ᠪᠡᠭᠡᠵᠢᠩ ᠤᠨ ᠴᠤᠤᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢ ᠰᠢᠨ ᠨᠠᠷ ᠮᠠᠨ ᠤ ᠰᠢᠶᠠᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2019-12-02
   2019 ᠤᠨ 11 ᠰᠠᠷ᠎ᠠ ᠶᠢᠨ 23 ᠤ ᠡᠳᠦᠷ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢ ᠰᠢᠨ ᠨᠠᠷ ᠮᠠᠨ ᠤ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠪᠠᠢᠴᠠᠭᠠᠨ ᠰᠤᠳᠤᠯᠪᠠ᠃
   ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠤ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠤ ᠯᠢ  ᠱᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠴᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠦᠩ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ᠃    ᠯᠢ ᠰᠢᠨ ᠨᠠᠷ ᠤᠷᠢᠳ ᠬᠤᠵᠢᠳ ᠵᠦᠸᠧᠽᠢ ᠱᠠᠨ ᠪᠠᠯᠭᠠᠰᠤᠨ ᠤ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠢᠵᠢᠭ ᠲᠣᠭᠤᠷᠢᠭ ᠲᠤ ᠭᠦᠨᠵᠡᠭᠡᠶᠢᠷᠡᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠠᠵᠢᠯ ᠶᠢᠨ ᠪᠠᠶᠢᠳᠠᠯ ᠢ ᠪᠠᠢᠴᠠᠭᠠᠨ ᠰᠤᠳᠤᠯᠵᠤ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠪᠡᠭᠡᠵᠢᠩ ᠤᠨ ᠴᠤᠤᠶᠠᠩ ᠲᠣᠭᠤᠷᠢᠭ ᠤᠨ ᠬᠠᠨᠳᠢᠪᠯᠠᠭᠰᠠᠨ ᠡᠳ᠋ ᠪᠣᠳᠠᠰ ᠲᠠᠷᠬᠠᠭᠠᠭᠰᠠᠨ ᠪᠠᠶᠢᠳᠠᠯ ᠢ ᠪᠠᠢᠴᠠᠭᠠᠨ ᠦᠵᠡᠬᠦ ᠶᠢᠨ ᠬᠠᠮᠲᠤ ᠣᠨᠳᠣᠤ ᠭᠠᠵᠠᠷ ᠲᠤ ᠨᠡᠭᠦᠯᠭᠡᠨ ᠰᠢᠯᠵᠢᠭᠦᠯᠦᠭᠰᠡᠨ ᠣᠯᠠᠨ ᠲᠦᠮᠡᠨ  ᠲᠤᠭᠤᠷᠢᠨ ᠪᠠᠶᠢᠴᠠᠭᠠᠵᠤ  ᠂ ᠯᠢ ᠰᠢᠨ ᠮᠠᠨ ᠤ ᠰᠢᠶᠠᠨ ᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠠᠵᠢᠯ ᠳᠤ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠯᠢ ᠰᠢᠨ᠂ ᠴᠤᠤᠶᠠᠩ ᠲᠣᠭᠤᠷᠢᠭ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠭᠠᠷᠮᠠᠭᠠᠶ ᠪᠡᠯᠡ ᠮᠥᠩᠭᠦ  ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠰᠢᠢᠳᠪᠦᠷᠢᠲᠦ ᠢᠯᠠᠯᠲᠠ ᠶᠢ ᠣᠯᠬᠤ ᠪᠣᠯᠤᠨ᠎ᠠ ᠭᠡᠵᠡᠢ᠃    ᠯᠢ ᠶᠢᠩ ᠰᠢᠶᠠᠨ ᠤ ᠳᠠᠷᠤᠭ᠎ᠠ ᠯᠢ ᠰᠢᠨ ᠵᠡᠷᠭᠡ ᠬᠥᠮᠦᠰ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠴᠠᠭ ᠮᠥᠴᠡ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠶᠢᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠪᠠᠷᠢᠮᠵᠢᠶ᠎ᠠ ᠲᠠᠢ ᠬᠠᠷᠢᠴᠠᠭᠤᠯᠵᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠪᠠ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ ᠭᠡᠵᠡᠢ᠃                          ᠤᠷᠴᠢᠭᠤᠯᠤᠨ ᠨᠠᠶᠢᠷᠠᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2