12 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠯᠢᠨ ᠬᠣ᠋ ᠡᠷᠲᠡᠨ ᠤ ᠴᠡᠶᠢᠵᠠ | ᠦᠵᠡᠮᠵᠢ ᠶᠢᠨ ᠣᠷᠣᠨ ᠳᠤ ᠵᠦᠸᠧᠽᠢ ᠰᠢᠶᠠᠨ ᠤ ᠯᠢᠨ ᠬᠣ᠋ ᠡᠷᠲᠡᠨ ᠤ ᠴᠡᠶᠢᠵᠠ ᠶᠢᠨ ᠫᠠᠶᠢᠰᠠ ᠰᠡᠬᠦᠬᠦ ᠵᠢᠴᠢ | ᠤᠯᠠᠭᠠᠨᠴᠠᠪ ᠬᠤᠲᠠ ᠶᠢᠨ ᠳᠥᠷᠪᠡᠨ ᠤᠯᠠᠷᠢᠯ ᠤᠨ ᠣᠯᠠᠨ ᠤᠯᠤᠰ ᠶᠢᠨ ᠭᠡᠷᠡᠯ ᠵᠢᠷᠤᠭ ᠤᠨ ᠤᠷᠤᠯᠳᠤᠭᠠᠨ ᠤ | ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠬᠤᠪᠣᠷ ᠨᠠᠨᠳᠢᠨ ᠭᠱᠠᠨ ᠢ ᠲᠡᠮᠳᠡᠭᠯᠡᠵᠦ᠂ ᠰᠠᠶᠢᠨ ᠰᠠᠢᠬᠠᠨ ᠡᠷᠭᠢᠴᠡᠭᠦᠯᠦᠯ | ᠦᠯᠡᠳᠡᠭᠡᠵᠡᠶ᠃ ᠳᠤᠮᠳᠠᠳᠤ ᠤᠯᠤᠰ ᠶᠢᠨ ᠤᠷᠠᠯᠢᠭ ᠤᠨ ᠭᠡᠷᠡᠯ ᠵᠢᠷᠤᠭ ᠤᠨ ᠨᠡᠶᠢᠭᠡᠮᠯᠢᠭ ᠤᠨ ᠵᠣᠬᠢᠶᠠᠨ ᠪᠦᠲᠦᠭᠡᠬᠦ | ᠰᠠᠭᠤᠷᠢᠨ ᠭᠠᠵᠠᠷ ᠪᠠ ᠭᠡᠷᠡᠯ ᠵᠢᠷᠤᠭ ᠤᠨ ᠰᠤᠳᠤᠯᠭᠠᠨ ᠤ ᠰᠠᠭᠤᠷᠢᠨ ᠭᠠᠵᠠᠷ ᠤᠨ ᠤᠯᠠᠭᠠᠨᠴᠠᠪ ᠲᠠᠬᠢ ᠫᠠᠶᠢᠰᠠ | ᠣᠯᠭᠤᠬᠤ ᠨᠢ ᠴᠢᠬᠤᠯᠠ ᠠᠴᠢ ᠬᠤᠯᠪᠣᠭᠳᠠᠯ ᠲᠠᠢ ᠶᠤᠮ᠂ ᠡᠨᠡ ᠨᠢ ᠪᠦᠬᠦ ᠤᠯᠤᠰ ᠶᠢᠨ ᠰᠢᠯᠢᠳᠡᠭ ᠭᠡᠷᠡᠯ | ᠵᠢᠷᠤᠭ ᠤᠨ ᠤᠷᠠᠯᠢᠭᠴᠢᠳ ᠤᠯᠠᠭᠠᠨᠴᠠᠪ ᠢ ᠣᠶᠢᠯᠠᠭᠠᠵᠤ᠂ ᠤᠯᠠᠭᠠᠨᠴᠠᠪ ᠢ ᠳᠡᠯᠭᠡᠨ ᠦᠵᠡᠭᠦᠯᠵᠦ᠂ ᠦᠵᠡᠰᠬᠦᠯᠡᠩᠲᠦ | ᠰᠠᠢᠬᠠᠨ ᠤᠯᠠᠭᠠᠨᠴᠠᠪ ᠤᠨ ᠰᠣᠶᠣᠯ ᠢᠷᠭᠡᠨᠰᠢᠯ᠂ ᠥᠩᠭᠡ ᠦᠵᠡᠮᠵᠢ ᠶᠢ ᠪᠦᠬᠦ ᠤᠯᠤᠰ ᠲᠤ ᠤᠬᠠᠭᠤᠯᠬᠤ ᠪᠣᠯᠤᠨ᠎ᠠ᠃ | | | | | | | ᠲᠡᠷᠢᠭᠦᠯᠡᠭᠴᠢ ᠶᠠᠩ ᠶᠤᠸᠠᠨ ᠵᠢᠶᠤᠤ᠂ ᠲᠡᠷᠢᠭᠦᠯᠡᠭᠴᠢ ᠯᠠᠩ ᠯᠢ ᠰᠢᠩ᠂ ᠶᠤᠸᠠᠢ ᠶᠠᠨ ᠮᠧᠶ ᠳᠡᠳ᠋ ᠬᠤᠲᠠ ᠶᠢᠨ | ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ ᠬᠤᠤ ᠸᠠᠨ ᠶᠤᠸᠠᠢ᠂ ᠳᠡᠳ᠋ ᠰᠠᠶᠢᠳ ᠠᠶ ᠱᠢ ᠯᠢᠶᠠᠩ᠂ | ᠲᠡᠷᠢᠭᠦᠯᠡᠭᠴᠢ ᠸᠠᠨ ᠰᠢᠨ ᠬᠤᠸᠠ ᠬᠠᠮᠲᠤ ᠪᠠᠷ ᠪᠥᠮᠪᠦᠭᠡ ᠪᠠᠨ ᠡᠬᠢᠯᠡᠭᠦᠯᠵᠦ᠂ ᠤᠯᠠᠭᠠᠨᠴᠠᠪ ᠤᠨ ᠳᠥᠷᠪᠡᠨ | ᠤᠯᠠᠷᠢᠯ ᠤᠨ ᠣᠯᠠᠨ ᠤᠯᠤᠰ ᠶᠢᠨ ᠭᠡᠷᠡᠯ ᠵᠢᠷᠤᠭ ᠤᠨ ᠤᠷᠤᠯᠳᠤᠭᠠᠨ ᠢ ᠡᠬᠢᠯᠡᠭᠦᠯᠪᠡ᠃ | | | | | | | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠲᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ | ᠥᠪᠥᠷ ᠮᠣᠩᠭᠤᠯ ᠤᠨ ᠭᠡᠷᠡᠯ ᠵᠢᠷᠤᠭ ᠤᠨ ᠨᠡᠶᠢᠭᠡᠮᠯᠢᠭ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠨᠡᠶᠢᠭᠡᠮᠯᠢᠭ᠂ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠬᠢᠭᠡᠳ ᠳᠤᠮᠳᠠᠳᠤ ᠤᠯᠤᠰ ᠶᠢᠨ ᠤᠷᠠᠯᠢᠭ ᠤᠨ ᠭᠡᠷᠡᠯ ᠵᠢᠷᠤᠭ ᠤᠨ ᠨᠡᠶᠢᠭᠡᠮᠯᠢᠭ ᠪᠣᠯᠤᠨ | ᠲᠣᠷᠭᠠᠨ ᠵᠠᠮ ᠤᠨ ᠤᠯᠤᠰ ᠶᠢᠨ ᠵᠠᠯᠠᠭᠤᠴᠤᠳ ᠪᠠᠭᠠᠴᠤᠳ ᠤᠨ ᠣᠯᠠᠨ ᠤᠯᠤᠰ ᠶᠢᠨ ᠭᠡᠷᠡᠯ ᠵᠢᠷᠤᠭ ᠤᠨ | ᠤᠷᠤᠯᠳᠤᠭᠠᠨ ᠤ ᠠᠵᠢᠯ ᠤᠨ ᠵᠥᠪᠯᠡᠯ ᠢᠶᠠᠷ ᠳᠠᠮᠵᠢᠨ᠂ ᠳᠤᠮᠳᠠᠳᠤ ᠤᠯᠤᠰ ᠶᠢᠨ ᠤᠷᠠᠯᠢᠭ ᠤᠨ ᠭᠡᠷᠡᠯ ᠵᠢᠷᠤᠭ ᠤᠨ | ᠨᠡᠶᠢᠭᠡᠮᠯᠢᠭ ᠪᠣᠯᠤᠨ ᠲᠣᠷᠭᠠᠨ ᠵᠠᠮ ᠤᠯᠤᠰ ᠶᠢᠨ ᠵᠠᠯᠠᠭᠤᠴᠤᠳ ᠪᠠᠭᠠᠴᠤᠳ ᠤᠨ ᠣᠯᠠᠨ ᠤᠯᠤᠰ ᠶᠢᠨ ᠭᠡᠷᠡᠯ | ᠵᠢᠷᠤᠭ ᠤᠨ ᠤᠷᠤᠯᠳᠤᠭᠠᠨ ᠤ ᠠᠵᠢᠯ ᠶᠢᠨ ᠵᠥᠪᠯᠡᠯ ᠠᠴᠠ ᠡᠴᠦᠰ ᠲᠡᠭᠡᠨ ᠵᠦᠸᠧᠽᠢ ᠰᠢᠶᠠᠨ ᠤ ᠯᠢᠨ ᠬᠣ᠋ ᠡᠷᠲᠡᠨ ᠤ | ᠴᠡᠶᠢᠵᠠ᠂ ᠴᠠᠬᠠᠷ ᠪᠠᠷᠠᠭᠤᠨ ᠭᠠᠷᠤᠨ ᠳᠤᠮᠳᠠᠳᠦ ᠬᠤᠰᠢᠭᠤᠨ ᠤ ᠬᠤᠸᠠᠩ ᠬᠤᠸᠠ ᠭᠸᠦ᠂ ᠯᠢᠶᠠᠩᠴᠧᠩ ᠰᠢᠶᠠᠨ ᠤ | ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠩ ᠾᠧ ᠰᠢᠶᠡᠨ ᠤ ᠰᠤᠮᠤ ᠶᠢᠨ ᠠᠭᠤᠯᠠ | ᠂ ᠳᠥᠷᠪᠡᠳ ᠬᠤᠰᠢᠭᠤᠨ ᠤ ᠭᠡᠭᠡᠨ ᠲᠠᠯ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠠᠪᠤᠨ 4 A ᠲᠡᠰ ᠤᠨ | ᠦᠵᠡᠮᠵᠢ ᠶᠢᠨ ᠣᠷᠣᠨ ᠳᠤ ᠭᠡᠷᠡᠯ ᠵᠢᠷᠤᠭ ᠤᠨ ᠰᠠᠭᠤᠷᠢᠨ ᠭᠠᠵᠠᠷ ᠤᠨ ᠫᠠᠶᠢᠰᠠ ᠢᠯᠡᠷᠬᠡᠶᠢᠯᠡᠯ ᠣᠯᠭᠤᠬᠤ ᠪᠠᠷ | ᠲᠣᠭᠲᠠᠵᠤ᠂ ᠵᠢᠨᠢᠩ ᠲᠣᠭᠤᠷᠢᠭ ᠤᠨ ᠶᠦᠩ ᠠᠨ ᠵᠠᠮ ᠤᠨ ᠪᠠᠭ᠎ᠠ ᠰᠤᠷᠭᠠᠭᠤᠯᠢ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠮᠢᠩ ᠳ᠋ᠧ ᠪᠠᠭ᠎ᠠ ᠰᠤᠷᠭᠠᠭᠤᠯᠢ᠂ ᠳᠥᠷᠪᠡᠳ ᠬᠤᠰᠢᠭᠤᠨ ᠤ ᠨᠢᠭᠡᠳᠦᠭᠡᠷ ᠳᠤᠮᠳᠠᠳᠤ | ᠰᠤᠷᠭᠠᠭᠤᠯᠢ ᠳᠤ ᠰᠠᠭᠤᠷᠢᠨ ᠭᠠᠵᠠᠷ ᠤᠨ ᠫᠠᠶᠢᠰᠠ ᠢᠯᠡᠷᠬᠡᠶᠢᠯᠡᠯ ᠣᠯᠭᠤᠪᠠ᠃ | ᠲᠡᠷᠢᠭᠦᠯᠡᠭᠴᠢ ᠶᠠᠩ ᠶᠤᠸᠠᠨ ᠵᠢᠶᠠᠨ᠂ ᠵᠠᠩ ᠰᠢᠶᠣᠤ ᠰᠦ ᠳᠡᠳ᠋ ᠲᠡᠷᠢᠭᠦᠯᠡᠭᠴᠢ᠂ ᠲᠡᠷᠢᠭᠦᠯᠡᠭᠴᠢ ᠯᠠᠩ ᠯᠢ ᠰᠢᠩ | ᠂ ᠳᠡᠳ᠋ ᠬᠤᠲᠠ ᠶᠢᠨ ᠳᠠᠷᠤᠭ᠎ᠠ ᠶᠤᠸᠠᠢ ᠶᠠᠨ ᠮᠧᠶ ᠴᠠᠬᠠᠷ ᠪᠠᠷᠠᠭᠤᠨ ᠭᠠᠷᠤᠨ ᠳᠤᠮᠳᠠᠳᠦ ᠬᠤᠰᠢᠭᠤᠨ ᠤ ᠬᠤᠸᠠᠩ | ᠬᠤᠸᠠ ᠭᠸᠦ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠩ ᠾᠧ ᠰᠢᠶᠡᠨ ᠤ ᠰᠤᠮᠤ ᠶᠢᠨ ᠠᠭᠤᠯᠠ ᠶᠢᠨ | ᠦᠵᠡᠮᠵᠢ ᠶᠢᠨ ᠣᠷᠣᠨ᠂ ᠳᠥᠷᠪᠡᠳ ᠬᠤᠰᠢᠭᠤᠨ ᠤ ᠭᠡᠭᠡᠨ ᠲᠠᠯ᠎ᠠ᠂ ᠯᠢᠶᠠᠩᠴᠧᠩ ᠰᠢᠶᠠᠨ ᠤ ᠳᠠᠭ᠎ᠠ ᠶᠢᠨ | ᠨᠠᠭᠤᠷ ᠤᠨ ᠵᠢᠭᠤᠯᠴᠢᠯᠠᠯ ᠤᠨ ᠣᠷᠣᠨ ᠳᠤ ᠫᠠᠶᠢᠰᠠ ᠣᠯᠭᠤᠪᠠ | | ᠲᠡᠷᠢᠭᠦᠯᠡᠭᠴᠢ ᠶᠠᠩ ᠶᠤᠸᠠᠨ ᠵᠢᠶᠠᠨ᠂ ᠶᠤᠸᠠᠢ ᠶᠠᠨ ᠮᠧᠶ ᠬᠤᠲᠠ ᠶᠢᠨ ᠳᠡᠳ᠋ ᠳᠠᠷᠤᠭ᠎ᠠ ᠠᠴᠠ ᠵᠦᠸᠧᠽᠢ | ᠰᠢᠶᠠᠨ ᠤ ᠯᠢᠨ ᠬᠣ᠋ ᠡᠷᠲᠡᠨ ᠤ ᠴᠡᠶᠢᠵᠠ ︽ᠳᠤᠮᠳᠠᠳᠤ ᠤᠯᠤᠰ ᠶᠢᠨ ᠤᠷᠠᠯᠢᠭ ᠤᠨ ᠭᠡᠷᠡᠯ ᠵᠢᠷᠤᠭ ᠤᠨ | ᠨᠡᠶᠢᠭᠡᠮᠯᠢᠭ ᠤᠨ ᠵᠣᠬᠢᠶᠠᠨ ᠪᠦᠲᠦᠭᠡᠬᠦ ᠰᠠᠭᠤᠷᠢᠨ︾ ᠭᠡᠬᠦ ᠫᠠᠶᠢᠰᠠ ᠢᠯᠡᠷᠬᠡᠶᠢᠯᠡᠯ ᠢ ᠰᠡᠬᠦᠪᠡ᠃ | | | | | | | | | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |