ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠰᠠᠬᠢᠯᠭ᠎ᠠ ᠪᠠᠲᠦ ᠪᠠᠶᠢᠴᠠᠭᠠᠬᠤ ᠳᠤᠭᠤᠢᠯᠠᠩ ᠤᠨ ᠳᠠᠷᠤᠭ᠎ᠠ ᠬᠥᠯᠥᠨ ᠵᠡᠷᠭᠡ ᠵᠦᠸᠧᠽᠢ ᠳᠤ ᠬᠦᠷᠴᠦ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠵᠢᠴᠢ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2019-11-04
    10 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠰᠠᠬᠢᠯᠭ᠎ᠠ ᠪᠠᠲᠦ ᠪᠠᠶᠢᠴᠠᠭᠠᠬᠤ ᠳᠤᠭᠤᠢᠯᠠᠩ ᠤᠨ ᠳᠠᠷᠤᠭ᠎ᠠ ᠬᠦᠯᠦᠨ᠂ ᠲᠣᠪᠴᠢᠶᠠᠨ ᠳᠠᠷᠤᠭ᠎ᠠ ᠬᠠᠨ ᠱᠤᠤ ᠵᠢᠶᠦ᠋ᠨ ᠵᠡᠷᠭᠡ ᠬᠥᠮᠦᠰ ᠮᠠᠨ ᠤ ᠰᠢᠶᠡᠨ ᠳᠤ ᠢᠷᠡᠵᠦ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠵᠢᠴᠢ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ ᠵᠡᠷᠭᠡ ᠠᠵᠢᠯ ᠶᠢᠨ ᠲᠤᠬᠠᠢ ᠲᠣᠰ ᠲᠣᠰ  ᠵᠦᠸᠧᠽᠢ  ᠪᠠᠯᠭᠠᠰᠤᠨ ᠤ ᠾᠧᠨᠠᠨ ᠨᠡᠶᠢᠭᠡᠮ ᠲᠣᠭᠤᠷᠢᠭ ᠤᠨ ᠶᠤᠸᠠᠨ ᠶᠦᠩ ᠬᠡᠩ  ᠶᠢᠨ ᠭᠡᠷ ᠪᠦᠯᠢ ᠂ ᠵᠢᠷᠭᠤᠳᠤᠭᠠᠷ ᠰᠤᠮᠤ ᠶᠢᠨ ᠮᠠᠮᠢᠲᠦ ᠶᠢᠨ ᠶᠠᠩ ᠼᠠᠢ ᠵᠦᠢ ᠶᠢᠨ ᠭᠡᠷ ᠪᠦᠯᠢ ᠳᠤ ᠬᠦᠷᠴᠦ ᠠᠷᠠᠳ ᠤᠨ ᠶᠠᠪᠤᠳᠠᠯ ᠤᠨ ᠡᠯ᠎ᠡ ᠵᠦᠢᠯ ᠤᠨ ᠪᠠᠲᠤᠯᠠᠭ᠎ᠠ ᠶᠢᠨ ᠮᠥᠩᠭᠦ ᠶᠢ ᠨᠠᠢᠳᠠᠪᠤᠷᠢᠵᠢᠭᠤᠯᠬᠤ ᠪᠠᠶᠢᠭ᠎ᠠ ᠪᠠᠶᠢᠳᠠᠯ ᠢ ᠪᠣᠳᠠᠲᠠᠶ ᠠᠰᠠᠭᠤᠨ ᠣᠶᠢᠯᠠᠭᠠᠪᠠ᠃ ᠶᠠᠩ ᠼᠠᠢ ᠵᠦᠢ ᠶᠢᠨ ᠭᠡᠷ ᠪᠦᠯᠢ ᠲᠤ  ᠬᠦᠯᠦᠨ ᠳᠤᠭᠤᠶᠢᠯᠠᠩ ᠤᠨ ᠳᠠᠷᠤᠭ᠎ᠠ  ᠨᠠᠰᠤᠲᠠᠨ ᠤ ᠡᠨᠡ ᠵᠢᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠠᠪᠤᠭᠰᠠᠨ ᠪᠠᠶᠢᠳᠠᠯ ᠪᠣᠯᠤᠨ ᠡᠨᠡ ᠵᠢᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠨᠠᠰᠤᠲᠠᠨ ᠤ ᠨᠦᠬᠡᠨ ᠭᠡᠷ ᠲᠤ ᠰᠠᠭᠤᠵᠤ ᠪᠠᠶᠢᠬᠤ ᠶᠢ ᠦᠵᠡᠭᠡᠳ ᠨᠠᠰᠤᠲᠠᠨ ᠡᠨᠡ ᠵᠢᠯ ᠣᠨᠳᠣᠤ ᠭᠠᠵᠠᠷ ᠲᠤ ᠨᠡᠭᠦᠭᠰᠡᠨ ᠡᠷᠦᠬᠡ ᠪᠣᠯᠵᠤ᠂ ᠭᠡᠷ ᠪᠦᠯᠢ ᠶᠢᠨ ᠰᠢᠯᠲᠠᠭᠠᠨ ᠪᠣᠯᠤᠨ ᠠᠰᠠᠷ ᠤᠨ ᠰᠡᠭᠦᠯᠴᠢ ᠶᠢᠨ ᠬᠤᠭᠤᠴᠠᠭᠠᠨ ᠤ ᠲᠥᠬᠦᠭᠡᠷᠦᠮᠵᠢ ᠨᠢ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ ᠤᠳᠠᠲᠠᠯ᠎ᠠ ᠨᠡᠭᠦᠭᠰᠡᠨ ᠦᠭᠡᠢ ᠪᠠᠶᠢᠬᠤ ᠶᠢ ᠮᠡᠳᠡᠭᠡᠳ ᠳᠠᠷᠤᠶ ᠲᠦᠷᠭᠡᠨ ᠨᠡᠭᠦᠯᠭᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠵᠢᠭᠠᠪᠤᠷᠢᠯᠠᠪᠠ᠃ ᠳᠠᠷᠠᠭ᠎ᠠ ᠨᠢ᠂ ᠬᠥᠯᠥᠨ ᠳᠤᠭᠤᠶᠢᠯᠠᠩ ᠤᠨ ᠳᠠᠷᠤᠭ᠎ᠠ ᠨᠠᠷ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ᠠᠵᠢᠯ ᠪᠠᠶᠢᠴᠠᠭᠠᠵᠤ᠂ ᠨᠠᠰᠤᠲᠠᠶᠢᠴᠤᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠬᠠᠶ ᠴᠢᠬᠤᠯᠠ ᠵᠢᠭᠠᠪᠤᠷᠢ ᠥᠭᠴᠡᠶ᠃    ᠦᠳᠡ ᠬᠤᠶᠢᠨ᠎ᠠ ᠬᠦᠯᠦᠨ ᠳᠤᠭᠤᠶᠢᠯᠠᠩ ᠤᠨ ᠳᠠᠷᠤᠭ᠎ᠠ ᠨᠠᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠴᠧᠩ ᠲᠢᠶᠠᠨ ᠹᠦ᠋ ᠲᠣᠪᠴᠢᠶᠠᠨ ᠳᠠᠷᠤᠭ᠎ᠠ ᠨᠠᠷ ᠪᠣᠯᠤᠨ ᠰᠢᠶᠠᠨ ᠤ ᠵᠠᠰᠠᠭ ᠤᠨ ᠣᠷᠳᠣᠨ ᠤ ᠷᠧᠨ ᠴᠠᠩ ᠸᠠᠩ ᠰᠢᠶᠠᠨ ᠤ ᠳᠠᠷᠤᠭ᠎ᠠ ᠵᠢᠴᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠱᠤᠨ ᡁᠢ ᠫᠢᠩ ᠲᠣᠪᠴᠢᠶᠠᠨ ᠳᠠᠷᠤᠭ᠎ᠠ ᠪᠣᠯᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠶᠢᠨ ᠨᠥᠬᠦᠳ ᠲᠠᠢ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠵᠢᠴᠢ ᠨᠠᠰᠤᠵᠢᠯ ᠤᠨ ᠠᠰᠠᠷᠠᠮᠵᠢ ᠶᠢᠨ  ᠤᠶᠢᠯᠡᠴᠢᠯᠡᠭᠡ ᠵᠡᠷᠭᠡ ᠠᠵᠢᠯ ᠶᠢᠨ ᠲᠤᠬᠠᠢ ᠶᠠᠷᠢᠯᠴᠠᠬᠤ ᠬᠤᠷᠠᠯ ᠥᠷᠨᠢᠭᠦᠯᠪᠡ᠃    ᠬᠤᠷᠠᠯ ᠳᠡᠭᠡᠷ᠎ᠡ᠂ ᠬᠥᠯᠥᠨ ᠳᠤᠭᠤᠶᠢᠯᠠᠩ ᠤᠨ ᠳᠠᠷᠤᠭ᠎ᠠ ᠨᠠᠷ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠱᠤᠨ ᡁᠢ ᠫᠢᠩ ᠤᠨ ᠲᠣᠪᠴᠢᠶᠠᠨ ᠳᠠᠷᠤᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠯᠥᠨ ᠳᠤᠭᠤᠶᠢᠯᠠᠩ ᠤᠨ ᠳᠠᠷᠤᠭ᠎ᠠ ᠶᠠᠷᠢᠶ᠎ᠠ ᠲᠠᠯᠪᠢᠭᠰᠠᠨ ᠪᠥᠭᠡᠳ ᠴᠢᠬᠤᠯᠠ ᠵᠢᠭᠠᠪᠤᠷᠢ ᠭᠠᠷᠭᠠᠵᠤ᠂ ︽ᠠᠷᠠᠳ ᠤᠨ ᠶᠠᠪᠤᠳᠠᠯ ᠤᠨ ᠠᠵᠢᠯ ᠪᠣᠯ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠶᠢᠨ ᠠᠵᠢᠯ ᠮᠥᠨ᠂ ᠡᠯ᠎ᠡ ᠵᠦᠢᠯ ᠤᠨ ᠪᠠᠲᠤᠯᠠᠭ᠎ᠠ ᠶᠢᠨ ᠮᠥᠩᠭᠦ ᠶᠢ ᠵᠠᠪᠠᠯ ᠴᠠᠭ ᠲᠤᠬᠠᠶ ᠳᠤᠨᠢ ᠪᠣᠳᠠᠲᠠᠶ ᠭᠠᠵᠠᠷ ᠲᠤᠨᠢ ᠲᠠᠷᠬᠠᠭᠠᠨ ᠥᠭᠴᠦ  ᠤᠶᠢᠯᠡᠴᠢᠯᠡᠭᠦᠯᠵᠦ᠂ ᠠᠰᠢᠭ ᠬᠦᠷᠲᠡᠭᠡᠬᠦ ᠬᠡᠷᠡᠭᠲᠡᠶ᠃ ᠡᠨᠡ ᠨᠢ ᠪᠠᠰᠠ ᠴᠤ ᠪᠢᠳᠡᠨ ᠤ ᠨᠢᠭᠡ ᠠᠷᠠᠳ ᠤᠨ ᠶᠠᠪᠤᠳᠠᠯ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢᠨ ᠦᠨᠡᠨ ᠪᠣᠳᠠᠲᠠᠶ ᠢᠯᠡᠷᠡᠯ ᠪᠣᠯᠤᠨ᠎ᠠ᠃︾ ᠭᠡᠵᠤ᠂ ᠴᠧᠩ ᠲᠢᠶᠠᠨ ᠹᠦ᠋ ᠲᠣᠪᠴᠢᠶᠠᠨ ᠳᠠᠷᠤᠭ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠷᠧᠨ ᠴᠠᠩ ᠸᠠᠩ ᠰᠢᠶᠠᠨ ᠤ ᠳᠠᠷᠤᠭ᠎ᠠ ᠲᠣᠰ ᠲᠣᠰ ᠦᠭᠡ ᠬᠡᠯᠡᠪᠡ᠃                          ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2