12 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠠᠶᠤᠯᠭᠦᠶ ᠶᠢᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ | ᠯᠢ ᠸᠧᠶ ᠨᠥᠬᠦᠷ ᠰᠢᠶᠠᠨ ᠤ ᠠᠶᠤᠯᠭᠦᠶ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ᠂ ᠡᠯ᠎ᠡ ᠰᠢᠶᠠᠩ | ᠪᠠᠯᠭᠠᠰᠤᠨ ᠤ ᠳᠣᠲᠣᠷᠠᠬᠢ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠵᠣᠬᠢᠶᠠᠨ | ᠪᠠᠶᠢᠭᠤᠯᠵᠤ ᠳᠥᠷᠪᠡᠳᠦᠭᠡᠷ ᠤᠯᠠᠷᠢᠯ ᠤᠨ ᠠᠶᠤᠯᠭᠦᠶ ᠤᠶᠢᠯᠡᠳᠪᠦᠷᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢᠴᠢ | ᠵᠢᠯ ᠤᠨ ᠡᠴᠦᠰ ᠪᠠ ᠵᠢᠯ ᠤᠨ ᠡᠬᠢᠨ ᠤ ᠦᠶ᠎ᠡ ᠶᠢᠨ ᠠᠶᠤᠯᠭᠦᠶ ᠶᠢᠨ ᠰᠡᠷᠭᠡᠶᠢᠯᠡᠯᠲᠡ ᠶᠢᠨ ᠠᠵᠢᠯ ᠤᠨ ᠬᠤᠷᠠᠯᠳᠤᠭᠠᠨ ᠢ | ᠬᠤᠷᠠᠯᠳᠤᠭᠤᠯᠪᠠ᠃ ᠬᠤᠷᠠᠯ ᠠᠴᠠ ᠡᠨᠡ ᠵᠢᠯ ᠤᠨ 1 — 11 ᠰᠠᠷ᠎ᠠ ᠶᠢᠨ ᠠᠶᠤᠯᠭᠦᠶ ᠤᠶᠢᠯᠡᠳᠪᠦᠷᠢᠯᠡᠯ ᠤᠨ | ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ | ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ 5 ᠰᠠᠯᠠᠭ᠎ᠠ | ᠮᠥᠴᠢᠷ ᠲᠣᠰ ᠲᠣᠰ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠠᠷᠢᠶ᠎ᠠ | ᠣᠷᠣᠨ ᠤ ᠪᠠᠨ ᠠᠶᠤᠯᠭᠦᠶ ᠤᠶᠢᠯᠡᠳᠪᠦᠷᠢᠯᠡᠯ ᠤᠨ ᠠᠵᠢᠯ ᠳᠤ ᠶᠠᠷᠢᠶ᠎ᠠ ᠲᠠᠯᠪᠢᠪᠠ᠃ ᠸᠠᠩ ᠰᠢᠶᠠᠨ ᠤ ᠳᠠᠷᠤᠭ᠎ᠠ | ᠣᠳᠣᠬᠠᠨ ᠤ ᠠᠶᠤᠯᠭᠦᠶ ᠤᠶᠢᠯᠡᠳᠪᠦᠷᠢᠯᠡᠯ ᠤᠨ ᠠᠵᠢᠯ ᠶᠢᠨ ᠪᠠᠶᠢᠳᠠᠯ ᠪᠣᠯᠤᠨ ᠵᠢᠯ ᠤᠨ ᠡᠴᠦᠰ ᠵᠢᠯ ᠤᠨ ᠡᠬᠢᠨ ᠤ | ᠠᠶᠤᠯᠭᠦᠶ ᠤᠶᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠪᠠᠶᠢᠳᠠᠯ ᠢ ᠲᠣᠳᠣᠷᠬᠠᠶ ᠲᠠᠨᠢᠵᠤ᠂ | ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭ᠎ᠠ ᠪᠠᠨ ᠴᠢᠩᠭᠠᠳᠬᠠᠪᠠ᠃ ᠭᠤᠤᠯᠳᠠᠯᠭ᠎ᠠ ᠶᠢ ᠳᠣᠪᠤᠶᠢᠯᠭᠠᠵᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ ᠦᠷᠭᠦᠯᠵᠢᠯᠡᠨ ᠬᠦᠴᠦᠯᠡᠬᠦ ᠬᠡᠷᠡᠭᠲᠡᠶ᠃ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠭᠤᠷᠪᠠᠨ ᠰᠠᠨᠠᠯ ᠢ ᠳᠤᠷᠠᠳᠪᠠ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠡᠷᠬᠡᠪᠰᠢ ᠦᠵᠡᠯ | ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠮᠤᠷ ᠲᠦᠪᠰᠢᠨ ᠢ ᠪᠣᠳᠠᠲᠠᠶ ᠨᠠᠢᠳᠠᠪᠤᠷᠢᠵᠢᠭᠤᠯᠬᠤ᠂ | ᠤᠳᠠᠯ ᠥᠬᠡᠶ ᠬᠦᠷᠴᠦ ᠢᠷᠡᠬᠦ ︽ᠬᠤᠶᠠᠷ ᠪᠠᠶᠠᠷ︾ ᠲᠤ ᠠᠮᠤᠷ ᠲᠦᠪᠰᠢᠨ ᠲᠣᠭᠲᠠᠭᠤᠨ ᠨᠡᠢᠭᠡᠮ ᠤᠨ ᠣᠷᠴᠢᠨ | ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠱᠠᠭᠠᠷᠳᠠᠪᠠ᠃ | | ᠣᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ |