| 2019 ᠤᠨ ᠡᠬᠢ ᠪᠠᠷ᠂ ᠮᠠᠨ ᠤ ᠰᠢᠶᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠵᠦ᠂ | ᠬᠠᠮᠢᠶ᠎ᠠ ᠪᠦᠬᠦᠢ ᠡᠭᠦᠷᠭᠡ ᠴᠢᠳᠠᠪᠬᠢ ᠲᠣᠭᠲᠠᠭᠤᠨ ᠢᠶᠠᠷ ᠠᠬᠢᠵᠤ᠂ 3 ᠰᠠᠷ᠎ᠠ ᠶᠢᠨ 22 ᠤᠨ ᠡᠳᠦᠷ᠂ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠂ | ᠰᠢᠨ᠎ᠡ ᠪᠠᠷ ᠪᠠᠢᠭᠤᠯᠤᠭᠳᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ | ᠴᠢᠳᠠᠪᠤᠷᠢ ᠳᠤ ᠴᠤᠬᠤᠮ ᠶᠠᠮᠠᠷ ᠬᠤᠪᠢᠷᠠᠯᠲᠠ ᠭᠠᠷᠤᠭᠰᠠᠨ ᠪᠣᠶ︖ ᠠᠵᠢᠯ ᠤᠨ ᠭᠤᠤᠯᠳᠠᠯᠭ᠎ᠠ ᠪᠠᠨ ᠬᠠᠮᠢᠭ᠎ᠠ | ᠲᠠᠯᠪᠢᠬᠤ ᠭᠡᠵᠦ ᠪᠠᠶᠢᠨ᠎ᠠ ᠤᠤ︖ ᠪᠢᠳᠡ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠮᠠ ᠪᠦᠦ ᠱᠧᠩ ᠢ ᠰᠤᠷᠪᠤᠯᠵᠢᠯᠠᠪᠠ᠃ | ᠬᠥᠲᠥᠯᠥᠭᠴᠢ᠄ᠰᠢᠨ᠎ᠡ ᠪᠠᠶᠢᠭᠤᠯᠤᠭᠳᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠡᠭᠦᠷᠭᠡ ᠴᠢᠳᠠᠪᠤᠷᠢ ᠨᠢ ᠴᠤᠬᠤᠮ ᠶᠠᠮᠠᠷ ᠬᠤᠪᠢᠷᠠᠯᠲᠠ ᠭᠠᠷᠤᠭᠰᠠᠨ ᠢ ᠲᠠᠨᠢᠯᠴᠠᠭᠤᠯᠤᠭᠠᠳ ᠥᠭᠭᠦᠨ᠎ᠡ | ᠤᠤ︖ | ᠮᠠ ᠪᠦᠦ ᠱᠧᠩ᠄ ᠡᠨᠡ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠤᠤᠯ ᠤᠨ ᠰᠢᠶᠠᠨ ᠤ ᠠᠶᠤᠯᠭᠦᠶ | ᠤᠶᠢᠯᠠᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠤᠰᠢᠶᠠᠯ ᠬᠠᠷᠢᠭᠤᠴᠠᠯᠭ᠎ᠠ᠂ ᠰᠢᠶᠠᠨ ᠤ | ᠵᠠᠰᠠᠭ ᠤᠨ ᠣᠷᠳᠣᠨ ᠤ ᠠᠯᠪᠠᠨ ᠭᠡᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ᠂ ᠴᠢ ᠰᠢᠶᠠ ᠶᠢᠩ ᠪᠠᠯᠭᠠᠰᠤᠨ ᠤ ᠭᠠᠯ ᠤᠨᠲᠠᠷᠠᠭᠠᠬᠤ ᠠᠩᠭᠢ ᠶᠢᠨ ᠲᠤᠰᠢᠶᠠᠯ ᠬᠠᠷᠢᠭᠤᠴᠠᠯᠭ᠎ᠠ᠂ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠭᠠᠮᠰᠢᠭ ᠠᠴᠠ ᠠᠪᠤᠷᠠᠬᠤ ᠲᠤᠰᠢᠶᠠᠯ ᠬᠠᠷᠢᠭᠤᠴᠠᠯᠭ᠎ᠠ ᠂ | ᠰᠢᠶᠠᠨ ᠤ ᠤᠯᠤᠰ ᠶᠢᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ | ᠡᠭᠦᠷᠭᠡ ᠬᠠᠷᠢᠭᠤᠴᠠᠯᠭ᠎ᠠ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠭᠠᠩ ᠭᠠᠮᠰᠢᠭ ᠢ ᠰᠡᠷᠭᠡᠶᠢᠯᠡᠨ | ᠵᠠᠰᠠᠬᠤ ᠡᠭᠦᠷᠭᠡ ᠬᠠᠷᠢᠭᠤᠴᠠᠯᠭ᠎ᠠ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ᠂ ᠰᠢᠶᠠᠨ ᠤ ᠣᠢ ᠰᠢᠭᠤᠶ ᠶᠢᠨ ᠲᠣᠪᠴᠢᠶ᠎ᠠ ᠶᠢᠨ ᠣᠢ | ᠰᠢᠭᠤᠶ ᠶᠢᠨ ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠠᠵᠠᠷ ᠬᠥᠳᠡᠯᠦᠯᠲᠡ ᠶᠢᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠡᠭᠦᠷᠭᠡ ᠬᠠᠷᠢᠭᠤᠴᠠᠯᠭ᠎ᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ | ᠭᠠᠮᠰᠢᠭ ᠢ ᠪᠠᠭᠠᠰᠬᠠᠬᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ | ᠭᠠᠵᠠᠷ ᠤᠨ ᠡᠭᠦᠷᠭᠡ ᠬᠠᠷᠢᠭᠤᠴᠠᠯᠭ᠎ᠠ ᠵᠢᠴᠢ ᠰᠢᠶᠠᠨ ᠤ ᠠᠶᠤᠯ ᠦᠭᠡᠢ ᠤᠶᠢᠯᠠᠳᠪᠦᠷᠢᠯᠡᠯ ᠤᠨ ᠵᠥᠪᠯᠡᠯ ᠤᠨ ᠪᠣᠳᠠᠲᠠᠶ | ᠠᠵᠢᠯ ᠢ ᠡᠮᠬᠢᠯᠡᠨ ᠨᠡᠶᠢᠯᠡᠭᠦᠯᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ | ᠪᠠᠶᠢᠭᠤᠯᠪᠠ᠃ ᠡᠨᠡ ᠪᠣᠯ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠨᠥᠯᠥᠭᠡᠯᠡᠨ ᠬᠢᠵᠠᠭᠠᠷᠯᠠᠵᠤ | ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠪᠠᠴᠢᠮ ᠪᠠᠶᠢᠳᠠᠯ ᠢ ᠠᠷᠭᠠᠴᠠᠬᠤ ᠬᠦᠴᠦᠨ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ︽ᠬᠠᠲᠠᠭᠤ ᠰᠢᠷᠦᠭᠦᠨ᠂ ᠲᠤᠰᠬᠠᠶ ᠪᠠᠶᠢᠩᠭᠤ ᠬᠠᠪᠰᠤᠷᠭᠠᠭᠰᠠᠨ᠂ ᠬᠤᠷᠴᠠ | ᠰᠡᠷᠭᠡᠭ ᠲᠤᠰᠬᠠᠯ ᠲᠠᠢ᠂ ᠳᠡᠭᠡᠲᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠡᠩ ᠤᠨ ᠦᠶ᠎ᠡ ᠪᠠ ᠳᠠᠶᠢᠨ ᠤ | ᠦᠶ᠎ᠡ ᠶᠢ ᠤᠶᠠᠯᠳᠤᠭᠤᠯᠤᠭᠰᠠᠨ︾ ᠳᠤᠮᠳᠠᠳᠤ ᠤᠯᠤᠰ ᠶᠢᠨ ᠣᠨᠴᠠᠯᠢᠭ ᠪᠦᠬᠦᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠬᠥᠲᠥᠯᠥᠭᠴᠢ᠄ ᠲᠡᠭᠡᠪᠡᠯ ᠰᠢᠨ᠎ᠡ ᠪᠠᠷ ᠪᠠᠶᠢᠭᠤᠯᠤᠭᠳᠠᠭᠰᠠᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠡᠨᠡ | ᠵᠢᠯ ᠤᠨ ᠠᠵᠢᠯ ᠤᠨ ᠭᠤᠤᠯᠳᠠᠯᠭ᠎ᠠ ᠪᠠᠨ ᠠᠯᠢ ᠲᠠᠯ᠎ᠠ ᠳᠤ ᠲᠠᠯᠪᠢᠨ᠎ᠠ ᠤᠤ︖ | ᠮᠠ ᠪᠦᠦ ᠱᠧᠩ᠄ ᠪᠢᠳᠡ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠲᠤ ᠬᠤᠭᠤᠴᠠᠭ᠎ᠠ ᠪᠦᠲᠦᠮᠵᠢᠲᠡᠶ | ᠪᠠᠶᠢᠬᠤ ᠳᠤ ᠰᠠᠭᠤᠷᠢᠯᠠᠨ᠂ ᠳᠥᠷᠪᠡᠨ ᠲᠠᠯ᠎ᠠ ᠶᠢᠨ ᠭᠤᠤᠯ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠂ | ᠨᠢᠭᠡ ᠳᠤ᠂ ︽ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠯᠠᠭᠠᠨ ᠱᠤᠭᠤᠮ ᠤᠨ ᠤᠬᠠᠮᠰᠠᠷ | ᠪᠣᠯᠤᠨ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠰᠠᠬᠢᠵᠤ᠂ ᠠᠶᠤᠯᠭᠦᠶ ᠤᠶᠢᠯᠠᠳᠪᠦᠷᠢᠯᠡᠯ ᠢ ᠯᠠᠪᠳᠠᠭᠤᠨ | ᠪᠠᠲᠤᠲᠠᠶ ᠠᠳᠬᠤᠵᠤ᠂ ᠠᠶᠤᠯᠭᠦᠶ ᠤᠶᠢᠯᠠᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠪᠥᠬᠦ | ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠠᠶᠤᠯᠭᠦᠶ ᠤᠶᠢᠯᠠᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠨ᠎ᠠ︔ ᠬᠤᠶᠠᠷ ᠲᠤ᠂ ᠵᠣᠬᠢᠶᠠᠨ ᠪᠠᠶᠢᠭᠤᠯᠬᠤ ᠶᠢᠨ ᠳᠠᠭᠠᠤ ᠪᠠᠴᠢᠮ | ᠪᠠᠶᠢᠳᠠᠯ ᠢ ᠠᠷᠭᠠᠴᠠᠬᠤ ᠶᠢ ᠪᠠᠷᠢᠮᠲᠠᠯᠠᠵᠤ᠂ ᠬᠤᠶᠠᠷ ᠲᠠᠯ᠎ᠠ ᠪᠠᠷ ᠠᠬᠢᠭᠤᠯᠵᠤ᠂ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠤᠭᠰᠠᠨ ᠪᠠᠶᠢᠳᠠᠯ ᠳᠣᠤᠷ᠎ᠠ᠂ | ︽ᠡᠩ ᠤᠨ ᠦᠶ᠎ᠡ ᠪᠠ ᠡᠩ ᠤᠨ ᠦᠶ᠎ᠡ ᠶᠢ ᠬᠤᠤᠰᠯᠠᠭᠤᠯᠬᠤ᠂ ᠬᠤᠷᠴᠠ ᠰᠡᠷᠭᠡᠭ ᠲᠤᠰᠬᠠᠯ ᠭᠠᠷᠭᠠᠬᠤ᠂ ᠳᠡᠭᠡᠰᠦ | ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ︾ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠲᠦᠷᠭᠡᠨ ᠠᠬᠢᠭᠤᠯᠤᠨ ᠪᠦᠷᠢᠯᠳᠦᠭᠦᠯᠦᠨ᠎ᠡ︔ | ᠭᠤᠷᠪᠠ ᠳᠤ᠂ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ᠂ ᠶᠡᠷᠦᠩᠬᠡᠶᠢᠯᠡᠨ ᠵᠠᠰᠠᠬᠤ︾ | ᠴᠢᠭᠯᠡᠯᠲᠡ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠳᠥᠷᠪᠡ ᠳᠤ᠂ ᠶᠡᠷᠦᠩᠬᠡᠶ ᠱᠦᠵᠢ ᠰᠢ ᠶᠢᠨ ᠫᠢᠩ ᠤᠨ | ᠰᠤᠷᠭᠠᠯ ᠦᠭᠡ ᠶᠢᠨ ᠵᠣᠷᠢᠭ ᠰᠠᠨᠠᠭ᠎ᠠ ᠶᠢ ᠡᠷᠡᠰ ᠤᠶᠢᠯᠡᠳᠦᠯᠭᠡᠵᠢᠭᠦᠯᠵᠦ᠂ ᠨᠢᠭᠡᠨ ᠰᠠᠯᠠᠭ᠎ᠠ ᠴᠠᠭᠠᠷᠠᠭᠰᠠᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠪᠤᠷᠠᠨ ᠲᠤᠰᠠᠯᠠᠬᠤ ᠡᠩᠨᠡᠭᠡ ᠶᠢ ᠪᠠᠢᠭᠤᠯᠤᠨ᠎ᠠ᠃ | ᠬᠥᠲᠥᠯᠥᠭᠴᠢ᠄ ᠬᠤᠶᠢᠰᠢᠳᠠ ᠮᠠᠨ ᠤ ᠰᠢᠶᠠᠨ ᠬᠡᠷᠬᠢᠨ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠶ | ᠭᠠᠮᠰᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠪᠣᠶ︖ | ᠮᠠ ᠪᠦᠦ ᠱᠧᠩ᠄ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠣᠯ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠴᠢᠬᠤᠯᠠ ᠪᠦᠷᠢᠯᠳᠦᠬᠦᠨ ᠬᠡᠰᠡᠭ᠂ ᠭᠠᠵᠠᠷ ᠬᠥᠳᠡᠯᠦᠯᠲᠡ ᠶᠢᠨ ᠭᠠᠮᠰᠢᠭ ᠪᠣᠯ ᠮᠠᠨ ᠤ | ᠤᠯᠤᠰ ᠶᠢᠨ ᠬᠠᠮᠤᠭ ᠤᠨ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠤᠨ ᠨᠢᠭᠡ᠂ ᠭᠡᠨᠡᠳᠲᠡ ᠡᠭᠦᠰᠬᠦ ᠴᠢᠨᠠᠷ ᠢᠶᠠᠷ | ᠴᠢᠩᠭ᠎ᠠ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠯᠤᠲᠤ ᠶᠡᠭᠡ ᠰᠦᠷᠳᠡᠭᠦᠯᠦᠯ | ᠪᠣᠯᠵᠤ ᠪᠠᠶᠢᠨ᠎ᠠ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠨᠢ | ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠯᠲᠡ ᠳᠤ ᠬᠤᠯᠪᠣᠭᠳᠠᠵᠤ᠂ ᠤᠯᠤᠰ ᠣᠷᠣᠨ ᠤ | ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠵᠤ ᠪᠠᠶᠢᠳᠠᠭ᠃ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠵᠠᠷ ᠬᠥᠳᠡᠯᠦᠯᠲᠡ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ | ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠶᠡᠭᠡ ᠭᠠᠵᠠᠷ ᠬᠥᠳᠡᠯᠦᠯᠲᠡ ᠶᠢ | ᠡᠰᠡᠷᠭᠦᠴᠡᠬᠦ᠂ ᠶᠡᠭᠡ ᠭᠠᠮᠰᠢᠭ ᠢ ᠠᠪᠤᠷᠠᠬᠤ ᠳᠤ ᠰᠠᠭᠤᠷᠢᠯᠠᠨ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ | ᠵᠠᠰᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠭᠠᠵᠠᠷ ᠬᠥᠳᠡᠯᠦᠯᠲᠡ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠲᠦᠷᠭᠡᠳᠬᠡᠨ᠂ ᠭᠤᠤᠯ ᠪᠣᠯᠭᠠᠨ᠂ ᠰᠡᠷᠭᠡᠶᠢᠯᠡᠨ ᠡᠰᠡᠷᠭᠦᠴᠡᠵᠦ ᠠᠪᠤᠷᠠᠨ ᠲᠤᠰᠠᠯᠠᠬᠤ ᠶᠢ | ᠤᠶᠠᠯᠳᠤᠭᠤᠯᠬᠤ ᠱᠠᠭᠠᠷᠳᠠᠯᠭ᠎ᠠ ᠶᠢ ᠨᠠᠢᠳᠠᠪᠤᠷᠢᠵᠢᠭᠤᠯᠬᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢ ᠴᠢᠩᠭᠠᠳᠬᠠᠨ᠂ ᠨᠡᠶᠢᠭᠡᠮ ᠤᠨ ᠶᠡᠷᠦᠩᠬᠡᠶᠢᠯᠡᠭᠰᠡᠨ ᠴᠢᠨᠠᠷᠲᠠᠶ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ | ᠠᠵᠢᠯ ᠤᠨ ᠰᠠᠭᠤᠷᠢ ᠶᠢ ᠪᠠᠬᠢᠵᠢᠭᠦᠯᠦᠨ᠂ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠠᠴᠠ | ᠵᠠᠶᠢᠯᠠᠬᠤ᠂ ᠭᠠᠮᠰᠢᠭ ᠠᠴᠠ ᠠᠪᠤᠷᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠭᠠᠵᠠᠷ | ᠬᠥᠳᠡᠯᠦᠯᠲᠡ ᠶᠢᠨ ᠭᠠᠮᠰᠢᠭ ᠠᠴᠠ ᠪᠣᠯᠤᠭᠰᠠᠨ ᠭᠠᠮᠰᠢᠭ ᠤᠨ ᠠᠪᠴᠢᠷᠠᠭᠰᠠᠨ ᠡᠳ᠋ ᠬᠥᠷᠥᠩᠭᠡ ᠶᠢᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠳᠤ ᠴᠢᠭᠯᠡᠭᠦᠯᠦᠨ᠂ ᠮᠠᠨ ᠤ ᠰᠢᠶᠠᠨ ᠦᠶᠡᠷ ᠢ ᠰᠡᠷᠭᠡᠶᠢᠯᠡᠨ᠂ | ᠶᠡᠭᠡ ᠭᠠᠮᠰᠢᠭ ᠢ ᠡᠰᠡᠷᠭᠦᠴᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠪᠠᠲᠤᠯᠠᠵᠤ᠂ ᠤᠰᠤ ᠭᠠᠩ ᠤᠨ ᠭᠠᠮᠰᠢᠭ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠪᠣᠯᠤᠨ᠎ᠠ᠃ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠦᠶᠡᠷ ᠢ ᠰᠡᠷᠭᠡᠶᠢᠯᠡᠵᠦ ᠭᠠᠩ ᠠᠴᠠ ᠰᠡᠷᠭᠡᠶᠢᠯᠡᠬᠦ | ᠠᠵᠢᠯ ᠶᠢᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ | ᠂ ᠦᠶᠡᠷ ᠢ ᠰᠡᠷᠭᠡᠶᠢᠯᠡᠬᠦ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠭ | ᠠᠭᠤᠷ ᠤᠨ ᠰᠠᠯᠠᠭ᠎ᠠ ᠮᠥᠴᠢᠷ ᠢ ᠵᠣᠬᠢᠴᠠᠭᠤᠯᠤᠨ ᠦᠶᠡᠷ ᠭᠠᠩ ᠤᠨ ᠰᠡᠷᠡᠮᠵᠢᠯᠡᠭᠦᠯᠦᠯ ᠢ ᠰᠠᠶᠢᠲᠤᠷ ᠬᠢᠵᠦ᠂ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ︔ ᠭᠤᠣᠯ ᠤᠨ ᠶᠠᠪᠤᠳᠠᠯ᠂ ᠤᠰᠤᠨ ᠤ | ᠶᠠᠪᠤᠳᠠᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯ ᠤᠨ ᠵᠠᠮ ᠤᠨ ᠬᠠᠮᠢᠶᠠᠷᠤᠯᠲᠠ ᠶᠢ | ᠴᠢᠩᠭᠠᠷᠠᠭᠤᠯᠤᠨ᠂ ᠦᠶᠡᠷ ᠤᠨ ᠬᠤᠭᠤᠴᠠᠭᠠᠨ ᠲᠤ ᠬᠠᠮᠤᠭ ᠤᠨ ᠶᠡᠭᠡ ᠵᠠᠯᠠᠵᠤ ᠵᠢᠯᠣᠭᠤᠳᠬᠤ᠂ ᠦᠶᠡᠷ ᠬᠤᠷᠠᠭᠤᠯᠬᠤ | ᠬᠦᠴᠦᠨ ᠴᠢᠳᠠᠯ ᠢ ᠪᠠᠳᠠᠷᠠᠭᠤᠯᠵᠤ᠂ ᠦᠶᠡᠷ ᠤᠨ ᠳᠠᠯᠳᠠ ᠬᠡᠮ ᠢ ᠥᠩᠭᠡᠷᠡᠭᠦᠯᠦᠨ᠂ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠪᠣᠳᠠᠰ ᠢ ᠨᠥᠭᠡᠴᠡᠯᠡᠬᠦ ᠪᠠ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠦᠶᠡᠷ ᠤᠨ ᠠᠶᠤᠯ ᠥᠬᠡᠶ ᠥᠩᠭᠡᠷᠡᠭᠦᠯᠦᠨ ᠭᠠᠩ ᠬᠠᠭᠰᠠᠷᠠᠭᠠᠨ ᠲᠠᠢ ᠲᠡᠮᠡᠴᠡᠬᠦ ᠶᠢ ᠪᠠᠲᠤᠯᠠᠬᠤ | ᠬᠡᠷᠡᠭᠲᠡᠢ᠃ | ᠬᠥᠲᠥᠯᠥᠭᠴᠢ᠄ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠤᠨ ᠪᠠᠴᠢᠮ ᠪᠠᠶᠢᠳᠠᠯ ᠢ | ᠠᠷᠭᠠᠴᠠᠬᠤ ᠠᠵᠢᠯ ᠳᠠᠬᠢ ᠴᠢᠬᠤᠯᠠ ᠤᠶᠢᠯᠡᠳᠤᠯ ᠢ ᠪᠢᠳᠡ ᠪᠦᠷ ᠮᠡᠳᠡᠨ᠎ᠡ᠂ ᠮᠠᠨ ᠤ ᠰᠢᠶᠠᠨ ᠪᠠᠴᠢᠮ ᠪᠠᠶᠢᠳᠠᠯ ᠢ | ᠠᠷᠭᠠᠴᠠᠬᠤ ᠤᠷᠢᠳᠴᠢᠯᠠᠭᠰᠠᠨ ᠲᠥᠰᠦᠯ ᠢ ᠬᠡᠷᠬᠢᠨ ᠲᠣᠭᠲᠠᠭᠠᠬᠤ ᠪᠣᠶ︖ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠰᠣᠷᠢᠯᠲᠠ ᠶᠢᠨ ᠠᠴᠢ ᠬᠤᠯᠪᠣᠭᠳᠠᠯ ᠨᠢ ᠬᠠᠮᠢᠭ᠎ᠠ ᠪᠠᠶᠢᠬᠤ ᠪᠣᠶ︖ | ᠮᠠ ᠪᠦᠦ ᠱᠧᠩ᠄ ᠪᠠᠴᠢᠮ ᠲᠥᠰᠦᠯ ᠪᠣᠯ ᠨᠢᠭᠡ ᠵᠤᠶᠢᠯ ᠤᠨ ᠲᠥᠯᠥᠪᠯᠡᠭᠡᠲᠦ ᠴᠢᠨᠠᠷᠲᠠᠶ ᠠᠵᠢᠯ᠂ ᠴᠠᠭ ᠢᠮᠠᠭᠲᠠ | ᠡᠭᠦᠰᠴᠦ ᠮᠡᠳᠡᠬᠦ ᠭᠡᠨᠡᠳᠲᠡ ᠶᠢᠨ ᠬᠡᠷᠡᠭ ᠢ ᠠᠷᠭᠠᠴᠠᠵᠤ᠂ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ | ᠰᠢᠢᠳᠪᠦᠷᠢᠯᠡᠬᠦ ᠳᠤ ᠳᠥᠭᠦᠮ ᠪᠣᠯᠭᠠᠬᠤ ᠶᠢᠨ ᠲᠥᠯᠥᠭᠡ ᠪᠢᠳᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠬᠤ ᠪᠠᠷ ᠳᠠᠮᠵᠢᠭᠤᠯᠤᠨ ᠭᠡᠨᠡᠳᠲᠡ ᠶᠢᠨ ᠬᠡᠷᠡᠭ ᠭᠠᠷᠬᠤ ᠶᠢ | ᠰᠡᠷᠭᠡᠶᠢᠯᠡᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠪᠤᠷᠠᠨ | ᠲᠤᠰᠠᠯᠠᠬᠤ ᠦᠷ᠎ᠡ ᠪᠦᠲᠦᠮᠵᠢ ᠪᠠᠨ ᠨᠡᠮᠡᠭᠳᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ᠂ ᠡᠯ᠎ᠡ ᠬᠦᠷᠢᠶ᠎ᠡ᠂ ᠡᠯ᠎ᠡ ᠱᠠᠲᠤ ᠦᠶ᠎ᠡ ᠳᠤ ᠴᠥᠮ ᠪᠦᠷᠬᠦᠭᠦᠯᠦᠶᠡ | ᠭᠡᠪᠡᠯ᠂ ︽ᠬᠥᠨᠳᠡᠯᠡᠨ ᠢᠶᠠᠷ ᠬᠥᠪᠡᠭᠡ ᠬᠢᠵᠠᠭᠠᠷ ᠲᠤ ᠬᠦᠷᠴᠦ᠂ ᠡᠴᠦᠰ ᠲᠤᠨᠢ ᠲᠤᠯᠲᠠᠯ᠎ᠠ ᠬᠢᠵᠦ᠂ ᠥᠨᠴᠥᠭ | ᠪᠤᠯᠤᠩ ᠦᠯᠡᠳᠡᠭᠡᠬᠦ ᠦᠭᠡᠢ᠂ ᠨᠢᠭᠲᠠ ᠬᠤᠯᠪᠣᠯᠳᠤᠬᠤ︾ ᠶᠢ ᠪᠡᠶᠡᠯᠡᠭᠦᠯᠬᠦ ᠬᠡᠷᠡᠭᠲᠡᠶ᠃ | ᠣᠳᠣᠬᠠᠨ ᠳᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ | ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠤᠷᠢᠵᠤ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ | ᠤᠷᠢᠳᠴᠢᠯᠠᠭᠰᠠᠨ ᠲᠥᠰᠦᠯ ᠢ ᠨᠠᠶᠢᠷᠠᠭᠤᠯᠤᠨ ᠵᠣᠬᠢᠶᠠᠨ᠎ᠠ᠂ ᠡᠭᠦᠨ ᠳᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ | ᠤᠷᠢᠳᠴᠢᠯᠠᠭᠰᠠᠨ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ ᠲᠤᠰᠬᠠᠶ ᠤᠷᠢᠳᠴᠢᠯᠠᠭᠰᠠᠨ | ᠲᠥᠰᠦᠯ ᠪᠠᠭᠲᠠᠨ᠎ᠠ᠃ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠭᠰᠠᠨ ᠤ ᠳᠠᠷᠠᠭ᠎ᠠ ᠨᠢᠭᠡ ᠯᠡ | ᠳᠡᠭᠡᠷ᠎ᠡ ᠰᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠪᠢᠰᠢ ᠶᠤᠮ᠂ ᠪᠢᠳᠡ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠰᠣᠷᠢᠯᠲᠠ ᠶᠢᠨ ᠦᠷ᠎ᠡ | ᠳ᠋ᠦᠩ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠠᠰᠤᠷᠠᠯᠲᠠ ᠦᠭᠡᠢ ᠲᠤᠬᠢᠷᠠᠭᠤᠯᠤᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠠ | ᠬᠠᠷᠰᠢ ᠰᠠᠭᠠᠳ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠶ᠃ | ᠣᠯᠠᠨ ᠨᠡᠶᠢᠲᠡ ᠶᠢᠨ ᠰᠤᠳᠤᠯᠭᠠᠨ ᠤ ᠨᠡᠶᠢᠭᠡᠮᠯᠢᠭ ᠢ ᠭᠡᠨᠡᠳᠲᠡ ᠶᠢᠨ ᠬᠡᠷᠡᠭ ᠤᠨ ᠳᠤᠮᠳᠠ ᠰᠠᠶᠢᠨ ᠰᠠᠶᠢᠬᠠᠨ | ᠰᠡᠳᠬᠢᠴᠡ ᠶᠢᠨ ᠪᠠᠶᠢᠳᠠᠯ ᠲᠠᠢ ᠪᠠᠶᠢᠯᠭᠠᠵᠤ᠂ ᠠᠶᠤᠨ ᠰᠦᠷᠳᠡᠬᠦ ᠰᠡᠳᠬᠢᠯᠭᠡ ᠶᠢ ᠪᠠᠭᠠᠰᠬᠠᠨ᠂ ᠵᠠᠰᠠᠭ ᠤᠨ ᠣᠷᠳᠣᠨ | ᠪᠠ ᠰᠠᠯᠠᠭ᠎ᠠ ᠮᠥᠴᠢᠷ ᠲᠠᠢ ᠬᠠᠮᠵᠢᠯᠴᠠᠨ ᠭᠡᠨᠡᠳᠲᠡ ᠶᠢᠨ ᠬᠡᠷᠡᠭ ᠢ ᠬᠠᠮᠲᠤ ᠪᠠᠷ ᠠᠷᠭᠠᠴᠠᠵᠤ᠂ ᠪᠦᠬᠦ᠋ᠢᠯᠡ | ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠪᠣᠯᠭᠠᠨ᠎ᠠ᠃ | ᠬᠥᠲᠥᠯᠥᠭᠴᠢ᠄ ᠡᠨᠡ ᠵᠢᠯ ᠤᠨ ᠮᠠᠨ ᠤ ᠰᠢᠶᠠᠨ ᠤ ᠤᠶᠢᠯᠡᠳᠪᠦᠷᠢᠯᠡᠯ ᠤᠨ ᠠᠮᠤᠷ ᠲᠦᠪᠰᠢᠨ ᠤ ᠲᠠᠯ᠎ᠠ ᠪᠠᠷ ᠬᠢ | ᠬᠠᠤᠯᠢ ᠬᠡᠷᠡᠭᠵᠢᠭᠦᠯᠬᠦ ᠭᠤᠤᠯᠳᠠᠯᠭ᠎ᠠ ᠨᠢ ᠶᠠᠭᠤ ᠪᠣᠶ︖ | ᠮᠠ ᠪᠦᠦ ᠱᠧᠩ᠄ ᠡᠨᠡ ᠵᠢᠯ ᠮᠠᠨ ᠤ ᠰᠢᠶᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠪᠥᠬᠦ ᠲᠠᠯ᠎ᠠ ᠪᠠᠷ | ᠴᠢᠩᠭᠠᠳᠬᠠᠵᠤ᠂ ᠠᠶᠤᠯᠭᠦᠶ ᠤᠶᠢᠯᠡᠳᠪᠦᠷᠢᠯᠡᠯ ᠤᠨ ᠡᠯ᠎ᠡ ᠵᠦᠶ᠋ᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ | ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠤᠶᠢᠯᠡᠳᠪᠦᠷᠢᠯᠡᠯ ᠤᠨ ᠠᠶᠤᠯᠭᠦᠶ ᠶᠢᠨ ᠲᠠᠯ᠎ᠠ ᠪᠠᠷ᠂ ᠮᠠᠨ ᠤ ᠭᠤᠤᠯᠳᠠᠯᠭ᠎ᠠ ᠲᠠᠢ ᠬᠠᠤᠯᠢ ᠬᠡᠷᠡᠭᠵᠢᠭᠦᠯᠬᠦ ᠠᠵᠢᠯ | ᠭᠡᠪᠡᠯ᠄ ᠨᠢᠭᠡ ᠳᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠶᠤᠯᠭᠦᠶ ᠤᠶᠢᠯᠡᠳᠪᠦᠷᠢᠯᠡᠯ ᠤᠨ ᠲᠤᠬᠠᠶ | ᠤᠯᠤᠰ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠶᠠᠷ ᠲᠤ | ᠠᠶᠤᠯᠲᠠᠶ ᠪᠣᠳᠠᠰ᠂ ᠬᠤᠸᠠᠷ ᠫᠤᠤᠵᠢᠩ᠂ ᠤᠶᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠎ᠠ᠂ ᠨᠡᠭᠦᠷᠡᠰᠦᠨ ᠤ | ᠪᠤᠰᠤ ᠠᠭᠤᠷᠬᠠᠢ ᠶᠢᠨ ᠠᠵᠢᠯ ᠲᠥᠷᠥᠯ ᠤᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠭᠤᠷᠪᠠ ᠳᠤ | ᠤᠶᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ | ᠥᠷᠨᠢᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠤᠲᠠᠭᠳᠠᠯ ᠢ ᠴᠠᠭ ᠲᠤᠬᠠᠶ ᠳᠤᠨᠢ ᠢᠯᠡᠷᠡᠭᠦᠯᠵᠦ᠂ | ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ ᠠᠵᠤ ᠠᠬᠤᠶᠢᠯᠠᠯ ᠬᠤᠪᠢᠶᠠᠨ ᠳᠠᠩᠰᠠ | ᠡᠪᠬᠡᠮᠡᠯ ᠪᠠᠶᠢᠭᠤᠯᠬᠤ ᠶᠢᠨ ᠬᠠᠮᠲᠤ ᠮᠥᠷᠳᠡᠨ ᠰᠢᠪᠠᠳᠠᠵᠤ ᠴᠡᠭᠴᠡᠯᠡᠨ ᠰᠠᠶᠢᠵᠢᠷᠠᠭᠤᠯᠪᠠ᠃ ᠳᠥᠷᠪᠡ ᠳᠤ ᠬᠦᠨᠳᠦ | ᠶᠡᠭᠡ ᠠᠶᠤᠯ ᠤᠨ ᠡᠬᠢ ᠰᠤᠷᠪᠤᠯᠵᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠬᠡ ᠳᠠᠩᠰᠠ ᠪᠠᠶᠢᠭᠤᠯᠤᠨ᠂ | ᠭᠤᠤᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ᠲᠠᠪᠤ ᠳᠤ ᠠᠵᠤ ᠠᠬᠤᠶᠢᠯᠠᠯ ᠤᠨ ᠲᠥᠯᠥᠭᠡᠯᠡᠭᠴᠢ᠂ | ᠠᠶᠤᠯ ᠦᠭᠡᠢ ᠤᠶᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ ᠤᠶᠢᠯᠡᠳᠪᠦᠷᠢᠯᠡᠯ ᠤᠨ ᠠᠵᠢᠯᠴᠢᠨ᠂ ᠠᠶᠤᠯ | ᠦᠭᠡᠢ ᠶᠢᠨ ᠮᠡᠷᠭᠡᠵᠢᠯ ᠪᠣᠯᠤᠨ ᠠᠶᠤᠯ ᠦᠭᠡᠢ ᠶᠢᠨ ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠵᠢᠴᠢ ᠣᠨᠴᠠ | ᠲᠥᠷᠥᠯ ᠤᠨ ᠠᠵᠢᠯ ᠬᠢᠭᠰᠡᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢᠨ ᠬᠠᠮᠲᠤ ᠦᠨᠡᠮᠯᠡᠯ ᠦᠭᠡᠢ ᠪᠠᠷ ᠠᠵᠢᠯ ᠤᠨ ᠪᠠᠶᠢᠷᠢ ᠳᠤ ᠭᠠᠷᠤᠭᠰᠠᠨ ᠦᠢᠯᠡ | ᠠᠵᠢᠯᠯᠠᠭ᠎ᠠ ᠶᠢ ᠪᠠᠶᠢᠴᠠᠭᠠᠬᠤ ᠬᠡᠷᠡᠭᠲᠡᠶ᠃ ᠵᠢᠷᠭᠤᠭ᠎ᠠ ᠳᠤ ᠠᠶᠤᠯ ᠦᠭᠡᠢ ᠶᠢᠨ ᠨᠥᠬᠦᠴᠡᠯ ᠢ ᠪᠦᠷᠢᠯᠳᠦᠭᠦᠯᠦᠭᠡᠳᠦᠶ | ᠤᠶᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠳᠣᠯᠤᠭ᠎ᠠ ᠳᠤ ᠤᠶᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠵᠣᠬᠢᠶᠠᠨ | ᠪᠠᠶᠢᠭᠤᠯᠤᠨ ᠣᠷᠣᠯᠴᠠᠵᠤ᠂ ᠤᠶᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠴᠡᠭᠴᠡᠯᠡᠨ ᠰᠠᠶᠢᠵᠢᠷᠠᠭᠤᠯᠬᠤ | ᠲᠥᠰᠦᠯ ᠢ ᠨᠠᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠨᠠᠶ᠋ᠮᠠ ᠳᠤ ᠠᠶᠤᠯᠭᠦᠶ ᠤᠶᠢᠯᠡᠳᠪᠦᠷᠢᠯᠡᠯ ᠤᠨ | ᠲᠠᠯ᠎ᠠ ᠶᠢᠨ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠪᠠ ᠵᠠᠬᠢᠳᠠᠯ ᠰᠤᠷᠪᠤᠯᠵᠢᠯᠠᠭ᠎ᠠ ᠳᠤ ᠲᠤᠰᠬᠠᠭᠰᠠᠨ | ᠠᠰᠠᠭᠤᠳᠠᠯ ᠢ ᠬᠢᠨᠠᠨ ᠪᠠᠶᠢᠴᠠᠭᠠᠨ᠎ᠠ᠃ ᠶᠢᠰᠦ ᠳᠤ ᠤᠶᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠬᠢᠨᠠᠨ | ᠬᠠᠷᠭᠤᠭᠤᠯᠬᠤ ᠵᠢᠴᠢ ᠳᠡᠭᠡᠭᠰᠢ ᠮᠡᠳᠡᠭᠦᠯᠵᠦ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠬᠥᠲᠥᠯᠥᠭᠴᠢ᠄ ᠠᠶᠤᠯᠲᠠᠶ ᠬᠢᠮᠢ ᠶᠢᠨ ᠪᠣᠳᠠᠰ ᠤᠨ ᠬᠦᠷᠢᠶ᠎ᠡ ᠪᠣᠯ ᠠᠳᠡᠯ ᠠᠮᠠᠷᠬᠠᠨ ᠡᠭᠦᠰᠬᠦ ᠬᠦᠷᠢᠶ᠎ᠡ ᠪᠣᠯᠤᠨ᠎ᠠ | ᠂ ᠠᠵᠤ ᠠᠬᠤᠢᠯᠠᠯ ᠤᠨ ᠠᠶᠤᠯᠭᠦᠶ ᠦᠶ᠋ᠯᠡᠳᠪᠦᠷᠢᠯᠡᠯ ᠤᠨ ᠴᠢᠳᠠᠪᠤᠷᠢ ᠶᠢ ᠴᠢᠩᠭᠠᠳᠬᠠᠬᠤ ᠪᠣᠯ ᠮᠠᠨ ᠤ ᠰᠢᠶᠠᠨ ᠤ | ᠠᠶᠤᠯᠭᠦᠶ ᠦᠶ᠋ᠯᠡᠳᠪᠦᠷᠢᠯᠡᠯ ᠤᠨ ᠠᠵᠢᠯ ᠶᠢᠨ ᠭᠤᠤᠯᠳᠠᠯᠭ᠎ᠠ ᠪᠣᠯᠤᠨ᠎ᠠ᠂ 2019 ᠣᠨ ᠳᠤ᠂ ᠮᠠᠨ ᠤ ᠰᠢᠶᠠᠨ | ᠠᠶᠤᠯᠭᠦᠶ ᠤᠶᠢᠯᠡᠳᠪᠦᠷᠢᠯᠡᠯ ᠤᠨ ᠲᠦᠪᠰᠢᠨ ᠢ ᠬᠡᠷᠬᠢᠨ ᠳᠡᠭᠡᠭᠰᠢᠯᠡᠭᠦᠯᠬᠦ ᠪᠣᠶ︖ | ᠮᠠ ᠪᠦᠦ ᠱᠧᠩ᠄ ᠡᠩ ᠲᠡᠷᠢᠭᠦᠨ ᠳᠤ᠂ ᠪᠢᠳᠡ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠢᠯᠠᠯ ᠤᠨ | ᠠᠶᠤᠯᠭᠦᠶ ᠤᠶᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠠᠶᠤᠯᠭᠦᠶ ᠤᠶᠢᠯᠡᠳᠪᠦᠷᠢᠯᠡᠯ ᠤᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ︽ᠠᠶᠤᠯᠲᠠᠶ ᠬᠢᠮᠢ ᠶᠢᠨ | ᠪᠣᠳᠠᠰ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠬᠢᠭᠡᠳ ᠵᠠᠷᠯᠠᠨ ᠨᠡᠶᠢᠲᠡᠯᠡᠬᠦ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ︵ᠪᠠᠴᠢᠮ ᠪᠠᠶᠢᠳᠠᠯ ᠢ ᠠᠷᠭᠠᠴᠠᠬᠤ ﹇2018﹈ 74 ᠳ᠋ᠦᠭᠡᠷ | ᠲᠣᠭᠠᠲᠤ︶ ᠢ ᠰᠠᠶᠢᠲᠤᠷ ᠨᠠᠢᠳᠠᠪᠤᠷᠢᠵᠢᠭᠤᠯᠬᠤ᠂ ᠡᠯ᠎ᠡ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠦᠨᠳᠦᠰᠦᠨ ᠱᠠᠭᠠᠷᠳᠠᠯᠭ᠎ᠠ᠂ ᠭᠤᠤᠯᠳᠠᠯᠭ᠎ᠠ ᠲᠠᠢ ᠠᠭᠤᠯᠭ᠎ᠠ ᠶᠢ ᠵᠢᠷᠤᠮᠯᠠᠵᠤ᠂ | ︽ᠨᠢᠭᠡ ᠱᠠᠲᠤ ᠨᠢ ᠨᠢᠭᠡ ᠱᠠᠲᠤᠨ ᠳᠠᠭᠠᠨ ᠬᠠᠷᠢᠭᠤᠴᠠᠵᠤ᠂ ᠨᠢᠭᠡ ᠱᠠᠲᠤ ᠨᠢ ᠨᠢᠭᠡ ᠱᠠᠲᠤ ᠪᠠᠨ ᠰᠠᠨᠠᠭ᠎ᠠ ᠠᠮᠤᠷ | ᠪᠠᠶᠢᠯᠭᠠᠵᠤ᠂ ᠨᠢᠭᠡ ᠱᠠᠲᠤ ᠨᠢ ᠨᠢᠭᠡ ᠱᠠᠲᠤᠨ ᠳᠠᠭᠠᠨ ᠮᠡᠳᠡᠭᠦᠯᠬᠦ︾ ᠵᠠᠷᠴᠢᠮ ᠤᠨ ᠶᠣᠰᠣᠭᠠᠷ᠂ ᠠᠵᠤ | ᠠᠬᠤᠶᠢᠯᠠᠯ ᠤᠨ ᠡᠯ᠎ᠡ ᠠᠵᠢᠯ ᠤᠨ ᠪᠠᠶᠢᠷᠢ᠂ ᠡᠭᠡᠯᠵᠢ ᠳᠤᠭᠤᠶᠢᠯᠠᠩ᠂ ᠤᠶᠢᠯᠡᠳᠪᠦᠷᠢ ᠶᠢᠨ ᠲᠠᠰᠤᠭ᠂ ᠰᠠᠯᠠᠭ᠎ᠠ | ᠮᠥᠴᠢᠷ ᠤᠳ ᠡᠳᠦᠷ ᠪᠦᠷᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠮᠤᠷ ᠲᠦᠪᠰᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠬᠠᠷᠢᠭᠤᠴᠠᠯᠭ᠎ᠠ ᠶᠢ ᠰᠠᠶᠢᠲᠤᠷ | ᠬᠢᠵᠦ᠂ ᠠᠵᠤ ᠠᠬᠤᠶᠢᠯᠠᠯ ᠤᠨ ᠪᠦᠬᠦ ᠠᠵᠢᠯᠲᠠᠨ᠂ ᠪᠦᠬᠦ ᠶᠠᠪᠤᠴᠠ᠂ ᠪᠦᠬᠦᠯᠢ ᠡᠳᠦᠷ ᠤᠨ ᠪᠦᠬᠦ ᠲᠠᠯ᠎ᠠ ᠶᠢᠨ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ | ᠳᠠᠷᠠᠭᠠᠯᠠᠪᠠᠯ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ | ᠦᠷᠭᠦᠯᠵᠢᠯᠡᠨ ᠭᠦᠨᠵᠡᠭᠡᠶ ᠥᠷᠨᠢᠭᠦᠯᠵᠦ᠂ ᠳᠣᠤᠷ᠎ᠠ ᠵᠢᠭᠰᠠᠭᠠᠭᠰᠠᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄ | ① ᠠᠶᠤᠯᠲᠠᠶ ᠬᠢᠮᠢ ᠶᠢᠨ ᠪᠣᠳᠠᠰ ᠲᠤ ᠬᠤᠯᠪᠣᠭᠳᠠᠬᠤ ᠬᠤᠯᠪᠣᠭᠳᠠᠯ ᠪᠦᠬᠦᠢ ᠠᠵᠢᠯ ᠲᠥᠷᠥᠯ ᠢ ᠬᠢᠨᠠᠨ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠶᠢ ᠳᠠᠬᠢᠨ ᠪᠠᠶᠢᠷᠢᠯᠠᠭᠤᠯᠤᠨ ᠳᠠᠬᠢᠨ ᠴᠢᠩᠭᠠᠷᠠᠭᠤᠯᠵᠤ᠂ ᠠᠵᠢᠯ ᠲᠥᠷᠥᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠪᠠᠲᠤᠳᠬᠠᠨ᠂ ᠠᠵᠢᠯ | ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠤᠶᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ② ︽ᠨᠢᠭᠡ ᠵᠢᠷᠤᠭ ᠨᠢᠭᠡ ᠬᠦᠰᠦᠨᠦᠭᠲᠦ︾ | ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠂ ᠳᠠᠷᠤᠶ ᠠᠶᠤᠯᠲᠠᠶ ᠬᠢᠮᠢ ᠶᠢᠨ ᠪᠣᠳᠠᠰ ᠢ ᠤᠶᠢᠯᠡᠳᠪᠦᠷᠢᠯᠡᠬᠦ᠂ ᠡᠵᠡᠩᠨᠡᠬᠦ᠂ | ᠬᠠᠳᠠᠭᠠᠯᠠᠬᠤ᠂ ᠬᠡᠷᠡᠭᠯᠡᠬᠦ ᠪᠠᠶᠢᠳᠠᠯ ᠤᠨ ᠵᠢᠷᠤᠭ ᠪᠠ ᠠᠶᠤᠯᠲᠠᠶ ᠬᠢᠮᠢ ᠶᠢᠨ ᠪᠣᠳᠠᠰ ᠢ ᠬᠤᠷᠢᠶᠠᠩᠭᠤᠶᠢᠯᠠᠬᠤ | ᠬᠦᠰᠦᠨᠦᠭᠲᠦ ᠪᠣᠯᠤᠨ᠎ᠠ᠃ ③ ᠬᠥᠮᠦᠰ ᠤᠨ ᠴᠤᠭᠯᠠᠷᠠᠯ ᠤᠨ ᠣᠷᠣᠨ ᠤ ᠠᠵᠤ ᠠᠬᠤᠶᠢᠯᠠᠯ ᠢ ᠨᠡᠭᠦᠯᠭᠡᠬᠦ ᠪᠠ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ④ ᠬᠠᠮᠢᠶ᠎ᠠ ᠪᠦᠬᠦᠢ | ᠰᠠᠯᠠᠭ᠎ᠠ ᠮᠥᠴᠢᠷ ᠢ ᠬᠢᠨᠠᠨ ᠵᠢᠯᠣᠭᠤᠳᠴᠤ ᠪᠠᠶᠢᠭᠠᠳ ᠬᠤᠲᠠ ᠪᠠᠯᠭᠠᠰᠤᠨ ᠤ ᠰᠢᠲᠠᠮᠠᠬᠠᠶ ᠬᠡᠢ ᠪᠠ ᠰᠢᠲᠠᠮᠠᠬᠠᠶ ᠬᠡᠢ | ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ | ᠨᠠᠶᠢᠳᠠᠪᠤᠷᠢᠵᠢᠭᠤᠯᠤᠨ᠎ᠠ︔ ⑤ᠠᠶᠤᠯᠲᠠᠶ ᠬᠢᠮᠢ ᠶᠢᠨ ᠡᠳ᠋ ᠤᠨ ᠰᠤᠷᠠᠭ ᠵᠠᠩᠭᠢ ᠶᠢ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠤᠨ᠎ᠠ᠃ ⑥ ᠠᠶᠤᠯᠲᠠᠶ ᠬᠢᠮᠢ ᠶᠢᠨ ᠪᠣᠳᠠᠰ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ | ᠴᠡᠭᠴᠡᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ | ᠬᠥᠲᠥᠯᠥᠭᠴᠢ᠄ ᠡᠩ ᠤᠨ ᠬᠤᠲᠠ ᠶᠢᠨ ᠠᠷᠠᠳ ᠶᠠᠮᠠᠷ ᠶᠠᠮᠠᠷ ᠪᠠᠴᠢᠮ ᠪᠠᠶᠢᠳᠠᠯ ᠢ ᠠᠷᠭᠠᠴᠠᠬᠤ ᠶᠡᠷᠦ ᠶᠢᠨ | ᠮᠡᠳᠡᠯᠭᠡ ᠪᠠ ᠴᠢᠳᠠᠪᠤᠷᠢ ᠲᠠᠢ ᠪᠠᠶᠢᠬᠤ ᠬᠡᠷᠡᠭᠲᠡᠶ ᠪᠣᠶ︖ | ᠮᠠ ᠪᠦᠦ ᠱᠧᠩ᠄ ᠬᠤᠷᠸ᠎ᠠ ᠲᠠᠯ᠎ᠠ ᠠᠴᠠ ᠠᠪᠴᠤ ᠬᠡᠯᠡᠪᠡᠯ᠂ ᠭᠡᠨᠡᠳᠲᠡ ᠶᠢᠨ ᠬᠡᠷᠡᠭ ᠭᠠᠷᠪᠠᠯ᠂ ᠠᠷᠠᠳ ᠣᠯᠠᠨ | ᠥᠪᠡᠷ ᠤᠨ ᠪᠡᠶ᠎ᠡ ᠪᠠᠨ ᠬᠠᠮᠠᠭᠠᠯᠠᠵᠤ ᠳᠠᠢᠯᠠᠬᠤ ᠤᠷᠢᠲᠠᠯ ᠳᠣᠤᠷ᠎ᠠ᠂ ᠲᠤᠬᠠᠶ ᠶᠢᠨ ᠲᠠᠯᠠᠪᠠᠢ ᠳᠤ ᠬᠥᠲᠥᠯᠥᠨ | ᠵᠢᠯᠣᠭᠤᠳᠬᠤ᠂ ᠬᠠᠷᠢᠯᠴᠠᠨ ᠠᠪᠤᠷᠠᠬᠤ᠂ ᠮᠡᠳᠡᠭᠡ ᠵᠠᠩᠭᠢ ᠴᠤᠭᠯᠠᠭᠤᠯᠬᠤ ᠵᠡᠷᠭᠡ ᠤᠷᠢᠳᠴᠢᠯᠠᠨ ᠰᠢᠢᠳᠪᠦᠷᠢᠯᠡᠬᠦ | ᠠᠵᠢᠯ ᠢ ᠥᠷᠨᠢᠭᠦᠯᠬᠦ ᠬᠡᠷᠡᠭᠲᠡᠶ᠃ ᠠᠵᠢᠯ ᠠᠮᠢᠳᠤᠷᠠᠯ ᠳᠤ ᠪᠠᠶᠢᠭ᠎ᠠ ᠣᠷᠴᠢᠨ ᠲᠣᠭᠤᠷᠢᠨ ᠤ ᠲᠦᠭᠰᠢᠭᠦᠷᠢ ᠶᠢ | ᠣᠶᠢᠯᠠᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠦᠭᠰᠢᠭᠦᠷᠢ ᠶᠢᠨ ᠦᠵᠡᠯ ᠤᠬᠠᠮᠰᠠᠷ ᠢ | ᠳᠡᠭᠡᠭᠰᠢᠯᠡᠭᠦᠯᠦᠨ᠂ ᠳᠡᠷᠭᠡᠳᠡᠬᠢ ᠠᠮᠤᠷ ᠲᠦᠪᠰᠢᠨ ᠪᠤᠰᠤ ᠳᠠᠯᠳᠠ ᠬᠡᠮ ᠢ ᠴᠠᠭ ᠲᠤᠬᠠᠢ ᠲᠤᠨᠢ ᠵᠢᠭᠰᠠᠭᠠᠨ | ᠪᠠᠶᠢᠴᠠᠭᠠᠵᠤ ᠳᠡᠭᠡᠭᠰᠢ ᠮᠡᠳᠡᠭᠦᠯᠦᠨ᠂ ᠭᠠᠮᠰᠢᠭ ᠢ ᠪᠠᠭᠠᠰᠬᠠᠬᠤ ᠮᠡᠳᠡᠯᠭᠡ ᠪᠣᠯᠤᠨ ᠮᠡᠷᠭᠡᠵᠢᠯ ᠤᠨ ᠴᠢᠳᠠᠪᠤᠷᠢ ᠶᠢ | ᠢᠳᠡᠪᠬᠢᠲᠡᠢ ᠪᠠᠷ ᠳᠡᠯᠭᠡᠷᠡᠭᠦᠯᠵᠦ᠂ ᠬᠤᠪᠢ ᠬᠥᠮᠥᠨ ᠵᠢᠴᠢ ᠪᠠᠶᠢᠭ᠎ᠠ ᠨᠢᠭᠡᠴᠡ᠂ ᠨᠡᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠣᠯᠤᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠦᠨᠳᠦᠰᠦᠨ ᠪᠦᠬᠦᠢ ᠬᠠᠷᠢᠯᠴᠠᠨ ᠠᠪᠤᠷᠠᠬᠤ ᠮᠡᠷᠭᠡᠵᠢᠯ ᠤᠨ ᠴᠢᠳᠠᠪᠤᠷᠢ ᠶᠢ ᠡᠵᠡᠮᠰᠢᠬᠦ ᠬᠡᠷᠡᠭᠲᠡᠢ᠃ | ᠪᠣᠳᠠᠲᠠᠶ ᠪᠠᠷ ᠬᠡᠯᠡᠪᠡᠯ᠂ ᠲᠤᠬᠠᠶ ᠶᠢᠨ ᠲᠠᠯᠠᠪᠤᠷ ᠲᠤ ᠬᠤᠪᠢᠷᠠᠯᠲᠠ ᠶᠡᠬᠡᠲᠡᠶ ᠰᠡᠳᠬᠢᠴᠡ ᠶᠢᠨ ᠳᠠᠷᠤᠯᠲᠠ ᠶᠢ | ᠡᠰᠡᠷᠭᠦᠴᠡᠬᠦ ᠴᠢᠳᠠᠪᠤᠷᠢ᠂ ᠠᠵᠢᠯᠲᠠᠨ ᠤ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ᠂ ᠭᠠᠮᠰᠢᠭ ᠤᠨ ᠠᠶᠤᠯ | ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ᠂ ᠲᠤᠬᠠᠶ ᠶᠢᠨ ᠲᠠᠯᠠᠪᠤᠷ ᠤᠨ ᠡᠮᠴᠢᠯᠡᠵᠦ ᠠᠪᠤᠷᠠᠨ ᠲᠤᠰᠠᠯᠠᠬᠤ | ᠴᠢᠳᠠᠪᠤᠷᠢ᠂ ᠳᠥᠭᠦᠮ ᠨᠡᠩᠵᠢᠯᠲᠡ ᠪᠠ ᠠᠪᠤᠷᠠᠨ ᠲᠤᠰᠠᠯᠠᠬᠤ ᠴᠢᠳᠠᠪᠤᠷᠢ᠂ ᠭᠠᠮᠰᠢᠭ ᠤᠨ ᠪᠠᠶᠢᠳᠠᠯ ᠢ ᠴᠤᠭᠯᠠᠭᠤᠯᠵᠤ | ᠦᠨᠡᠯᠡᠨ ᠵᠢᠱᠢᠬᠦ ᠴᠢᠳᠠᠪᠤᠷᠢ᠂ ᠲᠤᠬᠠᠶ ᠶᠢᠨ ᠲᠠᠯᠠᠪᠤᠷ ᠤᠨ ᠵᠣᠬᠢᠶᠠᠨ ᠪᠠᠶᠢᠭᠤᠯᠵᠤ ᠬᠠᠮᠢᠶᠠᠷᠬᠤ ᠪᠠ ᠬᠥᠳᠡᠯᠦᠩᠭᠦᠶ | ᠴᠢᠳᠠᠪᠤᠷᠢ ᠵᠢᠴᠢ ᠠᠮᠤᠷ ᠲᠦᠪᠰᠢᠨ ᠢ ᠦᠨᠡᠯᠡᠨ ᠵᠢᠱᠢᠬᠦ᠂ ᠭᠠᠳᠠᠭᠠᠳᠤ ᠣᠷᠴᠢᠨ ᠢ ᠲᠤᠰᠠᠯᠠᠮᠵᠢ ᠭᠤᠶᠤᠴᠢᠯᠠᠬᠤ᠂ | ᠭᠠᠮᠰᠢᠭ ᠤᠨ ᠪᠠᠶᠢᠳᠠᠯ ᠢ ᠣᠯᠬᠤ᠂ ᠳᠠᠮᠵᠢᠭᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠠᠷᠤ | ᠲᠠᠯ᠎ᠠ ᠶᠢᠨ ᠤᠶᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠵᠡᠷᠭᠡ ᠪᠣᠯᠤᠨ᠎ᠠ᠃ ᠡᠳᠡᠭᠡᠷ ᠲᠠᠯ᠎ᠠ ᠪᠠᠷ ᠴᠥᠮ ᠠᠷᠠᠳ | ᠣᠯᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠢᠯᠡᠷᠡᠯ ᠮᠥᠨ᠃ | ᠬᠥᠲᠥᠯᠥᠭᠴᠢ᠄ ᠮᠠ ᠲᠣᠪᠴᠢᠶᠠᠨ ᠳᠠᠷᠤᠭ᠎ᠠ ᠥᠨᠥᠳᠥᠷ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ | ᠲᠠᠯᠠᠷᠬᠠᠯ᠎ᠠ᠃ | ᠮᠠ ᠪᠦᠦ ᠱᠧᠩ᠄ ᠡᠷᠬᠢᠯᠡᠭᠴᠢ ᠳᠤ ᠲᠠᠯᠠᠷᠬᠠᠯ᠎ᠠ᠃ ᠪᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠪᠥᠬᠦ ᠠᠵᠢᠯᠲᠠᠨ ᠤ ᠡᠮᠦᠨ᠎ᠡ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠠᠵᠢᠯ ᠢ ᠳᠡᠮᠵᠢᠭᠰᠡᠨ ᠳᠤ | ᠲᠠᠯᠠᠷᠬᠠᠵᠤ ᠪᠠᠶᠢᠨ᠎ᠠ᠃ ᠡᠭᠦᠨ ᠤ ᠬᠠᠮᠲᠤ ᠣᠯᠠᠨ ᠢᠶᠠᠷ ᠢᠶᠠᠨ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ | ᠪᠠᠶᠠᠷᠯᠠᠨ ᠤᠭᠲᠤᠵᠤ ᠪᠠᠶᠢᠨ᠎ᠠ᠃ ᠪᠢᠳᠡ ᠢᠳᠡᠪᠬᠢᠲᠡᠶ ᠪᠠᠷ ᠥᠭᠡᠷᠡᠴᠢᠯᠡᠨ ᠰᠠᠶᠢᠵᠢᠷᠠᠭᠤᠯᠵᠤ᠂ ᠮᠠᠨ ᠤ ᠰᠢᠶᠠᠨ ᠤ | ᠠᠵᠤ ᠠᠬᠤᠶ᠂ ᠨᠡᠶᠢᠭᠡᠮ ᠤᠨ ᠲᠦᠷᠭᠡᠨ ᠬᠥᠭᠵᠢᠯᠲᠡ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ | |