ᠵᠦᠸᠧᠽᠢ ᠰᠢᠶᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠨᠢ ᠠᠷᠠᠳ ᠲᠦᠮᠡᠨ ᠳᠤ ︽ᠡᠪᠡᠳᠴᠢᠨ ᠣᠯᠪᠠᠯ ᠬᠠᠮᠢᠶᠠᠷᠬᠤ ᠬᠥᠮᠦᠨ ᠲᠠᠢ︾  ᠪᠠᠲᠤᠯᠠᠭ᠎ᠠ ᠶᠢᠨ ᠲᠣᠤᠷ ᠢ ᠬᠠᠩᠭᠠᠵᠤ ᠪᠣᠶ
ᠨᠡᠶᠢᠲᠡᠯᠡᠭᠰᠡᠨ ᠴᠠᠭ᠄
2019-12-26
   ᠡᠪᠡᠳᠴᠢᠨ ᠡᠮᠭᠡᠭ ᠠᠴᠠ ᠪᠣᠯᠵᠤ ᠶᠠᠳᠠᠭᠤᠷᠠᠭᠰᠠᠨ ᠬᠥᠮᠦᠨ ᠠᠮᠠ ᠶᠡᠷᠦᠩᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠠᠭᠠᠰ ᠢᠯᠡᠭᠦᠤ ᠶᠢ ᠡᠵᠡᠯᠡᠵᠦ᠂ ᠡᠨᠡᠬᠦ ᠶᠠᠳᠠᠭᠤ ᠶᠢ ᠲᠡᠳᠬᠦᠬᠦ ᠠᠵᠢᠯ ᠶᠢᠨ ᠬᠠᠮᠤᠭ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠡᠮ ᠡᠮᠨᠡᠯᠭᠡ ᠶᠢᠨ ᠤᠶᠢᠯᠡᠴᠢᠯᠡᠭᠡ ᠪᠣᠯᠤᠨ ᠬᠦᠨᠳᠦ ᠡᠪᠡᠳᠴᠢᠨ ᠤ ᠨᠥᠬᠦᠪᠥᠷᠢ ᠳᠠᠭᠠᠳᠬᠠᠯ ᠤᠨ ᠬᠤᠶᠠᠷ ᠵᠦᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮ ᠡᠮᠨᠡᠯᠭᠡ ᠶᠢᠨ ᠳᠠᠷᠤᠭᠠᠰᠤ ᠶᠢ ᠦᠨᠡᠨᠬᠦ ᠪᠠᠭᠤᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠪᠦᠲᠦᠮᠵᠢᠲᠡᠶ ᠪᠠᠲᠤᠯᠠᠭ᠎ᠠ ᠶᠢ ᠦᠨᠡᠨᠬᠦ ᠪᠠᠲᠤᠯᠠᠪᠠ᠃ ᠨᠢᠭᠡ ᠳᠤ ᠬᠦᠨᠳᠦ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠤ ᠳᠠᠩᠰᠠ ᠲᠠᠶᠢᠯᠬᠤ ᠬᠠᠷᠢᠴᠠᠯ ᠢ ᠴᠢᠩᠭ᠎ᠠ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠳᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠵᠠᠷᠤᠳᠠᠯ᠂ ᠳᠠᠭᠠᠳᠬᠠᠯ ᠳᠤ ᠣᠷᠣᠯᠴᠠᠭᠰᠠᠨ ᠬᠤᠳᠠᠯᠳᠤᠭᠠᠨ ᠤ ᠨᠥᠬᠦᠪᠥᠷᠢ ᠳᠠᠭᠠᠳᠬᠠᠯ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠶᠢ ᠰᠡᠷᠭᠡᠶᠢᠯᠡᠬᠦ ᠳᠠᠭᠠᠳᠬᠠᠯ ᠢ ᠡᠬᠢᠯᠡᠭᠦᠯᠵᠦ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠳ ᠲᠤ ᠳᠠᠩᠰᠠ ᠲᠠᠶᠢᠯᠬᠤ ᠨᠥᠬᠦᠪᠥᠷᠢ ᠥᠭᠴᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ ᠳᠠᠩᠰᠠ ᠲᠠᠶᠢᠯᠬᠤ ᠬᠠᠷᠢᠴᠠᠯ ᠢ ᠴᠥᠮ 90 % ᠳᠤ ᠬᠦᠷᠭᠡᠨ᠎ᠡ᠃ ᠬᠤᠶᠠᠷ ᠲᠤ ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ ᠨᠢ ᠵᠠᠷᠤᠳᠠᠯ ᠲᠤᠰᠢᠶᠠᠬᠤ ᠳᠦᠷᠢᠮ  ᠢ ᠬᠡᠷᠡᠭᠵᠢᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶᠠᠨ ᠳᠤ ᠡᠮᠨᠡᠭᠦᠯᠦᠭᠰᠡᠨ ᠶᠠᠳᠠᠭᠤ ᠬᠦᠴᠢᠷᠳᠡᠯᠲᠡᠶ ᠶᠡᠭᠡ ᠡᠪᠡᠳᠴᠢᠲᠡᠨ ᠰᠢᠭᠤᠳ ᠡᠮᠨᠡᠯᠭᠡ ᠳᠤ ᠣᠷᠣᠵᠤ ᠡᠮᠨᠡᠭᠦᠯᠵᠦ ᠰᠦᠢᠳᠬᠡᠯ ᠤᠷᠢᠳᠴᠢᠯᠡᠨ ᠦᠭᠬᠦ ᠴᠢᠬᠤᠯᠠ ᠦᠭᠡᠢ᠂ ᠣᠳᠣᠬᠠᠨ ᠳᠤ 1796 ᠬᠥᠮᠦᠨ ᠤᠳᠠᠭ᠎ᠠ ᠡᠨᠡᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠨ᠎ᠠ᠃ ᠭᠤᠷᠪᠠ ᠳᠤ᠂ ᠤᠳᠠᠭᠠᠨ ᠴᠢᠨᠠᠷᠲᠠᠶ ᠡᠪᠡᠳᠴᠢᠨ ᠤ ᠭᠡᠷᠡᠲᠦ ᠤᠶᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠭᠡᠷ᠎ᠡ ᠲᠣᠭᠲᠠᠬᠤ  ᠭᠡᠷ  ᠤᠨ ᠡᠮᠴᠢ ᠶᠢᠨ ᠪᠦᠯᠬᠦᠮ 109 ᠶᠢ ᠵᠣᠬᠢᠶᠠᠨ ᠪᠠᠶᠢᠭᠤᠯᠵᠤ᠂ 15304 ᠨᠡᠷᠡᠰ ᠶᠠᠳᠠᠭᠤ ᠬᠦᠴᠢᠷᠳᠡᠯᠲᠡᠢ ᠬᠥᠮᠦᠨ ᠠᠮᠠ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠭᠡᠷ᠎ᠡ ᠲᠣᠭᠲᠠᠬᠤ ᠶᠢ ᠪᠦᠷᠢᠨ ᠪᠦᠷᠬᠦᠭᠦᠯᠪᠡ᠃ ᠨᠢᠭᠡᠨᠲᠡ ᠮᠠᠭᠠᠳᠯᠠᠨ ᠲᠣᠭᠲᠠᠭᠠᠭᠰᠠᠨ 5432 ᠨᠡᠷᠡᠰ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠵᠢᠵᠢᠭ ᠡᠮ ᠤᠨ ᠬᠠᠶᠢᠷᠴᠠᠭ ᠲᠠᠷᠬᠠᠭᠠᠨ ᠥᠭᠴᠦ᠂ ᠡᠮᠨᠡᠯᠭᠡ ᠳᠤ ᠬᠦᠷᠭᠡᠵᠦ ᠡᠮ ᠨᠠᠶᠢᠷᠠᠭᠤᠯᠬᠤ ᠤᠶᠢᠯᠡᠴᠢᠯᠡᠭᠡ ᠶᠢ ᠬᠦᠷᠲᠡᠭᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠶᠢ ᠨᠢ ᠴᠥᠮ ᠭᠡᠷ ᠲᠦᠨᠢ ᠬᠦᠷᠭᠡᠪᠡ᠃ ᠳᠥᠷᠪᠡ ᠳᠤ ︽ᠨᠢᠭᠡ ᠥᠷᠲᠡᠭᠡ ᠮᠠᠶ᠋ᠢᠭ︾ ᠤᠨ ᠳᠠᠩᠰᠠ ᠲᠠᠶᠢᠯᠬᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠴᠣᠩᠬᠤ ᠭᠠᠷᠭᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠳᠤᠮᠳᠠᠬᠢ ᠬᠢᠨᠠᠨ ᠵᠥᠪᠰᠢᠶᠡᠷᠡᠬᠦ ᠵᠢᠷᠤᠮ ᠨᠢ ᠪᠤᠳᠤᠯᠢᠶᠠᠨᠲᠠᠶ᠂ ᠳᠠᠩᠰᠠ ᠲᠠᠶᠢᠯᠬᠤ ᠳᠤ ᠣᠯᠠᠨ ᠲᠠᠯ᠎ᠠ ᠠᠴᠠ ᠶᠠᠭᠠᠷᠠᠯᠳᠤᠵᠤ  ᠪᠠᠶᠢᠭ᠎ᠠ ᠬᠡᠮ ᠰᠣᠭᠤᠭ ᠢ ᠪᠦᠲᠦᠮᠵᠢᠲᠡᠶ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠶ ᠡᠪᠡᠳᠴᠢᠲᠡᠨ ᠤ ᠳᠠᠩᠰᠠ ᠲᠠᠶᠢᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠰᠢᠶᠠᠨ ᠤ ᠡᠷᠡᠭᠦᠯ ᠬᠠᠮᠠᠭᠠᠯᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠠᠭᠠᠳᠬᠠᠯ ᠤᠨ ᠺᠣᠮᠫᠠᠨᠢ ᠨᠢ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ᠂ ᠠᠷᠠᠳ ᠤᠨ ᠡᠮᠨᠡᠯᠭᠡ ᠶᠢᠨ ᠬᠤᠷᠢᠶ᠎ᠠ ᠳᠤ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠲᠠᠪᠴᠠᠩ  ᠢ ᠪᠠᠶᠢᠭᠤᠯᠵᠤ᠂ ᠳᠠᠩᠰᠠ ᠲᠠᠶᠢᠯᠬᠤ ᠳᠤ ᠬᠤᠯᠪᠣᠭᠳᠠᠭᠰᠠᠨ ᠡᠯ᠎ᠡ ᠵᠦᠢᠯ ᠤᠨ ᠡᠮ ᠡᠮᠨᠡᠯᠭᠡ ᠶᠢᠨ ᠵᠠᠷᠤᠳᠠᠯ ᠢ ᠴᠥᠮ ᠬᠤᠶᠠᠷ ᠴᠣᠩᠬᠤᠪᠴᠢ ᠳᠤ ᠨᠡᠶᠢᠯᠡᠭᠦᠯᠦᠨ ᠲᠠᠰᠤᠯᠤᠨ ᠪᠤᠳᠤᠬᠤ ᠪᠠ ᠲᠣᠭᠠᠴᠠᠭ᠎ᠠ ᠬᠢᠵᠦ᠂ ᠶᠠᠳᠠᠭᠤ ᠬᠦᠴᠢᠷᠳᠡᠯᠲᠡᠶ ᠡᠪᠡᠳᠴᠢᠲᠡᠨ ᠵᠥᠪᠬᠡᠨ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠬᠠᠶ ᠲᠣᠬᠢᠷᠠᠭᠤᠯᠬᠤ ᠴᠣᠩᠬᠤᠨ ᠳᠤ ᠲᠤᠰᠢᠶᠠᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠤᠬᠠᠶ ᠶᠢᠨ ᠡᠳᠦᠷ ᠲᠤ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠶᠢ ᠪᠡᠶᠡᠯᠡᠭᠦᠯᠵᠦ ᠪᠣᠯᠤᠨ᠎ᠠ᠃ ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2