ᠤᠲᠤᠮᠠᠯ ᠲᠠᠬᠢᠶᠠᠨ ᠤ ᠠᠵᠤ ᠦᠢᠯᠡᠰ ᠨᠢ ᠵᠦᠸᠧᠽᠢ ᠱᠠᠨ ᠪᠠᠯᠭᠠᠰᠤᠨ ᠤ ᠬᠦᠰᠡᠯᠡᠩᠲᠦ ᠵᠠᠮ ᠤᠨ ᠡᠮᠦᠨ᠎ᠡ | ᠲᠠᠯ᠎ᠠ ᠳᠤ ᠪᠠᠶᠢᠷᠢᠯᠠᠵᠤ᠂ ᠡᠮᠦᠨ᠎ᠡ ᠲᠠᠯ᠎ᠠ ᠨᠢ 110 ᠤᠯᠤᠰ ᠶᠢᠨ ᠵᠠᠮ ᠪᠠ G6 ᠲᠦᠷᠭᠡᠨ ᠤ ᠵᠠᠰᠠᠮᠠᠯ ᠵᠠᠮ ᠠᠴᠠ | 300 ᠮᠧᠲᠷ ᠵᠠᠶᠢᠲᠠᠶ ᠪᠠᠶᠢᠳᠠᠭ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 1.5 ᠳ᠋ᠦᠩᠰᠢᠭᠤᠷ | ᠲᠥᠭᠦᠷᠢᠭ ᠪᠠᠶᠢᠵᠤ᠂ 53 ᠮᠦ ᠡᠵᠡᠯᠡᠵᠦ᠂ ᠡᠭᠦᠨ ᠳᠤ ᠪᠠᠷᠢᠯᠭ᠎ᠠ ᠶᠢᠨ ᠲᠠᠯᠠᠪᠠᠢ ᠨᠢ 5.1 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠤᠶᠢᠯᠡᠳᠪᠦᠷᠢᠯᠡᠯ ᠤᠨ ᠣᠷᠣᠨ᠂ ᠮᠦᠽᠧᠶ᠂ ᠪᠣᠷᠣᠯᠠᠭᠤᠯᠭ᠎ᠠ ᠶᠢᠨ ᠣᠷᠣᠨ ᠵᠡᠷᠭᠡ | ᠭᠤᠷᠪᠠᠨ ᠬᠡᠰᠡᠭ ᠢᠶᠠᠷ ᠪᠦᠷᠢᠯᠳᠦᠵᠡᠶ᠃ ᠤᠶᠢᠯᠡᠳᠪᠦᠷᠢᠯᠡᠯ ᠤᠨ ᠣᠷᠣᠨ ᠤ ᠪᠠᠷᠢᠯᠭ᠎ᠠ ᠶᠢᠨ ᠲᠠᠯᠠᠪᠠᠢ ᠨᠢ 1.8 ᠲᠦᠮᠡᠨ | ᠲᠡᠭᠰᠢ ᠳᠥᠷᠪᠡᠯᠵᠢᠨ ᠮᠧᠲᠷ ᠪᠠᠶᠢᠵᠤ᠂ ᠠᠮᠢᠳᠤ ᠳᠠᠬᠢᠶ᠎ᠠ ᠨᠢᠲᠤᠯᠬᠤ᠂ ᠤᠲᠤᠭᠰᠠᠨ ᠳᠠᠬᠢᠶ᠎ᠠ ᠡᠳ᠋ᠰᠢᠭᠦᠯᠬᠦ᠂ | ᠬᠥᠮᠥᠷᠭᠡᠯᠡᠨ ᠬᠠᠳᠠᠭᠠᠯᠠᠬᠤ ᠵᠢᠴᠢ ᠠᠯᠪᠠᠯᠠᠬᠤ ᠭᠤᠷᠪᠠᠨ ᠴᠢᠳᠠᠮᠵᠢᠲᠤ ᠣᠷᠣᠨ ᠭᠡᠵᠦ ᠬᠤᠪᠢᠶᠠᠨ᠎ᠠ᠃ ᠠᠮᠢᠳᠤ ᠳᠠᠬᠢᠶ᠎ᠠ | ᠨᠢᠲᠤᠯᠬᠤ ᠣᠷᠣᠨ ᠤ ᠵᠢᠷᠤᠵᠤ ᠲᠥᠯᠥᠪᠯᠡᠬᠦ ᠴᠢᠳᠠᠪᠤᠷᠢ ᠨᠢ ᠡᠳᠦᠷ ᠲᠤ 5 — 10 ᠲᠦᠮᠡᠨ ᠠᠮᠢᠳᠤ ᠳᠠᠬᠢᠶ᠎ᠠ | ᠨᠢᠲᠤᠯᠬᠤ ᠪᠣᠯᠤᠨ᠎ᠠ︔ ᠬᠥᠮᠥᠷᠭᠡᠯᠡᠨ ᠬᠠᠳᠠᠭᠠᠯᠠᠬᠤ ᠵᠢᠴᠢ ᠠᠵᠢᠯᠯᠠᠬᠤ ᠲᠣᠭᠤᠷᠢᠭ ᠲᠤ᠂ ᠲᠦᠷᠭᠡᠨ ᠬᠥᠯᠳᠡᠭᠡᠬᠦ | ᠬᠥᠮᠥᠷᠭᠡ 2᠂ ᠬᠥᠮᠥᠷᠭᠡ ᠶᠢᠨ ᠪᠠᠭᠲᠠᠭᠠᠮᠵᠢ ᠨᠢ ᠲᠣᠰ ᠲᠣᠰ 10 ᠲᠣᠨ᠂ ᠲᠣᠭᠲᠠᠮᠠᠯ ᠳᠤᠯᠠᠭᠠᠨ ᠬᠦᠢᠲᠡᠨ ᠢᠶᠠᠷ | ᠬᠠᠳᠠᠭᠠᠯᠠᠬᠤ ᠬᠥᠮᠥᠷᠭᠡ 1᠂ ᠬᠥᠮᠥᠷᠭᠡ ᠶᠢᠨ ᠪᠠᠭᠲᠠᠭᠠᠮᠵᠢ ᠨᠢ 220 ᠲᠣᠨ︔ ᠳᠠᠬᠢᠶ᠎ᠠ ᠤᠲᠤᠵᠤ | ᠪᠣᠯᠪᠠᠰᠤᠷᠠᠭᠤᠯᠬᠤ ᠲᠣᠭᠤᠷᠢᠭ ᠨᠡᠶᠢᠲᠡ 30 ᠪᠡᠶ᠎ᠡ ᠪᠠᠨ ᠳᠠᠭᠠᠭᠠᠭᠰᠠᠨ ᠳᠠᠬᠢᠶ᠎ᠠ ᠤᠲᠤᠵᠤ ᠪᠣᠯᠪᠠᠰᠤᠷᠠᠭᠤᠯᠬᠤ | ᠤᠶᠢᠯᠡᠳᠪᠦᠷᠢ ᠶᠢᠨ ᠲᠠᠰᠤᠭ ᠵᠢᠷᠤᠵᠤ ᠲᠥᠯᠥᠪᠯᠡᠵᠡᠶ᠃ ᠮᠦᠽᠧᠶ ᠶᠢᠨ ᠪᠠᠷᠢᠯᠭ᠎ᠠ ᠶᠢᠨ ᠲᠠᠯᠠᠪᠠᠢ ᠨᠢ 5100 ᠲᠡᠭᠰᠢ | ᠳᠥᠷᠪᠡᠯᠵᠢᠨ ᠮᠧᠲᠷ᠂ ᠨᠡᠶᠢᠲᠡ ᠭᠤᠷᠪᠠᠨ ᠳᠠᠪᠬᠤᠷ ᠪᠠᠶᠢᠵᠤ᠂ ᠨᠢᠭᠡ ᠳᠠᠪᠬᠤᠷᠭ᠎ᠠ ᠲᠠᠬᠢᠶᠠᠨ ᠣᠷᠳᠣᠨ᠂ ᠡᠭᠦᠨ ᠳᠤ | ᠣᠷᠣᠰᠢᠯ ᠲᠢᠩᠬᠢᠮ᠂ ᠲᠠᠬᠢᠶᠠᠨ ᠤ ᠰᠣᠶᠣᠯ ᠪᠠ ᠠᠷᠠᠳ ᠤᠨ ᠵᠠᠩ ᠦᠢᠯᠡ᠂ ᠲᠠᠷᠢᠶᠠᠴᠢᠨ ᠠᠶᠢᠯ ᠤᠨ ᠬᠦᠷᠢᠶ᠎ᠡ ᠪᠠ | ᠤᠲᠤᠮᠠᠯ ᠲᠠᠬᠢᠶᠠᠨ ᠤ ᠡᠬᠢ ᠶᠢ ᠡᠷᠢᠬᠦ ᠵᠡᠷᠭᠡ ᠪᠠᠭᠲᠠᠨ᠎ᠠ᠃ ᠬᠤᠶᠠᠳᠤᠭᠠᠷ ᠳᠠᠪᠬᠤᠷᠯᠢᠭ ᠨᠢ ᠬᠥᠭᠵᠢᠯᠲᠡ ᠶᠢᠨ | ᠶᠠᠪᠤᠴᠠ ᠪᠠ ᠭᠠᠷ ᠤᠷᠠᠯᠠᠯ ᠤᠨ ᠣᠷᠳᠣᠨ ᠪᠠᠶᠢᠵᠤ᠂ ᠭᠤᠣᠯᠳᠠᠭᠤ ᠤᠲᠤᠮᠠᠯ ᠲᠠᠬᠢᠶ᠎ᠠ ᠶᠢᠨ ᠬᠥᠭᠵᠢᠯᠲᠡ ᠶᠢᠨ | ᠶᠠᠪᠤᠴᠠ᠂ ᠤᠲᠤᠮᠠᠯ ᠲᠠᠬᠢᠶ᠎ᠠ ᠶᠢᠨ ᠭᠠᠷ ᠤᠷᠠᠯᠠᠯ᠂ ᠳᠣᠮᠤᠭ ᠦᠯᠢᠭᠡᠷ᠂ ᠤᠲᠤᠮᠠᠯ ᠳᠠᠬᠢᠶ᠎ᠠ ᠬᠢᠭᠡᠳ ᠵᠢᠭᠤᠯᠴᠢᠯᠠᠯ᠂ | ᠤᠲᠤᠮᠠᠯ ᠲᠠᠬᠢᠶᠠᠨ ᠤ ᠦᠵᠡᠭᠦᠯᠦᠯᠭᠡ ᠵᠡᠷᠭᠡ ᠪᠠᠭᠲᠠᠨ᠎ᠠ᠃ ᠭᠤᠷᠪᠠᠳᠤᠭᠠᠷ ᠳᠠᠪᠬᠤᠷ ᠲᠤ ᠬᠤᠳᠠᠯᠳᠤᠭᠠᠨ ᠤ | ᠶᠠᠪᠤᠳᠠᠯ ᠤᠨ ᠬᠡᠯᠡᠯᠴᠡᠭᠡᠷ᠂ ᠠᠮᠲᠠᠯᠠᠬᠤ᠂ ᠪᠣᠷᠣᠯᠠᠭᠤᠯᠬᠤ᠂ 3D ᠺᠢᠨᠣ᠋ ᠶᠢᠨ ᠬᠦᠷᠢᠶᠡᠯᠡᠩ ᠵᠡᠷᠭᠡ ᠪᠣᠢ᠃ | ᠪᠣᠷᠣᠯᠠᠭᠤᠯᠬᠤ ᠳᠡᠯᠭᠡᠭᠦᠷ ᠨᠢ ᠠᠵᠤ ᠦᠢᠯᠡᠰ ᠤᠨ ᠬᠦᠷᠢᠶᠡᠯᠡᠩ ᠤᠨ ᠬᠤᠶᠢᠲᠦ ᠲᠠᠯ᠎ᠠ ᠳᠤ ᠪᠠᠶᠢᠷᠢᠯᠠᠵᠤ᠂ 46 | ᠬᠤᠳᠠᠯᠳᠤᠭᠠᠴᠢᠨ ᠣᠷᠣᠵᠤ ᠰᠠᠭᠤᠵᠤ ᠪᠣᠯᠤᠨ᠎ᠠ᠃ ᠣᠳᠣ ᠪᠣᠯᠬᠤ ᠳᠤ 1.2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠦᠲᠤᠮᠠᠯ ᠲᠠᠬᠢᠶᠠᠨ ᠤ ᠮᠦᠽᠧᠶ ᠶᠢ ᠪᠠᠢᠭᠤᠯᠵᠤ ᠳᠠᠭᠤᠰᠬᠠᠨ᠂ ᠪᠤᠰᠤᠳ | ᠴᠢᠳᠠᠮᠵᠢᠲᠤ ᠣᠷᠣᠨ ᠤ ᠭᠤᠤᠯ ᠴᠣᠭᠴᠠ ᠶᠢᠨ ᠪᠠᠷᠢᠯᠭ᠎ᠠ ᠪᠣᠯᠤᠨ ᠲᠣᠨᠤᠭ ᠲᠥᠬᠦᠭᠡᠷᠦᠮᠵᠢ ᠶᠢᠨ ᠤᠭᠰᠠᠷᠠᠯᠲᠠ | ᠳᠠᠭᠤᠰᠴᠤ᠂ ᠤᠯᠤᠰ ᠶᠢᠨ 3A ᠲᠡᠰ ᠤᠨ ᠦᠵᠡᠮᠵᠢ ᠶᠢᠨ ᠣᠷᠣᠨ ᠢ ᠪᠠᠢᠭᠤᠯᠵᠤ ᠪᠣᠶ᠃ 2016 ᠣᠨ ᠳᠤ | 3000 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠭᠤᠣᠯᠳᠠᠭᠤ ᠮᠦᠽᠧᠢ ᠶᠢᠨ | ᠭᠤᠷᠪᠠᠳᠤᠭᠠᠷ ᠳᠠᠪᠬᠤᠷᠯᠢᠭ ᠲᠤ ᠨᠡᠪᠲᠡᠷᠡᠬᠦ ᠵᠠᠮ᠂ ᠤᠶᠢᠯᠡᠳᠪᠦᠷᠢ ᠶᠢᠨ ᠲᠠᠰᠤᠭ᠂ ᠬᠥᠮᠥᠷᠭᠡᠯᠡᠨ ᠬᠠᠳᠠᠭᠠᠯᠠᠬᠤ᠂ | ᠪᠣᠷᠣᠯᠠᠭᠤᠯᠬᠤ᠂ ᠲᠣᠨᠤᠭ ᠲᠥᠬᠦᠭᠡᠷᠦᠮᠵᠢ ᠤᠭᠰᠠᠷᠠᠬᠤ ᠵᠡᠷᠭᠡ ᠰᠡᠭᠦᠯ ᠬᠤᠷᠢᠶᠠᠬᠤ ᠢᠨᠵᠧᠨᠧᠷᠢᠩ ᠪᠠᠶᠢᠨ᠎ᠠ᠃ |