ᠡᠨᠡ ᠵᠢᠯ ᠠᠴᠠ ᠨᠠᠰᠢ᠂ ᠵᠦᠸᠧᠽᠢ ᠰᠢᠶᠠᠨ ᠬᠥᠳᠡᠭᠡ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ | ᠨᠡᠶᠢᠳᠬᠡᠬᠦ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ︽ᠠᠷᠭ᠎ᠠ ᠵᠠᠮ ᠢ ᠡᠮᠬᠢ ᠵᠠᠮᠪᠠᠷᠠᠭ᠎ᠠ ᠦᠭᠡᠢ | ᠪᠠᠶᠢᠯᠭᠠᠬᠤ ᠦᠭᠡᠢ᠂ ᠡᠷᠬᠡ ᠶᠢ ᠭᠦᠢᠴᠡᠳ ᠲᠠᠯᠪᠢᠬᠤ︾ ᠵᠠᠷᠴᠢᠮ ᠶᠣᠰᠣᠭᠠᠷ᠂ ︽ᠬᠡᠷᠡᠭᠴᠡᠭᠡ ᠠᠴᠠ ᠪᠣᠯᠵᠤ | ᠴᠡᠭᠴᠡᠯᠡᠬᠦ︾ ᠤᠷᠢᠲᠠᠯ ᠳᠣᠤᠷ᠎ᠠ ︽ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ︾ ᠶᠣᠰᠣᠭᠠᠷ᠂ | ᠬᠥᠳᠡᠭᠡ ᠠᠵᠤ ᠠᠬᠤᠶ ᠳᠤ ᠬᠤᠯᠪᠣᠭᠳᠠᠬᠤ ᠡᠯ᠎ᠡ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠪᠡᠯᠡ ᠮᠥᠩᠭᠦ ᠶᠢ | ᠨᠡᠶᠢᠳᠬᠡᠨ ᠴᠤᠭᠯᠠᠭᠤᠯᠵᠤ᠂ ᠤᠶᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠠᠷᠠᠳ ᠢ | ᠪᠠᠶᠠᠵᠢᠭᠤᠯᠬᠤ ᠠᠵᠤ ᠤᠶᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ︽ᠣᠯᠠᠨ ᠠᠷᠭ᠎ᠠ ᠪᠠᠷ ᠤᠰᠤ ᠲᠠᠲᠠᠪᠠᠴᠤ᠂ | ᠨᠢᠭᠡ ᠯᠡ ᠤᠰᠤ ᠲᠠᠯᠪᠢᠬᠤ ᠠᠮᠠᠰᠠᠷ ᠲᠠᠢ︾ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠰᠢᠨ᠎ᠡ ᠪᠠᠶᠢᠷᠢᠰᠢᠯ ᠢ | ᠪᠦᠷᠢᠯᠳᠦᠭᠦᠯᠵᠡᠶ᠃ | ᠡᠨᠡ ᠵᠢᠯ ᠬᠤᠷᠠᠯᠳᠤᠭᠰᠠᠨ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠤᠳᠤᠷᠢᠳᠬᠤ ᠳᠤᠭᠤᠢᠯᠠᠩ ᠤᠨ 2019 ᠤᠨ 4 ᠳ᠋ᠦᠭᠡᠷ ᠤᠳᠠᠭ᠎ᠠ ᠶᠢᠨ ᠬᠤᠷᠠᠯ ᠳᠡᠭᠡᠷ᠎ᠡ᠂ ᠮᠠᠨ ᠤ ᠰᠢᠶᠠᠨ | ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠳᠤ ᠲᠥᠯᠥᠪᠵᠢᠭᠦᠯᠦᠨ | ᠨᠡᠶᠢᠳᠬᠡᠵᠦ ᠬᠡᠷᠡᠭᠯᠡᠬᠦ ᠪᠣᠯᠤᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠨᠢᠭᠲᠠ ᠤᠶᠠᠯᠳᠤᠭᠤᠯᠵᠤ᠂ | ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ ᠪᠠᠷ ᠭᠤᠤᠯᠳᠠᠭᠤᠯᠵᠤ᠂ ᠲᠣᠰ ᠱᠠᠲᠤᠨ ᠤ ᠡᠳ᠋ ᠤᠨ ᠵᠠᠰᠠᠭ ᠤᠨ | ᠪᠠᠶᠢᠳᠠᠯ ᠪᠣᠯᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠶᠢ ᠡᠩ | ᠲᠡᠷᠢᠭᠦᠨ ᠳᠤ ᠳᠡᠮᠵᠢᠬᠦ ᠴᠢᠭᠯᠡᠯ ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ 2019 ᠣᠨ ᠳᠤ ᠵᠦᠸᠧᠽᠢ ᠰᠢᠶᠠᠨ ᠤ ᠨᠢᠭᠡᠳᠦᠯᠲᠡᠶ ᠳᠤ ᠲᠥᠯᠥᠪᠵᠢᠭᠦᠯᠦᠨ ᠨᠡᠶᠢᠳᠬᠡᠬᠦ | ᠬᠡᠪᠴᠢᠶᠡᠨ ᠳᠤ ᠣᠷᠣᠭᠤᠯᠤᠭᠰᠠᠨ ᠪᠡᠯᠡ ᠮᠥᠩᠭᠦ ᠨᠡᠶᠢᠲᠡ 22336 ᠲᠦᠮᠡᠨ ᠲᠥᠭᠦᠷᠢᠭ ᠲᠤ ᠬᠦᠷᠴᠡᠶ᠃ ᠪᠠᠯᠠ | ᠣᠷᠣᠭᠤᠯᠤᠯᠲᠠ ᠶᠢᠨ ᠠᠵᠤ ᠦᠢᠯᠡᠰ ᠤᠨ ᠬᠥᠭᠵᠢᠯᠲᠡ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠠᠵᠤ ᠦᠢᠯᠡᠰ ᠤᠨ ᠬᠥᠭᠵᠢᠯᠲᠡ ᠳᠤ ᠨᠡᠶᠢᠲᠡ 19601 ᠲᠦᠮᠡᠨ ᠲᠥᠭᠦᠷᠢᠭ | ᠪᠠᠯᠠ ᠣᠷᠣᠭᠤᠯᠵᠤ᠂ ᠭᠤᠤᠯ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠠᠯᠲᠠᠨ ᠳᠠᠬᠢᠶ᠎ᠠ ᠶᠠᠳᠠᠭᠤ ᠶᠢ | ᠲᠡᠳᠬᠦᠬᠦ ᠲᠥᠷᠥᠯ ᠵᠦᠢᠯ᠂ ︽ᠲᠣᠪᠶᠤᠭ ᠬᠡᠯᠪᠡᠷᠢ︾ ᠶᠢᠨ ᠶᠠᠳᠠᠭᠤ ᠶᠢ ᠲᠡᠳᠬᠦᠬᠦ ᠲᠥᠷᠥᠯ ᠵᠦᠢᠯ᠂ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠲᠥᠷᠥᠯ ᠵᠦᠢᠯ᠂ ᠭᠡᠷᠡᠯ | ᠸᠣᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠵᠢᠴᠢ ᠬᠠᠮᠲᠤ ᠶᠢᠨ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠᠭᠲᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ | ᠨᠡᠶᠢᠲᠡ 2735 ᠲᠦᠮᠡᠨ ᠲᠥᠭᠦᠷᠢᠭ ᠪᠠᠯᠠ ᠣᠷᠣᠭᠤᠯᠵᠤ᠂ ᠬᠥᠮᠦᠨ ᠮᠠᠯ ᠤᠨ ᠠᠮᠤᠷ ᠲᠦᠪᠰᠢᠨ ᠤᠰᠤ | ᠤᠮᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠤᠤᠯᠳᠠᠯᠭ᠎ᠠ ᠲᠠᠢ ᠬᠡᠷᠡᠭᠯᠡᠨ᠎ᠡ᠃ ᠡᠳ᠋ ᠤᠨ ᠵᠠᠰᠠᠭ ᠤᠨ | ᠲᠠᠷᠢᠶᠠᠯᠠᠩ ᠮᠠᠯ ᠠᠵᠤ ᠠᠬᠤᠢ ᠲᠠᠢ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠳᠤ ᠲᠥᠯᠥᠪᠯᠡᠵᠦ ᠡᠮᠬᠢᠯᠡᠨ | ᠨᠡᠶᠢᠯᠡᠭᠦᠯᠬᠦ ᠪᠠᠷ ᠳᠠᠮᠵᠢᠨ᠂ ᠲᠠᠷᠢᠶᠠᠯᠠᠩ ᠮᠠᠯ ᠠᠵᠤ ᠠᠬᠤᠢ ᠲᠠᠢ ᠬᠤᠯᠪᠣᠭᠳᠠᠭᠰᠠᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠡᠷᠦᠬᠡ ᠪᠠ | ᠬᠥᠭᠵᠢᠯᠲᠡ ᠶᠢᠨ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ | ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠣᠯᠠᠨ | ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠮᠥᠩᠭᠦᠨ ᠭᠦᠢᠯᠭᠡᠭᠡᠨ ᠤ ᠪᠡᠯᠡ | ᠮᠥᠩᠭᠦ ᠶᠢᠨ ᠲᠤᠯᠭᠠᠭᠤᠷᠢᠯᠠᠯ ᠢ ᠴᠢᠩᠭᠠᠳᠬᠠᠵᠤ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠶᠢ ᠲᠦᠯᠬᠢᠨ | ᠠᠬᠢᠭᠤᠯᠪᠠ᠃ | ᠣᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ |