ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠦᠸᠧᠽᠢ ᠰᠢᠶᠠᠨ ᠤ ᠬᠤᠪᠢᠶᠠᠷᠢ ᠲᠣᠪᠴᠢᠶ᠎ᠠ ᠨᠠᠮ ᠤᠨ  ᠭᠡᠰᠢᠭᠦᠳ ᠺᠠᠳ᠋ᠷ ᠢ ᠵᠣᠬᠢᠶᠠᠨ ᠪᠠᠢᠭᠤᠯᠵᠤ ︽ᠬᠤᠸᠠᠩ ᠸᠧᠨ ᠰᠢᠦ ᠶᠢᠨ ᠲᠡᠷᠢᠭᠦᠨ ᠤ ᠦᠢᠯᠡ ᠶᠠᠪᠤᠳᠠᠯ︾ ᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠭᠤᠤᠯ ᠰᠡᠳᠦᠪᠲᠦ ᠰᠤᠷᠭᠠᠨ ᠬᠥᠮᠦᠵᠢᠯ ᠤᠨ ᠮᠡᠳᠡᠪᠡᠯ ᠵᠣᠬᠢᠬᠤ ᠮᠡᠳᠡᠯᠭᠡ ᠶᠢᠨ ᠰᠢᠯᠭᠠᠯᠲᠠ ᠬᠢᠪᠡ
ᠨᠡᠶᠢᠲᠡᠯᠡᠭᠰᠡᠨ ᠴᠠᠭ᠄
2019-11-27
    ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ 11 ᠰᠠᠷ᠎ᠠ ᠶᠢᠨ 25 ᠤ ᠡᠳᠦᠷ᠂ ᠵᠦᠸᠧᠽᠢ ᠠᠮᠢ ᠠᠬᠤᠢ ᠶᠢᠨ ᠬᠤᠪᠢᠶᠠᠷᠢ ᠲᠣᠪᠴᠢᠶ᠎ᠠ ᠠᠴᠠ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠢᠭᠤᠯᠵᠤ ︽ᠬᠤᠸᠠᠩ ᠸᠧᠨ ᠰᠢᠦ ᠶᠢᠨ ᠲᠡᠷᠢᠭᠦᠨ ᠤ ᠦᠢᠯᠡ ᠶᠠᠪᠤᠳᠠᠯ︾ ᠢ ᠰᠤᠷᠤᠯᠴᠠᠭᠤᠯᠪᠠ᠃    ᠬᠤᠷᠠᠯ ᠳᠡᠭᠡᠷ᠎ᠡ᠂ ᠲᠣᠪᠴᠢᠶ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠢ ᠵᠣᠬᠢᠶᠠᠨ ᠪᠠᠢᠭᠤᠯᠵᠤ ︽ᠴᠠᠭ ᠦᠶ᠎ᠡ ᠶᠢᠨ ᠵᠢᠱᠢᠶᠡᠴᠢ — ︿ᠶᠠᠳᠠᠭᠤ ᠶᠢ ᠲᠡᠳᠬᠦᠬᠦ ᠴᠡᠴᠡᠭ﹀ ᠬᠤᠸᠠᠩ ᠸᠧᠨ ᠰᠢᠤ︾ ᠶᠢ ᠰᠤᠷᠤᠯᠴᠠᠪᠠ᠂ ᠬᠤᠸᠠᠩ ᠸᠧᠨ ᠰᠢᠤ ᠨᠥᠬᠦᠷ ᠠᠮᠢᠳᠤ ᠰᠡᠷᠡᠭᠦᠨ ᠪᠠᠶᠢᠬᠤ ᠳᠠᠭᠠᠨ ᠭᠤᠸᠠᠩ ᠰᠢ ᠶᠢᠨ ᠵᠤᠸᠠᠩ ᠦᠨᠳᠦᠰᠦᠲᠡᠨ ᠤ ᠦᠪᠡᠷᠳᠡᠭᠡᠨ ᠵᠠᠰᠠᠬᠤ ᠤᠷᠤᠨ ᠤ ᠪᠠᠢ ᠰᠧ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠺᠠᠳ᠋ᠷ ᠪᠠᠶᠢᠪᠠ᠃ 2016 ᠣᠨ ᠳᠤ ᠲᠡᠷᠡ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠰᠫᠢᠷᠠᠨᠲ ᠠᠴᠠ ᠲᠡᠭᠦᠰᠦᠭᠰᠡᠨ ᠤ ᠳᠠᠷᠠᠭ᠎ᠠ᠂ ᠶᠡᠭᠡ ᠬᠤᠲᠠ ᠳᠤ ᠦᠯᠡᠳᠡᠨ ᠠᠵᠢᠯᠯᠠᠬᠤ ᠲᠣᠬᠢᠶᠠᠯ ᠢᠶᠠᠨ ᠬᠠᠶᠠᠵᠤ᠂ ᠨᠤᠲᠤᠭ ᠲᠠᠭᠠᠨ ᠬᠠᠷᠢᠵᠤ ᠠᠵᠢᠯ ᠬᠢᠪᠡ᠃ 2018 ᠤᠨ 3 ᠰᠠᠷ᠎ᠠ ᠳᠤ᠂ ᠬᠤᠸᠠᠩ ᠸᠧᠨ ᠰᠢᠤ ᠨᠥᠬᠦᠷ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠤᠶᠢᠳᠠ ᠪᠥᠭᠯᠡᠭᠦᠤ ᠭᠠᠵᠠᠷ ᠣᠷᠣᠨ — ᠯᠧ ᠶᠧ ᠰᠢᠶᠠᠨ ᠤ ᠪᠠᠶ ᠶᠢᠩ ᠲᠣᠰᠬᠤᠨ ᠳᠤ ᠬᠦᠷᠴᠦ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠂ ᠲᠡᠷᠡ ᠶᠠᠳᠠᠭᠤ ᠶᠢ ᠲᠡᠳᠬᠦᠬᠦ ᠤᠶᠢᠯᠡᠰ ᠢᠶᠠᠷ ᠥᠪᠡᠷ ᠤᠨ ᠡᠭᠦᠷᠭᠡ ᠪᠠᠨ ᠪᠣᠯᠭᠠᠵᠤ᠂ 88 ᠡᠷᠦᠬᠡ ᠶᠢᠨ 418 ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠵᠤ᠂ ᠪᠦᠬᠦ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ 20 % ᠠᠴᠠ ᠳᠡᠭᠡᠭᠰᠢ ᠪᠠᠭᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠥᠪᠡᠷ ᠤᠨ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠤᠪᠢ ᠨᠡᠮᠡᠷᠢ ᠦᠵᠡᠭᠦᠯᠬᠦ ᠴᠢᠩ ᠦᠨᠡᠨᠴᠢ ᠰᠡᠳᠬᠢᠯ ᠢᠶᠠᠨ ᠲᠠᠢᠯᠪᠤᠷᠢᠯᠠᠵᠠᠢ᠃ ᠬᠠᠷᠠᠮᠰᠠᠯᠲᠠᠶ ᠨᠢ᠂ 2019 ᠤᠨ 6 ᠰᠠᠷ᠎ᠠ ᠶᠢᠨ 17 ᠤ ᠡᠳᠦᠷ ᠤᠨ ᠥᠷᠯᠥᠭᠡ᠂ ᠬᠤᠸᠠᠩ ᠸᠧᠨ ᠰᠢᠤ ᠨᠥᠬᠦᠷ ᠪᠠᠢ ᠰᠧ ᠠᠴᠠ ᠯᠧ ᠶᠧ  ᠳᠤ ᠪᠤᠴᠠᠬᠤ ᠵᠠᠮ ᠳᠠᠭᠠᠨ ᠠᠭᠤᠯᠠᠨ ᠦᠶᠡᠷ ᠲᠤ ᠵᠣᠯ ᠪᠤᠰᠤ ᠪᠠᠷ ᠠᠳᠡᠭᠳᠡᠵᠦ᠂ 30 ᠨᠠᠰᠤᠲᠠᠶ ᠨᠠᠨᠳᠢᠨ ᠠᠮᠢ ᠨᠠᠰᠤ ᠪᠠᠨ ᠵᠣᠷᠢᠭᠤᠯᠪᠠ᠃    ᠰᠤᠷᠤᠯᠴᠠᠯᠭ᠎ᠠ ᠲᠡᠭᠦᠰᠦᠭᠰᠡᠨ ᠤ ᠳᠠᠷᠠᠭ᠎ᠠ᠂ ᠣᠯᠠᠨ ᠢᠶᠠᠷ ᠢᠶᠠᠨ᠄ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠤᠭ ᠰᠠᠨᠠᠭ᠎ᠠ ᠪᠠᠨ ᠪᠠᠲᠤ ᠰᠠᠬᠢᠬᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠪᠣᠳᠠᠲᠠᠶ ᠶᠢ ᠡᠷᠬᠢᠮᠯᠡᠬᠦ ᠰᠤᠷᠲᠠᠯ᠂ ᠲᠠᠰᠤᠷᠠᠯᠲᠠ ᠦᠭᠡᠢ ᠰᠤᠷᠤᠯᠴᠠᠬᠤ᠂ ᠪᠣᠳᠠᠲᠠᠶ ᠠᠵᠢᠯ ᠬᠢᠬᠦ᠂ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠬᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ ᠭᠡᠵᠦ ᠢᠯᠡᠳᠬᠡᠵᠡᠭᠡᠪᠡ᠃    ᠳᠠᠷᠠᠭ᠎ᠠ ᠪᠠᠷ ᠨᠢ ᠭᠤᠤᠯ ᠰᠡᠳᠦᠪᠲᠦ ᠬᠥᠮᠦᠵᠢᠯ ᠤᠨ ᠮᠡᠳᠡᠪᠡᠯ ᠵᠣᠬᠢᠬᠤ ᠮᠡᠳᠡᠯᠭᠡ ᠶᠢᠨ ᠰᠢᠯᠭᠠᠯᠲᠠ ᠬᠢᠵᠦ᠂ ᠰᠢᠯᠭᠠᠯᠲᠠ ᠬᠢᠬᠦ ᠳᠡᠭᠡᠨ ᠬᠠᠭᠠᠯᠲᠠ ᠶᠢᠨ ᠬᠡᠯᠪᠡᠷᠢ ᠶᠢ ᠠᠪᠴᠤ᠂ ᠰᠢᠯᠭᠠᠯᠲᠠ ᠪᠠᠷ ᠳᠠᠮᠵᠢᠨ᠂ ᠪᠦᠬᠦ ᠨᠠᠮ ᠤᠨ ᠭᠡᠰᠢᠭᠦᠨ ᠺᠠᠳ᠋ᠷ ᠤᠨ ᠣᠨᠣᠯ ᠤᠨ ᠮᠡᠳᠡᠯᠭᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ  ᠢ ᠦᠨᠡᠨ ᠬᠦ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠤᠨᠤᠯ ᠰᠢᠯᠭᠠᠬᠤ᠂ ᠤᠨᠤᠯ ᠰᠤᠷᠬᠤ᠂ ᠤᠨᠤᠯ ᠣᠶᠢᠯᠠᠭᠠᠬᠤ︾ ᠶᠢ  ᠰᠤᠷᠲᠠᠯᠴᠢᠯᠠᠪᠠ᠃.                                                      ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2