ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2019-11-27
   11 ᠰᠠᠷ᠎ᠠ ᠶᠢᠨ 21 ᠤ ᠦᠳᠡ ᠬᠤᠶᠢᠨ᠎ᠠ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠡᠷᠡᠮᠵᠢᠯᠡᠭᠦᠯᠬᠦ ᠶᠡᠭᠡ ᠬᠤᠷᠠᠯ ᠵᠢᠴᠢ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠨᠢᠭᠡᠳᠦᠭᠡᠷ ᠪᠣᠳᠠᠲᠤ ᠪᠣᠯᠪᠠᠰᠤᠷᠠᠯ ᠤᠨ ᠠᠰᠠᠷ ᠤᠨ ᠣᠯᠠᠨ ᠴᠢᠳᠠᠪᠬᠢᠲᠤ ᠶᠡᠭᠡ ᠬᠤᠷᠠᠯ  ᠤᠨ ᠭᠡᠷ ᠲᠤ ᠶᠠᠪᠤᠭᠳᠠᠵᠤ᠂ ᠪᠦᠬᠦ ᠨᠠᠮ ᠤᠨ ᠭᠡᠰᠢᠭᠦᠨ᠂ ᠵᠠᠩᠭᠢᠯᠠᠭ᠎ᠠ ᠶᠢᠨ ᠺᠠᠳ᠋ᠷ ᠪᠠ ᠪᠠᠭᠰᠢ  ᠨᠠᠷ  ᠨᠡᠶᠢᠲᠡ 150 ᠬᠥᠮᠦᠨ ᠬᠤᠷᠠᠯ ᠳᠤ ᠣᠷᠣᠯᠴᠠᠵᠤ᠂ ᠬᠤᠷᠠᠯ ᠢ ᠨᠠᠮ ᠤᠨ ᠡᠭᠦᠷ ᠤᠨ ᠳᠡᠳ᠋ ᠱᠦᠵᠢ ᠮᠤᠩ ᠵᠢᠶᠦ᠋ᠨ ᠴᠢᠩ ᠡᠷᠬᠢᠯᠡᠪᠡ᠃    ᠡᠩ ᠲᠡᠷᠢᠭᠦᠨ ᠳᠤ᠂ ᠬᠤᠷᠠᠯ ᠳᠤ ᠣᠷᠣᠯᠴᠠᠭᠰᠠᠨ ᠪᠦᠬᠦ ᠪᠠᠭᠰᠢ ᠨᠠᠷ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠣᠯ ︽ᠤᠯᠠᠭᠠᠨ ᠱᠤᠭᠤᠮ︾ ᠮᠥᠨ ᠪᠥᠭᠡᠳ ︽ᠬᠤᠷᠢᠭ᠎ᠠ ᠱᠤᠭᠤᠮ︾ ᠮᠥᠨ︾ ᠭᠡᠬᠦ ᠰᠡᠷᠡᠮᠵᠢ ᠶᠢᠨ ᠬᠥᠮᠦᠵᠢᠯ ᠤᠨ ᠲᠤᠰᠬᠠᠶ ᠰᠡᠳᠦᠪᠲᠦ ᠹᠢᠯᠢᠮ ᠪᠣᠯᠤᠨ ︽ᠨᠢᠭᠡᠳᠦᠭᠡᠷ ᠤᠳᠠᠭ᠎ᠠ ᠪᠠᠲᠤ ᠰᠠᠬᠢᠬᠤ︾ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠤᠨ ᠲᠤᠰᠬᠠᠶ ᠰᠡᠳᠦᠪᠲᠦ ᠹᠢᠯᠢᠮ ᠢ ᠬᠠᠮᠲᠤ ᠪᠠᠷ ᠦᠵᠡᠵᠦ᠂ ᠥᠷᠭᠡᠨ ᠣᠯᠠᠨ ᠨᠠᠮ ᠤᠨ ᠭᠡᠰᠢᠭᠦᠨ᠂ ᠪᠠᠭᠰᠢ ᠨᠠᠷ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢᠶᠠᠷ ᠲᠣᠯᠢ ᠪᠣᠯᠭᠠᠵᠤ᠂ ᠭᠦᠨᠵᠡᠭᠡᠶ ᠰᠤᠷᠭᠠᠮᠵᠢ ᠠᠪᠴᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠰᠤᠷᠭᠠᠭᠤᠯᠢ ᠶᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠪᠣᠯᠤᠨ ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃    ᠳᠡᠳ᠋ ᠱᠦᠵᠢ ᠮᠤᠩ ᠵᠢᠶᠦ᠋ᠨ ᠴᠢᠩ ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠳᠤ ᠦᠨᠡᠯᠡᠯᠲᠡ ᠬᠢᠵᠡᠶ᠂ ᠲᠡᠷᠡ ᠨᠠᠮ ᠤᠨ ᠭᠡᠰᠢᠭᠦᠨ᠂ ᠪᠠᠭᠰᠢ ᠨᠢᠭᠡᠪᠦᠷᠢ ᠰᠤᠷᠭᠠᠮᠵᠢ ᠠᠪᠴᠤ᠂ ᠭᠦᠨᠵᠡᠭᠡᠶ ᠲᠤᠩᠭᠠᠨ ᠪᠣᠳᠣᠯᠬᠢᠯᠠᠵᠤ᠂ ᠡᠭᠦᠨ ᠢᠶᠠᠷ ᠴᠡᠭᠡᠷᠯᠡᠯ ᠪᠣᠯᠭᠠᠵᠤ᠂ ᠲᠣᠰ ᠠᠵᠢᠯ ᠶᠢᠨ ᠪᠠᠶᠢᠷᠢ ᠳᠠᠭᠠᠨ ᠰᠠᠭᠤᠷᠢᠯᠠᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠰᠢᠷᠭᠠᠭᠤ ᠰᠤᠷᠤᠯᠴᠠᠨ᠂ ᠵᠣᠷᠢᠭᠲᠠᠶ ᠪᠠᠷ ᠤᠶᠢᠯᠡᠳᠦᠯᠭᠡᠵᠢᠭᠦᠯᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠲᠠᠰᠤᠷᠠᠯᠲᠠ ᠦᠭᠡᠢ ᠪᠠᠷ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠥᠭᠡᠷᠡᠴᠢᠯᠡᠬᠦ᠂ ᠥᠪᠡᠷ ᠢ ᠪᠠᠨ ᠬᠤᠪᠢᠰᠬᠠᠬᠤ ᠬᠡᠷᠡᠭᠲᠡᠶ ᠭᠡᠵᠦ ᠬᠦᠰᠡᠪᠡ᠃    ᠬᠠᠮᠤᠭ ᠰᠡᠭᠦᠯ ᠳᠤ᠂ ᠸᠠᠩ ᠵᠠᠨ ᠯᠦᠩ ᠬᠤᠷᠠᠯ ᠤᠨ ᠳ᠋ᠦᠩᠨᠡᠯᠲᠡ ᠬᠢᠪᠡ᠂ ᠲᠡᠷᠡ᠄ ᠨᠠᠮ ᠤᠨ ᠰᠠᠬᠢᠯᠭ᠎ᠠ ᠪᠠᠲᠤ ᠶᠢᠨ ᠡᠮᠦᠨ᠎ᠡ᠂ ᠣᠨᠴᠠᠭᠠᠢ ᠨᠠᠮ ᠤᠨ ᠭᠡᠰᠢᠭᠦᠨ ᠪᠠ ᠪᠠᠭᠰᠢ ᠪᠠᠶ᠋ᠬᠤ ᠦᠭᠡᠢ᠂ ᠬᠥᠮᠦᠨ ᠪᠦᠬᠦᠨ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ᠂ ᠴᠢᠬᠡᠴᠢ ᠵᠠᠰᠠᠭ ᠪᠠ ᠳᠦᠷᠢᠮ ᠲᠣᠭᠲᠠᠭᠠᠯ ᠤᠨ ᠬᠦᠷᠢᠶ᠎ᠡ ᠬᠡᠪᠴᠢᠶᠡᠨ ᠳᠤ ᠠᠵᠢᠯᠯᠠᠭ᠎ᠠ ᠬᠢᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠥᠨᠳᠥᠷ ᠰᠤᠷᠴᠤ ᠪᠠᠭᠰᠢ ᠪᠣᠯᠵᠤ᠂ ᠲᠥᠪ ᠴᠢᠬᠡᠴᠢ ᠬᠡᠪ ᠳᠠᠭᠤᠷᠢᠶᠠᠯ ᠪᠣᠯᠬᠤ ᠬᠡᠷᠡᠭᠲᠡᠶ᠃ ᠬᠥᠮᠦᠨ ᠳᠤ ᠬᠡᠪ ᠳᠠᠭᠤᠷᠢᠶᠠᠯ ᠪᠣᠯᠵᠤ᠂ ᠤᠬᠠᠮᠰᠠᠷ ᠠᠴᠠ ᠪᠠᠨ ᠤᠯᠤᠰ ᠲᠥᠷᠦ ᠶᠢᠨ ᠲᠠᠯ᠎ᠠ ᠪᠠᠷ ᠴᠢᠭᠯᠡᠯ ᠢ ᠡᠵᠡᠮᠳᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠵᠠᠷᠴᠢᠮ ᠢ ᠡᠵᠡᠮᠳᠡᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠬᠡᠮᠵᠢᠶ᠎ᠡ ᠲᠣᠮᠵᠢᠶ᠎ᠠ ᠶᠢ ᠡᠵᠡᠮᠳᠡᠵᠦ᠂ ᠠᠮᠢᠳᠤᠷᠠᠯ ᠤᠨ ᠲᠠᠯ᠎ᠠ ᠪᠠᠷ ᠵᠢᠵᠢᠭ ᠰᠠᠵᠢᠭ ᠵᠦᠶ᠋ᠯ ᠢ ᠠᠳᠬᠤᠵᠤ᠂ ᠥᠪᠡᠷ ᠤᠨ ᠤᠬᠠᠮᠰᠠᠷ ᠪᠠ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠥᠪᠡᠷ ᠢ ᠪᠠᠨ ᠡᠷᠬᠢᠮ ᠳᠡᠭᠡᠰᠦ ᠬᠥᠮᠦᠨ᠂ ᠶᠣᠰᠣ ᠰᠤᠷᠲᠠᠬᠤᠨ ᠲᠠᠢ ᠬᠥᠮᠦᠨ᠂ ᠳᠣᠣᠷᠠᠳᠤ ᠳᠤᠷᠠᠰᠢᠯ ᠠᠴᠠ ᠠᠩᠭᠢᠵᠢᠷᠠᠭᠰᠠᠨ ᠬᠥᠮᠦᠨ᠂ ᠠᠷᠠᠳ ᠲᠦᠮᠡᠨ ᠢ ᠭᠤᠲᠤᠭᠠᠭᠰᠠᠨ ᠬᠥᠮᠦᠨ᠂ ᠡᠪ ᠬᠠᠮᠲᠤ ᠶᠢᠨ ᠲᠡᠷᠢᠭᠦᠨ ᠤ ᠬᠥᠮᠦᠨ ᠪᠣᠯᠭᠠᠬᠤ ᠪᠠᠷ ᠴᠢᠷᠮᠠᠶᠢᠬᠤ ᠬᠡᠷᠡᠭᠲᠡᠶ᠃                                                      ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2