9 ᠰᠠᠷ᠎ᠠ ᠶᠢᠨ 27 ᠤ ᠡᠳᠦᠷ᠂ ᠰᠧᠴᠤᠸᠠᠨ ᠮᠤᠵᠢ ᠶᠢᠨ ᠳᠤᠮᠳᠠᠳᠤ ᠤᠯᠤᠰ ᠶᠢᠨ ᠮᠠᠯᠤᠷ ᠦᠳᠡᠭᠡ | ᠬᠠᠮᠠᠭᠠᠯᠠᠯᠲᠠ ᠶᠢᠨ | ᠰᠤᠳᠤᠯᠭᠠᠨ ᠤ ᠲᠥᠪ ᠤᠨ ᠸᠧ ᠯᠦᠩ ᠱᠧᠩ ᠱᠣ᠋ ᠫᠢᠩ ᠰᠠᠭᠤᠷᠢᠨ ᠭᠠᠵᠠᠷ ᠪᠣᠯᠤᠨ ᠳ᠋ᠦ᠋ ᠵᠢᠶᠠᠩ ᠶᠠᠨ ᠤ | ᠰᠠᠭᠤᠷᠢᠨ | ᠭᠠᠵᠠᠷ ᠤᠨ 4 ᠬᠥᠭᠡᠷᠦᠬᠦᠨ ᠴᠢᠷᠠᠶᠢᠲᠤ ᠮᠠᠯᠤᠷ ᠦᠳᠡᠭᠡ ᠶᠢ ᠮᠠᠨ ᠤ ᠰᠢᠶᠠᠨ ᠤ ᠯᠢᠨ ᠬᠤᠤ ᠦᠵᠡᠮᠵᠢ ᠶᠢᠨ | ᠣᠷᠣᠨ ᠳᠤ | ᠨᠤᠲᠤᠭᠰᠢᠯᠠᠭᠤᠯᠵᠤ᠂ ᠮᠠᠨ ᠤ ᠰᠢᠶᠠᠨ ᠤ ᠠᠷᠠᠳ ᠲᠦᠮᠡᠨ ᠤ ᠬᠦᠷᠢᠶᠡᠯᠡᠯ ᠢ ᠣᠯᠪᠠ᠃ | | | 4 ᠲᠣᠮᠣ ᠮᠠᠯᠤᠷ ᠦᠳᠡᠭᠡ ᠲᠤᠰ ᠲᠤᠰ ᠳ᠋ᠦᠸ᠋ ᠳ᠋ᠦᠸ᠋᠂ ᠮᠧᠶ ᠰᠢᠨ᠂ ᠲᠤᠤ ᠲᠤᠤ᠂ ᠶᠦᠨ ᠲᠤᠤ ᠭᠡᠳᠡᠭ | ᠨᠡᠷ᠎ᠡ ᠲᠠᠢ᠃ | | | | ᠲᠤᠤ ᠲᠤᠤ ᠪᠣᠯᠤᠨ ᠶᠦᠨ ᠲᠤᠤ ᠪᠣᠯ ᠬᠤᠶᠠᠷ ︽ᠪᠢᠴᠢᠬᠠᠨ ᠬᠦᠤ︾ ᠪᠣᠯᠤᠨ᠎ᠠ᠂ ᠲᠡᠳᠡ ᠳᠤᠮᠳᠠᠳᠤ | ᠤᠯᠤᠰ ᠶᠢᠨ | ᠮᠠᠯᠤᠷ ᠦᠳᠡᠭᠡ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠳ᠋ᠦ᠋ ᠵᠢᠶᠠᠩ ᠶᠠᠨ ᠤ ᠰᠠᠭᠤᠷᠢᠨ ᠭᠠᠵᠠᠷ ᠠᠴᠠ | ᠢᠷᠡᠵᠡᠢ᠃ | ᠳ᠋ᠦ᠋ ᠵᠢᠶᠠᠩ ᠶᠠᠨ ᠬᠠᠰᠢᠯᠭ᠎ᠠ ᠶᠢᠨ ᠰᠠᠭᠤᠷᠢᠨ ᠭᠠᠵᠠᠷ ᠨᠢ ᠥᠩᠭᠡ ᠦᠵᠡᠮᠵᠢ ᠭᠤᠶᠣᠮᠰᠤᠭ ᠰᠠᠶᠢᠬᠠᠨ ᠴᠢᠩ | ᠴᠧᠩ ᠱᠠᠨ | ᠠᠭᠤᠯᠠᠨ ᠳᠤ ᠪᠠᠶᠢᠷᠢᠯᠠᠵᠤ᠂ ᠮᠠᠯᠤᠷ ᠦᠳᠡᠭᠡ ᠶᠢᠨ ᠣᠨᠴᠠᠭᠠᠢ ᠣᠷᠣᠰᠢᠨ ᠠᠮᠢᠳᠤᠷᠠᠬᠤ ᠠᠭᠤᠷ ᠠᠮᠢᠰᠬᠤᠯ ᠪᠠ | ᠪᠠᠶᠢᠭᠠᠯᠢ ᠶᠢᠨ ᠣᠷᠴᠢᠨ ᠲᠣᠭᠤᠷᠢᠨ ᠢ ᠪᠦᠷᠢᠯᠳᠦᠭᠦᠯᠦᠭᠰᠡᠨ ᠪᠣᠯᠬᠤᠷ ᠲᠡᠭᠦᠨ ᠢ ᠪᠠᠰᠠ ︽ᠮᠠᠯᠤᠷ ᠦᠳᠡᠭᠡ ᠶᠢᠨ | ᠴᠡᠩᠬᠡᠯ ᠤᠨ ᠤᠷᠤᠨ︾ ᠭᠡᠳᠡᠭ᠃ ᠮᠥᠨ ᠴᠦ ᠳᠡᠯᠡᠬᠡᠶ ᠳᠡᠭᠡᠷᠡᠬᠢ ᠴᠣᠷ ᠤᠨ ᠭᠠᠭᠴᠠ ᠶᠡᠭᠡ ᠠᠪᠤᠷᠠᠨ | ᠲᠤᠰᠠᠯᠠᠬᠤ ᠪᠠ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠤᠳᠤᠯᠭᠠᠨ ᠤ ᠲᠤᠰᠬᠠᠶ ᠪᠠᠶᠢᠭᠤᠯᠤᠮᠵᠢ ᠪᠣᠯᠤᠨ᠎ᠠ᠃ | ᠳ᠋ᠦᠸ᠋ ᠳ᠋ᠦᠸ᠋ ᠪᠠ ᠮᠧᠶ ᠰᠢᠨ ᠪᠣᠯ ᠬᠤᠶᠠᠷ ︽ᠪᠢᠴᠢᠬᠠᠨ ᠥᠬᠢᠨ︾ ᠶᠤᠮ᠂ ᠲᠡᠳᠡ ᠸᠧ ᠯᠦᠩ ᠪᠠᠶᠢᠭᠠᠯᠢ ᠶᠢᠨ | | ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠳᠤᠮᠳᠠᠳᠤ ᠤᠯᠤᠰ ᠶᠢᠨ ᠮᠠᠯᠤᠷ ᠦᠳᠡᠭᠡ ᠬᠠᠮᠠᠭᠠᠯᠠᠯᠲᠠ ᠶᠢᠨ | ᠰᠤᠳᠤᠯᠭᠠᠨ ᠤ | ᠲᠥᠪ ᠤᠨ ᠸᠧ ᠯᠦᠩ ᠱᠧᠩ ᠱᠣ᠋ ᠫᠢᠩ ᠰᠠᠭᠤᠷᠢᠨ ᠭᠠᠵᠠᠷ ᠠᠴᠠ ᠢᠷᠡᠭᠰᠡᠨ ᠪᠥᠭᠡᠳ 2008 ᠤᠨ | ᠸᠧᠨᠴᠤᠸᠠᠨ ᠤ ᠭᠠᠵᠠᠷ | ᠬᠥᠳᠡᠯᠦᠯᠲᠡ ᠶᠢᠨ ᠳᠠᠷᠠᠭᠠᠬᠢ ᠳᠠᠬᠢᠨ ᠪᠠᠶᠢᠭᠤᠯᠤᠭᠰᠠᠨ ᠰᠠᠭᠤᠷᠢᠨ ᠭᠠᠵᠠᠷ ᠪᠣᠯᠤᠨ᠎ᠠ᠃ | | | | | | ᠲᠡᠳᠡᠨ ᠢ ᠨᠠᠩ ᠲᠠᠭᠠᠯᠠᠮᠵᠢᠲᠠᠶ ᠰᠠᠭᠤᠯᠭᠠᠬᠤ ᠶᠢᠨ ᠲᠥᠯᠥᠭᠡ᠂ ᠯᠢᠨ ᠬᠤ᠋ ᠦᠵᠡᠮᠵᠢ ᠶᠢᠨ ᠣᠷᠣᠨ ᠤ ᠰᠢᠨ᠎ᠡ ᠪᠠᠷ | | ᠪᠠᠶᠢᠭᠤᠯᠤᠭᠰᠠᠨ ᠮᠠᠯᠤᠷ ᠥᠨᠳᠡᠭᠡ ᠶᠢᠨ ᠣᠷᠳᠣᠨ ᠨᠢ ᠲᠣᠰ ᠲᠣᠰ 500 ᠰᠢᠬᠠᠮ ᠲᠡᠭᠰᠢ ᠳᠥᠷᠪᠡᠯᠵᠢᠨ ᠮᠧᠳ᠋ᠷ | ᠰᠢᠬᠠᠮ | ᠭᠠᠵᠠᠷ ᠡᠵᠡᠯᠡᠵᠦ᠂ ᠣᠷᠳᠣᠨ ᠪᠦᠷᠢ ᠨᠢ ᠲᠣᠰ ᠲᠣᠰ ᠬᠤᠶᠠᠷ ᠲᠣᠮᠣ ᠬᠠᠪᠲᠠᠭ᠎ᠠ ᠶᠢ ᠲᠣᠬᠢᠷᠠᠭᠤᠯᠬᠤ ᠶᠢᠨ | ᠬᠠᠮᠲᠤ᠂ | ᠣᠷᠳᠣᠨ ᠪᠦᠷᠢ ᠶᠢᠨ ᠭᠠᠳᠠᠭᠤᠷ ᠨᠢ ᠪᠠᠰᠠ ᠲᠣᠰ ᠲᠣᠰ 800 ᠰᠢᠬᠠᠮ ᠲᠡᠭᠰᠢ ᠳᠥᠷᠪᠡᠯᠵᠢᠨ ᠮᠧᠳ᠋ᠷ ᠪᠦᠬᠦᠢ | ᠬᠥᠳᠡᠯᠭᠡᠭᠡᠨ ᠤ ᠲᠣᠭᠤᠷᠢᠭ᠂ ᠠᠮᠠᠷᠠᠯᠲᠠ ᠶᠢᠨ ᠲᠣᠭᠤᠷᠢᠭ᠂ ᠤᠰᠤ ᠤᠮᠳᠠ ᠶᠢᠨ ᠲᠣᠭᠤᠷᠢᠭ᠂ ᠵᠤᠭᠠᠴᠠᠨ | ᠨᠠᠭᠠᠳᠬᠤ | ᠲᠣᠭᠤᠷᠢᠭ ᠪᠣᠶ᠃ ᠬᠤᠰᠤᠨ ᠮᠣᠳᠣ ᠪᠠᠷ ᠬᠢᠭᠰᠡᠨ ᠣᠷᠣᠨ ᠰᠠᠭᠤᠴᠠ ᠨᠢ ᠠᠭᠤᠵᠢᠮ ᠲᠠᠭᠠᠯᠠᠮᠵᠢᠲᠠᠶ᠂ ᠳᠡᠭᠡᠰᠦ | ᠮᠥᠯᠬᠦᠬᠦ ᠨᠢ | ᠱᠠᠲᠤ ᠮᠥᠯᠬᠦᠬᠦ ᠳᠤ ᠤᠷᠠᠨ ᠪᠥᠬᠡᠯᠢᠭ᠂ ᠮᠣᠳᠣᠨ ᠳᠡᠭᠦᠵᠢᠩ ᠨᠢ ᠠᠶᠠᠨᠳᠠᠭᠠᠨ ᠨᠠᠮᠳᠠᠵᠤ ᠵᠣᠭᠰᠣᠳᠠᠭ᠃ | ᠢᠳᠡᠳᠡᠭ ᠰᠢᠨ᠎ᠡ | ᠰᠣᠷᠭᠤᠭ ᠬᠤᠯᠤᠰᠤ ᠴᠤ ᠲᠣᠭᠲᠠᠭᠰᠠᠨ ᠬᠤᠭᠤᠴᠠᠭ᠎ᠠ ᠲᠠᠢ ᠪᠠᠷ ᠰᠧᠴᠤᠸᠠᠨ ᠠᠴᠠ ᠮᠠᠯᠤᠷ ᠥᠨᠳᠡᠭᠡ ᠶᠢᠨ | ᠣᠷᠳᠣᠨ ᠳᠤ | ᠬᠦᠷᠭᠡᠳᠡᠭ᠃ ᠬᠤᠯᠤᠰᠤ ︵ᠬᠤᠯᠤᠰᠤᠨ ᠰᠦᠶ᠎ᠡ︶ ᠶᠢᠨ ᠰᠢᠨ᠎ᠡ ᠰᠣᠷᠭᠤᠭ ᠬᠡᠮᠵᠢᠶ᠎ᠡ ᠪᠠ ᠪᠠᠴᠢᠮ ᠪᠠᠶᠢᠳᠠᠯ ᠢ | ᠠᠷᠭᠠᠴᠠᠬᠤ | ᠨᠥᠭᠡᠴᠡ ᠶᠢ ᠪᠠᠲᠤᠯᠠᠬᠤ ᠶᠢᠨ ᠲᠥᠯᠥᠭᠡ ᠪᠠᠰᠠ ᠬᠤᠯᠤᠰᠤ ︵ᠬᠤᠯᠤᠰᠤᠨ ᠰᠦᠶ᠎ᠡ︶ ᠶᠢᠨ ᠰᠣᠷᠭᠤᠭ | ᠪᠠᠶᠢᠯᠭᠠᠬᠤ ᠬᠥᠮᠥᠷᠭᠡ᠂ | ᠬᠤᠯᠤᠰᠤᠨ ᠤ ᠰᠦᠷᠴᠢᠮᠡᠯ ᠭᠡᠷ᠂ ᠬᠢᠨᠠᠨ ᠡᠵᠡᠮᠳᠡᠬᠦ ᠲᠠᠰᠤᠭ ᠵᠡᠷᠭᠡ ᠶᠢ ᠲᠤᠰᠬᠠᠶᠢᠯᠠᠨ ᠲᠣᠬᠢᠷᠠᠭᠤᠯᠤᠭᠰᠠᠨ | ᠪᠠᠶᠢᠨ᠎ᠠ᠃ | ᠡᠭᠦᠨ ᠤ ᠳᠤ ᠬᠠᠮᠲᠤ᠂ ᠶᠡᠭᠡ ᠢᠳᠡᠭᠡᠨ ᠤ ᠲᠤᠰᠠᠯᠠᠬᠤ ᠢᠳᠡᠭᠡᠨ ᠢ ᠴᠥᠮ ᠲᠤᠰᠬᠠᠶ ᠮᠡᠷᠭᠡᠵᠢᠯ ᠤᠨ ᠠᠮᠤᠷ | ᠲᠦᠪᠰᠢᠨ | ᠢᠳᠡᠭᠡᠨ ᠬᠠᠩᠭᠠᠬᠤ ᠤᠶᠢᠯᠡᠳᠪᠦᠷᠢ ᠠᠴᠠ ᠬᠤᠳᠠᠯᠳᠤᠨ ᠠᠪᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠦᠯᠢᠭᠡᠷ | ᠠᠪᠴᠤ ᠲᠤᠰᠬᠠᠶ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠦᠷᠭᠡᠵᠦ ᠰᠢᠯᠭᠠᠨ | ᠪᠠᠶᠢᠴᠠᠭᠠᠯᠭᠠᠵᠤ᠂ ᠠᠮᠤᠷ | ᠲᠦᠪᠰᠢᠨ᠂ ᠰᠢᠮ᠎ᠡ ᠲᠡᠵᠢᠭᠡᠯ ᠲᠠᠢ ᠪᠠᠶᠢᠬᠤ ᠶᠢ ᠪᠠᠲᠤᠯᠠᠨ᠎ᠠ᠃ ᠡᠷᠡᠭᠦᠯ ᠮᠡᠨᠳᠦ ᠢ ᠰᠠᠷ᠎ᠠ ᠪᠦᠷᠢ ᠡᠷᠡᠭᠦᠯ | ᠮᠡᠨᠳᠦ ᠶᠢᠨ | ᠪᠠᠶᠢᠴᠠᠭᠠᠯᠲᠠ ᠬᠢᠬᠦ ᠶᠢᠨ ᠬᠠᠮᠲᠤ ᠪᠠᠰᠠ ᠲᠤᠰᠬᠠᠶ ᠡᠮᠴᠢᠯᠡᠭᠡᠨ ᠤ ᠲᠠᠰᠤᠭ ᠲᠠᠢ ᠪᠠᠶᠢᠳᠠᠭ᠃ | | | | | | ᠬᠤᠶᠠᠷ ᠲᠣᠮᠣ ᠮᠠᠯᠤᠷ ᠥᠨᠳᠡᠭᠡ ᠶᠢᠨ ᠣᠷᠳᠣᠨ ᠲᠠᠢ ᠬᠠᠮᠲᠤ ᠪᠠᠶᠢᠭᠤᠯᠤᠭᠰᠠᠨ ᠲᠣᠮᠣ ᠮᠠᠯᠤᠷ ᠥᠨᠳᠡᠭᠡ ᠶᠢᠨ | ᠮᠡᠳᠡᠯᠭᠡ | ᠲᠦᠭᠡᠮᠡᠯᠵᠢᠭᠦᠯᠬᠦ ᠣᠷᠳᠣᠨ ᠪᠠᠶᠢᠨ᠎ᠠ᠃ ᠥᠷᠭᠡᠨ ᠣᠯᠠᠨ ᠵᠤᠭᠠᠴᠠᠭᠰᠠᠳ ᠤᠨ ᠤᠯᠤᠰ ᠶᠢᠨ ᠡᠷᠳᠡᠨᠢᠰ ᠤᠨ | ᠲᠤᠬᠠᠶ | ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ︽ᠲᠣᠮᠣ ᠮᠠᠯᠤᠷ ᠥᠨᠳᠡᠭᠡ ᠶᠢ ᠬᠠᠯᠠᠮᠵᠢᠯᠠᠨ | ᠬᠠᠶᠢᠷᠠᠯᠠᠬᠤ᠂ | ᠬᠥᠮᠦᠨ ᠪᠣᠯᠤᠨ ᠠᠮᠢᠲᠠᠨ ᠤ ᠡᠶ᠎ᠡ ᠵᠣᠬᠢᠴᠠᠩᠭᠤᠶ ᠭᠡᠷ ᠣᠷᠣᠨ ᠢ ᠬᠠᠮᠠᠭᠠᠯᠠᠬᠤ︾ ᠤᠬᠠᠮᠰᠠᠷ ᠢ ᠴᠢᠩᠭᠠᠳᠬᠠᠨ᠎ᠠ᠃ | | ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |