ᠲᠠᠷᠢᠶᠠᠴᠢᠳ ᠤᠨ ᠣᠷᠣᠯᠭ᠎ᠠ᠂ ᠢᠯᠠᠩᠭᠤᠶ᠎ᠠ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠮᠦᠷᠢ | ᠤᠶᠢᠯᠡᠴᠢᠯᠡᠭᠡᠨ ᠤ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠵᠦᠸᠧᠽᠢ ᠰᠢᠶᠠᠨ ᠬᠥᠳᠡᠯᠮᠦᠷᠢ ᠤᠶᠢᠯᠡᠴᠢᠯᠡᠭᠡ | ᠬᠤᠳᠠᠯᠳᠤᠨ ᠠᠪᠬᠤ ᠬᠡᠯᠪᠡᠷᠢ ᠪᠠᠷ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠮᠢ | ᠠᠬᠤᠢ ᠶᠢᠨ ᠣᠢ ᠰᠢᠭᠤᠶ ᠶᠢ ᠬᠠᠮᠠᠭᠠᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠡᠷᠴᠢ | ᠵᠣᠷᠢᠭ ᠢ ᠬᠥᠪᠴᠢᠯᠡᠬᠦ ᠠᠵᠢᠯ ᠶᠢᠨ ᠪᠠᠶᠢᠷᠢ ᠭᠠᠷᠭᠠᠬᠤ ᠵᠡᠷᠭᠡ ᠠᠷᠠᠭ᠎ᠠ ᠪᠠᠷᠢᠯ ᠢᠶᠠᠷ ᠣᠷᠣᠯᠭ᠎ᠠ ᠶᠢ ᠨᠡᠮᠡᠭᠳᠡᠭᠦᠯᠵᠦ᠂ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠦᠨ᠎ᠡ᠃ ᠣᠳᠣᠬᠠᠨ ᠳᠤ᠂ ᠬᠥᠳᠡᠭᠡ | ᠲᠣᠰᠬᠤᠨ ᠤ ᠴᠡᠪᠡᠷᠯᠡᠭᠴᠢ ᠶᠢᠨ ᠠᠵᠢᠯ ᠶᠢᠨ ᠪᠠᠶᠢᠷᠢ ᠶᠢ 513 ᠬᠠᠩᠭᠠᠵᠤ᠂ ᠬᠥᠮᠦᠨ ᠳᠤᠮᠳᠠᠴᠢ ᠶᠢᠨ ᠵᠢᠯ ᠤᠨ | ᠣᠷᠣᠯᠭ᠎ᠠ 6000 ᠲᠥᠭᠦᠷᠢᠭ ᠂ ᠪᠥᠬᠦ ᠵᠢᠯ ᠳᠤ 307.8 ᠲᠦᠮᠡᠨ ᠲᠥᠭᠦᠷᠢᠭ ᠤᠨ ᠴᠠᠯᠢᠩ ᠲᠠᠷᠬᠠᠵᠤ ᠂ | ᠬᠥᠳᠡᠭᠡ ᠲᠣᠰᠬᠤᠨ ᠤ ᠣᠢ ᠰᠢᠭᠤᠶ ᠬᠠᠮᠠᠭᠠᠯᠠᠭᠴᠢ ᠶᠢᠨ ᠠᠵᠢᠯ ᠶᠢᠨ ᠪᠠᠶᠢᠷᠢ ᠶᠢ 1178 ᠬᠠᠩᠭᠠᠵᠤ᠂ ᠬᠥᠮᠦᠨ | ᠳᠤᠮᠳᠠᠴᠢ ᠶᠢᠨ ᠣᠷᠣᠯᠭ᠎ᠠ 3000 ᠲᠥᠭᠦᠷᠢᠭ ᠪᠠ 10000 ᠲᠥᠭᠦᠷᠢᠭ ᠨᠡᠮᠡᠭᠳᠡᠵᠦ᠂ ᠪᠥᠬᠦ ᠵᠢᠯ ᠳᠤ 545.9 | ᠲᠦᠮᠡᠨ ᠲᠥᠭᠦᠷᠢᠭ ᠤᠨ ᠴᠠᠯᠢᠩ ᠲᠠᠷᠬᠠᠵᠤ ᠂ ᠬᠥᠳᠡᠭᠡ ᠲᠣᠰᠬᠤᠨ ᠤ ᠶᠠᠳᠠᠭᠤ ᠶᠢ ᠲᠡᠳᠬᠦᠬᠦ ᠰᠤᠷᠠᠭ ᠵᠠᠩᠭᠢᠴᠢᠨ᠂ | ᠲᠥᠷᠦ ᠶᠢᠨ ᠪᠣᠳᠣᠯᠭ᠎ᠠ ᠶᠢᠨ ᠤᠬᠠᠭᠤᠯᠤᠭᠴᠢ ᠶᠢ 220 ᠠᠵᠢᠯ ᠤᠨ ᠪᠠᠶᠢᠷᠢ ᠬᠠᠩᠭᠠᠵᠤ᠂ ᠬᠥᠮᠦᠨ ᠪᠦᠷᠢ ᠳᠤ | ᠳᠤᠮᠳᠠᠴᠢ ᠪᠠᠷ 3000 ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ ᠪᠦᠬᠦ ᠵᠢᠯ ᠳᠤ 66 ᠲᠦᠮᠡᠨ ᠲᠥᠭᠦᠷᠢᠭ ᠤᠨ | ᠴᠠᠯᠢᠩ ᠲᠠᠷᠬᠠᠭᠠᠪᠠ᠃ ᠶᠠᠳᠠᠭᠤ ᠶᠢ ᠲᠡᠳᠬᠦᠬᠦ ᠵᠣᠷᠢᠭᠵᠢᠭᠤᠯᠬᠤ ᠠᠵᠢᠯ ᠤᠨ ᠪᠠᠶᠢᠷᠢ 1436 ᠬᠠᠩᠭᠠᠵᠤ᠂ ᠬᠥᠮᠦᠨ | ᠳᠤᠮᠳᠠᠴᠢ ᠶᠢᠨ ᠣᠷᠣᠯᠭ᠎ᠠ 3000 ᠲᠥᠭᠦᠷᠢᠭ ᠨᠡᠮᠡᠭᠳᠡᠵᠦ᠂ ᠣᠳᠣᠬᠠᠨ ᠳᠤ 286.75 ᠲᠦᠮᠡᠨ ᠲᠥᠭᠦᠷᠢᠭ ᠤᠨ | ᠠᠰᠢᠭ ᠣᠷᠣᠯᠭ᠎ᠠ ᠶᠢᠨ ᠪᠡᠯᠡ ᠮᠥᠩᠭᠦ ᠲᠠᠷᠬᠠᠭᠠᠪᠠ︔ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠᠯᠠ ᠮᠥᠩᠭᠦ ᠶᠢ ᠠᠰᠢᠭᠯᠠ ᠶᠠᠳᠠᠭᠤ ᠶᠢ ᠲᠡᠳᠬᠦᠬᠦ ᠮᠡᠳᠡᠭᠡ ᠵᠠᠩᠭᠢᠴᠢᠨ | ᠂ ᠴᠡᠪᠡᠷᠯᠡᠭᠴᠢ᠂ ᠰᠤᠪᠢᠯᠠᠭᠴᠢ᠂ ᠵᠠᠮ ᠤᠨ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠶᠢᠨ | ᠪᠠᠶᠢᠷᠢ 405 ᠪᠠᠶᠢᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 3000 ᠲᠥᠭᠦᠷᠢᠭ᠂ ᠪᠥᠬᠦ ᠵᠢᠯ ᠳᠤ | 121.5 ᠲᠦᠮᠡᠨ ᠲᠥᠭᠦᠷᠢᠭ ᠤᠨ ᠴᠠᠯᠢᠩ ᠲᠠᠷᠬᠠᠭᠠᠪᠠ᠃ ᠪᠦᠬᠦ ᠵᠢᠯ ᠳᠤ ᠡᠯ᠎ᠡ ᠵᠤᠶᠢᠯ ᠤᠨ ᠠᠵᠢᠯ ᠤᠨ | ᠪᠠᠶᠢᠷᠢ ᠶᠢᠨ ᠴᠠᠯᠢᠩ ᠢ 1300 ᠭᠠᠷᠤᠶ ᠲᠦᠮᠡᠨ ᠲᠥᠭᠦᠷᠢᠭ ᠵᠠᠷᠤᠴᠠᠭᠤᠯᠵᠤ᠂ ᠥᠷᠭᠡᠨ ᠣᠯᠠᠨ ᠶᠠᠳᠠᠭᠤ | ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠ ᠪᠠᠶᠠᠵᠢᠬᠤ ᠳᠤ ᠣᠷᠣᠯᠭ᠎ᠠ ᠪᠠᠨ ᠨᠡᠮᠡᠭᠳᠡᠭᠦᠯᠬᠦ ᠪᠠᠰᠠ ᠨᠢᠭᠡᠨ | ᠲᠣᠭᠲᠠᠪᠤᠷᠢᠲᠠᠶ ᠠᠷᠭ᠎ᠠ ᠵᠠᠮ ᠢ ᠨᠡᠭᠡᠭᠡᠵᠦ ᠥᠭᠪᠡ ᠃ | ᠣᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ |