ᠵᠦᠸᠧᠽᠢ ᠰᠢᠶᠡᠨ ᠤ ᠯᠢᠨ ᠬᠤᠤ ᠵᠤᠭᠠᠴᠠᠯ ᠤᠨ ᠭᠠᠵᠠᠷ  ᠳᠦᠷᠪᠡᠨ ᠬᠥᠭᠡᠷᠦᠬᠦᠨ ᠮᠠᠯᠤᠷ ᠦᠳᠡᠭᠡ ᠢᠷᠡᠪᠡ
ᠨᠡᠶᠢᠲᠡᠯᠡᠭᠰᠡᠨ ᠴᠠᠭ᠄
2019-10-09
   9 ᠰᠠᠷ᠎ᠠ ᠶᠢᠨ 27 ᠤ ᠡᠳᠦᠷ᠂ ᠰᠧᠴᠤᠸᠠᠨ ᠮᠤᠵᠢ ᠶᠢᠨ ᠳᠤᠮᠳᠠᠳᠤ ᠤᠯᠤᠰ ᠶᠢᠨ ᠮᠠᠯᠤᠷ ᠦᠳᠡᠭᠡ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠸᠧ ᠯᠦᠩ  ᠱᠧᠩ ᠱᠣ᠋ ᠫᠢᠩ ᠰᠠᠭᠤᠷᠢᠨ ᠭᠠᠵᠠᠷ ᠪᠣᠯᠤᠨ ᠳ᠋ᠦ᠋ ᠵᠢᠶᠠᠩ ᠶᠠᠨ ᠤ ᠰᠠᠭᠤᠷᠢᠨ ᠭᠠᠵᠠᠷ ᠤᠨ 4 ᠬᠥᠭᠡᠷᠦᠬᠦᠨ ᠴᠢᠷᠠᠶᠢᠲᠤ ᠮᠠᠯᠤᠷ ᠦᠳᠡᠭᠡ ᠶᠢ ᠮᠠᠨ ᠤ ᠰᠢᠶᠠᠨ ᠤ ᠯᠢᠨ ᠬᠤᠤ ᠦᠵᠡᠮᠵᠢ ᠶᠢᠨ ᠣᠷᠣᠨ ᠳᠤ  ᠨᠤᠲᠤᠭᠰᠢᠯᠠᠭᠤᠯᠵᠤ᠂ ᠮᠠᠨ ᠤ ᠰᠢᠶᠠᠨ ᠤ ᠠᠷᠠᠳ ᠲᠦᠮᠡᠨ ᠤ ᠬᠦᠷᠢᠶᠡᠯᠡᠯ ᠢ ᠣᠯᠪᠠ᠃
   4 ᠲᠣᠮᠣ ᠮᠠᠯᠤᠷ ᠦᠳᠡᠭᠡ ᠲᠤᠰ ᠲᠤᠰ  ᠳ᠋ᠦᠸ᠋ ᠳ᠋ᠦᠸ᠋᠂ ᠮᠧᠶ ᠰᠢᠨ᠂ ᠲᠤᠤ ᠲᠤᠤ᠂ ᠶᠦᠨ ᠲᠤᠤ ᠭᠡᠳᠡᠭ ᠨᠡᠷ᠎ᠡ ᠲᠠᠢ᠃
   ᠲᠤᠤ ᠲᠤᠤ ᠪᠣᠯᠤᠨ ᠶᠦᠨ ᠲᠤᠤ ᠪᠣᠯ ᠬᠤᠶᠠᠷ ︽ᠪᠢᠴᠢᠬᠠᠨ ᠬᠦᠤ︾ ᠪᠣᠯᠤᠨ᠎ᠠ᠂ ᠲᠡᠳᠡ ᠳᠤᠮᠳᠠᠳᠤ ᠤᠯᠤᠰ  ᠶᠢᠨ ᠮᠠᠯᠤᠷ ᠦᠳᠡᠭᠡ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠳ᠋ᠦ᠋ ᠵᠢᠶᠠᠩ ᠶᠠᠨ ᠤ ᠰᠠᠭᠤᠷᠢᠨ ᠭᠠᠵᠠᠷ ᠠᠴᠠ ᠢᠷᠡᠵᠡᠢ᠃ ᠳ᠋ᠦ᠋ ᠵᠢᠶᠠᠩ ᠶᠠᠨ ᠬᠠᠰᠢᠯᠭ᠎ᠠ ᠶᠢᠨ ᠰᠠᠭᠤᠷᠢᠨ ᠭᠠᠵᠠᠷ ᠨᠢ ᠥᠩᠭᠡ ᠦᠵᠡᠮᠵᠢ ᠭᠤᠶᠣᠮᠰᠤᠭ ᠰᠠᠶᠢᠬᠠᠨ ᠴᠢᠩ ᠴᠧᠩ ᠱᠠᠨ ᠠᠭᠤᠯᠠᠨ ᠳᠤ ᠪᠠᠶᠢᠷᠢᠯᠠᠵᠤ᠂ ᠮᠠᠯᠤᠷ ᠦᠳᠡᠭᠡ ᠶᠢᠨ ᠣᠨᠴᠠᠭᠠᠢ ᠣᠷᠣᠰᠢᠨ ᠠᠮᠢᠳᠤᠷᠠᠬᠤ ᠠᠭᠤᠷ ᠠᠮᠢᠰᠬᠤᠯ ᠪᠠ ᠪᠠᠶᠢᠭᠠᠯᠢ ᠶᠢᠨ ᠣᠷᠴᠢᠨ ᠲᠣᠭᠤᠷᠢᠨ  ᠢ ᠪᠦᠷᠢᠯᠳᠦᠭᠦᠯᠦᠭᠰᠡᠨ ᠪᠣᠯᠬᠤᠷ ᠲᠡᠭᠦᠨ ᠢ ᠪᠠᠰᠠ ︽ᠮᠠᠯᠤᠷ ᠦᠳᠡᠭᠡ ᠶᠢᠨ ᠴᠡᠩᠬᠡᠯ ᠤᠨ ᠤᠷᠤᠨ︾ ᠭᠡᠳᠡᠭ᠃ ᠮᠥᠨ ᠴᠦ ᠳᠡᠯᠡᠬᠡᠶ ᠳᠡᠭᠡᠷᠡᠬᠢ ᠴᠣᠷ ᠤᠨ ᠭᠠᠭᠴᠠ ᠶᠡᠭᠡ ᠠᠪᠤᠷᠠᠨ ᠲᠤᠰᠠᠯᠠᠬᠤ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠤᠳᠤᠯᠭᠠᠨ ᠤ ᠲᠤᠰᠬᠠᠶ ᠪᠠᠶᠢᠭᠤᠯᠤᠮᠵᠢ ᠪᠣᠯᠤᠨ᠎ᠠ᠃
   ᠳ᠋ᠦᠸ᠋ ᠳ᠋ᠦᠸ᠋ ᠪᠠ ᠮᠧᠶ ᠰᠢᠨ ᠪᠣᠯ ᠬᠤᠶᠠᠷ ︽ᠪᠢᠴᠢᠬᠠᠨ ᠥᠬᠢᠨ︾ ᠶᠤᠮ᠂ ᠲᠡᠳᠡ ᠸᠧ ᠯᠦᠩ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠳᠤᠮᠳᠠᠳᠤ ᠤᠯᠤᠰ ᠶᠢᠨ ᠮᠠᠯᠤᠷ ᠦᠳᠡᠭᠡ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠸᠧ ᠯᠦᠩ  ᠱᠧᠩ ᠱᠣ᠋ ᠫᠢᠩ ᠰᠠᠭᠤᠷᠢᠨ ᠭᠠᠵᠠᠷ ᠠᠴᠠ ᠢᠷᠡᠭᠰᠡᠨ ᠪᠥᠭᠡᠳ 2008 ᠤᠨ ᠸᠧᠨᠴᠤᠸᠠᠨ ᠤ ᠭᠠᠵᠠᠷ ᠬᠥᠳᠡᠯᠦᠯᠲᠡ ᠶᠢᠨ ᠳᠠᠷᠠᠭᠠᠬᠢ ᠳᠠᠬᠢᠨ ᠪᠠᠶᠢᠭᠤᠯᠤᠭᠰᠠᠨ ᠰᠠᠭᠤᠷᠢᠨ ᠭᠠᠵᠠᠷ ᠪᠣᠯᠤᠨ᠎ᠠ᠃
   ᠲᠡᠳᠡᠨ ᠢ ᠨᠠᠩ ᠲᠠᠭᠠᠯᠠᠮᠵᠢᠲᠠᠶ ᠰᠠᠭᠤᠯᠭᠠᠬᠤ ᠶᠢᠨ ᠲᠥᠯᠥᠭᠡ᠂ ᠯᠢᠨ ᠬᠤ᠋ ᠦᠵᠡᠮᠵᠢ ᠶᠢᠨ ᠣᠷᠣᠨ ᠤ ᠰᠢᠨ᠎ᠡ ᠪᠠᠷ ᠪᠠᠶᠢᠭᠤᠯᠤᠭᠰᠠᠨ ᠮᠠᠯᠤᠷ ᠥᠨᠳᠡᠭᠡ ᠶᠢᠨ ᠣᠷᠳᠣᠨ ᠨᠢ ᠲᠣᠰ ᠲᠣᠰ 500 ᠰᠢᠬᠠᠮ ᠲᠡᠭᠰᠢ ᠳᠥᠷᠪᠡᠯᠵᠢᠨ ᠮᠧᠲᠷ ᠰᠢᠬᠠᠮ ᠭᠠᠵᠠᠷ ᠡᠵᠡᠯᠡᠵᠦ᠂ ᠣᠷᠳᠣᠨ ᠪᠦᠷᠢ ᠨᠢ ᠲᠣᠰ ᠲᠣᠰ ᠬᠤᠶᠠᠷ ᠲᠣᠮᠣ ᠬᠠᠪᠲᠠᠭ᠎ᠠ ᠶᠢ ᠲᠣᠬᠢᠷᠠᠭᠤᠯᠬᠤ ᠶᠢᠨ ᠬᠠᠮᠲᠤ᠂ ᠣᠷᠳᠣᠨ ᠪᠦᠷᠢ ᠶᠢᠨ ᠭᠠᠳᠠᠭᠤᠷ ᠨᠢ ᠪᠠᠰᠠ ᠲᠣᠰ ᠲᠣᠰ 800 ᠰᠢᠬᠠᠮ ᠲᠡᠭᠰᠢ ᠳᠥᠷᠪᠡᠯᠵᠢᠨ ᠮᠧᠲᠷ ᠪᠦᠬᠦᠢ ᠬᠥᠳᠡᠯᠭᠡᠭᠡᠨ ᠤ ᠲᠣᠭᠤᠷᠢᠭ᠂ ᠠᠮᠠᠷᠠᠯᠲᠠ ᠶᠢᠨ ᠲᠣᠭᠤᠷᠢᠭ᠂ ᠤᠰᠤ ᠤᠮᠳᠠ ᠶᠢᠨ ᠲᠣᠭᠤᠷᠢᠭ᠂ ᠵᠤᠭᠠᠴᠠᠨ ᠨᠠᠭᠠᠳᠬᠤ ᠲᠣᠭᠤᠷᠢᠭ ᠪᠣᠶ᠃ ᠬᠤᠰᠤᠨ ᠮᠣᠳᠣ ᠪᠠᠷ ᠬᠢᠭᠰᠡᠨ ᠣᠷᠣᠨ ᠰᠠᠭᠤᠴᠠ ᠨᠢ ᠠᠭᠤᠵᠢᠮ ᠲᠠᠭᠠᠯᠠᠮᠵᠢᠲᠠᠶ᠂ ᠳᠡᠭᠡᠰᠦ ᠮᠥᠯᠬᠦᠬᠦ ᠨᠢ ᠱᠠᠲᠤ ᠮᠥᠯᠬᠦᠬᠦ ᠳᠤ ᠤᠷᠠᠨ ᠪᠥᠬᠡᠯᠢᠭ᠂ ᠮᠣᠳᠣᠨ ᠳᠡᠭᠦᠵᠢᠩ ᠨᠢ ᠠᠶᠠᠨᠳᠠᠭᠠᠨ ᠨᠠᠮᠳᠠᠵᠤ ᠵᠣᠭᠰᠣᠳᠠᠭ᠃  ᠢᠳᠡᠳᠡᠭ ᠰᠢᠨ᠎ᠡ ᠰᠣᠷᠭᠤᠭ ᠬᠤᠯᠤᠰᠤ ᠴᠤ ᠲᠣᠭᠲᠠᠭᠰᠠᠨ ᠬᠤᠭᠤᠴᠠᠭ᠎ᠠ ᠲᠠᠢ ᠪᠠᠷ ᠰᠧᠴᠤᠸᠠᠨ ᠠᠴᠠ ᠮᠠᠯᠤᠷ ᠥᠨᠳᠡᠭᠡ ᠶᠢᠨ ᠣᠷᠳᠣᠨ ᠳᠤ ᠬᠦᠷᠭᠡᠳᠡᠭ᠃ ᠬᠤᠯᠤᠰᠤ ︵ᠬᠤᠯᠤᠰᠤᠨ ᠰᠦᠶ᠎ᠡ︶ ᠶᠢᠨ ᠰᠢᠨ᠎ᠡ ᠰᠣᠷᠭᠤᠭ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠨᠥᠭᠡᠴᠡ ᠶᠢ ᠪᠠᠲᠤᠯᠠᠬᠤ ᠶᠢᠨ ᠲᠥᠯᠥᠭᠡ ᠪᠠᠰᠠ ᠬᠤᠯᠤᠰᠤ ︵ᠬᠤᠯᠤᠰᠤᠨ ᠰᠦᠶ᠎ᠡ︶ ᠶᠢᠨ ᠰᠣᠷᠭᠤᠭ ᠪᠠᠶᠢᠯᠭᠠᠬᠤ ᠬᠥᠮᠥᠷᠭᠡ᠂ ᠬᠤᠯᠤᠰᠤᠨ ᠤ ᠰᠦᠷᠴᠢᠮᠡᠯ ᠭᠡᠷ᠂ ᠬᠢᠨᠠᠨ ᠡᠵᠡᠮᠳᠡᠬᠦ ᠲᠠᠰᠤᠭ ᠵᠡᠷᠭᠡ ᠶᠢ ᠲᠤᠰᠬᠠᠶᠢᠯᠠᠨ ᠲᠣᠬᠢᠷᠠᠭᠤᠯᠤᠭᠰᠠᠨ ᠪᠠᠶᠢᠨ᠎ᠠ᠃ ᠡᠭᠦᠨ ᠤ ᠳᠤ ᠬᠠᠮᠲᠤ᠂ ᠶᠡᠭᠡ ᠢᠳᠡᠭᠡᠨ ᠤ ᠲᠤᠰᠠᠯᠠᠬᠤ ᠢᠳᠡᠭᠡᠨ ᠢ ᠴᠥᠮ ᠲᠤᠰᠬᠠᠶ ᠮᠡᠷᠭᠡᠵᠢᠯ ᠤᠨ ᠠᠮᠤᠷ ᠲᠦᠪᠰᠢᠨ ᠢᠳᠡᠭᠡᠨ ᠬᠠᠩᠭᠠᠬᠤ  ᠤᠶᠢᠯᠡᠳᠪᠦᠷᠢ ᠠᠴᠠ ᠬᠤᠳᠠᠯᠳᠤᠨ ᠠᠪᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠦᠯᠢᠭᠡᠷ ᠠᠪᠴᠤ ᠲᠤᠰᠬᠠᠶ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠦᠷᠭᠡᠵᠦ ᠰᠢᠯᠭᠠᠨ ᠪᠠᠶᠢᠴᠠᠭᠠᠯᠭᠠᠵᠤ᠂ ᠠᠮᠤᠷ ᠲᠦᠪᠰᠢᠨ᠂ ᠰᠢᠮ᠎ᠡ ᠲᠡᠵᠢᠭᠡᠯ ᠲᠠᠢ ᠪᠠᠶᠢᠬᠤ ᠶᠢ ᠪᠠᠲᠤᠯᠠᠨ᠎ᠠ᠃ ᠡᠷᠡᠭᠦᠯ ᠮᠡᠨᠳᠦ  ᠢ ᠰᠠᠷ᠎ᠠ ᠪᠦᠷᠢ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠶᠢᠨ ᠬᠠᠮᠲᠤ ᠪᠠᠰᠠ ᠲᠤᠰᠬᠠᠶ ᠡᠮᠴᠢᠯᠡᠭᠡᠨ ᠤ ᠲᠠᠰᠤᠭ ᠲᠠᠢ  ᠪᠠᠶᠢᠳᠠᠭ᠃
   ᠬᠤᠶᠠᠷ ᠲᠣᠮᠣ ᠮᠠᠯᠤᠷ ᠥᠨᠳᠡᠭᠡ ᠶᠢᠨ ᠣᠷᠳᠣᠨ ᠲᠠᠢ ᠬᠠᠮᠲᠤ ᠪᠠᠶᠢᠭᠤᠯᠤᠭᠰᠠᠨ ᠲᠣᠮᠣ ᠮᠠᠯᠤᠷ ᠥᠨᠳᠡᠭᠡ ᠶᠢᠨ ᠮᠡᠳᠡᠯᠭᠡ ᠲᠦᠭᠡᠮᠡᠯᠵᠢᠭᠦᠯᠬᠦ ᠣᠷᠳᠣᠨ ᠪᠠᠶᠢᠨ᠎ᠠ᠃ ᠥᠷᠭᠡᠨ ᠣᠯᠠᠨ ᠵᠤᠭᠠᠴᠠᠭᠰᠠᠳ ᠤᠨ ᠤᠯᠤᠰ  ᠶᠢᠨ ᠡᠷᠳᠡᠨᠢᠰ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ︽ᠲᠣᠮᠣ ᠮᠠᠯᠤᠷ ᠥᠨᠳᠡᠭᠡ ᠶᠢ ᠬᠠᠯᠠᠮᠵᠢᠯᠠᠨ ᠬᠠᠶᠢᠷᠠᠯᠠᠬᠤ᠂ ᠬᠥᠮᠦᠨ ᠪᠣᠯᠤᠨ ᠠᠮᠢᠲᠠᠨ ᠤ ᠡᠶ᠎ᠡ ᠵᠣᠬᠢᠴᠠᠩᠭᠤᠶ ᠭᠡᠷ ᠣᠷᠣᠨ ᠢ ᠬᠠᠮᠠᠭᠠᠯᠠᠬᠤ︾ ᠤᠬᠠᠮᠰᠠᠷ ᠢ ᠴᠢᠩᠭᠠᠳᠬᠠᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2