᠬᠦᠮᠳᠡᠨ ᠲᠡᠮᠡᠴᠡᠵᠦ᠂ ᠬᠠᠮᠤᠭ | ᠰᠡᠭᠦᠯᠴᠢ ᠶᠢᠨ ᠶᠠᠳᠠᠭᠤ ᠬᠦᠴᠢᠷᠳᠡᠯ ᠤᠨ ᠪᠠᠬᠢᠯᠡᠯᠲᠡ ᠶᠢ ᠰᠢᠪᠲᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ 10 ᠰᠠᠷ᠎ᠠ ᠶᠢᠨ 18 ᠤ ᠡᠳᠦᠷ᠂ ᠰᠢᠶᠠᠨ ᠤ ᠵᠠᠰᠠᠭ ᠤᠨ | ᠣᠷᠳᠣᠨ ᠤ ᠠᠯᠪᠠᠨ ᠭᠡᠷ ᠤᠨ ᠨᠠᠮ ᠤᠨ ᠡᠭᠦᠷ ᠰᠢᠶᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ | ᠲᠥᠷᠥᠯ ᠤᠨ ᠨᠠᠮ ᠤᠨ ᠠᠵᠢᠯᠯᠠᠬᠤ ᠬᠤᠷᠢᠶ᠎ᠠ᠂ ᠳ᠋ᠠ ᠢᠦᠶ ᠱᠣ᠋ ᠰᠢᠶᠠᠩ ᠤᠨ ᠨᠠᠮ ᠤᠨ ᠬᠤᠷᠢᠶ᠎ᠠ ᠳ᠋ᠠ ᠢᠦᠶ ᠱᠣ᠋ ᠰᠢᠶᠠᠩ ᠤᠨ | ᠺᠦᠩ ᠳ᠋ᠦ᠋ ᠶᠢᠩ ᠲᠣᠰᠬᠤᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ | ︾ ᠭᠤᠤᠯ ᠰᠡᠳᠦᠪᠲᠦ ᠨᠠᠮ ᠤᠨ ᠡᠳᠦᠷ ᠵᠢᠴᠢ 2019 ᠤᠨ ︽ᠤᠯᠤᠰ ᠶᠢᠨ ᠶᠠᠳᠠᠭᠤ ᠶᠢ ᠲᠡᠳᠬᠦᠬᠦ ᠡᠳᠦᠷ︾ ᠤᠨ ᠲᠤᠰᠬᠠᠶ | ᠰᠡᠳᠦᠪᠲᠦ ᠠᠵᠢᠯᠯᠠᠭ᠎ᠠ ᠥᠷᠨᠢᠭᠦᠯᠦᠭᠰᠡᠨ ᠪᠥᠭᠡᠳ ᠺᠦᠩ ᠳ᠋ᠦ᠋ ᠶᠢᠩ ᠲᠣᠰᠬᠤᠨ ᠤ ᠬᠡᠭᠡᠷ᠎ᠡ ᠶᠢᠨ ᠡᠷᠡᠭᠦᠯᠵᠢᠯ ᠤᠨ ᠰᠢᠵᠢᠷ | ᠠᠯᠲᠠᠨ ᠴᠠᠢ ᠶᠢᠨ ᠤᠶᠢᠯᠡᠳᠪᠦᠷᠢ ᠪᠠᠢᠭᠤᠯᠤᠭᠳᠠᠭᠰᠠᠨ ᠪᠠᠶᠠᠷ ᠤᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠪᠡᠯᠡᠳᠬᠡᠯ ᠠᠯᠪᠠᠨ ᠫᠤᠤᠲᠤ | ᠴᠡᠷᠢᠭ ᠤᠨ ᠬᠤᠷᠢᠶᠠᠨ ᠤ ᠳᠠᠷᠤᠭ᠎ᠠ ᠰᠦᠨ ᠶᠦᠩ ᠵᠢᠶᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠸᠠᠨ ᠺᠦᠶ | ᠬᠤᠷᠠᠯ ᠳᠤ ᠣᠷᠣᠯᠴᠠᠵᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠳ᠋ᠠ ᠢᠦᠶ ᠱᠣ᠋ ᠰᠢᠶᠠᠩ ᠤᠨ ᠨᠠᠮ ᠤᠨ ᠬᠤᠷᠢᠶᠠᠨ ᠤ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ | ᠣᠷᠣᠯᠴᠠᠪᠠ᠃ | | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠡᠴᠦᠰ ᠤᠨ ᠰᠢᠪᠲᠤᠯᠤᠯᠲᠠ ᠶᠢᠨ ᠴᠠᠭ ᠮᠥᠴᠡ ᠳᠤ | ᠣᠷᠣᠵᠤ᠂ ᠵᠢᠷᠭᠤᠳᠤᠭᠠᠷ ︽ᠤᠯᠤᠰ ᠶᠢᠨ ᠶᠠᠳᠠᠭᠤ ᠶᠢ ᠲᠡᠳᠬᠦᠬᠦ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠲᠣᠰ | ᠤᠳᠠᠭ᠎ᠠ ᠶᠢᠨ ᠠᠵᠢᠯᠯᠠᠭ᠎ᠠ ᠶᠢ ᠡᠷᠬᠢᠯᠡᠬᠦ ᠨᠢ ᠳᠠᠷᠤᠶ ᠬᠦᠴᠦᠨ ᠴᠢᠳᠠᠯ ᠢ ᠨᠢᠭᠲᠠᠷᠠᠭᠤᠯᠵᠤ᠂ ᠲᠥᠪ ᠰᠤᠷᠲᠠᠯ ᠢ ᠪᠠᠳᠠᠷᠠᠭᠤᠯᠵᠤ | ᠂ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ | ᠨᠡᠮᠡᠷᠢᠯᠡᠬᠦ ᠶᠢᠨ ᠲᠥᠯᠥᠭᠡ ᠶᠤᠮ᠃ | | | ᠠᠵᠢᠯᠯᠠᠭ᠎ᠠ ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠯᠢ ᠶᠢᠩ ᠪᠣᠯᠤᠨ ᠳ᠋ᠠ ᠢᠦᠶ ᠱᠣ᠋ ᠰᠢᠶᠠᠩ ᠤᠨ ᠭᠤᠤᠯ ᠬᠠᠷᠢᠭᠤᠴᠠᠯᠭᠠᠲᠠᠨ ᠨᠥᠬᠦᠳ ᠲᠣᠰ ᠲᠣᠰ ᠶᠠᠷᠢᠶ᠎ᠠ | ᠲᠠᠯᠪᠢᠵᠤ᠂ ᠪᠡᠯᠡᠳᠬᠡᠯ ᠠᠯᠪᠠᠨ ᠫᠤᠤᠲᠤ ᠴᠡᠷᠢᠭ ᠤᠨ ᠬᠤᠷᠢᠶ᠎ᠠ ᠨᠢ ᠺᠦᠩ ᠳ᠋ᠦ᠋ ᠶᠢᠩ ᠲᠣᠰᠬᠤᠨ ᠳᠤ 2019 ᠣᠨ ᠤ | ᠶᠠᠳᠠᠭᠤ ᠶᠢ ᠲᠡᠳᠬᠦᠵᠦ ᠬᠠᠪᠰᠤᠷᠤᠨ ᠲᠡᠳᠬᠦᠬᠦ 10 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠠᠵᠤ᠂ ᠰᠢᠶᠠᠨ ᠤ | ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳ᠋ᠠ ᠢᠦᠶ ᠱᠣ᠋ ᠰᠢᠶᠠᠩ ᠤᠨ | ᠨᠠᠮ ᠤᠨ ᠬᠤᠷᠢᠶᠠᠨ ᠤ ᠪᠦᠬᠦ ᠨᠠᠮ ᠤᠨ ᠭᠡᠰᠢᠭᠦᠨ ᠺᠠᠳ᠋ᠷ ᠬᠠᠨᠳᠢᠪ ᠥᠭᠭᠦᠭᠰᠡᠨ ᠪᠥᠭᠡᠳ ᠵᠦᠸᠧᠽᠢ ᠰᠢᠶᠠᠨ ᠤ ᠶᠠᠳᠠᠭᠤ ᠶᠢ | ᠲᠡᠳᠬᠦᠬᠦ ᠺᠦᠩ ᠳ᠋ᠦ᠋ ᠶᠢᠩ ᠲᠣᠰᠬᠤᠨ ᠤ ᠬᠡᠭᠡᠷ᠎ᠡ ᠶᠢᠨ ᠡᠷᠡᠭᠦᠯᠵᠢᠯ ᠤᠨ ᠰᠢᠵᠢᠷ ᠠᠯᠲᠠᠨ ᠴᠠᠢ ᠶᠢᠨ ᠬᠢᠵᠠᠭᠠᠷᠲᠤ | ᠺᠣᠮᠫᠠᠨᠢ ᠳᠤ ᠫᠠᠶᠢᠰᠠ ᠰᠡᠬᠦᠪᠡ᠃ | | ᠯᠢ ᠶᠢᠩ ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠯ | ᠶᠡᠷᠦᠩᠬᠡᠶ ᠱᠦᠵᠢ ᠶᠢᠨ ᠡᠳᠦᠷ ᠰᠥᠨᠢ ᠦᠭᠡᠢ ᠰᠠᠨᠠᠭᠠᠯᠵᠠᠵᠤ ᠪᠠᠶᠢᠭ᠎ᠠ ᠶᠠᠪᠤᠳᠠᠯ ᠮᠥᠨ᠂ ᠪᠠᠰᠠ ᠴᠤ ᠪᠦᠬᠦ ᠨᠡᠶᠢᠭᠡᠮ ᠤᠨ | ᠬᠠᠮᠲᠤ ᠶᠢᠨ ᠬᠠᠷᠢᠭᠤᠴᠠᠯᠭ᠎ᠠ ᠮᠥᠨ᠃ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ᠂ ᠡᠯ᠎ᠡ | ᠱᠠᠲᠤᠨ ᠤ ᠺᠠᠳ᠋ᠷᠴᠤᠳ ᠤᠨ ᠡᠳᠦᠷ ᠰᠥᠨᠢ ᠦᠭᠡᠢ ᠠᠵᠢᠯᠯᠠᠵᠤ᠂ ᠪᠠᠶᠠᠷᠯᠠᠭᠤᠰᠢᠲᠠᠶ ᠠᠮᠵᠢᠯᠲᠠ ᠣᠯᠵᠠᠶ᠃ ᠬᠥᠳᠡᠭᠡ | ᠲᠣᠰᠬᠤᠨ ᠤ 16439 ᠶᠠᠳᠠᠭᠤ ᠬᠦᠴᠢᠷᠳᠡᠯᠲᠡᠶ ᠬᠥᠮᠦᠨ ᠠᠮᠠ ᠨᠢᠭᠡᠨᠲᠡ 11000 ᠭᠠᠷᠤᠶ ᠬᠥᠮᠦᠨ ᠶᠠᠳᠠᠭᠤ ᠠᠴᠠ | ᠠᠩᠭᠢᠵᠢᠷᠠᠵᠤ᠂ ᠦᠯᠡᠳᠡᠭᠰᠡᠨ 5000 ᠭᠠᠷᠤᠶ ᠬᠥᠮᠦᠨ ᠡᠨᠡ ᠵᠢᠯ ᠶᠠᠳᠠᠭᠤ ᠠᠴᠠ ᠠᠩᠭᠢᠵᠢᠷᠠᠬᠤ ᠪᠣᠯᠤᠨ᠎ᠠ᠃ ᠺᠦᠩ ᠳ᠋ᠦ᠋ | ᠶᠢᠩ ᠲᠣᠰᠬᠤᠨ ᠤ ᠬᠡᠭᠡᠷ᠎ᠡ ᠶᠢᠨ ᠡᠷᠡᠭᠦᠯᠵᠢᠯ ᠤᠨ ᠰᠢᠵᠢᠷ ᠠᠯᠲᠠᠨ ᠴᠠᠢ ᠶᠢᠨ ᠤᠶᠢᠯᠡᠳᠪᠦᠷᠢ ᠶᠢ ᠤᠷᠤᠭᠰᠢᠲᠠᠶ | ᠪᠠᠶᠢᠭᠤᠯᠤᠭᠰᠠᠨ ᠶᠠᠪᠤᠳᠠᠯ ᠪᠣᠯ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠵᠢᠴᠢ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠨᠢᠭᠡᠴᠡ ᠪᠣᠯᠤᠨ ᠳ᠋ᠠ ᠢᠦᠶ ᠱᠣ᠋ ᠰᠢᠶᠠᠩ ᠲᠣᠰᠬᠤᠨ ᠬᠤᠶᠠᠷ ᠱᠠᠲᠤ | ᠬᠠᠮᠲᠤᠷᠠᠨ ᠲᠣᠰᠬᠤᠨ ᠤ ᠬᠠᠮᠲᠤ ᠶᠢᠨ ᠠᠵᠤ ᠠᠬᠤᠶ ᠶᠢ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠪᠣᠯᠤᠨ᠎ᠠ᠂ ᠠᠵᠤ | ᠦᠢᠯᠡᠰ ᠤᠨ ᠬᠥᠭᠵᠢᠯᠲᠡ ᠨᠢ ᠺᠦᠩ ᠳ᠋ᠦ᠋ ᠶᠢᠩ ᠲᠣᠰᠬᠤᠨ ᠴᠢᠨᠠᠭᠰᠢᠯᠠᠪᠠᠯ ᠡᠷᠭᠢᠨ ᠲᠣᠭᠤᠷᠢᠨ ᠤ ᠭᠠᠵᠠᠷ ᠣᠷᠣᠨ ᠤ ᠣᠯᠠᠨ | ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠬᠦᠴᠦᠲᠡᠶ ᠳᠠᠶᠢᠴᠢᠯᠠᠬᠤ ᠨᠢ ᠯᠠᠪᠲᠠᠶ ᠶᠤᠮ᠃ | ᠭᠡᠪᠡᠴᠦ ᠪᠠᠶᠢᠭᠠᠯᠢ ᠶᠢᠨ ᠨᠥᠬᠦᠴᠡᠯ᠂ ᠬᠥᠭᠵᠢᠯᠲᠡ ᠶᠢᠨ ᠰᠠᠭᠤᠷᠢ ᠶᠢᠨ ᠬᠢᠵᠠᠭᠠᠷᠯᠠᠯ ᠠᠴᠠ ᠪᠣᠯᠵᠤ᠂ ᠰᠠᠭᠤᠷᠢ ᠮᠠᠰᠢ ᠨᠢᠮᠭᠡᠨ | ᠪᠠᠶᠢᠵᠤ᠂ ᠶᠠᠳᠠᠭᠤ ᠠᠴᠠ ᠠᠩᠭᠢᠵᠢᠷᠠ ᠴᠢᠨᠡᠭᠡᠯᠢᠭᠵᠢᠬᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠭᠦᠷᠭᠡ ᠪᠠᠰᠠ | ᠮᠠᠰᠢ ᠪᠡᠷᠬᠡ ᠬᠠᠲᠠᠭᠤᠵᠢᠯᠲᠠᠶ ᠪᠠᠶᠢᠨ᠎ᠠ᠂ ᠡᠯ᠎ᠡ ᠱᠠᠲᠤᠨ ᠤ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠵᠤ᠂ ᠪᠦᠬᠦ | ᠨᠡᠶᠢᠭᠡᠮ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠯᠴᠠᠬᠤ ᠬᠦᠴᠦᠷᠬᠡᠭ ᠶᠡᠭᠡ | ᠬᠦᠴᠦᠨ ᠢ ᠨᠢᠭᠲᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠶᠠᠳᠠᠭᠤ ᠬᠦᠴᠢᠷᠳᠡᠯ ᠢ ᠬᠤᠪᠢᠷᠠᠭᠤᠯᠵᠤ᠂ | ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠬᠤ ᠶᠢ ᠬᠦᠰᠡᠵᠦ ᠪᠠᠶᠢᠨ᠎ᠠ᠃ | | ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |