ᠰᠦ᠋ ᠹᠦ᠋ ᠯᠢᠶᠠᠩ
ᠨᠡᠶᠢᠲᠡᠯᠡᠭᠰᠡᠨ ᠴᠠᠭ᠄
2019/12/16
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠲᠣᠪᠴᠢ ᠲᠠᠨᠢᠯᠴᠠᠭᠤᠯᠭ᠎ᠠ    ᠰᠦ᠋ ᠹᠦ᠋ ᠯᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 2 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠰᠢᠩ ᠾᠧ ᠰᠢᠶᠠᠨ ᠤ ᠬᠥᠮᠦᠨ᠂ 1997 ᠣᠨ ᠤ 8 ᠰᠠᠷ᠎ᠠ ᠳᠤ ᠠᠵᠢᠯ ᠳᠤ ᠣᠷᠣᠵᠤ᠂ 2000 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠤᠳᠤ ᠵᠦᠸᠧᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠰᠢᠶᠠᠨ ᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠮᠥᠩᠭᠦᠨ ᠭᠦᠢᠯᠭᠡᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠭᠠᠳᠠᠭᠠᠳᠤ ᠶᠠᠪᠤᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ︵ᠭᠠᠳᠠᠭᠠᠳᠤ ᠶᠠᠪᠤᠳᠠᠯ ᠤᠨ ᠠᠯᠪᠠᠨ ᠬᠡᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢᠨ ᠠᠵᠢᠯ ᠤᠨ ᠥᠷᠲᠡᠭᠡ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ︶᠂ ᠤᠯᠠᠭᠠᠨᠴᠠᠪ ᠤᠨ ᠵᠦᠸᠧᠽᠢ ᠰᠢᠶᠠᠨ ᠤ ᠹᠦ᠋ ᠵᠦᠸᠧ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠵᠦᠸᠧ ᠲᠦᠩ ᠨᠥᠭᠡᠴᠡᠯᠡᠬᠦ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠰᠢᠶᠠᠨ ᠤ ᠳᠠᠷᠤᠭ᠎ᠠ ᠶᠢ ᠬᠠᠪᠰᠤᠷᠤᠨ ᠰᠢᠶᠠᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ︵ᠠᠵᠢᠯ ᠦᠢᠯᠡᠰ ᠤᠨ ᠨᠢᠭᠡᠴᠡ ᠶᠢᠨ ᠳᠠᠩᠰᠠᠯᠠᠯ ᠤᠨ ᠬᠠᠮᠢᠶᠠᠷᠤᠯᠲᠠ ᠶᠢᠨ ᠲᠣᠪᠴᠢᠶ᠎ᠠ︶᠂ ᠰᠢᠶᠠᠨ ᠤ ᠳᠠᠩᠰᠠ ᠡᠪᠬᠡᠮᠡᠯ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠠᠭᠠᠨᠴᠠᠪ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠵᠦᠸᠧᠽᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠯᠪᠤᠷᠢ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠵᠢᠴᠢ ᠡᠯ᠎ᠡ ᠮᠥᠩᠭᠦᠨ ᠭᠦᠢᠯᠭᠡᠭᠡ᠂ ᠳᠠᠭᠠᠳᠬᠠᠯ ᠤᠨ ᠺᠣᠮᠫᠠᠨᠢ ᠶᠢᠨ ᠰᠢᠶᠠᠨ ᠳᠤ ᠰᠠᠭᠤᠭ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠲᠠᠢ ᠬᠠᠷᠢᠯᠴᠠᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2