| | ᠭᠠᠶᠢᠯᠢ ᠲᠤᠰᠢᠶᠠᠭᠴᠢ ᠵᠦᠸᠧᠽᠢ ᠰᠢᠶᠠᠨ ᠳᠤ ᠵᠦᠸᠧᠽᠢ ᠰᠢᠶᠠᠨ ᠤ ᠤᠯᠤᠰ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ | ᠲᠥᠯᠥᠭᠡ ᠭᠠᠷᠭᠠᠭᠰᠠᠨ ᠴᠢᠷᠮᠠᠶᠢᠯᠭ᠎ᠠ ᠵᠢᠴᠢ ᠭᠠᠶᠢᠯᠢ ᠲᠤᠰᠢᠶᠠᠭᠴᠢ ᠶᠢᠨ ᠭᠠᠶᠢᠯᠢ ᠬᠥᠩᠭᠡᠯᠡᠬᠦ ᠲᠥᠷᠥ ᠶᠢᠨ | ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠭᠠᠶᠢᠯᠢ ᠲᠤᠰᠢᠶᠠᠭᠴᠢ ᠶᠢᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠶ᠋ᠴᠡᠳ ᠰᠠᠶᠢᠨ ᠬᠡᠷᠡᠭᠯᠡᠬᠦ ᠳᠤ ᠦᠨᠡᠨ ᠬᠦ | ᠬᠠᠪᠰᠤᠷᠤᠯᠭ᠎ᠠ ᠦᠵᠡᠭᠦᠯᠵᠡᠶ᠃ | 6 ᠰᠠᠷ᠎ᠠ ᠶᠢᠨ 20 ᠤ ᠡᠳᠦᠷ ᠤᠨ ᠦᠳᠡ ᠡᠮᠦᠨ᠎ᠡ᠂ ᠨᠢᠭᠡᠨ ᠰᠦᠯᠵᠢᠶᠡᠨ ᠨᠠᠶᠢᠵᠠ ᠵᠦᠸᠧᠽᠢ ᠰᠢᠶᠠᠨ ᠤ | ᠤᠯᠤᠰ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ | ᠂ ᠲᠣᠪᠴᠢᠶᠠᠨ ᠳᠠᠷᠤᠭ᠎ᠠ ᠵᠠᠩ ᠵᠢᠶᠠᠨ ᠮᠢᠨ ᠳᠤ ᠠᠰᠠᠭᠤᠯᠲᠠ ᠲᠠᠯᠪᠢᠵᠤ᠂ ᠲᠣᠪᠴᠢᠶᠠᠨ ᠳᠠᠷᠤᠭ᠎ᠠ ᠵᠢᠶᠠᠨ ᠮᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠭᠠᠶᠢᠯᠢ ᠬᠥᠩᠭᠡᠯᠡᠬᠦ ᠲᠥᠷᠥ ᠶᠢᠨ | ᠪᠣᠳᠣᠯᠭ᠎ᠠ ᠶᠢ ᠨᠠᠢᠳᠠᠪᠤᠷᠢᠵᠢᠭᠤᠯᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠨᠠᠷᠢᠨ ᠲᠠᠶᠢᠯᠪᠤᠷᠢᠯᠠᠯᠲᠠ | ᠬᠢᠪᠡ᠃ | ᠠᠰᠠᠭᠤᠯᠲᠠ᠄ ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ | ᠲᠥᠯᠥᠭᠡ ᠮᠠᠨ ᠤ ᠤᠯᠤᠰ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ ᠪᠣᠶ︖ ᠲᠠ | ᠪᠣᠳᠠᠲᠠᠶ ᠲᠠᠨᠢᠯᠴᠠᠭᠤᠯᠤᠭᠠᠳ ᠥᠭᠭᠦᠨ᠎ᠡ ᠤᠤ︖ | ᠵᠠᠩ ᠵᠢᠶᠠᠨ ᠮᠢᠨ᠄ 2018 ᠣᠨ ᠳᠤ ︽ᠰᠢᠨ᠎ᠡ ᠴᠠᠭ ᠦᠶ᠎ᠡ · ᠰᠢᠨ᠎ᠡ ᠭᠠᠶᠢᠯᠢ ᠶᠢᠨ ᠳᠦᠷᠰᠦ ᠪᠠᠢᠳᠠᠯ︾ | ᠢᠶᠠᠷ ᠭᠤᠤᠯ ᠰᠡᠳᠦᠪ ᠪᠣᠯᠭᠠᠵᠤ ︽ᠠᠷᠠᠳ ᠲᠤ ᠳᠥᠭᠦᠮ ᠦᠵᠡᠭᠦᠯᠬᠦ ᠤᠷᠢᠬᠠᠨ ᠰᠠᠯᠬᠢ ᠭᠠᠶᠢᠯᠢ ᠭᠦᠢᠴᠡᠳᠬᠡᠬᠦ | ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ︽ᠥᠭᠡᠷᠡᠴᠢᠯᠡᠯᠲᠡ︾ ᠶᠢ ᠭᠦᠨᠵᠡᠭᠡᠶᠢᠷᠡᠭᠦᠯᠦᠨ᠂ ︽ | ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠪᠠᠷ ᠭᠠᠷᠲᠠᠨ ᠪᠣᠯᠭᠠᠵᠤ᠂ ᠭᠠᠶᠢᠯᠢ ᠲᠠᠲᠠᠪᠤᠷᠢ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠶᠡᠷᠦᠩᠬᠡᠶ ᠲᠣᠪᠴᠢᠶ᠎ᠠ ᠶᠢᠨ | ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠮᠠᠨ ᠤ ᠲᠣᠪᠴᠢᠶ᠎ᠠ ︽ᠭᠠᠶᠢᠯᠢ ᠶᠢᠨ | ᠶᠠᠪᠤᠳᠠᠯ ᠭᠦᠢᠴᠡᠳᠬᠡᠬᠦ ᠳᠤ ︿ᠬᠡᠲᠦᠷᠡᠬᠦ ᠳᠡᠭᠡᠨ ᠨᠢᠭᠡ ᠯᠡ ᠤᠳᠠᠭ᠎ᠠ ᠭᠦᠶᠦᠯᠭᠡᠬᠦ﹀ ᠨᠠᠷᠢᠨ ᠳᠠᠩᠰᠠ︾ ᠶᠢ ᠪᠥᠬᠦ | ᠲᠠᠯ᠎ᠠ ᠪᠠᠷ ᠨᠠᠢᠳᠠᠪᠤᠷᠢᠵᠢᠭᠤᠯᠵᠤ ᠪᠠᠶᠢᠨ᠎ᠠ᠃ ᠭᠠᠶᠢᠯᠢ ᠲᠤᠰᠢᠶᠠᠭᠴᠢ ᠶᠢᠨ ᠭᠠᠶᠢᠯᠢ ᠲᠤᠰᠢᠶᠠᠬᠤ ᠵᠦᠢᠯᠡᠰ ᠤᠨ ︽ | ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠥᠭᠡᠷᠡᠴᠢᠯᠡᠯᠲᠡ ᠶᠢ ︽ᠠᠷᠠᠳ ᠲᠤ ᠳᠥᠭᠦᠮ | ᠦᠵᠡᠭᠦᠯᠬᠦ ᠭᠠᠶᠢᠯᠢ ᠲᠤᠰᠢᠶᠠᠬᠤ ᠤᠷᠢᠬᠠᠨ ᠰᠠᠯᠬᠢ ᠠᠵᠢᠯᠯᠠᠭ᠎ᠠ︾ ᠶᠢᠨ ᠲᠡᠷᠢᠭᠦᠨ ᠳᠤ ᠲᠠᠯᠪᠢᠬᠤ ᠶᠡᠭᠡ ᠫᠤᠤ | ᠪᠣᠯᠭᠠᠵᠤ᠂ ᠶᠡᠷᠦᠩᠬᠡᠶ ᠲᠣᠪᠴᠢᠶ᠎ᠠ ᠶᠢᠨ ︽ᠨᠠᠷᠢᠨ ᠳᠠᠩᠰᠠ︾ ᠶᠢᠨ ᠰᠠᠭᠤᠷᠢᠨ ᠳᠡᠭᠡᠷ᠎ᠡ ᠮᠠᠨ ᠤ ᠲᠣᠪᠴᠢᠶ᠎ᠠ ᠶᠢᠨ ︽ | ᠭᠠᠶᠢᠯᠢ ᠭᠦᠶ᠋ᠴᠡᠳᠬᠡᠬᠦ ᠵᠦᠢᠯᠡᠰ ᠤᠨ ︿ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠯᠭᠡᠬᠦ︾ ᠨᠠᠷᠢᠨ ᠳᠠᠩᠰᠠ︾ | ᠶᠢ ᠨᠡᠮᠡᠵᠦ ᠵᠢᠭᠰᠠᠭᠠᠨ ᠨᠡᠢᠭᠡᠮ ᠨᠡᠶᠢᠲᠡ ᠳᠤ ᠨᠡᠶᠢᠲᠡᠯᠡᠪᠡ᠃ ︽ᠨᠠᠷᠢᠨ ᠳᠠᠩᠰᠠ︾ ᠳᠤ ᠵᠢᠭᠰᠠᠭᠠᠭᠰᠠᠨ ᠭᠠᠶᠢᠯᠢ | ᠭᠦᠶ᠋ᠴᠡᠳᠬᠡᠬᠦ ᠵᠦᠶ᠋ᠯᠡᠰ ᠲᠤ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ᠂ ᠭᠡᠷ ᠲᠦᠨᠢ ᠬᠦᠷᠴᠦ ᠭᠠᠶᠢᠯᠢ | ᠭᠦᠢᠴᠡᠳᠬᠡᠬᠦ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢ ᠠᠪᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ ᠨᠡᠶᠢᠯᠡᠭᠦᠯᠦᠭᠡᠳ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠢᠶ᠋ᠳᠪᠦᠷᠢᠯᠡᠵᠦ᠂ ᠮᠠᠲ᠋ᠧᠷᠢᠶᠠᠯ ᠨᠢ | ᠪᠦᠷᠢᠨ ᠪᠦᠲᠦᠨ ᠪᠥᠭᠡᠳ ᠬᠠᠤᠯᠢ ᠪᠠᠷ ᠲᠣᠭᠲᠠᠭᠠᠭᠰᠠᠨ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ | ᠨᠡᠶᠢᠴᠡᠭᠰᠡᠨ ᠪᠠᠢᠳᠠᠯ ᠳᠣᠤᠷ᠎ᠠ᠂ ᠭᠠᠶᠢᠯᠢ ᠲᠤᠰᠢᠶᠠᠭᠴᠢ ᠶᠢᠨ ︽ᠨᠠᠷᠢᠨ ᠳᠠᠩᠰᠠ︾ ᠶᠢ ᠭᠦᠢᠴᠡᠳᠬᠡᠬᠦ | ᠬᠡᠪᠴᠢᠶᠡᠨ ᠳᠠᠬᠢ ᠤᠴᠢᠷ ᠶᠠᠪᠤᠳᠠᠯ ᠢ ︽ᠬᠠᠮᠤᠭ ᠤᠨ ᠶᠡᠭᠡ ᠳᠡᠭᠡᠨ ᠨᠢᠭᠡ ᠤᠳᠠᠭ᠎ᠠ ᠭᠦᠶᠦᠯᠭᠡᠬᠦ︾ ᠶᠢ | ᠪᠡᠶᠡᠯᠡᠭᠦᠯᠦᠨ᠎ᠡ᠃ | ᠡᠭᠦᠨ ᠤ ᠳᠤ ᠬᠠᠮᠲᠤ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠬᠥᠩᠭᠡᠯᠡᠬᠦ ᠵᠢᠴᠢ ᠭᠠᠶᠢᠯᠢ ᠳᠤ ᠬᠤᠯᠪᠣᠭᠳᠠᠬᠤ | ᠮᠠᠲ᠋ᠧᠷᠢᠶᠠᠯ ᠢ ︽ᠬᠠᠰᠤᠬᠤ︾ ᠶᠢ ᠨᠠᠩ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ ᠭᠠᠶᠢᠯᠢ | ᠲᠤᠰᠢᠶᠠᠭᠴᠢ ᠳᠤ ᠰᠦᠯᠵᠢᠶᠡᠨ ᠳᠡᠭᠡᠷ᠎ᠡ ᠡᠯᠧᠺᠲᠷᠣᠨ ᠢᠶᠠᠷ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠦᠭᠰᠡᠨ ᠪᠠᠶ᠋ᠪᠠᠯ᠂ | ᠳᠠᠬᠢᠵᠤ ᠮᠡᠳᠡᠭᠦᠯᠬᠦ ᠪᠢᠴᠢᠭ ᠮᠠᠲ᠋ᠧᠷᠢᠶᠠᠯ ᠠᠪᠬᠤ ᠦᠭᠡᠢ ᠪᠠᠶᠢᠵᠤ᠂ ᠪᠠᠷᠢᠮᠲᠠ ᠶᠢ ᠣᠷᠣᠯᠠᠨ ᠪᠢᠴᠢᠵᠦ ᠥᠭᠬᠦ | ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢ ᠳᠥᠭᠦᠮᠴᠢᠯᠡᠭᠰᠡᠨ ᠪᠥᠭᠡᠳ ︽ᠭᠠᠶᠢᠯᠢ | ᠲᠤᠰᠢᠶᠠᠬᠤ ᠴᠠᠭ ᠢ ᠪᠣᠭᠤᠨᠢᠰᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ | ᠠᠭᠤᠯᠭ᠎ᠠ ᠶᠢᠨ ᠬᠤᠪᠢᠶᠠᠷᠢᠯᠠᠯ ᠬᠢᠭᠡᠳ ᠴᠠᠭ ᠤᠨ ᠠᠬᠢᠯᠲᠠ ᠶᠢᠨ ᠲᠣᠬᠢᠷᠠᠭᠤᠯᠤᠯᠲᠠ ᠶᠢᠨ ᠬᠦᠰᠦᠨᠦᠭᠲᠦ︾ ᠶᠣᠰᠣᠭᠠᠷ | ᠬᠤᠯᠪᠣᠭᠳᠠᠯ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠳᠥᠭᠦᠮ ᠪᠥᠭᠡᠳ ᠰᠢᠯᠢᠳᠡᠭᠵᠢᠭᠦᠯᠪᠡ᠃ | ᠠᠰᠠᠭᠤᠯᠲᠠ᠄ ᠭᠠᠶᠢᠯᠢ ᠲᠠᠲᠠᠪᠤᠷᠢ ᠶᠢᠨ ᠮᠡᠳᠡᠭᠡ ᠵᠠᠩᠭᠢᠵᠢᠯᠲᠠ᠂ ᠭᠠᠶᠢᠯᠢ ᠲᠠᠲᠠᠪᠤᠷᠢ ᠶᠢᠨ | ᠣᠳᠣᠬᠢᠴᠢᠯᠠᠯᠲᠠ ᠶᠢᠨ ᠠᠵᠤ ᠠᠬᠤᠢ ᠶᠢᠨ ᠭᠠᠶᠢᠯᠢ ᠲᠠᠲᠠᠪᠤᠷᠢ ᠶᠢᠨ ᠰᠢᠨ᠎ᠡ ᠬᠡᠪ ᠪᠠᠢᠳᠠᠯ ᠳᠣᠤᠷ᠎ᠠ᠂ ᠤᠯᠤᠰ ᠠᠴᠠ | ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠭᠠᠶᠢᠯᠢ ᠲᠤᠰᠢᠶᠠᠭᠴᠢ ᠳᠤ | ᠳᠥᠭᠦᠮ ᠦᠵᠡᠭᠦᠯᠬᠦ ᠶᠠᠪᠤᠳᠠᠯ ᠮᠥᠨ᠂ ᠲᠠ ᠮᠠᠨ ᠤ ᠤᠯᠤᠰ ᠠᠴᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠡᠷᠬᠢᠨ ᠬᠠᠮᠲᠤᠷᠠᠨ ᠠᠵᠢᠯᠯᠠᠬᠤ ᠲᠤᠬᠠᠶ ᠶᠠᠷᠢᠭᠠᠳ | ᠥᠭᠭᠦᠨ᠎ᠡ ᠦᠤ︖ | ᠵᠠᠩ ᠵᠢᠶᠠᠨ ᠮᠢᠨ᠄ ᠤᠯᠤᠰ ᠠᠴᠠ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ | ᠪᠣᠯ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠵᠠᠰᠠᠭ ᠵᠠᠬᠢᠷᠭᠠᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠲᠣᠪᠴᠢᠶ᠎ᠠ ᠭᠤᠤᠯᠳᠠᠭᠤ | ᠳᠣᠤᠷᠠᠬᠢ ᠭᠤᠷᠪᠠᠨ ᠲᠠᠯ᠎ᠠ ᠪᠠᠷ ᠤᠯᠤᠰ ᠠᠴᠠ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠪᠡ᠃ | ᠨᠢᠭᠡᠳᠦᠭᠡᠷ ᠲᠤ᠂ ᠤᠯᠤᠰ ᠠᠴᠠ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠭᠰᠠᠨ ᠬᠤᠷᠠᠯᠳᠤᠭᠠᠨ ᠤ | ᠳᠦᠷᠢᠮ ᠢ ᠬᠠᠮᠲᠤᠷᠠᠨ ᠪᠠᠶᠢᠭᠤᠯᠵᠤ᠂ ᠬᠠᠮᠲᠤᠷᠠᠭᠰᠠᠨ ᠬᠤᠷᠠᠯᠳᠤᠭᠠᠨ ᠳᠤ ᠲᠣᠭᠲᠠᠮᠠᠯ ᠬᠤᠷᠠᠯ ᠤᠨ ᠳᠦᠷᠢᠮ ᠢ | ᠬᠡᠷᠡᠭᠵᠢᠭᠦᠯᠵᠦ᠂ ᠵᠠᠷᠴᠢᠮ ᠳᠡᠭᠡᠷ᠎ᠡ ᠪᠠᠨ ᠤᠯᠠᠷᠢᠯ ᠪᠦᠷᠢ ᠳᠤ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭᠠᠢ | ᠪᠠᠢᠳᠠᠯ ᠪᠤᠶᠤ ᠪᠠᠴᠢᠮ ᠶᠠᠪᠤᠳᠠᠯ ᠲᠣᠬᠢᠶᠠᠯᠳᠤᠪᠠᠯ᠂ ᠬᠤᠷᠠᠯᠳᠤᠭᠤᠯᠤᠭᠴᠢ ᠲᠦᠷᠦᠭᠦᠯᠡᠨ ᠬᠤᠷᠠᠯᠳᠤᠭᠤᠯᠵᠤ᠂ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠳᠤ ᠳᠥᠭᠦᠮ ᠪᠣᠯᠭᠠᠵᠤ᠂ ᠡᠳᠦᠷ ᠲᠤᠲᠤᠮ ᠤᠨ ᠬᠠᠷᠢᠯᠴᠠᠭ᠎ᠠ ᠪᠠ | ᠬᠠᠮᠲᠤᠷᠠᠯᠴᠠᠭᠠᠨ ᠤ ᠤᠴᠢᠷ ᠶᠠᠪᠤᠳᠠᠯ ᠢ ᠵᠢᠷᠤᠮᠵᠢᠭᠤᠯᠵᠤ ᠳᠦᠷᠢᠮᠵᠢᠭᠦᠯᠦᠨ᠎ᠡ᠃ ᠬᠠᠮᠲᠤᠷᠠᠭᠰᠠᠨ ᠬᠤᠷᠠᠯ ᠤᠨ ᠳᠦᠷᠢᠮ | ᠢ ᠲᠣᠭᠲᠠᠭᠠᠬᠤ ᠪᠠ ᠬᠡᠷᠡᠭᠵᠢᠭᠦᠯᠬᠦ ᠨᠢ ᠤᠯᠤᠰ ᠠᠴᠠ ᠪᠠ ᠣᠷᠣᠨ ᠨᠤᠲᠤᠭ ᠤᠨ ᠭᠠᠶᠢᠯᠢ ᠶᠢᠨ ᠬᠠᠮᠵᠢᠯᠴᠠᠭ᠎ᠠ ᠶᠢ | ᠴᠢᠩᠭᠠᠳᠬᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠲᠤᠷᠰᠢᠯᠭ᠎ᠠ ᠪᠠ ᠬᠠᠮᠲᠤᠷᠠᠯᠴᠠᠭᠠᠨ ᠤ ᠵᠦᠶ᠋ᠯᠡᠰ ᠢᠶᠠᠨ | ᠰᠣᠯᠢᠯᠴᠠᠬᠤ ᠵᠡᠷᠭᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠬᠤᠶᠠᠳᠤᠭᠠᠷ ᠲᠠᠯ᠎ᠠ ᠪᠠᠷ᠂ ᠮᠠᠨ ᠤ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠲᠠᠢ ᠬᠠᠮᠲᠤᠷᠠᠨ ︽ᠵᠦᠸᠧᠽᠢ ᠰᠢᠶᠠᠨ ᠤ ᠤᠯᠤᠰ ᠠᠴᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠯᠪᠣᠭᠠᠲᠤ ᠺᠠᠳ᠋ᠷ ᠢ ᠪᠣᠯᠪᠠᠰᠤᠷᠠᠭᠤᠯᠬᠤ | ᠲᠥᠰᠦᠯ︾ ᠢ ᠲᠣᠭᠲᠠᠭᠠᠵᠤ᠂ ᠪᠣᠯᠪᠠᠰᠤᠷᠠᠭᠤᠯᠬᠤ ᠴᠠᠭ᠂ ᠭᠠᠵᠠᠷ ᠣᠷᠣᠨ᠂ ᠬᠠᠷᠢᠯᠴᠠᠨ ᠪᠠᠭᠰᠢ ᠲᠣᠮᠢᠯᠠᠬᠤ᠂ | ᠪᠣᠯᠪᠠᠰᠤᠷᠠᠭᠤᠯᠬᠤ ᠠᠭᠤᠯᠠᠨ᠎ᠠ ᠵᠡᠷᠭᠡ ᠲᠠᠯ᠎ᠠ ᠪᠠᠷ ᠲᠠᠰᠤᠯᠤᠨ ᠲᠣᠭᠲᠠᠭᠠᠵᠤ᠂ ᠤᠯᠤᠰ ᠠᠴᠠ ᠪᠠ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠬᠤᠶᠠᠷ ᠲᠠᠯ᠎ᠠ ᠪᠠᠷ ᠢᠶᠠᠨ ᠲᠣᠰ ᠲᠣᠰ 18 ᠬᠢᠴᠢᠶᠡᠯ ᠤᠨ ᠴᠠᠭ ᠤᠨ | ᠰᠤᠷᠤᠯᠴᠠᠬᠤ ᠠᠭᠤᠯᠭ᠎ᠠ ᠶᠢ ᠬᠢᠵᠦ᠂ ᠨᠡᠶᠢᠲᠡ 734 ᠬᠥᠮᠦᠨ ᠤᠳᠠᠭ᠎ᠠ ᠪᠣᠯᠪᠠᠰᠤᠷᠠᠭᠤᠯᠵᠠᠶ᠃ ᠺᠠᠳ᠋ᠷ ᠠᠵᠢᠯᠲᠠᠨ | ᠠᠵᠢᠯᠲᠠᠨ ᠢ ᠤᠯᠤᠰ ᠠᠴᠠ ᠪᠠ ᠣᠷᠣᠨ ᠨᠤᠲᠤᠭ ᠤᠨ ᠭᠠᠶᠢᠯᠢ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠲᠠᠢ | ᠪᠦᠲᠦᠮᠵᠢᠲᠡᠶ ᠠᠭᠤᠰᠤᠯᠴᠠᠭᠤᠯᠵᠤ᠂ ᠣᠨᠣᠯ ᠤᠨ ᠰᠠᠭᠤᠷᠢ ᠶᠢ ᠪᠠᠲᠤᠳᠬᠠᠪᠠ᠃ | ᠭᠤᠷᠪᠠ ᠳᠤ᠂ ᠡᠳᠦᠷ ᠲᠣᠲᠤᠮ ᠤᠨ ᠠᠵᠢᠯ ᠶᠢᠨ ᠲᠠᠯ᠎ᠠ ᠪᠠᠷ ᠬᠠᠷᠢᠯᠴᠠᠨ ᠨᠡᠪᠲᠡᠷᠡᠯᠴᠡᠵᠦ᠂ ᠲᠤᠬᠠᠶᠢᠯᠠᠭᠰᠠᠨ | ᠠᠵᠢᠯ ᠢᠶᠠᠨ ᠬᠠᠮᠵᠢᠯᠴᠠᠨ ᠭᠦᠶ᠋ᠴᠡᠳᠬᠡᠨ᠎ᠡ᠃ ᠡᠩ ᠤᠨ ᠦᠶ᠎ᠡ ᠶᠢᠨ ᠠᠵᠢᠯ ᠤᠨ ᠳᠤᠮᠳᠠ ᠬᠤᠶᠠᠷ ᠲᠠᠯ᠎ᠠ ᠶᠢᠨ | ᠬᠤᠯᠪᠣᠭᠠᠴᠢᠨ ᠪᠤᠶᠤ ᠬᠤᠪᠢᠳᠠᠨ ᠬᠠᠮᠢᠶᠠᠷᠴᠤ ᠪᠦᠬᠦᠢ ᠲᠣᠪᠴᠢᠶ᠎ᠠ ᠶᠢᠨ ᠤᠳᠤᠷᠢᠳᠤᠯᠭ᠎ᠠ ᠨᠠᠷ ᠰᠢᠭᠤᠳ ᠬᠠᠷᠢᠯᠴᠠᠵᠤ | ᠂ ᠬᠠᠮᠢᠶ᠎ᠠ ᠪᠦᠬᠦᠢ ᠵᠣᠯᠭᠠᠭᠤᠯᠤᠨ ᠰᠣᠯᠢᠯᠴᠠᠬᠤ ᠠᠵᠢᠯ ᠢ ᠢᠳᠡᠪᠬᠢᠲᠡᠢ ᠥᠷᠨᠢᠭᠦᠯᠵᠦ᠂ ᠢᠯᠠᠩᠭᠤᠶ᠎ᠠ ᠲᠤᠭ᠎ᠠ | ᠪᠠᠷᠢᠮᠲᠠ ᠳᠤ ᠵᠠᠰᠠᠪᠤᠷᠢ ᠣᠷᠣᠭᠤᠯᠬᠤ ᠲᠠᠯ᠎ᠠ ᠪᠠᠷ᠂ ᠪᠠᠶ᠋ᠬᠤ ᠡᠰᠡᠬᠦ ᠪᠠᠨ ᠴᠠᠭ ᠲᠤᠬᠠᠶ ᠳᠤᠨᠢ ᠨᠡᠪᠲᠡᠷᠡᠯᠴᠡᠵᠦ᠂ | ᠲᠤᠭ᠎ᠠ ᠪᠠᠷᠢᠮᠲᠠ ᠳᠤ ᠵᠠᠰᠠᠪᠤᠷᠢ ᠣᠷᠣᠭᠤᠯᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ ᠲᠤᠬᠠᠶᠢᠯᠠᠭᠰᠠᠨ ᠠᠵᠢᠯ ᠢ ᠬᠠᠮᠵᠢᠯᠴᠠᠨ ᠭᠦᠢᠴᠡᠳᠬᠡᠬᠦ ᠲᠠᠯ᠎ᠠ ᠪᠠᠷ 2787 ᠡᠷᠦᠬᠡ ᠬᠤᠳᠠᠯᠳᠤᠭᠠᠨ ᠤ | ᠶᠠᠪᠤᠳᠠᠯ ᠤᠨ ᠳᠠᠩᠰᠠᠯᠠᠯ ᠤᠨ ᠮᠡᠳᠡᠭᠡ ᠵᠠᠩᠭᠢ ᠶᠢ ᠬᠠᠮᠵᠢᠯᠴᠠᠨ ᠨᠤᠲᠠᠯᠠᠬᠤ ᠶᠢ ᠵᠣᠭᠰᠣᠭᠠᠨ᠎ᠠ︔ 62 ᠡᠷᠦᠬᠡ ᠶᠢᠨ | ᠭᠠᠶᠢᠯᠢ ᠶᠢ ᠬᠦᠴᠦᠨ ᠦᠭᠡᠢ ᠪᠣᠯᠭᠠᠬᠤ ᠶᠢ ᠬᠠᠮᠵᠢᠯᠴᠠᠨ ᠭᠦᠢᠴᠡᠳᠬᠡᠨ᠎ᠡ︔ 704 ᠡᠷᠦᠬᠡ ᠭᠠᠶᠢᠯᠢ | ᠲᠤᠰᠢᠶᠠᠭᠴᠢ ᠳᠤ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠬᠢᠵᠦ᠂ A ᠲᠡᠰ ᠤᠨ 5 ᠡᠷᠦᠬᠡ᠂ D | ᠲᠡᠰ ᠤᠨ 26 ᠡᠷᠦᠬᠡ ᠶᠢ ᠦᠨᠡᠯᠡᠨ ᠲᠣᠭᠲᠠᠭᠠᠪᠠ︔ 1988 ᠡᠷᠦᠬᠡ ᠦᠨᠡᠨ ᠨᠡᠷ᠎ᠡ ᠪᠠᠷ ᠢᠶᠠᠨ ᠭᠠᠶᠢᠯᠢ | ᠭᠦᠢᠴᠡᠳᠬᠡᠬᠦ ᠶᠢ ᠬᠠᠮᠲᠤᠷᠠᠨ ᠬᠡᠷᠡᠭᠵᠢᠭᠦᠯᠵᠦ᠂ ᠭᠠᠶᠢᠯᠢ ᠲᠤᠰᠢᠶᠠᠭᠴᠢ ᠶᠢ 2 ᠤᠳᠠᠭ᠎ᠠ ᠬᠠᠮᠲᠤᠷᠠᠨ | ᠪᠣᠯᠪᠠᠰᠤᠷᠠᠭᠤᠯᠵᠤ᠂ ᠨᠡᠶᠢᠲᠡ 60 ᠡᠷᠦᠬᠡ ᠭᠠᠶᠢᠯᠢ ᠲᠤᠰᠢᠶᠠᠭᠴᠢ ᠳᠤ ᠪᠣᠯᠪᠠᠰᠤᠷᠠᠭᠤᠯᠤᠯ ᠬᠢᠪᠡ᠃ ᠡᠭᠦᠨ ᠤ ᠳᠤ | ᠬᠠᠮᠲᠤ 4 ᠰᠠᠷ᠎ᠠ ᠳᠤ ︽ᠨᠢᠭᠡ ᠴᠣᠩᠬᠤᠨ ᠳᠤ ᠨᠢᠭᠡ ᠬᠥᠮᠦᠨ ᠨᠢᠭᠡ ᠮᠠᠰᠢᠨ ᠬᠤᠶᠠᠷ ᠰᠢᠰᠲ᠋ᠧᠮ︾ ᠬᠠᠮᠲᠤᠷᠠᠨ | ᠭᠠᠢᠯᠢ ᠭᠦᠢᠴᠡᠳᠬᠡᠬᠦ ᠵᠠᠭᠪᠤᠷ ᠢ ᠪᠡᠶᠡᠯᠡᠭᠦᠯᠵᠦ᠂ ᠤᠯᠤᠰ ᠠᠴᠠ ᠭᠠᠢᠯᠢ ᠪᠠ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠬᠤᠶᠠᠷ ᠲᠠᠯ᠎ᠠ ᠶᠢᠨ ᠭᠠᠢᠯᠢ ᠭᠦᠢᠴᠡᠳᠬᠡᠬᠦ ᠦᠶ᠋ᠯᠡᠴᠢᠯᠡᠭᠡᠨ ᠤ ᠲᠢᠩᠬᠢᠮ ᠤᠨ ᠠᠵᠢᠯᠲᠠᠨ ᠨᠢ ᠨᠥᠬᠦᠭᠡ | ᠡᠲᠡᠭᠡᠳ ᠤᠨ ᠢᠶᠠᠨ ᠲᠤᠬᠠᠶᠢᠯᠠᠭᠰᠠᠨ ᠠᠵᠢᠯ ᠶᠢᠨ ᠮᠡᠳᠡᠯᠭᠡ ᠶᠢ ᠰᠤᠷᠤᠯᠴᠠᠬᠤ ᠳᠤ ᠠᠯᠬᠤᠮ ᠠᠯᠬᠤᠮ ᠢᠶᠠᠷ ᠵᠣᠬᠢᠴᠠᠵᠤ | ᠂ ᠭᠠᠢᠯᠢ ᠲᠤᠰᠢᠶᠠᠭᠴᠢ ᠶᠢ ᠨᠢᠭᠡᠳᠦᠯᠲᠡᠶ ᠳ᠋ᠤᠭᠠᠷ ᠳᠠᠭᠤᠳᠠᠬᠤ᠂ ᠬᠤᠯᠪᠣᠭᠠᠯᠠᠨ ᠭᠠᠢᠯᠢ ᠵᠢᠯᠣᠭᠤᠳᠬᠤ᠂ ᠶᠡᠷᠦᠩᠬᠡᠶᠢᠯᠡᠨ | ᠦᠶ᠋ᠯᠡᠴᠢᠯᠡᠬᠦ᠂ ᠨᠢᠭᠡ ᠴᠣᠩᠬᠤ ᠪᠠᠷ ᠬᠦᠯᠢᠶᠡᠨ ᠠᠪᠬᠤ ᠶᠢ ᠪᠡᠶᠡᠯᠡᠭᠦᠯᠵᠦ᠂ ᠭᠠᠢᠯᠢ ᠲᠤᠰᠢᠶᠠᠭᠴᠢ ᠳᠤ ᠭᠠᠢᠯᠢ | ᠲᠤᠰᠢᠶᠠᠬᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠦᠨᠡᠨ ᠪᠣᠳᠠᠲᠠᠶ ᠳᠥᠭᠦᠮ ᠦᠵᠡᠭᠦᠯᠪᠡ᠃ | ᠠᠰᠠᠭᠤᠭᠰᠠᠨ ᠨᠢ᠄ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠭᠠᠶᠢᠯᠢ ᠬᠥᠩᠭᠡᠯᠡᠬᠦ ᠠᠯᠢ ᠣᠯᠠᠨ ᠲᠥᠷᠥ ᠶᠢᠨ ᠪᠣᠳᠣᠯᠭ᠎ᠠ ᠭᠠᠷᠭᠠᠵᠠᠶ᠂ ᠲᠠ ᠮᠠᠨ ᠤ | ᠲᠣᠪᠴᠢᠶ᠎ᠠ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠢ ᠬᠡᠯᠡᠭᠡᠳ ᠥᠭᠭᠦᠨ᠎ᠡ ᠦᠤ︖ | ᠵᠠᠩ ᠵᠢᠶᠠᠨ ᠮᠢᠨ᠄ ᠭᠠᠶᠢᠯᠢ ᠬᠥᠩᠭᠡᠯᠡᠬᠦ ᠪᠣᠯ ᠤᠰᠤ ᠲᠠᠯᠪᠢᠨ ᠵᠢᠭᠠᠰᠤ ᠲᠡᠵᠢᠭᠡᠵᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ | ᠨᠠᠢᠳᠠᠪᠤᠷᠢᠵᠢᠭᠤᠯᠬᠤ᠂ ᠭᠠᠶᠢᠯᠢ ᠬᠥᠩᠭᠡᠯᠡᠬᠦ ᠠᠯᠢ ᠣᠯᠠᠨ ︽ᠬᠠᠮ ᠠᠷᠭ᠎ᠠ︾ ᠶᠢ ᠬᠡᠷᠡᠭᠯᠡᠵᠦ᠂ ᠭᠠᠶᠢᠯᠢ ᠲᠠᠲᠠᠪᠤᠷᠢ ᠶᠢ | ︽ᠬᠠᠰᠤᠬᠤ︾ ᠠᠷᠭ᠎ᠠ ᠪᠠᠷ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠪᠠ᠃ | ᠮᠠᠨ ᠤ ᠲᠣᠪᠴᠢᠶ᠎ᠠ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠭᠤᠷᠪᠠᠨ | ᠲᠠᠯ᠎ᠠ ᠠᠴᠠ ᠭᠠᠷᠳᠠᠨ ᠬᠢᠪᠡ᠃ ᠨᠢᠭᠡ ᠳᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠡᠪᠲᠡᠷᠡᠲᠡᠯ᠎ᠡ ᠣᠶᠢᠯᠠᠭᠠᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ 2017 ᠤᠨ 4 | ᠰᠠᠷ᠎ᠠ ᠶᠢᠨ 19 ᠤ ᠡᠳᠦᠷ ᠵᠢᠴᠢ 2018 ᠤᠨ 4 ᠰᠠᠷ᠎ᠠ ᠶᠢᠨ 25 ᠤ ᠡᠳᠦᠷ ᠤᠷᠢᠳ ᠬᠤᠵᠢᠳ ᠬᠤᠶᠠᠷ ᠤᠳᠠᠭ᠎ᠠ | ᠨᠡᠶᠢᠲᠡᠯᠡᠨ ᠬᠡᠷᠡᠭᠵᠢᠭᠦᠯᠦᠭᠰᠡᠨ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ ᠳᠠᠷᠠᠭᠠᠬᠢ ᠠᠩᠬᠠᠨ ᠤ | ᠬᠤᠭᠤᠴᠠᠭᠠᠨ ᠳᠤ᠂ ᠮᠠᠨ ᠤ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ | ᠬᠠᠮᠲᠤᠷᠠᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠶᠢᠨ ᠰᠠᠯᠠᠭ᠎ᠠ ᠮᠥᠴᠢᠷ ᠤᠨ ᠪᠥᠬᠦ ᠠᠵᠢᠯᠲᠠᠨ ᠢ ᠵᠣᠬᠢᠶᠠᠨ | ᠪᠠᠶᠢᠭᠤᠯᠵᠤ᠂ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠣᠯᠪᠠᠰᠤᠷᠠᠭᠤᠯᠤᠨ ᠰᠤᠷᠤᠯᠴᠠᠵᠤ᠂ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠡᠪᠲᠡᠷᠬᠡᠶ ᠣᠶᠢᠯᠭᠠᠨ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠡᠵᠡᠮᠰᠢᠵᠦ᠂ | ᠰᠢᠰᠲ᠋ᠧᠮ ᠤᠨ ᠠᠵᠢᠯᠯᠠᠭᠠᠨ ᠤ ᠴᠤᠪᠤᠷᠠᠯ ᠢ ᠰᠠᠶᠢᠨ ᠣᠢᠯᠠᠭᠠᠨ᠎ᠠ︔ ᠬᠤᠶᠠᠷ ᠲᠤ ᠲᠥᠷᠥ ᠶᠢᠨ ᠪᠣᠳᠣᠯᠭ᠎ᠠ ᠶᠢ | ᠤᠬᠠᠭᠤᠯᠵᠤ ᠬᠠᠪᠰᠤᠷᠤᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ ᠭᠠᠶᠢᠯᠢ ᠲᠤᠰᠢᠶᠠᠬᠤ ᠲᠢᠩᠬᠢᠮ ᠤᠨ | ᠡᠯᠧᠺᠳ᠋ᠷᠣᠨ ᠳᠡᠯᠭᠡᠴᠡ᠂ ᠭᠠᠷ ᠤᠲᠠᠰᠤᠨ ᠤ ᠣᠬᠤᠷ ᠮᠡᠳᠡᠭᠡ᠂ ᠸᠢᠴᠠᠲ ᠤᠨ ᠪᠦᠯᠦᠭᠯᠡᠯ᠂ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠭᠠᠶᠢᠯᠢ ᠶᠢᠨ | ᠶᠠᠪᠤᠳᠠᠯ ᠤᠨ ᠺᠠᠳ᠋ᠷ ᠪᠣᠯᠤᠨ ᠭᠠᠶᠢᠯᠢ ᠲᠤᠰᠢᠶᠠᠭᠴᠢ ᠳᠤ ᠬᠠᠮᠢᠶ᠎ᠠ ᠪᠦᠬᠦᠢ ᠵᠦᠶ᠋ᠯᠡᠰ ᠢ ᠪᠥᠬᠦ ᠲᠠᠯ᠎ᠠ ᠪᠠᠷ | ᠣᠶᠢᠯᠠᠭᠠᠭᠤᠯᠤᠨ ᠡᠵᠡᠮᠰᠢᠭᠦᠯᠪᠡ᠃ ᠭᠤᠷᠪᠠ ᠳᠤ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠴᠢᠩᠭ᠎ᠠ | ᠬᠡᠷᠡᠭᠵᠢᠭᠦᠯᠬᠦ ᠬᠡᠷᠡᠭᠲᠡᠶ᠃ ᠮᠠᠨ ᠤ ᠲᠣᠪᠴᠢᠶ᠎ᠠ ᠶᠢᠨ ᠬᠠᠷᠢᠶ᠎ᠠ ᠣᠷᠣᠨ ᠳᠠᠬᠢ ᠭᠠᠶᠢᠯᠢ ᠬᠥᠩᠭᠡᠯᠡᠬᠦ ᠲᠥᠷᠥ ᠶᠢᠨ | ᠪᠣᠳᠣᠯᠭ᠎ᠠ ᠶᠢ ᠬᠦᠷᠲᠡᠵᠦ ᠮᠡᠳᠡᠬᠦ ᠪᠤᠢ ᠪᠦᠬᠦᠢ ᠠᠵᠤ ᠠᠬᠤᠶᠢᠯᠠ ᠳᠤ ᠪᠠᠶᠢᠴᠠᠭᠠᠯᠲᠠ ᠬᠢᠵᠦ᠂ ᠭᠠᠶᠢᠯᠢ ᠶᠢᠨ | ᠢᠷᠡᠯᠲᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠳᠦᠷ ᠲᠤᠲᠤᠮ ᠤᠨ ᠬᠠᠮᠢᠶᠠᠷᠤᠯᠲᠠ ᠶᠢᠨ ᠳᠤᠮᠳᠠ ᠠᠵᠤ | ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠦᠷᠲᠡᠵᠦ ᠪᠠᠶ᠋ᠭ᠎ᠠ ᠪᠠᠶᠢᠳᠠᠯ ᠢ ᠬᠢᠨᠠᠨ ᠪᠠᠶᠢᠴᠠᠭᠠᠬᠤ ᠪᠥᠭᠡᠳ | ᠴᠠᠭ ᠲᠤᠬᠠᠶ ᠳᠤᠨᠢ ᠮᠥᠷᠳᠡᠨ ᠳᠠᠭᠠᠵᠤ᠂ ᠨᠢᠭᠡ ᠨᠢᠭᠡ ᠪᠠᠷ ᠬᠠᠪᠰᠤᠷᠤᠨ ᠵᠢᠯᠣᠭᠤᠳᠤᠨ᠎ᠠ᠃ ᠭᠠᠶᠢᠯᠢ | ᠲᠤᠰᠢᠶᠠᠭᠴᠢ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠪᠦᠷᠢᠨ ᠬᠦᠷᠲᠡᠭᠡᠬᠦ ᠶᠢ ᠪᠡᠶᠡᠯᠡᠭᠦᠯᠵᠦ᠂ ᠭᠠᠶᠢᠯᠢ | ᠲᠤᠰᠢᠶᠠᠭᠴᠢ ᠳᠤ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ᠂ | ᠭᠠᠶᠢᠯᠢ ᠲᠤᠰᠢᠶᠠᠭᠴᠢ ᠶᠢᠨ ᠠᠰᠢᠭ ᠬᠦᠷᠲᠡᠭᠰᠡᠨ ᠲᠥᠷᠥᠭᠳᠡᠯ ᠢ ᠨᠡᠮᠡᠭᠳᠡᠭᠦᠯᠪᠡ᠃ | ᠠᠰᠠᠭᠤᠯᠲᠠ᠄ ᠲᠠᠨ ᠤ ᠦᠵᠡᠬᠦ ᠪᠠᠷ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠨᠢ ᠶᠠᠮᠠᠷ ᠶᠠᠮᠠᠷ ᠪᠣᠳᠠᠲᠠᠶ ᠠᠴᠢ ᠬᠤᠯᠪᠣᠭᠳᠠᠯ ᠲᠠᠢ ᠪᠣᠶ︖ | ᠵᠠᠩ ᠵᠢᠶᠠᠨ ᠮᠢᠨ᠄ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢ ᠪᠣᠳᠠᠲᠤ ᠠᠴᠢ | ᠬᠤᠯᠪᠣᠭᠳᠠᠯ ᠲᠠᠢ ᠭᠡᠵᠦ ᠪᠢ ᠦᠵᠡᠵᠦ ᠪᠠᠶᠢᠨ᠎ᠠ᠃ ᠨᠢᠭᠡᠳᠦᠭᠡᠷ ᠲᠤ ᠥᠪᠡᠷ ᠤᠨ ᠥᠷᠲᠡᠭ ᠢ ᠪᠠᠭᠤᠷᠠᠭᠤᠯᠵᠤ᠂ | ᠵᠢᠵᠢᠭ ᠪᠢᠴᠢᠯ ᠠᠵᠤ ᠠᠬᠤᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃ ᠤᠯᠤᠰ ᠠᠴᠠ | ᠲᠣᠭᠲᠠᠭᠠᠭᠰᠠᠨ ᠭᠠᠶᠢᠯᠢ ᠬᠥᠩᠭᠡᠯᠡᠬᠦ ᠠᠯᠢ ᠣᠯᠠᠨ ᠲᠥᠷᠥ ᠶᠢᠨ ᠪᠣᠳᠣᠯᠭ᠎ᠠ ᠨᠢ ᠪᠣᠳᠠᠲᠤ ᠴᠣᠭᠴᠠ ᠶᠢᠨ ᠠᠵᠤ | ᠠᠬᠤᠢ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃ ᠡᠭᠦᠨ ᠤ ᠳᠤ | ᠳᠣᠲᠣᠷ᠎ᠠ ᠵᠢᠵᠢᠭ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ ᠠᠬᠤᠶᠢᠯᠠᠯ ᠤᠨ ᠭᠠᠶᠢᠯᠢ ᠶᠢ | ᠬᠠᠭᠠᠰ ᠢᠶᠠᠷ ᠬᠠᠰᠤᠵᠤ ᠲᠠᠲᠠᠪᠤᠷᠢᠯᠠᠬᠤ ᠶᠣᠰᠣᠲᠠᠶ ᠵᠢᠯ ᠤᠨ ᠭᠠᠶᠢᠯᠢ ᠲᠠᠲᠠᠪᠤᠷᠢ 30 ᠲᠦᠮᠡᠨ ᠲᠥᠭᠦᠷᠢᠭ | ᠪᠠᠶᠢᠭᠰᠠᠨ ᠠᠴᠠ 50 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠭᠰᠡᠨ ᠨᠢ ᠵᠢᠵᠢᠭ ᠪᠢᠴᠢᠯ ᠠᠵᠤ ᠠᠬᠤᠶᠢᠯᠠ ᠳᠤ | ᠦᠵᠡᠭᠦᠯᠬᠦ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠭᠰᠠᠨ ᠢ ᠬᠠᠷᠠᠭᠤᠯᠵᠤ | ᠪᠠᠶᠢᠨ᠎ᠠ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠵᠢᠵᠢᠭ ᠪᠢᠴᠢᠯ ᠠᠵᠤ | ᠠᠬᠤᠢᠯᠠᠯ ᠲᠤ ᠠᠪᠴᠤ ᠬᠡᠯᠡᠪᠡᠯ᠂ ᠭᠠᠶᠢᠯᠢ ᠶᠢ ᠰᠢᠭᠤᠳ ᠬᠥᠩᠭᠡᠯᠡᠬᠦ ᠦᠶ᠋ᠯᠡᠳᠦᠯ ᠦᠵᠡᠭᠦᠯᠬᠦ ᠠᠴᠠ ᠭᠠᠳᠠᠨ᠎ᠠ ᠪᠠᠰᠠ | ᠠᠵᠢᠯ ᠣᠯᠭᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠬᠦ ᠵᠡᠷᠭᠡ ᠨᠡᠶᠢᠭᠡᠮ ᠤᠨ ᠤᠶᠢᠯᠡᠳᠤᠯ ᠭᠠᠷᠭᠠᠵᠤ ᠴᠢᠳᠠᠨ᠎ᠠ᠃ | | ᠬᠤᠶᠠᠳᠤᠭᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ | ᠤᠯᠠᠮᠵᠢᠯᠠᠯᠲᠤ ᠤᠶᠢᠯᠡᠳᠬᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠰᠤᠳᠤᠯᠤᠨ ᠨᠡᠭᠡᠭᠡᠬᠦ | ᠪᠡᠯᠡ ᠣᠷᠣᠭᠤᠯᠤᠯᠲᠠ ᠨᠢ ᠤᠯᠠᠮ ᠣᠯᠠᠨ ᠪᠣᠯᠬᠤ ᠳᠣᠳᠥᠮ᠂ ᠬᠦᠷᠲᠡᠬᠦ ᠭᠠᠢᠯᠢ ᠲᠠᠲᠠᠪᠤᠷᠢ ᠶᠢᠨ ᠬᠠᠷᠠᠭᠠᠯᠵᠠᠯ ᠤᠨ | ᠡᠷᠴᠢᠮ ᠨᠢ ᠤᠯᠠᠮ ᠶᠡᠭᠡ ᠪᠣᠯᠵᠤ᠂ ᠠᠯᠢ ᠣᠯᠠᠨ ᠭᠠᠶᠢᠯᠢ ᠶᠢ ᠬᠥᠩᠭᠡᠯᠡᠬᠦ ᠠᠰᠢᠭᠲᠠᠢ ᠪᠠᠶ᠋ᠬᠤ ᠨᠢ ︽ᠳᠤᠮᠳᠠᠳᠤ | ᠤᠯᠤᠰ ᠶᠢᠨ ᠤᠶᠢᠯᠡᠳᠬᠡᠯ︾ ᠠᠴᠠ ︽ᠳᠤᠮᠳᠠᠳᠤ ᠤᠯᠤᠰ ᠠᠴᠠ ᠤᠶᠤᠨᠲᠤ ᠤᠶᠢᠯᠡᠳᠬᠡᠯ︾ ᠳᠤ ᠬᠦᠷᠬᠦ ᠴᠢᠬᠤᠯᠠ | ᠶᠡᠭᠡ ᠳᠠᠪᠠᠯᠲᠠ ᠶᠢ ᠪᠡᠶᠡᠯᠡᠭᠦᠯᠬᠦ ᠶᠢᠨ ᠲᠥᠯᠥᠭᠡ ᠨᠢᠭᠡ ᠵᠠᠮ ᠵᠠᠮᠴᠢᠯᠠᠵᠠᠶ᠃ | ᠭᠤᠷᠪᠠᠳᠤᠭᠠᠷ ᠵᠦᠢᠯ ᠭᠠᠶᠢᠯᠢ ᠶᠢ ᠬᠥᠩᠭᠡᠯᠡᠨ ᠣᠯᠠᠨ ᠲᠦᠮᠡᠨ ︽ᠬᠦᠷᠲᠡᠮᠵᠢ ᠶᠢᠨ ᠲᠥᠷᠥᠭᠳᠡᠯ︾ ᠢ ᠦᠨᠡᠨ | ᠪᠣᠳᠠᠲᠠᠶ ᠣᠯᠵᠤ᠂ ᠮᠠᠨ ᠤ ᠤᠯᠤᠰ ᠥᠷᠳᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠨᠣᠷᠮ᠎ᠠ ᠶᠢᠨ 4 ᠳᠡᠰ | ᠪᠠᠶᠢᠭᠰᠠᠨ ᠠᠴᠠ 3 ᠳᠡᠰ ᠪᠣᠯᠭᠠᠨ ᠬᠠᠰᠤᠵᠤ᠂ 13 % ᠶᠢᠨ ᠭᠠᠶᠢᠯᠢ ᠶᠢᠨ ᠨᠣᠷᠮ᠎ᠠ ᠶᠢᠨ ᠬᠦᠴᠦᠨ ᠦᠭᠡᠢ | ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ᠂ ᠬᠢᠮᠢ ᠶᠢᠨ ᠪᠣᠷᠳᠣᠭᠤᠷ᠂ ᠪᠠᠶᠢᠭᠠᠯᠢ ᠶᠢᠨ ᠰᠢᠲᠠᠮᠠᠬᠠᠶ ᠬᠡᠢ᠂ ᠪᠤᠵᠠᠷ | ᠤᠰᠤ ᠪᠣᠯᠤᠨ ᠰᠠᠭᠤᠭᠠᠯᠢ ᠠᠷᠠᠳ ᠤᠨ ᠬᠡᠷᠡᠭᠯᠡᠬᠦ ᠨᠡᠭᠦᠷᠡᠰᠦ ᠵᠡᠷᠭᠡ ᠠᠷᠠᠳ ᠤᠨ ᠠᠮᠢᠳᠤᠷᠠᠯ ᠳᠤ ᠰᠢᠭᠤᠳ ᠥᠷᠳᠡᠭ | ᠨᠡᠮᠡᠭᠳᠡᠯ ᠤᠨ ᠭᠠᠶᠢᠯᠢ ᠶᠢᠨ ᠨᠣᠷᠮ᠎ᠠ ᠶᠢᠨ 13 % ᠪᠠᠶᠢᠭᠰᠠᠨ ᠠᠴᠠ 11 % ᠪᠣᠯᠲᠠᠯ᠎ᠠ ᠪᠠᠭᠤᠷᠠᠭᠤᠯᠪᠠ᠃ | ᠭᠠᠶᠢᠯᠢ ᠶᠢᠨ ᠨᠣᠷᠮ᠎ᠠ ᠶᠢᠨ ᠲᠥᠷᠦ ᠶᠢᠨ ᠪᠣᠳᠣᠯᠭ᠎ᠠ ᠶᠢ ᠳᠥᠭᠦᠮᠴᠢᠯᠡᠨ ᠨᠡᠶᠢᠯᠡᠭᠦᠯᠵᠦ᠂ ᠭᠠᠶᠢᠯᠢ ᠲᠠᠲᠠᠪᠤᠷᠢ ᠶᠢᠨ ︽ | ᠬᠠᠰᠤᠬᠤ ᠠᠷᠭ᠎ᠠ︾ ᠪᠠᠷ ᠠᠷᠠᠳ ᠤᠨ ᠠᠮᠢᠳᠤᠷᠠᠯ ᠤᠨ ︽ᠨᠡᠮᠡᠬᠦ ᠠᠷᠭ᠎ᠠ︾ ᠶᠢ ᠰᠣᠯᠢᠨ᠎ᠠ᠃ | ᠲᠣᠪᠴᠢᠶᠠᠨ ᠳᠠᠷᠤᠭ᠎ᠠ ᠡᠨᠡ ᠤᠳᠠᠭ᠎ᠠ ᠭᠠᠶᠢᠯᠢ ᠲᠠᠲᠠᠪᠤᠷᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠤᠯᠤᠰ ᠶᠢᠨ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠰᠢᠯᠢᠳᠡᠭᠵᠢᠭᠦᠯᠬᠦ | ᠵᠢᠴᠢ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠭᠤᠷᠪᠠᠨ ᠲᠠᠯ᠎ᠠ ᠶᠢᠨ | ᠠᠭᠤᠯᠭ᠎ᠠ ᠳᠤ ᠪᠦᠬᠦ ᠲᠠᠯ᠎ᠠ ᠶᠢᠨ ᠬᠠᠷᠢᠭᠤᠯᠲᠠ ᠥᠭᠴᠦ᠂ ᠥᠷᠭᠡᠨ ᠣᠯᠠᠨ ᠭᠠᠶᠢᠯᠢ ᠲᠤᠰᠢᠶᠠᠭᠴᠢ ᠵᠦᠸᠧᠽᠢ | ᠰᠢᠶᠠᠨ ᠤ ᠤᠯᠤᠰ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠬᠤ᠂ ᠭᠠᠶᠢᠯᠢ ᠲᠤᠰᠢᠶᠠᠭᠴᠢ ᠶᠢᠨ ᠭᠠᠶᠢᠯᠢ ᠰᠢᠢᠳᠪᠦᠷᠢᠯᠡᠬᠦ ᠳᠤ ᠳᠥᠭᠦᠮ ᠦᠵᠡᠭᠦᠯᠬᠦ ᠠᠯᠢ ᠣᠯᠠᠨ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠭᠠᠶᠢᠯᠢ ᠲᠤᠰᠢᠶᠠᠭᠴᠢ ᠯᠤᠭ᠎ᠠ ᠶᠢᠨ ᠬᠤᠭᠤᠷᠣᠨᠳᠣᠬᠢ ᠵᠠᠶ ᠶᠢ | ᠣᠶᠢᠷᠠᠲᠤᠭᠤᠯᠵᠠᠶ᠃ | | 2019ᠤᠨ ᠤ 6 ᠰᠠᠷ᠎ᠠ ᠶᠢᠨ20 | ᠤᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ | |