1. ᠲᠣᠮᠣ ᠦᠵᠡᠮᠵᠢ ᠶᠢᠨ ᠣᠷᠣᠨ ᠢ ᠴᠣᠭᠴᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠨᠡᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠯᠢᠨ ᠬᠤᠤ ᠭᠦ᠋ ᠰᠠᠢ᠂ ᠵᠢᠦ ᠯᠦᠩ ᠸᠠᠨ᠂ ᠬᠤᠩ | ᠱᠢ ᠶᠠ ᠪᠠ ᠳ᠋ᠦᠩ ᠬᠤᠤ ᠯᠠᠶ ᠵᠡᠷᠭᠡ ᠳᠦᠷᠪᠡᠨ 3 A ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ | ᠦᠷᠭᠦᠯᠵᠢᠯᠡᠨ ᠲᠤᠰ ᠲᠤᠰ ᠤᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠲᠠᠷᠠᠭᠠᠴᠢ ᠶᠢᠨ ᠲᠥᠷᠥᠯ | ᠵᠦᠢᠯ ᠤᠨ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠪᠠ ᠬᠦᠯᠢᠶᠡᠨ ᠠᠪᠬᠤ | ᠤᠶᠢᠯᠡᠴᠢᠯᠡᠭᠡᠨ ᠤ ᠲᠥᠬᠦᠭᠡᠷᠦᠮᠵᠢ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠵᠡᠮᠵᠢ ᠶᠢᠨ | ᠣᠷᠣᠨ ᠤ ᠠᠵᠢᠯᠯᠠᠭᠠᠨ ᠤ ᠲᠥᠷᠥᠯ ᠵᠦᠢᠯ ᠪᠠ ᠪᠦᠲᠦᠭᠡᠭᠳᠡᠬᠦᠨ ᠤ ᠠᠭᠤᠯᠭ᠎ᠠ ᠶᠢ ᠪᠠᠶᠠᠯᠢᠭᠵᠢᠭᠤᠯᠵᠤ᠂ ᠰᠣᠳᠣᠨ | ᠦᠵᠡᠮᠵᠢ ᠶᠢᠨ ᠣᠷᠣᠨ ᠤ ᠡᠩᠨᠡᠭᠡᠨ ᠳᠤ ᠡᠷᠲᠡᠬᠡᠨ ᠣᠷᠣᠭᠤᠯᠬᠤ ᠪᠠᠷ ᠴᠢᠷᠮᠠᠶᠢᠨ᠎ᠠ᠃ ᠡᠭᠦᠨ ᠤ ᠳᠤ ᠵᠡᠷᠭᠡᠴᠡᠭᠡ ᠪᠠᠷ᠂ | ᠪᠠᠶᠢᠭ᠎ᠠ ᠣᠷᠣᠨ ᠪᠦᠰᠡ ᠶᠢᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠵᠢᠭᠤᠯᠴᠢᠯᠠᠯ ᠤᠨ ᠬᠤᠷᠰᠢᠶ᠎ᠠ | ᠪᠠᠶᠢᠭᠤᠯᠬᠤ᠂ ᠡᠳ᠋ ᠬᠥᠷᠥᠩᠭᠡ ᠶᠢ ᠡᠷᠭᠢᠯᠲᠡ ᠳᠤ ᠣᠷᠣᠭᠤᠯᠬᠤ᠂ ᠬᠤᠪᠢ ᠣᠷᠣᠭᠤᠯᠬᠤ᠂ ᠠᠵᠢᠯ ᠣᠯᠭᠤᠯᠲᠠ ᠶᠢ | ᠰᠢᠩᠭᠡᠭᠡᠨ ᠠᠪᠬᠤ᠂ ᠳᠡᠯᠭᠡᠭᠡ ᠮᠠᠶᠢᠮᠠᠶ ᠬᠠᠩᠭᠠᠬᠤ᠂ ᠨᠤᠲᠤᠭ ᠤᠨ ᠭᠠᠷᠤᠯᠲᠠ ᠪᠣᠷᠣᠯᠠᠭᠤᠯᠬᠤ᠂ ᠵᠠᠷᠤᠯᠭ᠎ᠠ ᠪᠠᠷ | ᠵᠢᠭᠰᠠᠭᠠᠬᠤ ᠵᠡᠷᠭᠡ ᠲᠠᠯ᠎ᠠ ᠪᠠᠷ ᠭᠠᠴᠠᠭᠠᠨ ᠤ ᠬᠠᠮᠲᠤ ᠨᠡᠶᠢᠲᠡ ᠪᠠ ᠶᠠᠳᠠᠭᠤ ᠬᠦᠴᠢᠷᠳᠡᠯ ᠲᠠᠢ ᠡᠷᠦᠬᠡ ᠶᠢ | ᠭᠤᠤᠯᠳᠠᠯᠭ᠎ᠠ ᠲᠠᠢ ᠪᠠᠷ ᠲᠡᠳᠬᠦᠨ ᠳᠠᠮᠵᠢᠨ᠎ᠠ᠃ | 2. ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠵᠤ᠂ ᠭᠤᠤᠯᠳᠠᠯᠭ᠎ᠠ ᠲᠠᠢ ᠲᠣᠰᠬᠤᠨ ᠤ ᠬᠠᠮᠲᠤ ᠶᠢᠨ | ᠠᠵᠤ ᠠᠬᠤᠢ ᠶᠢᠨ ᠴᠢᠰᠤ ᠪᠦᠲᠦᠭᠡᠬᠦ ᠴᠢᠳᠠᠮᠵᠢ ᠶᠢ ᠨᠡᠮᠡᠭᠳᠡᠭᠦᠯᠬᠦ ᠬᠡᠷᠡᠭᠲᠡᠶ᠃ ᠮᠠᠨ ᠤ ᠰᠢᠶᠠᠨ ᠳᠤ ᠣᠳᠣ 9 | ᠤᠯᠤᠰ ᠶᠢᠨ ᠲᠡᠰ ᠤᠨ ᠵᠤᠭᠠᠴᠠᠯ ᠢᠶᠠᠷ ᠶᠠᠳᠠᠭᠤ ᠶᠢ ᠲᠡᠳᠬᠦᠬᠦ ᠭᠤᠤᠯᠳᠠᠯᠭ᠎ᠠ ᠲᠠᠢ ᠲᠣᠰᠬᠤᠨ ᠪᠣᠶ᠂ 2018 — | 2020 ᠤᠨ ᠭᠤᠷᠪᠠᠨ ᠵᠢᠯ ᠳᠤ ᠭᠤᠷᠪᠠᠨ ᠲᠥᠷᠥᠯ ᠬᠤᠪᠢᠶᠠᠵᠤ ᠭᠤᠤᠯᠳᠠᠯᠭ᠎ᠠ ᠲᠠᠢ ᠲᠡᠳᠬᠦᠮᠵᠢ ᠦᠵᠡᠭᠦᠯᠦᠨ᠎ᠡ᠂ | ᠡᠭᠦᠨ ᠳᠤ 2018 ᠣᠨ ᠳᠤ 4 ᠨᠢᠭᠡᠳᠦᠭᠡᠷ ᠲᠥᠷᠥᠯ ᠤᠨ ᠲᠣᠰᠬᠤᠨ ᠢ ᠬᠡᠷᠡᠭᠵᠢᠭᠦᠯᠦᠨ᠎ᠡ᠂ ᠲᠤᠬᠠᠶᠢᠯᠠᠪᠠᠯ ᠶᠢᠤ | ᠹᠠᠩ ᠶᠢᠩ᠂ ᠲᠤ ᠴᠧᠩ ᠽᠢ᠂ ᠳ᠋ᠦᠩ ᠬᠤᠤ ᠯᠠᠶ᠂ ᠯᠦ ᠼᠤᠤ ᠭᠧᠦ ᠲᠤᠰᠬᠤᠨ ᠪᠣᠯᠤᠨ᠎ᠠ︔ 2019 ᠣᠨ ᠳᠤ | ᠬᠤᠶᠠᠳᠤᠭᠠᠷ ᠲᠥᠷᠥᠯ ᠤᠨ ᠲᠣᠰᠬᠤᠨ 2 ᠢ ᠬᠡᠷᠡᠭᠵᠢᠭᠦᠯᠪᠡ᠂ ᠲᠤᠬᠠᠶᠢᠯᠠᠪᠠᠯ ᠱᠢ ᠭᠦ᠋ ᠳ᠋ᠢ᠂ ᠳ᠋ᠠ ᠢᠦᠶ ᠱᠣ᠋ | ᠲᠤᠰᠬᠤᠨ ᠪᠣᠯᠤᠨ᠎ᠠ︔ 2020 ᠣᠨ ᠳᠤ ᠭᠤᠷᠪᠠᠨ ᠲᠥᠷᠥᠯ ᠤᠨ ᠲᠣᠰᠬᠤᠨ 3 ᠶᠢ ᠬᠡᠷᠡᠭᠵᠢᠭᠦᠯᠦᠨ᠎ᠡ᠂ | ᠲᠤᠬᠠᠶᠢᠯᠠᠪᠠᠯ ᠭᠤᠸᠠᠨ ᠵᠤᠸᠠᠩ ᠽᠢ᠂ ᠴᠠᠭᠠᠨ ᠣᠪᠣᠭ᠎ᠠ᠂ ᠳ᠋ᠠ ᠨᠠᠨ ᠭᠸᠦ ᠪᠣᠯᠤᠨ᠎ᠠ᠃ ᠵᠢᠯ ᠪᠦᠷᠢ ᠪᠦᠯᠦᠭ | ᠬᠤᠪᠢᠶᠠᠨ ᠪᠠᠭᠤᠯᠭᠠᠭᠰᠠᠨ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠪᠡᠯᠡ ᠮᠥᠩᠭᠦ ᠶᠢ ᠭᠤᠤᠯᠳᠠᠭᠤ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠡᠯᠪᠡᠷᠢ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠡᠷᠬᠢᠯᠡᠭᠰᠡᠨ ᠬᠥᠳᠡᠭᠡ | ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠲᠡᠳᠬᠦᠬᠦ ᠳᠤ ᠬᠡᠷᠡᠭᠯᠡᠨ᠎ᠡ᠃ ᠡᠭᠦᠨ ᠤ ᠳᠤ ᠬᠠᠮᠲᠤ᠂ | ᠭᠤᠤᠯᠳᠠᠯᠭ᠎ᠠ ᠲᠠᠢ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ | ᠵᠠᠰᠠᠬᠤ ᠲᠠᠢ ᠤᠶᠠᠯᠳᠤᠭᠤᠯᠵᠤ᠂ ᠵᠤᠭᠠᠴᠠᠭᠰᠠᠳ ᠤᠨ ᠲᠥᠪ᠂ ᠲᠡᠷᠭᠡᠨ ᠵᠣᠭᠰᠣᠭᠠᠯ᠂ ᠬᠤᠭ ᠨᠣᠪᠰᠢ ᠪᠣᠬᠢᠷ | ᠤᠰᠤ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠠᠩᠬᠠᠷᠬᠤ ᠬᠡᠷᠡᠭᠲᠡᠶ᠃ | 3.ᠠᠷᠠᠳ ᠤᠨ ᠪᠠᠶᠢᠷᠢ ᠶᠢᠨ ᠲᠤᠷᠰᠢᠯᠲᠠ ᠶᠢ ᠡᠬᠢᠯᠡᠭᠦᠯᠵᠦ᠂ ᠣᠳᠣᠨ ᠲᠡᠰ ᠤᠨ ᠡᠷᠦᠬᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠱᠢᠶ᠎ᠡ | ᠦᠵᠡᠭᠦᠯᠬᠦ ᠲᠣᠰᠬᠤᠨ ᠤ ᠦᠵᠡᠮᠵᠢ ᠶᠢᠨ ᠡᠬᠢ ᠪᠠᠶᠠᠯᠢᠭ ᠵᠢᠴᠢ ᠵᠣᠴᠢᠳ ᠤᠨ ᠢᠷᠡᠯᠲᠡ ᠶᠢᠨ ᠳᠠᠪᠠᠭᠤᠯᠢᠭ ᠲᠤ | ᠲᠦᠰᠢᠭᠯᠡᠨ᠂ ᠬᠤᠨᠣᠭᠯᠠᠬᠤ ᠴᠢᠳᠠᠪᠤᠷᠢ ᠬᠦᠷᠦᠯᠴᠡᠬᠦ ᠥᠬᠡᠶ ᠪᠠᠶᠢᠬᠤ ᠪᠠ ᠵᠢᠭᠤᠯᠴᠢᠯᠠᠭᠴᠢᠳ ᠤᠨ ᠣᠯᠠᠨ | ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠨᠥᠬᠦᠪᠥᠷᠢᠯᠡᠬᠦ ᠶᠢᠨ ᠲᠤᠰᠠᠳᠠ᠂ ᠠᠷᠠᠳ ᠤᠨ ᠣᠷᠣᠨ ᠰᠠᠭᠤᠴᠠ ᠶᠢᠨ | ᠵᠢᠭᠤᠯᠴᠢᠯᠠᠯ ᠤᠨ ᠬᠤᠷᠰᠢᠶ᠎ᠠ ᠶᠢ ᠪᠠᠶᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠲᠠᠷᠢᠶᠠᠴᠢᠳ ᠤᠨ ᠭᠡᠷ ᠪᠠᠶᠢᠰᠢᠩ ᠢ | ᠰᠢᠯᠵᠢᠭᠦᠯᠦᠨ ᠬᠤᠷᠰᠢᠶᠠᠨ ᠳᠤ ᠣᠷᠣᠭᠤᠯᠵᠤ᠂ ᠲᠤᠰᠬᠠᠶ ᠵᠢᠷᠤᠭᠯᠠᠨ ᠲᠥᠯᠥᠪᠯᠡᠵᠦ ᠡᠵᠡᠩᠨᠡᠬᠦ ᠪᠦᠯᠬᠦᠮ ᠨᠡᠶᠢᠲᠡ ᠶᠢ | ᠣᠷᠣᠭᠤᠯᠤᠨ ᠠᠪᠴᠢᠷᠠᠵᠤ᠂ ᠤᠤᠯ ᠤᠨ ᠪᠠᠶᠢᠭᠰᠠᠨ ᠣᠳᠣᠨ ᠲᠡᠰ ᠤᠨ ᠡᠷᠦᠬᠡ ᠪᠠ ᠣᠨᠴᠠᠯᠢᠭᠲᠤ ᠣᠳᠣᠨ ᠲᠡᠰ ᠤᠨ | ᠡᠷᠦᠬᠡ ᠶᠢᠨ ᠣᠨᠴᠠᠯᠢᠭᠲᠤ ᠠᠷᠠᠳ ᠤᠨ ᠣᠷᠣᠨ ᠰᠠᠭᠤᠴᠠ ᠲᠡᠰᠢ ᠬᠡᠯᠪᠡᠷᠢ ᠪᠠᠨ ᠬᠤᠪᠢᠷᠠᠭᠤᠯᠬᠤ ᠶᠢ ᠵᠡᠷᠭᠡ ᠳᠤᠨᠢ | ᠠᠬᠢᠭᠤᠯᠤᠨ᠎ᠠ᠃ ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠴᠢᠷᠮᠡᠶᠢᠨ᠂ ᠵᠠᠰᠠᠭ ᠤᠨ ᠣᠷᠳᠣᠨ ᠠᠴᠠ | ᠲᠡᠳᠬᠦᠨ ᠳᠡᠮᠵᠢᠬᠦ᠂ ᠦᠵᠡᠮᠵᠢᠲᠦ ᠣᠷᠣᠨ ᠬᠠᠪᠰᠤᠷᠤᠨ ᠳᠠᠭᠠᠭᠤᠯᠬᠤ᠂ ᠬᠤᠷᠰᠢᠶ᠎ᠠ ᠠᠴᠠ ᠵᠣᠬᠢᠶᠠᠨ ᠪᠠᠶᠢᠭᠤᠯᠬᠤ᠂ | ᠲᠤᠰᠬᠠᠶ ᠪᠦᠯᠬᠦᠮ ᠨᠡᠶᠢᠲᠡ ᠠᠴᠠ ᠲᠤᠰᠠᠯᠠᠬᠤ ᠵᠠᠷᠴᠢᠮ ᠶᠣᠰᠣᠭᠠᠷ᠂ ᠭᠤᠤᠯᠳᠠᠯᠭ᠎ᠠ ᠲᠠᠢ ᠦᠵᠡᠮᠵᠢᠲᠦ ᠣᠷᠣᠨ᠂ | ᠬᠠᠯᠠᠭᠤᠨ ᠴᠡᠭ ᠤᠨ ᠱᠤᠭᠤᠮ ᠵᠢᠴᠢ ᠬᠥᠳᠡᠭᠡ ᠲᠣᠰᠬᠤᠨ ᠤ ᠵᠢᠭᠤᠯᠴᠢᠯᠠᠯ ᠲᠥᠪᠯᠡᠷᠡᠭᠰᠡᠨ ᠣᠷᠣᠨ ᠳᠤ ᠠᠷᠠᠳ ᠤᠨ | ᠣᠷᠣᠨ ᠰᠠᠭᠤᠴᠠ ᠶᠢᠨ ᠲᠤᠷᠰᠢᠯᠲᠠ ᠶᠢ ᠡᠬᠢᠯᠡᠭᠦᠯᠦᠨ᠎ᠡ᠃ | 4. ᠨᠤᠲᠤᠭ ᠤᠨ ᠤᠨᠴᠠ ᠭᠠᠷᠤᠯᠲᠠ ᠶᠢ ᠪᠣᠭᠤᠳᠠᠯ ᠪᠠᠭᠯᠠᠭ᠎ᠠ ᠬᠢᠵᠤ᠂ ᠨᠤᠲᠤᠭ ᠤᠨ ᠣᠨᠴᠠᠯᠢᠭᠲᠤ | ᠵᠢᠭᠤᠯᠴᠢᠯᠠᠯ ᠤᠨ ᠲᠠᠸᠠᠷ ᠤᠨ ᠨᠡᠷᠡᠲᠦ ᠲᠡᠮᠳᠡᠭ ᠢ ᠡᠭᠦᠳᠦᠨ᠎ᠡ᠃ ᠵᠢᠭᠤᠯᠴᠢᠯᠠᠯ ᠤᠨ ᠡᠬᠢ ᠪᠠᠶᠠᠯᠢᠭ᠂ ᠦᠵᠡᠮᠵᠢ ᠶᠢᠨ | ᠣᠷᠣᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠱᠤᠭᠤᠮ ᠤᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ | ᠵᠢᠭᠤᠯᠴᠢᠯᠠᠯ ᠤᠨ ᠲᠠᠸᠠᠷ ᠤᠨ ᠣᠨᠴᠠ ᠭᠠᠷᠤᠯᠲᠠ ᠶᠢᠨ ᠳᠡᠯᠭᠡᠭᠦᠷ ᠢ ᠵᠦᠶ ᠵᠣᠬᠢᠰᠲᠠᠶ ᠪᠠᠶᠢᠷᠢᠰᠢᠭᠤᠯᠤᠨ᠎ᠠ᠂ ᠨᠢᠭᠡ ᠳᠤ | ᠂ ᠰᠢᠶᠠᠨ ᠤ ᠬᠤᠲᠠ ᠶᠢᠨ ᠳᠡᠯᠭᠡᠭᠦᠷ ᠢ ᠪᠠᠬᠢᠵᠢᠭᠦᠯᠦᠨ ᠳᠡᠭᠡᠭᠰᠢᠯᠡᠭᠦᠯᠵᠦ᠂ ᠲᠣᠰ ᠭᠠᠵᠠᠷ ᠤᠨ ᠪᠦᠲᠦᠭᠡᠭᠳᠡᠬᠦᠨ ᠤ | ᠲᠠᠯᠪᠢᠭᠤᠷ ᠲᠤ ᠭᠠᠷᠬᠤ ᠬᠠᠷᠢᠴᠠᠯ ᠢ ᠨᠡᠮᠡᠭᠳᠡᠭᠦᠯᠦᠨ᠎ᠡ︔ ᠬᠤᠶᠠᠷ ᠲᠤ ᠬᠥᠳᠡᠭᠡ ᠲᠣᠰᠬᠤᠨ ᠤ ᠳᠡᠯᠭᠡᠭᠦᠷ ᠢ | ᠲᠡᠭᠦᠯᠳᠡᠷᠵᠢᠭᠦᠯᠦᠨ ᠥᠷᠭᠡᠳᠬᠡᠵᠦ᠂ ᠨᠤᠲᠤᠭ ᠤᠨ ᠣᠨᠴᠠ ᠭᠠᠷᠤᠯᠲᠠ ᠶᠢᠨ ᠲᠥᠷᠥᠯ ᠵᠦᠢᠯ ᠢ ᠲᠡᠭᠦᠯᠳᠡᠷᠵᠢᠭᠦᠯᠦᠨ᠎ᠡ︔ | ᠭᠤᠷᠪᠠ ᠳᠤ᠂ ᠲᠣᠭᠤᠷᠢᠭ ᠬᠤᠪᠢᠶᠠᠨ ᠦᠵᠡᠮᠵᠢ ᠶᠢᠨ ᠣᠷᠣᠨ ᠤ ᠳᠡᠯᠭᠡᠭᠦᠷ ᠡᠷᠬᠢᠯᠡᠵᠦ᠂ ᠨᠤᠲᠤᠭ ᠤᠨ ᠭᠠᠷᠤᠯᠲᠠ | ᠪᠣᠷᠣᠯᠠᠭᠤᠯᠬᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠳᠣ ᠶᠢᠨ ᠪᠠᠶᠢᠭ᠎ᠠ ᠨᠤᠲᠤᠭ ᠤᠨ ᠣᠨᠴᠠ ᠭᠠᠷᠤᠯᠲᠠ ᠪᠠ | ᠵᠢᠭᠤᠯᠴᠢᠯᠠᠯ ᠤᠨ ᠲᠠᠸᠠᠷ ᠲᠤ ᠪᠦᠲᠦᠭᠡᠯᠴᠢ ᠵᠢᠷᠤᠭ ᠲᠥᠯᠥᠪᠯᠡᠭᠡ ᠶᠢᠨ ᠪᠣᠭᠤᠳᠠᠯ ᠲᠠᠯᠪᠢᠵᠤ᠂ ᠣᠨᠴᠠ | ᠭᠠᠷᠤᠯᠲᠠ ᠶᠢᠨ ᠳᠡᠯᠭᠡᠭᠦᠷ ︵ᠪᠤᠶᠤ ᠳᠡᠯᠭᠡᠭᠡ ᠮᠠᠶᠢᠮᠠᠶ ᠶᠢᠨ ᠭᠠᠵᠠᠷ︶ ᠲᠤ ᠲᠥᠪᠯᠡᠷᠡᠭᠦᠯᠦᠨ ᠬᠤᠳᠠᠯᠳᠤᠭᠤᠯᠵᠤ᠂ | ᠵᠢᠭᠤᠯᠴᠢᠯᠠᠭᠴᠢᠳ ᠤᠨ ᠬᠤᠳᠠᠯᠳᠤᠨ ᠠᠪᠬᠤ ᠳᠤ ᠳᠥᠭᠦᠮ ᠦᠵᠡᠭᠦᠯᠦᠨ᠂ ᠨᠤᠲᠤᠭ ᠤᠨ ᠣᠨᠴᠠ ᠭᠠᠷᠤᠯᠲᠠ ᠶᠢ | ᠪᠣᠷᠣᠯᠠᠭᠤᠯᠬᠤ ᠳᠤ ᠳᠥᠭᠦᠮ ᠨᠥᠬᠦᠴᠡᠯ ᠬᠠᠩᠭᠠᠬᠤ ᠬᠡᠷᠡᠭᠲᠡᠶ᠃ ᠭᠤᠤᠯ ᠪᠣᠯᠬᠤ ᠲᠠᠸᠠᠷ ᠲᠤᠨᠢ ᠭᠠᠷᠮᠠᠭᠠᠶ ᠪᠡᠯᠡ | ᠮᠥᠩᠭᠦ ᠲᠠᠢ ᠤᠲᠤᠮᠠᠯ ᠳᠠᠬᠢᠶ᠎ᠠ ︵ᠪᠦᠬᠦ ᠲᠥᠷᠥᠯ ᠤᠨ ᠤᠶᠢᠯᠡᠳᠬᠦᠨ︶᠂ ᠥᠪᠡᠷ ᠪᠠᠨ ᠠᠷᠢᠬᠢ ᠨᠡᠷᠡᠬᠦ᠂ ᠬᠦᠷᠲᠡᠨ | ᠰᠢᠬᠠᠬᠤ᠂ ᠰᠢᠷ᠎ᠠ ᠲᠣᠰᠣ᠂ ᠤᠳᠪᠠᠯᠠ᠂ ᠠᠭᠤᠯᠠᠨ ᠴᠠᠢ᠂ ᠬᠥᠬᠡ ᠨᠣᠭᠤᠭ᠎ᠠ᠂ ᠤᠷᠠᠨ ᠪᠢᠴᠢᠯᠭᠡ ᠤᠷᠠᠨ | ᠵᠢᠷᠤᠭ ᠤᠨ ᠴᠠᠭᠠᠰᠤᠨ ᠬᠠᠶᠢᠴᠢᠯᠠᠮᠠᠯ᠂ ᠬᠠᠮᠠᠷ ᠲᠠᠮᠠᠬᠢ ᠶᠢᠨ ᠳᠡᠪᠦᠷ᠎ᠡ᠂ ᠭᠠᠷ ᠰᠠᠷᠬᠢᠨᠠᠭ ᠪᠠ ᠲᠣᠰᠬᠤᠨ ᠤ | ᠠᠷᠠᠳ ᠤᠨ ᠥᠪᠡᠷ ᠢᠶᠠᠷ ᠲᠠᠷᠢᠭᠰᠠᠨ ᠨᠤᠲᠤᠭ ᠤᠨ ᠣᠨᠴᠠ ᠭᠠᠷᠤᠯᠲᠠ ᠵᠡᠷᠭᠡ ᠪᠤᠢ᠃ | 5.ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠬᠢᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠠᠴᠠ 70 ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ | ᠵᠦᠢᠯ ᠢ ᠲᠣᠭᠲᠠᠭᠠᠵᠤ᠂ ︽ᠴᠢᠳᠠᠪᠤᠷᠢ ᠲᠠᠢ ᠬᠥᠮᠦᠨ + ᠶᠠᠳᠠᠭᠤ ᠬᠦᠴᠢᠷᠳᠡᠯᠲᠡᠶ ᠡᠷᠦᠬᠡ︾᠂ ︽ᠪᠦᠬᠦ᠋ᠢᠯᠡ | ᠲᠣᠰᠬᠤᠨ ᠢᠶᠠᠷ ᠨᠢ ᠠᠬᠢᠭᠤᠯᠬᠤ︾ ᠪᠠ ︽ᠠᠵᠤ ᠠᠬᠤᠢᠯᠠᠯ + ᠶᠠᠳᠠᠭᠤ ᠬᠦᠴᠢᠷᠳᠡᠯᠲᠡᠶ ᠡᠷᠦᠬᠡ︾ ᠭᠡᠵᠦ 3 | ᠲᠥᠷᠥᠯ ᠬᠤᠪᠢᠶᠠᠵᠤ᠂ ᠤᠯᠠᠭᠠᠨᠴᠠᠪ ᠬᠤᠲᠠ ᠠᠴᠠ 8 ᠣᠷᠣᠵᠤ᠂ ᠡᠭᠦᠨ ᠳᠤ ᠮᠠᠨ ᠤ ᠰᠢᠶᠠᠨ 2 ᠪᠣᠶ᠂ ᠳᠠᠷᠤᠶ ᠦ᠋ | ᠶᠣᠣ ᠬᠥ᠋ ᠴᠧᠩ ᠲᠠᠷᠢᠶᠠᠴᠢᠨ ᠡᠷᠦᠬᠡ ᠶᠢᠨ ︽ᠴᠢᠳᠠᠪᠤᠷᠢ ᠲᠠᠢ ᠬᠥᠮᠦᠨ + ᠶᠠᠳᠠᠭᠤ ᠬᠦᠴᠢᠷᠳᠡᠯᠲᠡᠶ ᠡᠷᠦᠬᠡ︾ ᠶᠢᠨ | ᠲᠥᠷᠥᠯ ᠵᠦᠢᠯ ᠳᠤ ᠣᠷᠣᠵᠤ᠂ ᠪᠠᠶ ᠬᠤᠸᠠ ᠯᠢᠨ ᠠᠮᠢ ᠠᠬᠤᠢ ᠶᠢᠨ ᠵᠢᠭᠤᠯᠴᠢᠯᠠᠯ ᠤᠨ ᠬᠢᠵᠠᠭᠠᠷᠲᠤ ᠺᠣᠮᠫᠠᠨᠢ ︽ | ᠠᠵᠤ ᠠᠬᠤᠢᠯᠠᠯ + ᠶᠠᠳᠠᠭᠤ ᠬᠦᠴᠢᠷᠳᠡᠯᠲᠡᠶ ᠡᠷᠦᠬᠡ︾ ᠶᠢᠨ ᠲᠥᠷᠥᠯ ᠵᠦᠢᠯ ᠳᠤ ᠣᠷᠣᠪᠠ᠃ ᠲᠠᠷᠢᠶᠠᠴᠢᠨ ᠡᠷᠦᠬᠡ | ᠣᠳᠣ ᠪᠠᠶᠢᠭ᠎ᠠ ᠢᠳᠡᠭᠡᠨ ᠤᠮᠳᠠᠭᠠᠨ ᠤ ᠲᠤᠬᠠᠶᠢᠯᠠᠭᠰᠠᠨ ᠠᠵᠢᠯ ᠢᠶᠠᠨ ᠨᠠᠷᠢᠯᠢᠭ ᠬᠢᠭᠰᠡᠨ ᠰᠠᠭᠤᠷᠢᠨ ᠳᠡᠭᠡᠷ᠎ᠡ᠂ | ᠬᠤᠶᠢᠰᠢᠳᠠ ᠠᠷᠠᠳ ᠤᠨ ᠣᠷᠣᠨ ᠰᠠᠭᠤᠴᠠ ᠶᠢ ᠴᠣᠭᠴᠠᠯᠠᠬᠤ᠂ ᠥᠪᠡᠷᠮᠢᠴᠡ ᠣᠨᠴᠠᠯᠢᠭ ᠲᠠᠢ ᠲᠠᠸᠠᠷ ᠢ | ᠪᠣᠭᠤᠳᠠᠯᠯᠠᠬᠤ ᠳᠡᠭᠡᠷ᠎ᠡ ᠬᠦᠴᠦ ᠲᠠᠯᠪᠢᠵᠤ᠂ ᠦ᠋ ᠶᠣᠣ ᠬᠥ᠋ ᠴᠧᠩ ᠶᠢᠨ ᠰᠠᠭᠤᠭᠠᠯᠢ ᠠᠷᠠᠳ ᠤᠨ ᠪᠠᠶᠠᠵᠢᠬᠤ ᠳᠤ | ᠣᠷᠣᠯᠴᠠᠬᠤ ᠶᠢ ᠳᠠᠶᠢᠴᠢᠯᠠᠬᠤ ᠬᠡᠷᠡᠭᠲᠡᠶ᠃ ᠯᠢᠨ ᠬᠤ ᠬᠦ ᠰᠠᠢ ᠦᠵᠡᠮᠵᠢ ᠶᠢᠨ ᠣᠷᠣᠨ ᠨᠢ ᠲᠣᠰᠬᠤᠨ ᠤ ᠠᠷᠠᠳ ᠲᠤ | ᠠᠵᠢᠯ ᠣᠯᠭᠤᠬᠤ᠂ ᠲᠣᠰᠬᠤᠨ ᠤ ᠠᠷᠠᠳ ᠢ ᠵᠠᠬᠢᠶᠠᠯᠠᠨ ᠬᠤᠳᠠᠯᠳᠤᠨ ᠠᠪᠬᠤ᠂ ᠲᠣᠰᠬᠤᠨ ᠤ ᠠᠷᠠᠳ ᠢ ᠳᠠᠶᠢᠴᠢᠯᠠᠨ | ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠬᠦᠯᠢᠶᠡᠨ ᠠᠪᠬᠤ ᠵᠡᠷᠭᠡ ᠲᠠᠯ᠎ᠠ ᠪᠠᠷ ᠥᠪᠡᠷᠮᠢᠴᠡ | ᠤᠶᠢᠯᠡᠳᠤᠯ ᠢᠶᠠᠨ ᠪᠠᠳᠠᠷᠠᠭᠤᠯᠬᠤ ᠬᠡᠷᠡᠭᠲᠡᠶ᠃ | 6.ᠬᠥᠳᠡᠭᠡ ᠲᠣᠰᠬᠤᠨ ᠤ ᠵᠢᠭᠤᠯᠴᠢᠯᠠᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠢᠨᠵᠧᠨᠧᠷᠢᠩ ᠢ | ᠬᠡᠷᠡᠭᠵᠢᠭᠦᠯᠦᠨ᠎ᠡ᠃ ᠨᠢᠭᠡ ᠳᠤ᠂ ᠴᠤᠤᠶᠠᠩ ᠲᠣᠭᠤᠷᠢᠭ ᠤᠨ ᠬᠠᠪᠰᠤᠷᠤᠨ ᠲᠡᠳᠬᠦᠬᠦ ᠠᠵᠠ ᠲᠣᠬᠢᠶᠠᠯ ᠢ ᠠᠰᠢᠭᠯᠠ | ᠪᠣᠯᠪᠠᠰᠤᠷᠠᠯ ᠢ ᠰᠠᠶᠢᠲᠤᠷ ᠬᠢᠨ᠎ᠡ᠃ ᠡᠭᠦᠨ ᠳᠤ ᠭᠤᠤᠯᠳᠠᠭᠤ ᠬᠤᠶᠠᠷ ᠵᠦᠢᠯ ᠤᠨ ᠠᠷᠭ᠎ᠠ ᠮᠠᠶ᠋ᠢᠭ ᠪᠠᠶᠢᠳᠠᠭ᠄ ᠨᠢᠭᠡ | ᠵᠦᠢᠯ ᠨᠢ ᠭᠠᠳᠠᠭᠰᠢ ᠭᠠᠷᠴᠤ ᠪᠣᠯᠪᠠᠰᠤᠷᠠᠯ ᠬᠢᠵᠦ᠂ ᠴᠤᠤᠶᠠᠩ ᠲᠣᠭᠤᠷᠢᠭ ᠤᠨ ᠵᠤᠭᠠᠴᠠᠯ ᠤᠨ ᠬᠥᠭᠵᠢᠭᠦᠯᠦᠯᠲᠡ ᠶᠢᠨ | ᠵᠥᠪᠯᠡᠯ ᠠᠴᠠ ᠪᠣᠯᠪᠠᠰᠤᠷᠠᠯ ᠤᠨ ᠬᠤᠷᠠᠯ ᠤᠨ ᠶᠠᠪᠤᠳᠠᠯ ᠢ ᠲᠣᠬᠢᠷᠠᠭᠤᠯᠵᠤ᠂ ᠲᠤᠰᠬᠠᠶ ᠮᠡᠷᠭᠡᠵᠢᠯᠲᠡᠨ ᠢᠶᠠᠷ | ᠬᠢᠴᠢᠶᠡᠯᠯᠡᠭᠦᠯᠬᠦ ᠪᠠ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠬᠤ ᠶᠢ ᠤᠶᠠᠯᠳᠤᠭᠤᠯᠤᠨ᠎ᠠ︔ | ᠨᠥᠭᠦᠭᠡ ᠨᠢᠭᠡ ᠵᠦᠢᠯ ᠨᠢ ᠪᠣᠯ ᠪᠤᠴᠠᠵᠤ ᠢᠷᠡᠨ ᠪᠣᠯᠪᠠᠰᠤᠷᠠᠭᠤᠯᠵᠤ᠂ ᠴᠤᠤᠶᠠᠩ ᠲᠣᠭᠤᠷᠢᠭ ᠠᠴᠠ ᠲᠤᠰᠬᠠᠶ | ᠮᠡᠷᠭᠡᠵᠢᠯᠲᠡᠨ ᠢ ᠤᠷᠢᠵᠤ ᠮᠠᠨ ᠤ ᠰᠢᠶᠠᠨ ᠳᠤ ᠠᠪᠴᠢᠷᠠᠨ ᠪᠣᠯᠪᠠᠰᠤᠷᠠᠭᠤᠯᠵᠤ᠂ ᠴᠡᠭ ᠲᠣᠭᠲᠠᠭᠠᠨ ᠬᠢᠴᠢᠶᠡᠯᠯᠡᠬᠦ ᠪᠠ | ᠨᠡᠭᠦᠳᠡᠯ ᠵᠢᠯᠣᠭᠤᠳᠤᠯᠭ᠎ᠠ᠂ ᠬᠡᠷᠡᠭ ᠤᠨ ᠵᠢᠱᠢᠶ᠎ᠡ ᠬᠤᠶᠠᠷ ᠢ ᠤᠶᠠᠯᠳᠤᠭᠤᠯᠤᠨ᠎ᠠ᠃ ᠬᠤᠶᠠᠷ ᠲᠤ ᠰᠢᠶᠠᠨ ᠤ ᠠᠵᠢᠯ | ᠣᠯᠭᠤᠬᠤ ᠲᠣᠪᠴᠢᠶ᠎ᠠ ᠲᠠᠢ ᠬᠠᠮᠲᠤᠷᠠᠨ ᠠᠩᠭᠢ ᠡᠷᠬᠢᠯᠡᠵᠦ᠂ ᠠᠵᠢᠯ ᠣᠯᠭᠤᠬᠤ ᠪᠣᠯᠪᠠᠰᠤᠷᠠᠭᠤᠯᠤᠯ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠲᠤᠰᠬᠠᠶ ᠮᠡᠷᠭᠡᠵᠢᠯᠲᠡᠨ ᠢᠶᠠᠷ ᠬᠢᠴᠢᠶᠡᠯ ᠣᠷᠣᠭᠤᠯᠬᠤ᠂ | ᠲᠤᠬᠠᠶ ᠶᠢᠨ ᠭᠠᠵᠠᠷ ᠲᠤᠨᠢ ᠰᠣᠷᠢᠯᠲᠠ ᠬᠢᠬᠦ᠂ ᠬᠠᠷᠢᠯᠴᠠᠨ ᠰᠣᠯᠢᠯᠴᠠᠬᠤ᠂ ᠬᠡᠷᠡᠭ ᠤᠨ ᠵᠢᠱᠢᠶ᠎ᠡ ᠪᠠᠷ ᠲᠠᠶᠢᠯᠤᠮᠵᠢ ᠬᠢᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠯᠡᠭᠡᠨ ᠤ ᠴᠢᠨᠠᠷᠲᠠᠶ ᠪᠣᠯᠪᠠᠰᠤᠷᠠᠭᠤᠯᠤᠯ ᠬᠢᠬᠦ ᠬᠡᠷᠡᠭᠲᠡᠶ᠃ ᠪᠣᠯᠪᠠᠰᠤᠷᠠᠯ | ᠬᠦᠷᠲᠡᠭᠰᠡᠳ ᠲᠤ ᠭᠤᠤᠯᠳᠠᠭᠤ ᠬᠥᠳᠡᠭᠡ ᠲᠣᠰᠬᠤᠨ ᠤ ᠵᠢᠭᠤᠯᠴᠢᠯᠠᠯ ᠤᠨ ᠬᠠᠮᠢᠶᠠᠷᠤᠯᠲᠠ᠂ ᠤᠶᠢᠯᠡᠴᠢᠯᠡᠭᠡᠨ ᠤ ᠪᠦᠬᠦ | ᠠᠵᠢᠯᠲᠠᠨ ᠪᠠᠭᠲᠠᠨ᠎ᠠ᠃ | 7. ᠵᠢᠭᠤᠯᠴᠢᠯᠠᠯ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠢᠯᠠᠩᠭᠤᠶ᠎ᠠ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠵᠦ | ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠪᠦᠬᠦ ᠲᠠᠯ᠎ᠠ ᠪᠠᠷ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠰᠢᠶᠠᠨ ᠤ | ᠵᠢᠭᠤᠯᠴᠢᠯᠠᠯ ᠤᠨ ᠰᠠᠯᠠᠭ᠎ᠠ ᠮᠥᠴᠢᠷ ᠳᠡᠭᠡᠲᠦ ᠱᠠᠲᠤᠨ ᠤ ᠡᠯ᠎ᠡ ᠲᠥᠷᠥᠯ ᠤᠨ ᠵᠢᠭᠤᠯᠴᠢᠯᠠᠯ ᠤᠨ ᠬᠥᠭᠵᠢᠯᠲᠡ ᠶᠢᠨ | ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ᠃ ᠰᠢᠶᠠᠨ ᠤ ᠵᠢᠭᠤᠯᠴᠢᠯᠠᠯ᠂ ᠡᠳ᠋ ᠤᠨ ᠵᠠᠰᠠᠭ᠂ ᠬᠢᠨᠠᠨ ᠪᠣᠳᠣᠬᠤ ᠵᠡᠷᠭᠡ | ᠰᠠᠯᠠᠭ᠎ᠠ ᠮᠥᠴᠢᠷ ᠤᠳ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢᠨ | ᠵᠡᠷᠭᠡᠴᠡᠭᠡ ᠪᠠᠷ᠂ ᠮᠠᠨ ᠤ ᠰᠢᠶᠠᠨ ᠤ ᠪᠣᠳᠠᠲᠤ ᠪᠠᠶᠢᠳᠠᠯ ᠢ ᠦᠨᠳᠦᠰᠦᠯᠡᠨ ᠵᠣᠬᠢᠴᠠᠩᠭᠤᠢ ᠰᠢᠮᠳᠠᠭᠤᠯᠤᠨ ᠪᠠᠶᠢᠴᠠᠭᠠᠬᠤ | ᠳᠦᠷᠢᠮ ᠲᠣᠭᠲᠠᠭᠠᠵᠤ᠂ ᠲᠥᠷᠥᠯ ᠵᠦᠢᠯ ᠤᠨ ᠠᠬᠢᠴᠠ᠂ ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠢ ᠴᠠᠭ | ᠲᠤᠬᠠᠢ ᠲᠤᠨᠢ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠵᠤ᠂ ᠴᠠᠭ ᠲᠤᠬᠠᠢ ᠲᠤᠨᠢ ᠪᠡᠯᠡ ᠮᠥᠩᠭᠦ ᠰᠠᠯᠭᠠᠨ | ᠥᠭᠴᠦ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠠ ᠳᠤᠮᠳᠠ ᠲᠠᠰᠤᠯᠬᠤ ᠶᠢ ᠴᠢᠩᠭ᠎ᠠ ᠴᠠᠭᠠᠵᠠᠯᠠᠨ᠂ ᠲᠤᠰᠬᠠᠢ | ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠥᠩᠭᠦ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ᠃ | | ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |