ᠵᠦᠸᠧᠽᠢ ᠰᠢᠶᠠᠨ ᠤ ᠰᠣᠶᠣᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ
ᠨᠡᠶᠢᠲᠡᠯᠡᠭᠰᠡᠨ ᠴᠠᠭ᠄
2019-12-10
 ᠵᠦᠸᠧᠽᠢ ᠰᠢᠶᠠᠨ ᠤ ᠰᠣᠶᠣᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ    — — ᠵᠠᠩ ᡁᠢ ᠰᠢᠶᠠ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠤᠯᠪᠣᠭᠳᠠᠯ ᠪᠦᠬᠦᠢ ᠳᠡᠰ ᠳᠠᠷᠠᠭᠠᠯᠠᠯ ᠢ ᠭᠦᠶᠦᠭᠡᠨ ᠶᠠᠷᠢᠪᠠ    ᠰᠤᠷᠪᠤᠯᠵᠢᠯᠠᠭᠴᠢ᠄ ᠵᠠᠩ ᠠᠩᠭᠢ ᠶᠢᠨ ᠳᠠᠷᠤᠭ᠎ᠠ ︽ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠬᠦ ᠳᠤ ᠶᠠᠮᠠᠷ ᠤᠷᠢᠲᠠᠯ ᠨᠥᠬᠦᠴᠡᠯ ᠲᠠᠢ ᠪᠣᠶ︖    ᠵᠠᠩ ᡁᠢ ᠰᠢᠶᠠ᠄ ᠪᠣᠯᠤᠨ᠎ᠠ᠃ ᠲᠣᠭᠯᠠᠯᠲᠠ ᠶᠢᠨ ᠪᠠᠶᠢᠭᠤᠯᠤᠮᠵᠢ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠬᠦ ᠪᠠᠷ ᠭᠤᠶᠤᠴᠢᠯᠠᠬᠤ ᠳᠤ᠂ 3 ᠨᠡᠷᠡᠰ ᠠᠴᠠ ᠳᠡᠭᠡᠭᠰᠢ ᠲᠤᠰᠬᠠᠶ ᠲᠤᠰᠢᠶᠠᠯ ᠤᠨ ᠲᠣᠭᠯᠠᠯᠲᠠ ᠶᠢᠨ ᠠᠵᠢᠯᠲᠠᠨ ᠪᠣᠯᠤᠨ ᠲᠡᠭᠦᠨ ᠤ ᠲᠤᠬᠠᠶᠢᠯᠠᠭᠰᠠᠨ ᠠᠵᠢᠯ ᠯᠤᠭ᠎ᠠ ᠲᠣᠬᠢᠷᠠᠯᠴᠠᠭᠰᠠᠨ ᠪᠡᠯᠡ ᠮᠥᠩᠭᠦ ᠲᠠᠢ ᠪᠠᠶᠢᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ ᠰᠣᠶᠣᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠶ᠃ ᠵᠥᠪᠰᠢᠶᠡᠷᠡᠭᠰᠡᠨ ᠪᠠᠶᠢᠪᠠᠯ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠭᠠᠷᠭᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ︔ ᠦᠯᠦ ᠵᠥᠪᠰᠢᠶᠡᠷᠡᠭᠰᠡᠨ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃    ᠰᠤᠷᠪᠤᠯᠵᠢᠯᠠᠭᠴᠢ᠄ ︽ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠵᠥᠪᠰᠢᠶᠡᠷᠡᠯ ᠤᠨ ᠦᠨᠡᠮᠯᠡᠯ︾ ᠤᠨ ᠨᠡᠷᠡᠶᠢᠳᠦᠯ ᠵᠡᠷᠭᠡ ᠶᠢ ᠭᠦᠢᠴᠡᠳᠬᠡᠬᠦ ᠬᠤᠯᠪᠣᠭᠳᠠᠯ ᠪᠦᠬᠦᠢ ᠵᠢᠷᠤᠮ ᠨᠢ ᠶᠠᠮᠠᠷ ᠪᠠᠶ᠋ᠳᠠᠭ ᠪᠣᠶ︖    ᠵᠠᠩ ᡁᠢ ᠰᠢᠶᠠ᠄ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠨᠢ ᠨᠡᠷᠡᠶᠢᠳᠦᠯ᠂ ᠰᠠᠭᠤᠭ᠎ᠠ ᠭᠠᠵᠠᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠤᠯ ᠬᠠᠷᠢᠭᠤᠴᠠᠯᠭᠠᠲᠠᠨ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠡᠵᠡᠩᠨᠡᠯᠲᠡ ᠶᠢᠨ ᠲᠥᠷᠥᠯ ᠵᠦᠢᠯ ᠢᠶᠠᠨ ᠬᠤᠪᠢᠷᠠᠭᠤᠯᠪᠠᠯ᠂ ᠤᠤᠯ ᠤᠨ ᠦᠨᠡᠮᠯᠡᠯ ᠣᠯᠭᠤᠭᠰᠠᠨ ᠪᠠᠢᠭᠤᠯᠤᠯᠭ᠎ᠠ ᠳᠤ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠵᠥᠪᠰᠢᠶᠡᠷᠡᠯ ᠤᠨ ᠦᠨᠡᠮᠯᠡᠯ ᠰᠣᠯᠢᠬᠤ ᠪᠠᠷ ᠭᠤᠶᠤᠴᠢᠯᠠᠬᠤ ᠶᠢᠨ ᠬᠠᠮᠲᠤ ᠬᠠᠤᠯᠢ ᠶᠣᠰᠣᠭᠠᠷ ᠠᠵᠤ ᠦᠶ᠋ᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠤᠪᠢᠷᠠᠭᠠᠬᠤ ᠳᠠᠩᠰᠠᠯᠠᠯ ᠬᠢᠯᠭᠡᠬᠦ ᠬᠡᠷᠡᠭᠲᠡᠶ᠃    ᠲᠣᠭᠯᠠᠯᠲᠠ ᠭᠠᠷᠭᠠᠬᠤ ᠭᠠᠵᠠᠷ ᠲᠠᠯᠠᠪᠤᠷ ᠡᠵᠡᠩᠨᠡᠵᠦ ᠪᠠᠶ᠋ᠭ᠎ᠠ ᠨᠢᠭᠡᠴᠡ ᠨᠦᠭᠦᠳ ᠨᠡᠷᠡᠶᠢᠳᠦᠯ᠂ ᠰᠠᠭᠤᠭ᠎ᠠ ᠭᠠᠵᠠᠷ ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠤᠯ ᠬᠠᠷᠢᠭᠤᠴᠠᠯᠭᠠᠲᠠᠨ ᠢᠶᠠᠨ ᠬᠤᠪᠢᠷᠠᠭᠤᠯᠬᠤ ᠳᠤ᠂ ᠬᠠᠤᠯᠢ ᠶᠣᠰᠣᠭᠠᠷ ᠠᠵᠤ ᠦᠶ᠋ᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠤᠪᠢᠷᠠᠭᠠᠬᠤ ᠳᠠᠩᠰᠠᠯᠠᠯ ᠬᠢᠯᠭᠡᠬᠦ ᠶᠢᠨ ᠬᠠᠮᠲᠤ ᠤᠤᠯ ᠤᠨ ᠳᠠᠩᠰᠠᠯᠠᠭᠤᠯᠤᠭᠰᠠᠨ ᠪᠠᠢᠭᠤᠯᠤᠯᠭ᠎ᠠ ᠳᠤ ᠳᠠᠬᠢᠵᠤ ᠳᠠᠩᠰᠠᠯᠠᠭᠤᠯᠬᠤ ᠬᠡᠷᠡᠭᠲᠡᠶ᠃    ᠰᠤᠷᠪᠤᠯᠵᠢᠯᠠᠭᠴᠢ᠄ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠡᠷᠬᠢᠯᠡᠬᠦ ᠪᠠᠷ ᠭᠤᠶᠤᠴᠢᠯᠠᠬᠤ ᠳᠤ ᠶᠠᠮᠠᠷ ᠶᠠᠮᠠᠷ ᠭᠤᠶᠤᠴᠢᠯᠠᠯ ᠤᠨ ᠮᠠᠲ᠋ᠧᠷᠢᠶᠠᠯ ᠲᠤᠰᠢᠶᠠᠬᠤ ᠪᠣᠶ︖   ᠵᠠᠩ ᡁᠢ ᠰᠢᠶᠠ᠄ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠡᠷᠬᠢᠯᠡᠬᠦ ᠪᠠᠷ ᠭᠤᠶᠤᠴᠢᠯᠠᠬᠤ ᠳᠤ᠂ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄    ︵ᠨᠢᠭᠡ︶ ᠲᠣᠭᠯᠠᠯᠲᠠ ᠶᠢᠨ ᠨᠡᠷᠡᠶᠢᠳᠦᠯ᠂ ᠲᠣᠭᠯᠠᠯᠲᠠ ᠡᠷᠬᠢᠯᠡᠭᠰᠡᠨ ᠨᠢᠭᠡᠴᠡ ᠪᠠ ᠲᠣᠭᠯᠠᠯᠲᠠ ᠳᠤ ᠣᠷᠣᠯᠴᠠᠭᠰᠠᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠲᠣᠭᠯᠠᠭᠴᠢ ᡾    ︵ᠬᠤᠶᠠᠷ︶ ᠲᠣᠭᠯᠠᠯᠲᠠ ᠭᠠᠷᠭᠠᠬᠤ ᠴᠠᠭ᠂ ᠭᠠᠵᠠᠷ᠂ ᠲᠠᠯᠠᠪᠤᠷ ᠤᠳᠠᠭ᠎ᠠ︔    ︵ᠭᠤᠷᠪᠠ︶ ᠫᠷᠤᠭ᠍ᠷᠠᠮ ᠵᠢᠴᠢ ᠦᠵᠡᠵᠦ ᠰᠣᠨᠣᠰᠬᠤ ᠮᠠᠲ᠋ᠧᠷᠢᠶᠠᠯ᠃  ᠡᠵᠡᠩᠨᠡᠯᠲᠡ ᠶᠢᠨ ᠴᠢᠨᠠᠷᠲᠠᠶ ᠳᠤᠭᠤᠶᠢᠯᠠᠩ ᠤᠨ ᠲᠣᠭᠯᠠᠯᠲᠠ ᠡᠷᠬᠢᠯᠡᠬᠦ ᠪᠠᠷ ᠭᠤᠶᠤᠴᠢᠯᠠᠬᠤ ᠳᠤ ᠪᠠᠰᠠ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠲᠣᠭᠯᠠᠭᠴᠢ ᠶᠢᠨ ᠲᠣᠭᠯᠠᠯᠲᠠ ᠳᠤ ᠣᠷᠣᠯᠴᠠᠬᠤ ᠶᠢ ᠵᠥᠪᠰᠢᠶᠡᠷᠡᠭᠰᠡᠨ ᠪᠢᠴᠢᠭ ᠤᠨ ᠵᠠᠬᠢᠳᠠᠯ  ᠢ ᠲᠤᠰᠢᠶᠠᠬᠤ ᠬᠡᠷᠡᠭᠲᠡᠶ᠃    ᠰᠤᠷᠪᠤᠯᠵᠢᠯᠠᠭᠴᠢ᠄ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠪᠡᠯ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠶ︖    ᠵᠠᠩ ᡁᠢ ᠰᠢᠶᠠ᠄ ︽ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠳᠦᠷᠢᠮ︾ ᠤᠨ ᠳᠥᠴᠢᠨ ᠭᠤᠷᠪᠠᠳᠤᠭᠠᠷ ᠵᠦᠶ᠋ᠯ᠂ ᠳᠥᠴᠢᠨ ᠳᠥᠷᠪᠡᠳᠦᠭᠡᠷ ᠵᠦᠶ᠋ᠯ ᠤᠨ ᠲᠣᠭᠲᠠᠭᠠᠯ ᠢ ᠦᠨᠳᠦᠰᠦᠯᠡᠪᠡᠯ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠪᠤᠶᠤ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠡᠵᠡᠩᠨᠡᠯᠲᠡ ᠶᠢᠨ ᠠᠵᠢᠯᠯᠠᠭ᠎ᠠ ᠬᠢᠭᠰᠡᠨ ᠪᠣᠯ᠂ ᠠᠵᠤ ᠤᠶᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠦᠴᠦᠨ ᠥᠬᠡᠶ ᠪᠣᠯᠭᠠᠵᠤ᠂  ᠰᠢᠢᠳᠬᠡᠨ ᠲᠣᠷᠭᠠᠵᠤ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠥᠪᠰᠢᠶᠡᠷᠡᠭᠦᠯᠦᠭᠰᠡᠨ ᠦᠭᠡᠢ ᠪᠠᠷ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠭᠠᠷᠭᠠᠭᠰᠠᠨ  ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠯᠠᠯᠲᠠ ᠭᠠᠷᠭᠠᠬᠤ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ 8 ᠲᠠᠬᠢᠨ ᠠᠴᠠ ᠳᠡᠭᠡᠭᠰᠢ 10 ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ 1 ᠲᠦᠮᠡᠨ ᠲᠥᠭᠦᠷᠢᠭ ᠲᠤ ᠬᠦᠷᠬᠦ ᠦᠭᠡᠢ  ᠪᠠᠶᠢᠪᠠᠯ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠦᠢᠯᠡ ᠪᠠᠢᠳᠠᠯ ᠨᠢ ᠬᠦᠨᠳᠦ ᠨᠣᠴᠢᠲᠠᠶ ᠪᠠᠶᠢᠪᠠᠯ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠭᠠᠷᠭᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    2018 ᠤᠨ 6 ᠳ᠋ᠤᠭᠠᠷ ᠰᠠᠷ᠎ᠠ ᠶᠢᠨ 25 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2