ᠵᠦᠸᠧᠽᠢ ᠰᠢᠶᠠᠨ ᠴᠢᠨᠠᠷ ᠰᠠᠶᠢᠲᠠᠶ ᠬᠥᠭᠵᠢᠯᠲᠡ ᠭᠡᠬᠦ ᠡᠨᠡᠬᠦ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ | ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ ᠶᠢ ᠲᠠᠰᠤᠷᠠᠯᠲᠠ ᠦᠭᠡᠢ ᠠᠬᠢᠭᠤᠯᠪᠠ᠃ | ᠨᠢᠭᠡ ᠳᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠠᠪᠳᠠᠭᠤᠨ ᠢᠶᠠᠷ ᠠᠬᠢᠪᠠ᠃ ᠬᠦᠢᠲᠡᠨ ᠰᠡᠷᠢᠭᠦᠨ | ᠢᠳᠡᠰᠢᠨ ᠨᠣᠭᠤᠭ᠎ᠠ᠂ ᠲᠥᠮᠥᠰᠥ᠂ ᠨᠣᠬᠠᠶ ᠶᠢᠨ ᠬᠤᠰᠢᠭᠤ᠂ ᠭᠠᠭ᠋ᠠᠶ᠂ ᠥᠨᠳᠡᠭᠡᠨ ᠲᠠᠬᠢᠶ᠎ᠠ ᠪᠠᠷ ᠭᠤᠤᠯ ᠪᠣᠯᠭᠠᠭᠰᠠᠨ | ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠤᠶᠢᠯᠡᠰ ᠦᠷᠭᠦᠯᠵᠢᠯᠡᠨ ᠪᠠᠬᠢᠵᠢᠨ ᠬᠥᠭᠵᠢᠪᠡ | ᠃ ᠡᠯ᠎ᠡ ᠵᠦᠢᠯ ᠤᠨ ᠬᠡᠯᠪᠡᠷᠢ ᠶᠢᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠪᠡᠶᠡᠴᠢ ᠴᠣᠭᠴᠠ ᠲᠠᠰᠤᠷᠠᠯᠲᠠ ᠦᠭᠡᠢ | ᠢᠯᠡᠷᠡᠨ ᠭᠠᠷᠴᠤ᠂ ᠲᠠᠷᠢᠶᠠᠴᠢᠨ ᠡᠷᠦᠬᠡ ᠶᠢᠨ ᠠᠰᠢᠭ ᠲᠤᠰᠠ ᠲᠠᠢ ᠨᠠᠩ ᠨᠢᠭᠲᠠ ᠪᠣᠯᠪᠠ᠃ ᠨᠢᠭᠡ ᠪᠦᠯᠦᠭ | ᠣᠨᠴᠠᠯᠢᠭᠲᠤ ᠲᠠᠷᠢᠮᠠᠯ᠂ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ | ᠡᠳ᠋ᠰᠢᠭᠦᠯᠬᠦ ᠵᠡᠷᠭᠡ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠥᠷᠨᠢᠩᠭᠦᠶ | ᠬᠥᠭᠵᠢᠵᠦ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ᠃ | ᠬᠤᠶᠠᠷ ᠲᠤ ᠠᠵᠤ ᠤᠶᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠥᠭᠡᠳ ᠡᠮᠬᠢ | ᠵᠢᠷᠤᠮ ᠲᠠᠢ ᠶᠠᠪᠤᠭᠳᠠᠪᠠ᠃ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠪᠠ ᠢᠳᠦ᠋ᠩ ᠳ᠋ᠦᠩ ᠰᠢᠩ ᠬᠢᠮᠢ ᠶᠢᠨ | ᠠᠵᠤ ᠤᠶᠢᠯᠡᠳᠪᠦᠷᠢ ᠶᠢᠨ ᠺᠣᠮᠫᠠᠨᠢ ᠶᠢᠨ ᠳᠡᠯᠪᠡᠷᠡᠯᠲᠡ ᠶᠢᠨ ᠠᠳᠡᠯ ᠵᠡᠷᠭᠡ ᠣᠯᠠᠨ ᠵᠦᠢᠯ ᠤᠨ ᠬᠦᠴᠦᠨ ᠵᠦᠢᠯ ᠤᠨ | ᠨᠥᠯᠥᠭᠡ ᠠᠴᠠ ᠪᠣᠯᠵᠤ᠂ ᠤᠶᠢᠯᠡᠳᠬᠦᠨ ᠤ ᠥᠷᠲᠡᠭ ᠤᠨ ᠶᠡᠷᠦᠩᠬᠡᠶ ᠬᠡᠮᠵᠢᠶ᠎ᠡ ᠡᠳᠦᠶ ᠲᠡᠳᠦᠶ ᠪᠠᠭᠤᠷᠠᠪᠠ᠃ | ᠵᠢᠱᠢᠯᠲᠡ ᠪᠠᠷ ᠵᠢᠯ ᠤᠨ ᠡᠴᠦᠰ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ 12 ᠠᠵᠤ ᠤᠶᠢᠯᠡᠳᠪᠦᠷᠢ ᠶᠢᠨ ᠠᠵᠤ | ᠠᠬᠤᠶᠢᠯᠠᠯ ᠠᠵᠤ ᠤᠶᠢᠯᠡᠳᠪᠦᠷᠢ ᠶᠢᠨ ᠤᠶᠢᠯᠡᠳᠬᠦᠨ ᠤ ᠶᠡᠷᠦᠩᠬᠡᠶ ᠥᠷᠲᠡᠭ ᠢ 37.8 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ — 26.3 % ᠪᠠᠷ ᠨᠡᠮᠡᠭᠳᠡᠪᠡ᠃ 3000 ᠲᠦᠮᠡᠨ | ᠲᠥᠭᠦᠷᠢᠭ ᠠᠴᠠ ᠳᠡᠭᠡᠭᠰᠢᠬᠢ ᠠᠵᠤ ᠤᠶᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ 10 ︵ᠦᠷᠭᠦᠯᠵᠢᠯᠡᠨ | ᠪᠠᠶᠢᠭᠤᠯᠬᠤ ᠲᠥᠷᠥᠯ ᠵᠦᠢᠯ 4᠂ ᠰᠢᠨ᠎ᠡ ᠪᠠᠷ ᠪᠠᠶᠢᠭᠤᠯᠬᠤ ᠲᠥᠷᠥᠯ ᠵᠦᠢᠯ 6︶ ᠶᠢ ᠬᠡᠷᠡᠭᠵᠢᠭᠦᠯᠵᠦ᠂ ᠶᠡᠷᠦᠩᠬᠡᠢ | ᠪᠡᠯᠡ ᠣᠷᠣᠭᠤᠯᠤᠯᠲᠠ 35.35 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 29.37 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠪᠣᠯᠲᠠᠯ᠎ᠠ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 9.4 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠲᠦᠷᠭᠡᠨ ᠬᠥᠭᠵᠢᠵᠦ᠂ ᠨᠢᠭᠡᠳᠦᠭᠡᠷ ᠬᠤᠭᠤᠴᠠᠭᠠᠨ ᠤ 15 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠭᠰᠠᠨ ᠰᠢᠩᠹᠤᠩ ᠯᠢᠲ᠋ᠢ ᠴᠠᠬᠢᠯᠭᠠᠨ ᠴᠡᠨᠡᠭ ᠤᠨ ᠲᠥᠷᠥᠯ ᠵᠦᠢᠯ ᠳᠤ ᠰᠠᠷ᠎ᠠ ᠪᠦᠷᠢ | ᠪᠠᠷᠤᠭ 600 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠰᠢᠨ᠎ᠡ ᠪᠠᠷ ᠨᠡᠮᠡᠭᠳᠡᠭᠦᠯᠪᠡ᠃ | ᠭᠤᠷᠪᠠ ᠳᠤ ᠭᠤᠷᠪᠠᠳᠤᠭᠠᠷ ᠠᠵᠤ ᠤᠶᠢᠯᠡᠰ ᠥᠷᠨᠢᠩᠭᠦᠶ ᠬᠥᠭᠵᠢᠪᠡ᠃ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠲᠦᠷᠭᠡᠨ ᠪᠠᠶᠢᠵᠤ᠂ ᠤᠯᠠᠭᠠᠨ ᠬᠠᠳᠠ᠂ ᠵᠢᠦ ᠯᠦᠩ ᠸᠠᠨ᠂ ᠯᠢᠨ ᠬᠤᠤ ᠦᠵᠡᠮᠵᠢ ᠶᠢᠨ ᠤᠷᠤᠨ᠂ | ᠫᠢᠩ ᠳ᠋ᠢᠩ ᠱᠠᠨ ᠵᠡᠷᠭᠡ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠨᠢ ᠰᠢᠨ᠎ᠡ ᠪᠠᠷ ᠪᠠᠶᠢᠭᠤᠯᠤᠭᠰᠠᠨ | ᠣᠨᠴᠠᠯᠢᠭᠲᠤ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠢᠭᠤᠯᠴᠢᠯᠠᠯ᠂ ᠵᠢᠭᠤᠯᠴᠢᠯᠠᠯ ᠢᠶᠠᠷ | ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠡᠷᠦᠬᠡ ᠯᠦᠭᠡ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠪᠠ᠃ | 2019 ᠣᠨ ᠳᠤ᠂ ᠵᠢᠱᠢᠯᠲᠡ ᠪᠠᠷ ᠵᠢᠭᠤᠯᠴᠢᠯᠠᠯ ᠤᠨ ᠪᠠᠯᠠ ᠣᠷᠣᠭᠤᠯᠤᠯᠲᠠ ᠶᠢ 2.2 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠳᠤᠮᠳᠠᠳᠤ ᠭᠠᠳᠠᠭᠠᠳᠤ ᠶᠢᠨ ᠵᠢᠭᠤᠯᠴᠢᠯᠠᠭᠴᠢᠳ ᠢ 88.5 ᠲᠦᠮᠡᠨ ᠬᠥᠮᠦᠨ ᠤᠳᠠᠭ᠎ᠠ ᠬᠦᠯᠢᠶᠡᠨ | ᠠᠪᠴᠤ᠂ ᠵᠢᠭᠤᠯᠴᠢᠯᠠᠯ ᠤᠨ ᠣᠷᠣᠯᠭ᠎ᠠ ᠶᠢ 1.46 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ᠠᠷᠠᠯᠵᠢᠶ᠎ᠠ | ᠬᠤᠳᠠᠯᠳᠤᠭᠠᠨ ᠤ ᠡᠳ᠋ ᠪᠠᠷᠠᠭ᠎ᠠ ᠶᠢᠨ ᠭᠦᠢᠯᠭᠡᠭᠡ ᠬᠥᠭᠵᠢᠶᠡᠨ ᠲᠠᠢ ᠪᠣᠯᠵᠤ᠂ ᠥᠷᠨᠢᠨ ᠬᠥᠭᠵᠢᠭᠰᠡᠨ ᠠᠷᠠᠳ ᠲᠤ | ᠠᠰᠢᠭ ᠬᠦᠷᠲᠡᠭᠡᠬᠦ ᠬᠦᠷᠢᠶᠡᠯᠡᠩ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ᠂ ᠡᠷᠡᠨ ᠵᠠᠭᠤᠨ ᠤ ᠳᠤᠮᠳᠠᠳᠤ | ᠤᠯᠤᠰ ᠶᠢᠨ ᠬᠡᠲᠦ ᠳᠡᠯᠭᠡᠭᠦᠷ᠂ ᠰᠦ ᠨᠢᠩ ᠤᠨ ᠬᠤᠳᠠᠯᠳᠤᠨ ᠠᠪᠬᠤ᠂ ᠺᠢᠨᠣ᠋ ᠲᠢᠶᠠᠲᠷ ᠵᠡᠷᠭᠡ ᠨᠢᠭᠡ ᠪᠦᠯᠦᠭ | ᠨᠥᠯᠥᠭᠡᠯᠡᠬᠦ ᠬᠦᠴᠦᠨ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠰᠠᠭᠤᠷᠢᠰᠢᠨ ᠡᠵᠡᠩᠨᠡᠪᠡ︔ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠪᠡᠶᠡᠯᠡᠭᠦᠯᠵᠦ᠂ ᠵᠠᠰᠠᠭ | ᠵᠠᠬᠢᠷᠭᠠᠨ ᠤ ᠲᠣᠰᠬᠤᠨ ᠢ ᠬᠠᠮᠤᠷᠤᠭᠰᠠᠨ ᠨᠣᠷᠮ᠎ᠠ ᠶᠢᠨ 60 % ᠠᠴᠠ ᠳᠡᠭᠡᠭᠰᠢ ᠳᠤ ᠬᠦᠷᠦᠭᠰᠡᠨ ᠲᠣᠰᠬᠤᠨ ᠤ | ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠶᠢᠯᠡᠴᠢᠯᠡᠭᠡᠨ ᠤ ᠥᠷᠲᠡᠭᠡ ᠢ ᠪᠠᠶᠢᠭᠤᠯᠵᠤ᠂ ᠰᠢᠶᠠᠨ ᠤ | ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠣᠯᠠᠨ ᠨᠡᠶᠢᠲᠡ ᠶᠢᠨ | ᠤᠶᠢᠯᠡᠴᠢᠯᠡᠭᠡᠨ ᠤ ᠲᠥᠪ ᠲᠠᠢ ᠵᠡᠷᠭᠡᠪᠡᠷ ᠠᠵᠢᠯᠯᠠᠭᠤᠯᠪᠠ᠃ ᠣᠳᠣᠬᠠᠨ ᠳᠤ ᠤᠶᠢᠯᠡᠴᠢᠯᠡᠭᠡᠨ ᠤ ᠥᠷᠲᠡᠭᠡ ᠨᠢᠭᠡᠨᠲᠡ | 64 % ᠶᠢᠨ ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠡᠭᠦᠨ ᠳᠤ ᠶᠠᠳᠠᠭᠤ ᠬᠦᠴᠢᠷᠳᠡᠯᠲᠠᠢ 41 ᠲᠣᠰᠬᠤᠨ᠂ | ᠭᠦᠨᠴᠡ ᠲᠠᠢ ᠶᠠᠳᠠᠭᠤ ᠲᠤᠰᠬᠤᠨ 7 ᠪᠥᠭᠡᠳ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠠᠶᠢᠴᠠᠭᠠᠨ | ᠰᠤᠳᠤᠯᠬᠤ ᠠᠵᠢᠯ ᠢ ᠪᠡᠶᠡᠯᠡᠭᠦᠯᠵᠦ᠂ ᠡᠯᠧᠺᠳ᠋ᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠣᠯᠠᠨ ᠨᠡᠶᠢᠲᠡ ᠶᠢᠨ | ᠨᠡᠷᠡᠲᠦ ᠲᠥᠷᠥᠯ ᠲᠡᠮᠳᠡᠭᠲᠦ ︽ ᠵᠦᠸᠧᠽᠢ ᠶᠢᠨ ᠠᠮᠲᠠ︾ ᠢ ᠪᠣᠶ ᠪᠣᠯᠭᠠᠵᠤ᠂ ᠤᠳᠤ ᠦᠶ᠎ᠡ ᠶᠢᠨ | ᠤᠶᠢᠯᠡᠴᠢᠯᠡᠭᠡᠨ ᠤ ᠤᠶᠢᠯᠡᠰ ᠶᠠᠭ ᠰᠢᠶᠠᠨ ᠤ ᠬᠡᠪᠴᠢᠶᠡᠨ ᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠪᠣᠯᠵᠤ | ᠪᠠᠶᠢᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |