2019 ᠤᠨ ᠵᠦᠸᠧᠽᠢ ᠰᠢᠶᠠᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ
ᠨᠡᠶᠢᠲᠡᠯᠡᠭᠰᠡᠨ ᠴᠠᠭ᠄
2019-11-12
   ᠯᠢᠨ ᠬᠤᠤ ᠲᠣᠮᠣ ᠬᠡᠯᠪᠡᠷᠢ ᠶᠢᠨ ᠵᠤᠭᠠᠴᠠᠭᠰᠠᠳ ᠲᠤ ᠤᠶᠢᠯᠡᠴᠢᠯᠡᠬᠦ ᠲᠥᠪ ᠤᠨ ᠠᠵᠢᠯ ᠳᠠᠭᠤᠰᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠤᠰᠤᠨ ᠤ ᠳᠡᠯᠡᠬᠡᠶ ᠶᠢᠨ ᠤᠶᠢᠯᠡᠴᠢᠯᠡᠭᠡᠨ ᠤ ᠲᠥᠪ ᠤᠨ ᠰᠡᠭᠦᠯ ᠬᠤᠷᠢᠶᠠᠬᠤ ᠪᠠᠷᠢᠯᠭ᠎ᠠ ᠳᠠᠭᠤᠰᠬᠤ᠂ ᠲᠣᠨᠤᠭ ᠲᠥᠬᠦᠭᠡᠷᠦᠮᠵᠢ ᠤᠭᠰᠠᠷᠠᠵᠤ ᠲᠤᠷᠰᠢᠨ ᠲᠣᠬᠢᠷᠠᠭᠤᠯᠬᠤ᠂ ᠤᠰᠤᠨ ᠰᠤᠷᠪᠤᠯᠵᠢ ᠶᠢᠨ ᠬᠤᠳᠳᠤᠭ ᠥᠷᠥᠮᠳᠡᠵᠦ ᠤᠰᠤ ᠠᠪᠬᠤ᠂ ᠴᠠᠰᠤᠨ ᠳᠤ ᠭᠤᠯᠭᠤᠬᠤ ᠲᠠᠯᠠᠪᠤᠷ ᠤᠨ ᠭᠤᠯᠭᠤᠭᠤᠷ ᠵᠠᠮ ᠵᠢᠴᠢ ᠢᠵᠢ ᠪᠦᠷᠢᠳᠦᠭᠦᠯᠬᠦ᠂ ᠠᠮᠢᠲᠠᠨ ᠤ ᠬᠦᠷᠢᠶᠡᠯᠡᠩ ᠤᠨ ᠣᠷᠳᠣᠨ ᠲᠠᠯᠠᠪᠠᠢ᠂ ᠨᠡᠶᠢᠲᠡ ᠶᠢᠨ ᠪᠠᠶᠢᠷᠢ ᠶᠢᠨ ᠠᠰᠠᠷ ᠢ ᠵᠠᠰᠠᠵᠤ ᠴᠢᠮᠡᠭᠯᠡᠬᠦ᠂ ᠯᠢᠩ ᠢᠦᠶ ᠰᠧ ᠰᠦᠮ᠎ᠡ ᠶᠢᠨ ᠥᠩᠭᠡᠲᠦ ᠵᠢᠷᠤᠭ ᠲᠠᠢ ᠱᠤᠭᠤᠮᠠᠯ ᠬᠦᠷᠦᠭ ᠵᠡᠷᠭᠡ ᠢᠨᠵᠧᠨᠧᠷᠢᠩ ᠢ ᠭᠤᠤᠯᠳᠠᠯᠭ᠎ᠠ ᠲᠠᠢ ᠠᠳᠬᠤᠨ᠎ᠠ᠃ ᠵᠢᠦ ᠯᠦᠩ ᠸᠠᠨ ᠦᠵᠡᠮᠵᠢ ᠶᠢᠨ ᠣᠷᠣᠨ ᠳᠤ ᠬᠠᠯᠠᠭᠤᠨ ᠷᠠᠰᠢᠶᠠᠨ ᠤ ᠪᠠᠭᠤᠳᠠᠯ᠂ ᠰᠢᠯ ᠬᠥᠪᠦᠮᠡᠯ ᠤᠷᠤᠰᠬᠠᠯ᠂ ᠭᠤᠣᠯ ᠤᠨ ᠤᠷᠤᠰᠬᠠᠯ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠠᠳᠬᠤᠨ᠎ᠠ᠃ ᠫᠢᠩ ᠳ᠋ᠢᠩ ᠱᠠᠨ ᠵᠢᠭᠤᠯᠴᠢᠯᠠᠯ ᠤᠨ ᠣᠷᠣᠨ ᠳᠤ ︽ᠨᠢᠭᠡ ᠨᠠᠭᠤᠷ ᠭᠤᠷᠪᠠᠨ ᠠᠷᠠᠯ︾ ᠵᠢᠴᠢ ᠭᠠᠷᠠᠮ᠂ ᠨᠠᠭᠤᠷ ᠤᠨ ᠡᠷᠭᠢ ᠶᠢᠨ ᠨᠡᠪᠴᠢᠯᠲᠡ ᠶᠢ ᠰᠡᠷᠭᠡᠶᠢᠯᠡᠨ ᠪᠠᠬᠢᠯᠡᠬᠦ᠂ ᠵᠢᠭᠤᠯᠴᠢᠯᠠᠭᠴᠢᠳ ᠤᠨ ᠲᠥᠪ ᠭᠠᠷᠳᠠᠮ ᠭᠦᠢᠴᠡᠳᠬᠡᠬᠦ ᠵᠡᠷᠭᠡ ᠶᠢ ᠭᠤᠤᠯᠳᠠᠯᠭ᠎ᠠ ᠲᠠᠢ ᠪᠡᠶᠡᠯᠡᠭᠦᠯᠦᠨ᠎ᠡ᠃ ᠬᠤᠩ ᠱᠢ ᠶᠠ ᠤᠯᠤᠰ  ᠶᠢᠨ ᠠᠮᠢ ᠠᠬᠤᠢ ᠶᠢᠨ ᠴᠡᠴᠡᠷᠯᠢᠭ᠂ ᠳ᠋ᠧᠦ ᠶᠢᠨ ᠶᠤᠸᠠᠨ ᠤ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠲᠥᠪ ᠤᠨ ᠬᠤᠶᠠᠷ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠦᠷᠭᠦᠯᠵᠢᠯᠡᠨ ᠠᠬᠢᠭᠤᠯᠵᠤ᠂ ᠢᠷᠡᠬᠦ ᠵᠢᠯ ᠤᠨ ᠡᠷᠲᠡᠬᠡᠨ ᠠᠵᠢᠯ ᠡᠬᠢᠯᠡᠬᠦ ᠳᠤ ᠰᠠᠭᠤᠷᠢ ᠲᠠᠯᠪᠢᠨ᠎ᠠ᠃             ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2