| — 2019 ᠣᠨ ᠤ 3 ᠳ᠋ᠤᠭᠠᠷ ᠰᠠᠷ᠎ᠠ ᠶᠢᠨ 3 ᠤ ᠡᠳᠦᠷ ᠵᠦᠧᠧᠽᠢ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨᠭᠤᠷᠪᠠᠳᠤᠭᠠᠷ ᠤᠳᠠᠭᠠᠨ ᠤ ᠬᠤᠷᠠᠯᠳᠤᠭᠠᠨ | ᠳᠡᠭᠡᠷ᠎ᠡ | ᠰᠢᠶᠠᠨ ᠤ ᠳᠠᠷᠤᠭ᠎ᠠ ᠯᠢ ᠶᠢᠩ | ᠲᠥᠯᠥᠭᠡᠯᠡᠭᠴᠢᠳ ᠡ᠄ | ᠡᠳᠦᠭᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ | ᠪᠣᠯᠪᠠᠤ᠃ | ᠨᠢᠭᠡ᠂ 2018 ᠣᠨ ᠤ ᠠᠵᠢᠯ ᠤᠨ ᠲᠤᠬᠠᠢ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠲᠣᠰ ᠬᠤᠭᠤᠴᠠᠭᠠᠨ ᠤ ᠵᠠᠰᠠᠭ ᠤᠨ ᠣᠷᠳᠣᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠨ ᠤ ᠵᠢᠯ ᠪᠣᠯᠤᠨ᠎ᠠ᠃ ᠡᠨᠡ ᠨᠢᠭᠡ ᠵᠢᠯ ᠳᠤ᠂ ᠪᠢᠳᠠ ᠬᠥᠭᠵᠢᠯᠲᠡ ᠶᠢᠨ | ᠰᠢᠨ᠎ᠡ ᠪᠠᠶᠢᠳᠠᠯ ᠳᠣᠣᠷᠠᠬᠢ ᠬᠠᠲᠠᠭᠤ ᠪᠡᠷᠬᠡ ᠪᠥᠭᠡᠳ ᠨᠦᠰᠡᠷ ᠬᠦᠨᠳᠦ ᠪᠡᠷᠬᠡ ᠰᠡᠳᠦᠪ ᠢ ᠰᠢᠶᠳᠪᠦᠷᠢᠯᠡᠬᠦ | ᠡᠭᠦᠷᠭᠡ ᠳᠤ ᠬᠠᠨᠳᠦᠨ᠂ ᠪᠦᠬᠦ ᠰᠢᠶᠠᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠵᠢᠴᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠬᠦᠴᠢᠷ ᠢ ᠰᠦᠷᠦᠨ | ᠯᠠᠪᠳᠠᠭᠤᠨ ᠪᠠᠲᠤᠲᠠᠶ ᠠᠵᠢᠯᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠡᠬᠢᠯᠡᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ | ᠂ ᠠᠷᠠᠳ ᠲᠦᠮᠡᠨ ᠤ ᠠᠮᠢᠳᠤᠷᠠᠯ ᠦᠷᠭᠦᠯᠵᠢᠯᠡᠨ ᠰᠠᠶᠢᠵᠢᠷᠠᠵᠤ᠂ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠡᠶ᠎ᠡ ᠵᠣᠬᠢᠴᠠᠯ ᠤᠨ ᠲᠣᠭᠲᠠᠭᠤᠨ ᠪᠠᠶᠢᠳᠠᠯ ᠢ ᠪᠠᠲᠤᠯᠠᠪᠠ᠃ 2018 ᠣᠨ ᠳᠤ᠂ ᠪᠦᠬᠦ ᠰᠢᠶᠠᠨ ᠤ | ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 52.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 5.8% ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 2.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.7% ᠪᠠᠷ ᠨᠡᠮᠡᠭᠳᠡᠵᠦ᠂ | ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 15 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.2% ᠪᠠᠷ | ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠦᠷᠳᠡᠭ 20.87 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.3% ᠪᠠᠷ ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠪᠣᠯᠤᠨ ᠲᠠᠷᠢᠶᠠᠴᠢᠳ ᠤᠨ ᠬᠥᠮᠦᠨ ᠪᠦᠷᠢ ᠶᠢᠨ | ᠳᠤᠮᠳᠠᠴᠢ ᠴᠡᠪᠡᠷ ᠣᠷᠣᠯᠭ᠎ᠠ ᠶᠢ ᠲᠤᠰ ᠲᠤᠰ 30324 ᠲᠥᠭᠦᠷᠢᠭ ᠪᠠ 10878 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠲᠤᠰ ᠲᠤᠰ 7.6% ᠪᠠ 9.2 % ᠪᠠᠷ ᠨᠡᠮᠡᠭᠳᠡᠪᠡ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠠᠷᠠᠭᠠᠬᠢ ᠠᠵᠢᠯ ᠤᠳ ᠢ ᠬᠢᠵᠦ ᠭᠦᠢᠴᠡᠳᠬᠡᠭᠰᠡᠨ ᠶᠤᠮ᠃ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨ᠎ᠡ ᠦᠷ᠎ᠡ ᠪᠦᠲᠦᠮᠵᠢ ᠶᠢ ᠤᠯᠪᠠ᠃ ᠬᠥᠨᠳᠦ | ᠶᠡᠭᠡ ᠠᠶᠤᠯ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠳᠡᠪᠬᠢᠲᠡᠶ ᠠᠬᠢᠯᠳᠠ ᠲᠠᠢ ᠪᠣᠯᠪᠠ᠃ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠠᠷᠪᠠ ᠶᠢ | ᠪᠥᠷᠬᠦᠭᠦᠯᠬᠦ︾ ᠥᠷᠢ ᠥᠭᠴᠡᠭᠡ ᠶᠢ ᠤᠷᠢᠳ ᠢᠶᠠᠷ ᠠᠷᠢᠯᠭᠠᠬᠤ ᠶᠢ ᠪᠡᠶᠡᠯᠡᠭᠦᠯᠵᠦ᠂ ᠪᠠᠩᠬᠢ ᠶᠢᠨ ᠵᠢᠭᠡᠯᠡᠯᠭᠡ ᠶᠢᠨ | ᠮᠥᠩᠭᠦ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠶᠢ ᠬᠤᠭᠤᠴᠠᠭᠠᠨ ᠳᠤᠨᠢ ᠲᠦᠯᠦᠵᠦ | ᠂ ᠪᠠᠷᠢᠯᠭ᠎ᠠ ᠶᠢᠨ ᠵᠣᠭᠤᠰ ᠢ ᠥᠷᠢᠲᠦᠬᠦ ᠶᠢ ᠴᠠᠭ ᠤᠨ ᠬᠢᠵᠠᠭᠠᠷ ᠳᠤᠨᠢ ᠨᠠᠮᠳᠠᠭᠤᠯᠬᠤ ᠵᠡᠷᠭᠡ ᠵᠠᠷᠴᠢᠮ ᠶᠣᠰᠣᠭᠠᠷ᠂ | ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ 7.93 ᠳ᠋ᠦᠩᠰᠢᠭᠤᠷ ᠲᠥᠭᠦᠷᠢᠭ ᠠᠷᠢᠯᠭᠠᠨ᠂ ᠥᠷᠢ | ᠥᠭᠴᠡᠭᠡ ᠠᠷᠢᠯᠭᠠᠬᠤ ᠬᠠᠷᠠᠯᠲᠠ ᠶᠢ 126 % ᠪᠠᠷ ᠪᠡᠶᠡᠯᠡᠭᠦᠯᠪᠡ᠃ ᠳᠥᠷᠪᠡᠨ ᠶᠡᠭᠡ ᠤᠳᠤᠷᠢᠳᠬᠤ ᠪᠠᠭ ᠠᠴᠠ | ᠲᠤᠯᠤᠭᠠᠶᠢᠯᠠᠨ ︽ᠨᠠᠷᠢᠯᠠᠵᠤ ᠠᠮᠢᠳᠤᠷᠠᠬᠤ︾ ᠵᠠᠷᠴᠢᠮ ᠢᠶᠠᠷ ᠠᠵᠢᠯᠯᠠᠨ᠂ ᠡᠩ ᠲᠡᠷᠢᠭᠦᠨ ᠳᠤ ᠭᠤᠷᠪᠠᠨ ᠠᠯᠪᠠᠨ | ᠵᠠᠷᠤᠳᠠᠯ ᠢ 47 ᠲᠦᠮᠡᠨ ᠲᠥᠭᠦᠷᠢᠭ ᠪᠠᠭᠠᠰᠬᠠᠨ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ | ᠲᠦᠭᠰᠢᠭᠦᠷᠢ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ | ᠡᠲᠡᠭᠡᠳ ᠂ ᠥᠨᠳᠥᠷ ᠬᠦᠦ ᠲᠠᠢ ᠵᠢᠭᠡᠯᠡᠯᠭᠡ ᠲᠠᠯᠪᠢᠬᠤ᠂ ᠮᠥᠩᠭᠦᠨ ᠭᠦᠢᠯᠭᠡᠭᠡᠨ ᠤ ᠮᠡᠬᠡᠯᠡᠬᠦ ᠵᠡᠷᠭᠡ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮᠲᠦ ᠴᠢᠨᠠᠷᠲᠠᠢ ᠮᠥᠩᠭᠦᠨ | ᠭᠦᠢᠯᠭᠡᠭᠡᠨ ᠤ ᠲᠦᠭᠰᠢᠭᠦᠷᠢ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠵᠤ ᠴᠢᠳᠠᠭᠰᠠᠨ ᠶᠤᠮ᠃ ᠶᠠᠳᠠᠭᠤ ᠠᠴᠠ | ᠠᠩᠭᠢᠵᠢᠷᠠᠭᠤᠯᠬᠤ ᠠᠵᠢᠯ ᠢ ᠭᠦᠨᠵᠡᠭᠡᠶ ᠲᠦᠯᠬᠢᠨ ᠠᠬᠢᠭᠤᠯᠪᠠ᠃ ᠲᠥᠪ ᠤᠨ ︽ᠤᠨᠢᠨ ᠳᠡᠭᠡᠷ᠎ᠡ ᠨᠢ ᠶᠠᠳᠠᠭᠤ ᠶᠢ | ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ︾ ᠦᠨᠳᠦᠰᠦᠨ ᠠᠷᠭ᠎ᠠ ᠪᠤᠳᠤᠯᠭ᠎ᠠ ᠢ | ᠲᠤᠤᠱᠯᠠᠭᠤᠯᠤᠨ᠂ ︽ᠬᠤᠶᠠᠷ ᠲᠤ ᠵᠣᠪᠠᠭ᠋ᠤ ᠦᠬᠡᠢ᠂ ᠭᠤᠷᠪᠠ ᠶᠢ ᠪᠠᠲᠤᠯᠠᠬᠤ︾ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠲᠠᠪᠤᠨ ᠨᠢᠭᠡ ᠪᠦᠯᠦᠭ︾ ᠤᠨ ᠤᠨᠢᠯᠠᠬᠤ ᠠᠷᠭ᠎ᠠ ᠪᠤᠳᠤᠯᠭ᠎ᠠ ᠪᠠᠷ ᠰᠢᠶᠠᠨ ᠤ ᠱᠠᠲᠤᠨ ᠤ | ᠤᠳᠤᠷᠢᠳᠤᠯᠭ᠎ᠠ ᠲᠦᠷᠦᠭᠦᠲᠡᠶ ᠨᠢᠭᠡ ᠲᠣᠰᠬᠤᠨ ᠳᠤ ᠨᠢᠭᠡ ᠬᠠᠪᠰᠤᠷᠤᠨ ᠲᠡᠳᠬᠦᠬᠦ ᠲᠤᠰᠬᠠᠢ ᠠᠩᠭᠢ ᠲᠤᠬᠢᠷᠠᠭᠤᠯᠤᠨ | ᠬᠠᠪᠰᠤᠷᠤᠨ ᠳᠡᠳᠬᠦᠬᠦ ᠬᠦᠴᠦᠨ ᠨᠢ ᠤᠯᠠᠮ ᠢᠶᠠᠷ ᠴᠢᠩᠭᠠᠷᠠᠪᠠ᠃ ᠪᠦᠬᠦ ᠵᠢᠯ ᠤᠨ ᠶᠠᠳᠠᠭᠤ ᠶᠢ ᠲᠡᠳᠬᠦᠬᠦ ᠮᠦᠩᠭᠦ | 39402 ᠲᠦᠮᠡᠨ ᠲᠥᠭᠦᠷᠢᠭ ᠵᠠᠷᠤᠴᠠᠭᠤᠯᠤᠨ ᠶᠠᠳᠠᠭᠤ ᠬᠦᠴᠢᠷᠳᠡᠯᠲᠡᠢ 2072 ᠡᠷᠦᠬᠡ 4305 ᠬᠥᠮᠦᠨ ᠢ | ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠡᠭᠦᠰᠬᠦ ᠨᠤᠷᠮ᠎ᠠ ᠢ 3.57% ᠪᠠᠷ ᠪᠠᠭᠤᠷᠠᠪᠠ᠃ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠤᠪᠤᠶᠢᠯᠭᠠᠨ᠂ ᠠᠯᠲᠠᠨ ᠲᠠᠬᠢᠶ᠎ᠠ᠂ ᠬᠦᠶᠲᠡᠨ ᠰᠡᠷᠢᠭᠦᠨ ᠢᠳᠡᠰᠢᠨ | ᠨᠣᠭᠤᠭ᠎ᠠ ᠡᠳ᠋ᠰᠢᠭᠦᠯᠬᠦ᠂ ᠭᠡᠷᠡᠯᠯᠢᠭ ᠴᠠᠬᠢᠯᠭᠠᠨ ᠵᠡᠷᠭᠡ ᠭᠤᠷᠪᠠᠨ ᠶᠡᠭᠡ ᠶᠠᠳᠠᠭᠤ ᠶᠢ ᠲᠡᠳᠬᠦᠬᠦ ᠠᠵᠤ ᠦᠶᠯᠡᠰ ᠤᠨ | ᠲᠥᠷᠥᠯ ᠵᠦᠶᠯ ᠡᠷᠬᠢᠯᠡᠨ ᠰᠢᠭᠤᠳ ᠪᠤᠶᠤ ᠳᠠᠮ ᠢᠶᠠᠷ ᠪᠤᠢ ᠪᠦᠬᠦᠢ ᠶᠠᠳᠠᠭᠤ ᠬᠦᠴᠢᠷᠳᠡᠯᠲᠡᠢ ᠬᠥᠮᠦᠨ ᠠᠮᠠ ᠳᠤ | ᠠᠰᠢᠭ ᠬᠦᠷᠲᠡᠭᠡᠵᠦ᠂ ᠮᠥᠩᠭᠦᠨ ᠭᠦᠶᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ 3294 ᠲᠦᠮᠡᠨ ᠲᠥᠭᠦᠷᠢᠭ ᠲᠤ | ᠬᠦᠷᠴᠦ᠂ 534 ᠡᠷᠦᠬᠡ ᠶᠠᠳᠠᠭᠤ ᠬᠦᠴᠢᠷᠳᠡᠯᠲᠡᠢ ᠡᠷᠦᠬᠡ ᠠᠵᠤ ᠦᠢᠯᠡᠰ ᠢᠶᠠᠷ ᠳᠡᠳᠬᠦᠭᠳᠡᠪᠡ᠃ ᠶᠠᠳᠠᠭᠤ ᠠᠴᠠ | ᠠᠩᠭᠢᠵᠢᠷᠠᠭᠤᠯᠬᠤ ᠲᠠᠰᠤᠬ 2᠂ ᠤᠷᠮᠠᠰᠢᠭᠤᠯᠤᠨ ᠵᠣᠷᠢᠭᠵᠢᠭᠤᠯᠬᠤ ᠬᠡᠳᠦ ᠳᠡᠯᠭᠡᠭᠦᠷ 101 ᠪᠠᠶᠢᠭᠤᠯᠵᠤ᠂ ᠶᠠᠳᠠᠭᠤ | ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦ ᠶᠢ ᠪᠦᠲᠦᠮᠵᠢᠲᠡᠢ ᠬᠥᠭᠵᠢᠭᠡᠵᠦ᠂ ᠣᠨᠳᠣᠣ | ᠭᠠᠵᠠᠷ ᠨᠡᠭᠦᠯᠭᠡᠨ ᠲᠥᠪᠬᠢᠨᠡᠭᠦᠯᠬᠦ ᠭᠡᠷ ᠪᠠᠶᠢᠰᠢᠩ 2818ᠡᠷᠦᠬᠡ᠂ ᠨᠤᠷᠠᠬᠤ ᠠᠶᠤᠯᠲᠠᠶ ᠭᠡᠷ ᠪᠠᠶᠢᠰᠢᠩ 8005 | ᠡᠷᠦᠬᠡ ᠰᠢᠢᠳᠪᠦᠷᠢᠯᠡᠵᠦ᠂ ᠤᠰᠤ ᠤᠮᠳᠠ ᠶᠢᠨ ᠠᠶᠤᠯᠭᠦᠢ ᠬᠤᠭᠤᠯᠠᠶ ᠬᠤᠳᠳᠤᠭ 2788 ᠵᠤᠷᠪᠦᠰ ᠰᠢᠨ᠎ᠡ ᠪᠠᠷ | ᠵᠤᠬᠢᠶᠠᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠷ 1972 ᠶᠠᠳᠠᠭᠤ ᠬᠦᠴᠢᠷᠳᠡᠯᠲᠡᠶ ᠭᠡᠷ | ᠪᠦᠯᠢ ᠶᠢᠨ ᠰᠤᠷᠤᠭᠴᠢᠳ ᠲᠤ ᠲᠤᠰᠠᠯᠠᠮᠵᠢ ᠦᠵᠡᠭᠦᠯᠪᠡ᠃ ᠤᠳᠠᠭᠠᠨ ᠴᠢᠨᠠᠷᠲᠠᠶ ᠡᠪᠡᠳᠴᠢᠨ ᠳᠤ ᠡᠮ ᠬᠦᠷᠭᠡᠬᠦ | ᠵᠢᠴᠢ ᠬᠦᠨᠳᠦ ᠡᠪᠡᠳᠴᠢᠨ ᠤ ᠠᠪᠤᠷᠠᠨ ᠲᠤᠰᠠᠯᠠᠯᠲᠠ ᠶᠢ ᠭᠦᠨᠵᠡᠭᠡᠶ ᠥᠷᠨᠢᠭᠦᠯᠵᠦ᠂ ᠡᠪᠡᠳᠴᠢᠨ ᠠᠴᠠ ᠪᠣᠯᠵᠣ | ᠶᠠᠳᠠᠭᠤᠷᠠᠭᠰᠠᠨ 3601 ᠬᠥᠮᠦᠨ ᠠᠮᠠ ᠳᠤ ᠡᠮ ᠡᠮᠨᠡᠯᠭᠡ ᠶᠢᠨ ᠪᠠᠲᠤᠯᠠᠭ᠎ᠠ ᠤᠯᠭᠤᠵᠤ᠂ 4707 ᠬᠥᠮᠦᠨ | ᠠᠮᠠ ᠳᠤ ᠶᠠᠳᠠᠭᠤ ᠶᠢ ᠲᠡᠳᠬᠦᠬᠦ ᠦᠨᠳᠦᠰᠦᠨ ᠪᠠᠲᠤᠯᠠᠪᠤᠷᠢ ᠤᠯᠭᠤᠵᠤ ᠂ ᠨᠡᠶᠢᠭᠡᠮ ᠤᠨ ᠶᠠᠳᠠᠭᠤ ᠶᠢ ᠲᠡᠳᠬᠦᠬᠦ᠂ | ᠪᠡᠭᠡᠵᠢᠩ ᠥᠪᠥᠷ ᠮᠣᠩᠭᠤᠯ ︵ᠼᠣᠣ ᠵᠦᠸᠧ︶᠂ ᠳᠤᠮᠳᠠᠳᠤ ᠤᠯᠤᠰ ᠤᠨ ᠲᠠᠯᠠᠢ ᠲᠠᠩᠭᠢᠰ ᠤᠨ ᠴᠢᠯᠠᠭᠤᠨ | ᠲᠤᠰᠤᠨ ᠤ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠡᠯᠡ ᠮᠥᠩᠭᠦ 6000 ᠭᠠᠷᠤᠢ ᠲᠦᠮᠡᠨ | ᠲᠥᠭᠦᠷᠢᠭ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠲᠥᠷᠥᠯ ᠵᠦᠶᠯ 22 ᠪᠤᠯᠪᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠥᠪ ᠪᠠᠶᠢᠭᠤᠯᠵᠤ᠂ 10 ᠭᠠᠷᠤᠶ ᠣᠷᠣᠨ ᠨᠤᠲᠤᠭ ᠤᠨ ᠦᠢᠯᠡᠳᠬᠦᠨ 4 ᠠᠵᠤ | ᠠᠬᠤᠶᠢᠯᠠᠯ ᠡᠯᠧᠺᠲᠷᠣᠨ ᠬᠤᠳᠠᠯᠳᠤᠭ᠎ᠠ ᠶᠢᠨ ᠲᠠᠪᠴᠠᠩ ᠢ ᠠᠰᠢᠭᠯᠠᠨ ᠳᠠᠮᠵᠢᠭᠤᠯᠤᠨ ᠪᠤᠷᠤᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠲᠣᠮᠢᠯᠠᠨ ᠰᠠᠭᠤᠯᠭᠠᠭᠰᠠᠨ ᠰᠢᠶᠠᠨ ᠤ ᠶᠠᠳᠠᠭᠤ ᠶᠢ ᠲᠡᠳᠬᠦᠬᠦ ᠶᠡᠷᠦᠩᠬᠡᠶ ᠠᠩᠭᠢ ᠶᠢᠨ ᠳᠡᠮᠵᠢᠯᠭᠡ | ᠳᠣᠣᠷ᠎ᠠ ︽ᠤᠯᠤᠰ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠨ | ᠵᠢᠱᠢᠶ᠎ᠡ ᠦᠵᠡᠭᠦᠯᠬᠦ ᠰᠢᠶᠠᠨ︾ ᠢ ᠠᠮᠵᠢᠯᠲᠠ ᠲᠠᠢ ᠪᠦᠳᠦᠬᠡᠨ ᠪᠠᠶᠢᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠭᠰᠠᠨ | ᠦᠷ᠎ᠡ ᠪᠦᠲᠦᠮᠵᠢ ᠢᠯᠡᠷᠬᠡᠶ ᠪᠠᠶᠢᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠠᠷᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ | ᠤᠨ ᠥᠪᠥᠷ ᠮᠣᠩᠭᠤᠯ ᠳᠤ ᠪᠠᠶᠢᠭ᠎ᠠ ᠬᠤᠭᠤᠴᠠᠭᠠᠨ ᠳᠤ ᠲᠤᠰᠢᠶᠠᠨ ᠥᠭᠴᠦ ᠭᠦᠢᠴᠡᠳᠬᠡᠭᠦᠯᠦᠭᠰᠡᠨ ᠣᠷᠴᠢᠨ | ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ 12 ᠵᠤᠷᠪᠦᠰ ᠢ ᠪᠦᠬᠦᠨ ᠢ ᠰᠢᠶᠳᠪᠦᠷᠢᠯᠡᠵᠦ ᠳᠠᠭᠤᠰᠬᠠᠪᠠ᠃ | ᠠᠭᠠᠷ ᠮᠠᠨᠳᠠᠯ ᠤᠨ ᠪᠣᠬᠢᠷᠲᠤᠯ ᠢ ᠴᠢᠩᠭ᠎ᠠ ᠴᠡᠭᠴᠡᠯᠡᠨ ᠵᠠᠰᠠᠵᠤ᠂ 10 ᠲᠣᠨ ᠠᠴᠠ ᠳᠣᠷᠣᠭᠰᠢᠬᠢ ᠠᠭᠤᠷᠰᠢᠭᠤᠯᠬᠤ | ᠴᠢᠳᠠᠪᠬᠢᠲᠤ ᠨᠡᠭᠦᠷᠡᠰᠦ ᠰᠢᠲᠠᠭᠠᠬᠤ ᠵᠤᠤᠬ᠎ᠠ 9 ᠶᠢ ᠵᠤᠭᠰᠤᠭᠠᠨ᠂ ᠬᠤᠸᠠ ᠢ ᠵᠦᠸᠧᠽᠢ ᠢᠯᠴᠢᠨ ᠡᠨᠧᠷᠭᠢ ᠶᠢᠨ | ᠬᠡᠳᠤ ᠳᠣᠣᠷ᠎ᠠ ᠭᠠᠳᠠᠭᠰᠢᠯᠠᠭᠤᠯᠤᠯᠲᠠ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠦᠭᠡᠳ | ᠠᠭᠠᠷ ᠤᠨ ᠶᠠᠰᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠪᠠᠶᠢᠭᠤᠯᠪᠠ᠃ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠶᠢᠨ ᠬᠦᠴᠦᠯᠡᠴᠡ ᠶᠢ ᠠᠬᠢᠭᠤᠯᠵᠤ᠂ ᠬᠡᠲᠦᠷᠡᠲᠡᠯ᠎ᠡ ᠠᠪᠤᠭᠰᠠᠨ ᠣᠷᠣᠨ ᠤ ᠤᠰᠤᠨ | ᠰᠤᠷᠪᠤᠯᠵᠢ ᠶᠢᠨ ᠬᠤᠳᠳᠤᠭ 9 ᠨᠦᠬᠡ ᠮᠠᠯᠲᠠᠨ᠂ ᠬᠤᠲᠠ ᠶᠢᠨ ᠲᠣᠭᠤᠷᠢᠭ ᠤᠨ ᠦᠶᠡᠷ ᠵᠠᠯᠠᠬᠤ ᠰᠤᠪᠠᠭ ᠤᠨ | ᠪᠣᠬᠢᠷ ᠦᠮᠡᠬᠡᠶ ᠤᠰᠤᠨ ᠴᠣᠭᠴᠠ ᠶᠢ ᠵᠠᠰᠠᠵᠤ᠂ ᠵᠦᠸᠧ ᠬᠤᠸᠠ ᠪᠣᠬᠢᠷ ᠤᠰᠤ ᠶᠢ ᠰᠢᠶᠳᠪᠦᠷᠢᠯᠡᠬᠦ ᠦᠢᠯᠡᠳᠪᠦᠷᠢ | ᠪᠣᠯᠤᠨ ᠴᠢ ᠰᠢᠶᠠ ᠶᠢᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠥᠭᠡᠷᠡᠴᠢᠯᠡᠬᠦ ᠵᠢᠱᠢᠶ᠎ᠡ ᠦᠵᠡᠭᠦᠯᠬᠦ | ᠠᠵᠢᠯᠯᠠᠭ᠎ᠠ ᠢ ᠪᠡᠶᠡᠯᠡᠭᠦᠯᠵᠦ᠂ ᠵᠦᠸᠧ ᠬᠤᠸᠠ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠳᠤᠮᠳᠠᠬᠢ | ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ᠂ ᠢ ᠳ᠋ᠦᠩ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ | ᠬᠠᠶᠠᠭᠳᠠᠮᠠᠯ ᠤᠰᠤ ᠰᠢᠶᠳᠪᠦᠷᠢᠯᠡᠬᠦ ᠵᠢᠴᠢ ᠪᠣᠬᠢᠷᠲᠤᠯ ᠭᠠᠳᠠᠭᠰᠢᠯᠠᠭᠤᠯᠬᠤ ᠢᠨᠵᠧᠨᠧᠷᠢᠩ ᠦᠨᠳᠦᠰᠦᠨ ᠳᠡᠭᠡᠨ | ᠪᠠᠶᠢᠭᠤᠯᠵᠤ ᠳᠠᠭᠤᠰᠬᠠᠵᠤ᠂ ᠶᠡᠭᠡ ᠲᠦᠷᠭᠡᠨ ᠭᠤᠣᠯ ᠤᠨ ᠭᠡᠪᠲᠡᠭᠡ ᠪᠤᠷᠬᠠᠨ ᠠᠭᠤᠯᠠ ᠳᠠᠬᠢ ᠤᠰᠤᠨ ᠤ ᠴᠢᠨᠠᠷ ᠤᠨ | ᠠᠦ᠋ᠲ᠋ᠣ᠋ ᠬᠢᠨᠠᠨ ᠬᠡᠮᠵᠢᠬᠦ ᠥᠷᠲᠡᠭᠡ ᠪᠠᠶᠢᠭᠤᠯᠵᠤ᠂ ᠶᠡᠭᠡ ᠲᠦᠷᠭᠡᠨ ᠭᠤᠣᠯ ᠤᠨ ᠰᠠᠪᠠ ᠭᠠᠵᠠᠷ ᠤᠨ ᠪᠣᠬᠢᠷ ᠤᠰᠤ | ᠲᠡᠭ ᠭᠠᠳᠠᠭᠰᠢᠯᠲᠠ ᠶᠢ ᠪᠠᠲᠤᠯᠠᠪᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠢ ᠴᠢᠩᠭᠠᠳᠬᠠᠵᠤ᠂ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠵᠠᠰᠠᠯᠲᠠ ᠶᠢ ᠲᠦᠯᠬᠢᠨ ᠠᠬᠢᠭᠤᠯᠵᠤ᠂ ᠬᠢᠮᠢ ᠶᠢᠨ ᠪᠤᠷᠳᠤᠭᠤᠷ᠂ | ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠶ ᠪᠠᠷ ᠪᠠᠭᠠᠰᠬᠠᠵᠤ᠂ ᠬᠠᠤᠯᠢ ᠪᠤᠰᠤ ᠪᠠᠷ ᠴᠢᠯᠠᠭᠤ ᠭᠠᠷᠭᠠᠬᠤ᠂ | ᠡᠯᠡᠰᠦ ᠮᠠᠯᠲᠠᠬᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠂ ᠲᠣᠰᠣ ᠨᠡᠮᠡᠬᠦ ᠥᠷᠲᠡᠭᠡᠨ ᠤ | ᠭᠠᠵᠠᠷ ᠳᠣᠤᠷᠠᠬᠢ ᠲᠣᠰᠣᠨ ᠰᠠᠪᠠ ᠶᠢᠨ ᠲᠣᠰᠣ ᠨᠡᠪᠴᠢᠬᠦ ᠶᠢ ᠰᠡᠷᠭᠡᠶᠢᠯᠡᠨ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠳᠠᠬᠢ ᠬᠠᠲᠠᠭᠤ ᠪᠡᠶᠡᠲᠦ ᠬᠠᠶᠠᠭᠳᠠᠮᠠᠯ ᠰᠢᠭᠠᠷᠤ | ᠰᠢᠢᠳᠪᠦᠷᠢᠯᠡᠬᠦ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠳᠠᠯᠠᠨ ᠬᠠᠷ᠎ᠠ ᠠᠭᠤᠯᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠦᠴᠦᠯᠡᠴᠡ ᠪᠠᠨ | ᠴᠢᠩᠭᠠᠳᠬᠠᠵᠤ᠂ ᠬᠠᠮᠠᠭᠠᠯᠠᠯᠲᠠ ᠶᠢᠨ ᠣᠷᠣᠨ ᠤ ᠳᠣᠲᠣᠷ᠎ᠠ ᠠᠭᠤᠷᠬᠠᠶ ᠶᠢᠨ ᠠᠵᠤ ᠠᠬᠤᠶᠢᠯᠠᠯ ᠤᠨ ᠪᠠᠷᠢᠯᠭ᠎ᠠ ᠪᠠ | ᠲᠤᠨᠤᠭ ᠲᠥᠬᠦᠭᠡᠷᠦᠮᠵᠢ ᠢ ᠪᠦᠬᠦᠨ ᠢ ᠨᠢ ᠨᠤᠷᠠᠭᠠᠬᠤ ᠶᠢᠨ ᠬᠠᠮᠲᠤ ᠤᠷᠭᠤᠮᠠᠯ ᠤᠨ ᠬᠤᠴᠢᠯᠭ᠎ᠠ ᠪᠠᠷ ᠰᠡᠷᠭᠦᠭᠡᠨ | ᠵᠠᠰᠠᠭᠰᠠᠨ ᠪᠠᠶᠢᠨ᠎ᠠ᠃ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠵᠦ᠂ ᠪᠥᠬᠦ ᠵᠢᠯ ᠲᠤ ᠤᠢ ᠰᠢᠭᠤᠶ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ 3. | 62 ᠲᠦᠮᠡᠨ ᠮᠦ ᠂ ᠤᠯᠤᠰ ᠤᠨ ᠤᠢ ᠰᠢᠭᠤᠶ ᠶᠢᠨ ᠭᠤᠣᠯᠳᠠᠯᠭ᠎ᠠ ᠲᠠᠢ ᠢᠨᠵᠧᠨᠧᠷᠢᠩ ᠤᠨ 2.8 ᠲᠦᠮᠡᠨ ᠮᠦ | ᠪᠡᠶᠡᠯᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠪᠡᠭᠡᠵᠢᠩ | ᠲᠢᠶᠠᠨᠵᠢᠨ ᠤ ᠡᠯᠡᠰᠦᠨ ᠤ ᠢᠷᠡᠯᠲᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ | ᠶᠡᠷᠦᠩᠬᠡᠶᠢᠯᠡᠨ ᠵᠠᠰᠠᠭᠰᠠᠨ ᠲᠠᠯᠠᠪᠠᠶ 173 ᠲᠡᠭᠰᠢ ᠳᠥᠷᠪᠡᠯᠵᠢᠨ ᠺᠢᠯᠣᠮᠧᠲᠷ ᠬᠦᠷᠴᠦ ᠂ ᠬᠦᠬᠡ ᠲᠡᠭᠷᠢ ᠬᠥᠬᠡᠮᠳᠦᠭ | ᠤᠰᠤ ᠲᠠᠢ ᠰᠠᠶᠢᠢᠨ ᠰᠠᠶᠢᠬᠠᠨ ᠠᠮᠢ ᠠᠬᠤᠶ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠪᠠᠶᠢᠨ᠎ᠠ᠃ | | ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠰᠢᠨ᠎ᠡ ᠠᠬᠢᠴᠠ ᠲᠠᠢ ᠪᠣᠯᠭᠠᠪᠠ᠃ ᠤᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠦᠶᠲᠡᠨ ᠰᠡᠷᠢᠭᠦᠨ ᠢᠳᠡᠰᠢᠨ | ᠨᠣᠭᠤᠭ᠎ᠠ ᠂ ᠲᠥᠮᠥᠰᠥ ᠂ ᠨᠣᠬᠠᠶ ᠶᠢᠨ ᠬᠤᠰᠢᠭᠤ ᠂ ᠭᠠᠭ᠋ᠠᠶ ᠂ ᠥᠨᠳᠡᠭᠡᠨ ᠲᠠᠬᠢᠶ᠎ᠠ ᠪᠠᠷ ᠭᠤᠣᠯ ᠪᠣᠯᠭᠠᠭᠰᠠᠨ | ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ ᠣᠨᠴᠠᠯᠢᠭ ᠪᠥᠬᠦᠶ ᠠᠵᠤ ᠦᠶᠯᠡᠰ ᠢ ᠦᠷᠭᠦᠯᠵᠢᠯᠡᠨ ᠪᠠᠬᠢᠵᠢᠭᠦᠯᠵᠦ | ᠂ ᠡᠯ᠎ᠡ ᠵᠦᠢᠯ ᠤᠨ ᠬᠡᠯᠪᠡᠷᠢ ᠶᠢᠨ ᠰᠢᠨ᠎ᠡ ᠮᠠᠶ᠋ᠢᠭ ᠤᠨ ᠲᠠᠷᠢᠶᠠᠯᠠᠩ ᠤᠨ ᠪᠡᠶᠡᠴᠢ ᠴᠣᠭᠴᠠ ᠲᠠᠰᠤᠷᠠᠯᠲᠠ ᠥᠬᠡᠶ | ᠢᠯᠡᠷᠡᠵᠦ᠂ ᠲᠠᠷᠢᠶᠠᠴᠢᠨ ᠡᠷᠦᠬᠡ ᠶᠢᠨ ᠠᠰᠢᠭ ᠲᠤᠰᠠ ᠲᠠᠢ ᠨᠡᠩ ᠢᠯᠡᠭᠦᠦ ᠨᠢᠭᠲᠠᠷᠠᠪᠠ᠃ ᠨᠢᠭᠡ ᠪᠦᠯᠦᠭ | ᠣᠨᠴᠠᠯᠢᠠᠠᠳᠣ ᠲᠠᠷᠢᠮᠠᠯ᠂ ᠲᠡᠵᠢᠭᠡᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ | ᠵᠡᠷᠭᠡ ᠭᠠᠴᠠᠭᠠᠨ ᠤ ᠳᠡᠰ ᠤᠨ ᠬᠠᠮᠲᠤ ᠶᠢᠨ ᠠᠵᠤ ᠠᠬᠤᠶ ᠲᠦᠷᠭᠡᠨ ᠬᠥᠭᠵᠢᠵᠦ᠂ ᠬᠥᠳᠡᠭᠡ ᠲᠣᠰᠬᠤᠨ ᠤ ᠠᠵᠤ | ᠠᠬᠤᠶ ᠶᠢᠨ ᠬᠥᠭᠵᠢᠯᠲᠡ ᠳᠤ ᠰᠢᠨ᠎ᠡ ᠠᠮᠢᠳᠤᠯᠢᠭ ᠬᠦᠴᠦᠨ ᠨᠡᠮᠡᠷᠢᠯᠡᠪᠡ᠃᠂ ᠠᠵᠤ ᠤᠶᠢᠯᠡᠳᠪᠦᠷᠢᠯᠡᠯ ᠠᠵᠤ | ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠪᠡ ᠃ ᠪᠦᠬᠦ ᠰᠢᠶᠠᠨ ᠤ ᠴᠠᠬᠢᠯᠭᠠᠨ ᠬᠦᠴᠦᠨ᠂ | ᠡᠾᠯᠤᠷ ᠬᠤᠵᠢᠷ ᠤᠨ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠵᠡᠷᠭᠡ ᠭᠤᠣᠯᠯᠠᠬᠤ ᠠᠵᠤ | ᠦᠢᠯᠡᠰ ᠤᠨ ᠦᠢᠯᠡᠳᠬᠦᠨ ᠤ ᠦᠷᠳᠡᠭ 92.59% ᠶᠢ ᠡᠵᠡᠯᠡᠵᠦ᠂ 12 ᠡᠷᠤᠬᠡ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠤᠶᠢᠢᠯᠡᠳᠭᠡᠭᠦᠨ ᠤ ᠦᠷᠳᠡᠭ 51.47 ᠳ᠋ᠦᠩᠰᠢᠭᠤᠷ | ᠲᠥᠭᠦᠷᠢᠭ ᠲᠤ ᠬᠦᠷᠴᠦ᠂ ᠡᠵᠡᠯᠡᠬᠦ ᠬᠠᠷᠢᠴᠠᠯ ᠨᠢ 90% ᠠᠴᠠ ᠳᠡᠭᠡᠭᠰᠢ ᠪᠠᠶᠢᠵᠤ᠂ ᠰᠢᠨ᠎ᠡ ᠡᠨᠧᠷᠬᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠲᠦᠷᠭᠡᠪᠴᠢᠯᠡᠨ ᠬᠦᠭᠵᠢᠵᠦ᠂ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ | ᠨᠢ 15 ᠳ᠋ᠦᠩᠰᠢᠭᠤᠷ ᠲᠥᠭᠦᠷᠢᠭ ᠤᠨ ᠰᠢᠩ ᠹᠧᠩ ᠯᠢᠲ᠋ᠢ ᠴᠠᠬᠢᠯᠭᠠᠨ ᠴᠡᠨᠡᠭ ᠤᠨ ᠲᠦᠷᠦᠯ ᠵᠦᠢᠯ ᠤᠨ ᠲᠤᠨᠤᠭ | ᠲᠥᠬᠦᠭᠡᠷᠦᠮᠵᠢ ᠶᠢ ᠤᠭᠰᠠᠷᠠᠨ ᠲᠣᠨᠣᠭᠯᠠᠬᠤ ᠠᠵᠢᠯᠯᠠᠭ᠎ᠠ ᠳᠠᠭᠤᠰᠴᠦ᠂ ᠵᠦᠸᠧ ᠳ᠋ᠠ ᠪᠠᠯ ᠴᠢᠯᠠᠭᠤ᠂ ᠵᠢᠶᠠ | ᠵᠤᠸᠠᠨ ᠭᠦᠢ ᠢᠳᠡᠭᠡᠨ ᠤ ᠲᠥᠷᠥᠯ ᠵᠦᠶᠯ ᠪᠠᠷᠢᠯᠭ᠎ᠠ ᠶᠢᠨ ᠠᠵᠢᠯ ᠡᠬᠢᠯᠡᠵᠦ᠂ ᠽᠢ ᠴᠧᠨ ᠯᠢᠲ᠋ᠢ ᠳ᠋ᠢᠶᠠᠨ ᡂᠢ ᠵᠡᠷᠭᠡ | ᠲᠥᠷᠥᠯ ᠵᠦᠶᠯ ᠤᠨ ᠭᠡᠷ᠎ᠡ ᠲᠣᠭᠲᠠᠵᠤ ᠨᠠᠶᠢᠳᠠᠪᠤᠷᠢᠵᠢᠭᠤᠯᠤᠭᠰᠠᠨ ᠪᠠᠶᠢᠨ᠎ᠠ᠃ ᠭᠤᠷᠪᠠᠳᠤᠭᠠᠷ ᠠᠵᠤ ᠦᠢᠯᠡᠰ ᠤᠨ | ᠥᠷᠨᠢᠩᠭᠦᠶ ᠪᠠᠷ ᠬᠥᠭᠵᠢᠵᠦ ᠪᠠᠶᠢᠨ᠎ᠠ᠃ ᠵᠢᠭᠤᠯᠴᠢᠯᠠᠯ ᠤᠨ ᠦᠢᠯᠡᠰ ᠦᠳᠲᠡᠷ ᠲᠦᠷᠭᠡᠨ ᠬᠥᠭᠵᠢᠵᠦ᠂ ᠮᠠᠨ ᠤ | ᠰᠢᠶᠠᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠰᠢᠶᠠᠨ ᠳᠤ ᠰᠣᠩᠭᠤᠭᠳᠠᠨ ᠤᠷᠤᠵᠤ᠂ ᠪᠡᠭᠡᠵᠢᠩ ᠤᠨ ᠵᠤᠭᠠᠴᠠᠯ ᠤᠨ ᠬᠤᠷᠢᠶ᠎ᠠ ᠶᠢᠨ ᠳᠡᠮᠵᠢᠯᠭᠡ ᠳᠣᠣᠷ᠎ᠠ ᠪᠥᠬᠦ | ᠣᠷᠣᠨ ᠪᠦᠰᠡ ᠶᠢᠨ ᠵᠢᠭᠤᠯᠴᠢᠯᠠᠯ ᠬᠥᠭᠵᠢᠯᠲᠡ ᠶᠢᠨ ᠲᠥᠯᠥᠪᠵᠢᠭᠦᠯᠭᠡ ᠶᠢ ᠪᠦᠭᠦ ᠬᠤᠲᠠ ᠳᠤ ᠤᠷᠢᠳᠴᠢᠯᠠᠨ | ᠲᠤᠭᠲᠠᠭᠠᠵᠤ᠂ ᠬᠤᠩ ᠱᠢ ᠶᠠ᠂ ᠶᠢᠰᠦᠨ ᠪᠤᠯᠠᠭ ᠤᠨ ᠳᠤᠬᠤᠢ᠂ ᠯᠢᠨ ᠬᠤᠤ ᠡᠷᠲᠡᠨ ᠤ ᠬᠤᠲᠠ᠂ ᠫᠢᠩ ᠳ᠋ᠢᠩ | ᠱᠠᠨ ᠠᠭᠤᠯᠠ ᠵᠡᠷᠭᠡ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠶᠯ ᠵᠢᠴᠢ ᠰᠢᠨ᠎ᠡ ᠴᠣᠭᠴᠠᠯᠠᠭᠰᠠᠨ | ᠣᠨᠴᠠᠯᠢᠭ ᠪᠦᠬᠦᠢ ᠵᠠᠩ ᠠᠭᠠᠯᠢ ᠶᠢᠨ ᠵᠢᠭᠤᠯᠴᠢᠯᠠᠯ᠂ ᠬᠥᠳᠡᠭᠡ ᠶᠢᠨ ᠵᠢᠭᠤᠯᠴᠢᠯᠠᠯ ᠂ ᠵᠤᠭᠠᠴᠠᠯ ᠢᠶᠠᠷ ᠶᠠᠳᠠᠭᠤ ᠶᠢ | ᠲᠡᠳᠬᠦᠬᠦ ᠵᠢᠱᠢᠶ᠎ᠡ ᠦᠵᠡᠭᠦᠯᠬᠦ ᠡᠷᠦᠬᠡ ᠬᠠᠷᠢᠯᠴᠠᠨ ᠠᠪᠴᠠᠯᠳᠤᠵᠤ ᠂ 2018 ᠣᠨ ᠳᠤ᠂ ᠪᠦᠬᠦ ᠰᠢᠶᠠᠨ ᠤ | ᠵᠢᠭᠤᠯᠴᠢᠯᠠᠯ ᠤᠨ ᠪᠡᠯᠡ ᠣᠷᠣᠭᠤᠯᠤᠯᠲᠠ 8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠤᠮᠳᠠᠳᠤ ᠭᠠᠳᠠᠭᠠᠳᠤ ᠶᠢᠨ | ᠵᠤᠭᠠᠴᠠᠭᠰᠠᠳ 81.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 1.34 | ᠳ᠋ᠦᠩᠰᠢᠭᠤᠷ ᠲᠥᠭᠦᠷᠢᠭ ᠬᠦᠷᠦᠭᠰᠡᠨ ᠪᠠᠶᠢᠨ᠎ᠠ᠃ ᠬᠤᠳᠠᠯᠳᠤᠭ᠎ᠠ ᠠᠷᠠᠯᠵᠢᠶ᠎ᠠ ᠡᠳ᠋ ᠪᠠᠷᠠᠭᠠᠨ ᠤ ᠭᠦᠢᠯᠭᠡᠭᠡ ᠡᠳᠦᠷ | ᠢᠷᠡᠬᠦᠶ᠎ᠡ ᠬᠥᠭᠵᠢᠶᠡᠨ ᠲᠠᠢ ᠪᠣᠯᠵᠣ᠂ ᠳ᠋ᠢᠩ ᠱᠧᠩ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠪᠦᠬᠦ ᠲᠠᠯ᠎ᠠ ᠪᠠᠷ | ᠠᠰᠢᠭᠯᠠᠯᠲᠠ ᠳᠤ ᠤᠷᠤᠵᠤ᠂ ᠱᠢ ᠵᠢᠢ ᠯᠢᠶᠠᠨ ᠬᠤᠸᠠ ᠬᠡᠳᠦ ᠳᠡᠯᠭᠡᠭᠦᠷ᠂ ᠰᠦ ᠨᠢᠩ ᠢ ᠭᠧᠦ᠂ ᠺᠢᠨᠣ᠋ ᠦᠷᠲᠡᠭᠡ | ᠵᠡᠷᠭᠡ ᠨᠢᠭᠡ ᠪᠦᠯᠦᠭ ᠨᠥᠯᠥᠭᠡᠯᠡᠬᠦ ᠬᠦᠴᠦᠨ ᠲᠠᠢ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠬᠡᠷᠡᠭᠯᠡᠭᠡᠨ ᠳᠤ | ᠣᠷᠣᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠦᠷᠨᠢᠨ ᠰᠤᠮᠤ ᠶᠢᠨ ᠱᠠᠲᠤᠨ ᠤ | ᠦᠢᠯᠡᠴᠢᠯᠡᠬᠦ ᠴᠡᠭ 7᠂ ᠭᠠᠴᠠᠭᠠᠨ ᠤ ᠱᠠᠲᠤᠨ ᠤ ᠦᠢᠯᠡᠴᠢᠯᠡᠬᠦ ᠴᠡᠭ 51 ᠪᠠᠶᠢᠭᠤᠯᠵᠤ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠰᠢᠶᠠᠨ ᠤ ᠬᠡᠪᠴᠢᠶᠡᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠪᠤᠯᠵᠤ | ᠪᠠᠶᠢᠨ᠎ᠠ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠨ᠎ᠡ ᠰᠢᠪᠲᠤᠯᠤᠯᠲᠠ ᠲᠠᠢ ᠪᠤᠯᠪᠠ᠃ ᠭᠠᠵᠠᠷ | ᠰᠢᠷᠣᠶ ᠶᠢᠨ ᠡᠷᠬᠡ ᠨᠤᠲᠠᠯᠠᠬᠤ ᠠᠵᠢᠯ ᠢ ᠠᠯᠬᠤᠮ ᠳᠠᠷᠠᠭ᠎ᠠ ᠲᠠᠢ ᠨᠡᠶᠢᠳᠠᠪᠦᠷᠢᠵᠢᠭᠤᠯᠵᠤ᠂ ᠪᠦᠬᠦ ᠰᠢᠶᠠᠨ ᠤ ᠭᠠᠵᠠᠷ | ᠰᠢᠷᠣᠶ ᠶᠢᠨ ᠡᠷᠬᠡ ᠨᠤᠲᠠᠯᠠᠭᠰᠠᠨ ᠶᠡᠷᠦᠩᠬᠡᠶ ᠲᠠᠯᠠᠪᠠᠢ 67.44 ᠲᠦᠮᠡᠨ ᠮᠦ ᠬᠦᠷᠴᠦ᠂ ᠳ᠋ᠠᠶᠢᠲ᠋ᠠ ᠬᠥᠮᠥᠷᠭᠡ ᠶᠢ | ᠨᠢᠭᠡᠨᠲᠡ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ ᠲᠤᠰᠢᠶᠠᠨ ᠬᠢᠨᠠᠨ ᠬᠠᠷᠭᠤᠭᠤᠯᠵᠤ | ᠪᠠᠲᠤᠯᠠᠭᠤᠯᠪᠠ ᠂ ᠨᠤᠲᠤᠭ ᠪᠡᠯᠴᠢᠭᠡᠷ ᠤᠨ ᠡᠷᠬᠡ ᠨᠤᠲᠤᠯᠠᠬᠤ ᠠᠵᠢᠯ ᠤᠨ ᠬᠡᠮᠵᠢᠨ ᠵᠢᠷᠤᠬᠤ ᠲᠠᠯᠠᠪᠠᠶ 197 | ᠲᠦᠮᠡᠨ ᠮᠥ ᠪᠡᠶᠡᠯᠡᠭᠦᠯᠵᠦ᠂ ᠨᠤᠲᠤᠭ ᠪᠡᠯᠴᠢᠭᠡᠷ ᠤᠨ ᠵᠠᠭᠠᠭ ᠱᠤᠭᠤᠮ ᠨᠢᠭᠡᠨᠲᠡ ᠪᠦᠬᠦᠳᠡ ᠢ ᠨᠢ ᠵᠢᠷᠤᠨ | ᠲᠣᠭᠲᠠᠭᠠᠵᠤ᠂ ᠲᠠᠷᠢᠶᠠᠴᠢᠨ ᠡᠷᠦᠬᠡ ᠶᠢᠨ ᠦᠨᠳᠦᠰᠦᠨ ᠮᠡᠳᠡᠭᠡ ᠵᠠᠩᠭᠢ ᠶᠢᠨ ᠬᠤᠶᠠᠳᠤᠬᠢ ᠤᠳᠠᠭᠠᠨ ᠤ ᠨᠤᠲᠠᠯᠠᠬᠤ | ᠠᠵᠢᠯ ᠢ ᠬᠢᠵᠦ᠂ 109 ᠭᠠᠴᠠᠭᠠᠨ ᠤ ᠡᠳ᠋ ᠬᠥᠷᠥᠩᠭᠡ ᠪᠦᠷᠢᠳᠬᠡᠨ ᠬᠠᠷᠭᠤᠭᠤᠯᠬᠤ ᠠᠵᠢᠯ ᠢ ᠪᠦᠬᠦᠨ ᠢ | ᠳᠠᠭᠤᠰᠬᠠᠵᠠᠶ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠪᠡ᠃ ︽ᠬᠤᠤᠰ ᠳᠠᠰᠢᠷᠠᠮ ᠨᠢᠬᠡ ᠶᠢ ᠢᠯᠡ ᠪᠤᠯᠭᠠᠬᠤ︾ ᠬᠢᠨᠠᠯᠲᠠ ᠬᠠᠮᠢᠶᠠᠷᠤᠯᠲᠠ ᠪᠠ ︽ᠤᠯᠠᠨ | ᠦᠨᠡᠮᠯᠡᠯ ᠢ ᠨᠢᠭᠡᠳᠭᠡᠬᠦ︾ ︽ᠬᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ︽ᠳᠠᠷᠦ᠋ᠢᠬᠠᠨ ᠰᠢᠢᠳᠪᠦᠷᠢᠯᠡᠬᠦ︾ 14 ᠵᠤᠷᠪᠤᠰ ᠡᠮᠬᠢᠯᠡᠨ ᠭᠠᠷᠭᠠᠵᠤ᠂ ᠰᠦᠯᠵᠢᠶᠡᠨ ᠳᠡᠭᠡᠷ᠎ᠡ | ᠭᠦᠢᠴᠡᠳᠬᠡᠬᠦ 9 ᠵᠤᠷᠪᠤᠰ᠂ ᠣᠶᠢᠷ᠎ᠠ ᠬᠠᠪᠢ ᠳᠤᠨᠢ ᠰᠢᠶᠳᠪᠦᠷᠢᠯᠡᠬᠦ 8 ᠵᠤᠷᠪᠤᠰ᠂ ᠨᠢᠭᠡ ᠯᠡ ᠤᠳᠠᠭ᠎ᠠ ᠳᠤ | ᠰᠢᠶᠳᠪᠦᠷᠢᠯᠡᠬᠦ 17 ᠵᠤᠷᠪᠤᠰ ᠶᠠᠭ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠣᠩᠬᠤ ᠳᠤ | ᠨᠡᠶᠢᠳᠡᠯᠡᠨᠨᠡᠶᠢᠳᠠᠪᠦᠷᠢᠵᠢᠭᠤᠯᠵᠤ ᠂ ︽ᠬᠤᠰᠢᠭᠤ ᠰᠢᠶᠠᠨ ᠤ ᠱᠠᠲᠤᠨ ᠤ ᠡᠷᠬᠡ ᠶᠢᠨ ᠵᠦᠶᠯᠡᠰ︾ ᠳᠤ | ᠱᠠᠭᠠᠷᠳᠠᠭᠰᠠᠨ ᠢᠶᠠᠷ᠂ ᠡᠷᠬᠡ ᠶᠢᠨ ᠨᠠᠷᠢᠨ ᠬᠠᠭᠤᠳᠠᠰᠤ 10 ᠲᠦᠷᠤᠯ ᠵᠦᠢᠯ 6205 ᠵᠤᠷᠪᠤᠰ ᠡᠮᠬᠢᠯᠡᠨ | ᠲᠡᠭᠦᠯᠳᠡᠷᠵᠢᠭᠦᠯᠵᠦ᠂ ᠬᠠᠤᠯᠢ ᠶᠣᠰᠣᠴᠢ ᠴᠢᠨᠠᠷ ᠢ ᠨᠢ ᠨᠢᠭᠡᠨᠲᠡ ᠬᠢᠨᠠᠨ ᠪᠠᠶᠢᠴᠠᠭᠠᠵᠤ ᠵᠠᠰᠠᠭ ᠤᠨ ᠣᠷᠳᠣᠨ ᠤ | ᠰᠦᠯᠵᠢᠶ᠎ᠡ ᠳᠤ ᠨᠡᠶᠢᠳᠡᠯᠡᠪᠡ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠡᠳ᠋ ᠤᠨ ᠵᠠᠰᠠᠭ ᠭᠠᠶᠢᠯᠢ ᠮᠥᠩᠭᠦᠨ ᠭᠦᠶᠯᠭᠡᠭᠡᠨ᠂ ᠦᠯᠦ ᠬᠥᠳᠡᠯᠬᠦ ᠬᠦᠷᠦᠩᠭᠡ ᠶᠢᠨ ᠳᠠᠩᠰᠠᠯᠠᠯ ᠂ | ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ | ᠪᠠᠶᠢᠨ᠎ᠠ᠃ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠰᠢᠨ᠎ᠡ ᠳᠦᠷᠰᠦ ᠪᠠᠶᠢᠳᠠᠯ ᠢᠯᠡᠷᠡᠵᠡᠢ᠃ ᠤᠯᠤᠰ ᠤᠨ | ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠮᠡᠷᠭᠡᠵᠢᠯ ᠤᠨ ᠦᠨᠡᠯᠡᠨ ᠵᠢᠱᠢᠵᠦ ᠬᠢᠨᠠᠨ ᠪᠠᠶᠢᠴᠠᠭᠠᠨ ᠰᠢᠯᠭᠠᠨ | ᠠᠪᠬᠤ ᠪᠠᠷ ᠪᠠᠲᠤᠯᠠᠭᠳᠠᠵᠤ᠂ ︽ᠳᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠬᠢᠵᠡᠭᠦᠯᠵᠦ᠂ ᠲᠣᠰᠬᠤᠨ ᠤ ᠳᠦᠷᠰᠦ ᠪᠠᠶᠢᠳᠠᠯ ᠢᠶᠠᠷ ᠭᠤᠣᠯ ᠪᠣᠯᠭᠠᠭᠰᠠᠨ | ᠬᠥᠳᠡᠭᠡ ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ | ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠢᠯᠡᠳᠲᠡ ᠬᠤᠪᠢᠷᠠᠯᠲᠠ ᠭᠠᠷᠴᠤ᠂ ᠬᠤᠳᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ | ᠵᠦᠸᠧᠽᠢ ᠪᠤᠯᠤᠨ ᠴᠢ ᠰᠢᠶᠠ ᠶᠢᠩ ᠪᠠᠯᠭᠠᠰᠦᠨ ᠤ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠪᠦᠳᠦᠬᠡᠨ | ᠪᠠᠶᠢᠭᠤᠯᠤᠯᠲᠠ ᠨᠡᠶᠢᠲᠡ 3875 ᠮᠧᠲᠷ ᠵᠠᠰᠠᠨ ᠮᠤᠬᠤᠷ ᠵᠠᠮ ᠢ ᠴᠦᠮ ᠨᠡᠪᠲᠡᠷᠡᠭᠦᠯᠵᠦ᠂ ᠶᠠᠪᠠᠭᠠᠨ ᠵᠠᠮ 2.5 | ᠲᠦᠮᠡᠨ ᠲᠡᠭᠰᠢ ᠳᠥᠷᠪᠡᠯᠵᠢᠨ ᠮᠧᠲᠷ ᠳᠡᠪᠢᠰᠴᠦ᠂ ᠤᠰᠤ ᠳᠠᠮᠵᠢᠭᠤᠯᠬᠤ ᠬᠤᠭᠤᠯᠠᠶ ᠶᠢᠨ ᠪᠦᠳᠦᠭᠡᠨ | ᠪᠠᠶᠢᠭᠤᠯᠤᠯᠲᠠ 3961 ᠮᠧᠲᠷ ᠪᠠᠶᠢᠭᠤᠯᠵᠤ᠂ ᠳᠦᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ 412 | ᠡᠷᠦᠬᠡ ᠥᠭᠡᠷᠡᠴᠢᠯᠡᠨ᠂ ᠴᠡᠴᠡᠷᠯᠢᠭ ᠤᠨ ᠨᠣᠭᠤᠭᠠᠷᠠᠭᠤᠯᠬᠤ ᠪᠠ ᠬᠠᠮᠢᠶᠠᠷᠬᠤ ᠵᠡᠷᠭᠡ ᠲᠤᠨᠢ ᠴᠢᠬᠤᠯᠠᠴᠢᠯᠠᠨ᠂ | ᠬᠤᠲᠠ ᠪᠠᠯᠭᠠᠰᠤ ᠶᠢᠨ ᠦᠩᠭᠡ ᠲᠦᠷᠢ ᠤᠯᠠᠮ ᠨᠢᠭᠡ ᠠᠯᠬᠤᠮ ᠰᠠᠶᠢᠵᠢᠷᠠᠪᠠ᠃ ᠴᠢ ᠰᠢᠶᠠ ᠶᠢᠩ ᠪᠠᠯᠭᠠᠰᠤᠨ ᠤ | ᠰᠠᠭᠤᠭᠠᠯᠢ ᠠᠷᠠᠳ ᠤᠨ ᠤᠯᠠᠨ ᠵᠢᠯ ᠤᠨ ᠵᠠᠮ ᠬᠠᠷᠢᠯᠴᠠᠭᠠᠨ ᠤ ᠬᠦᠴᠢᠷᠳᠡᠯ ᠂ ᠪᠤᠵᠠᠷ ᠰᠠᠮᠠᠭᠤᠨ ᠪᠠᠷᠤᠭᠲᠠᠶ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ 1.52 ᠳ᠋ᠦᠩᠰᠢᠭᠤᠷ ᠪᠡᠯᠡ ᠤᠷᠤᠭᠤᠯᠵᠤ ᠵᠠᠮ ᠬᠠᠷᠢᠯᠴᠠᠭ᠎ᠠ᠂ | ᠲᠦᠯᠡᠰᠢ᠂ ᠤᠰᠤᠨ ᠠᠰᠢᠭᠯᠠᠯᠲᠠ᠂ ᠴᠢᠮᠡᠭᠡ ᠬᠤᠯᠪᠣᠭ᠎ᠠ ᠵᠡᠷᠭᠡ ᠪᠦᠲᠦᠭᠡᠨ ᠪᠠᠶᠢᠭᠤᠯᠤᠯᠲᠠ ᠶᠢ ᠬᠢᠵᠦ ᠬᠤᠳᠠ | ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ | ᠠᠷᠠᠳ ᠤᠯᠠᠨ ᠳᠤ ᠨᠡᠩ ᠠᠷᠪᠢᠨ ᠰᠢᠨ᠎ᠡ ᠪᠣᠳᠠᠲᠤ ᠠᠰᠢᠭ ᠬᠦᠷᠲᠡᠭᠡᠪᠡ᠃ ᠣᠷᠣᠭᠤᠯᠤᠯᠲᠠ ᠶᠢᠨ ᠡᠷᠴᠢᠮ ᠢᠶᠠᠨ | ᠲᠠᠰᠤᠷᠠᠯᠲᠠ ᠦᠭᠡᠶ ᠴᠢᠩᠭᠠᠷᠠᠭᠤᠯᠵᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠭᠰᠡᠨ | ᠨᠡᠶᠢᠭᠡᠮ ᠤᠨ ᠠᠵᠢᠯ ᠦᠢᠯᠡᠰ ᠤᠨ ᠵᠠᠷᠤᠯᠭ᠎ᠠ ᠶᠢ ᠪᠦᠬᠦ ᠵᠠᠷᠤᠯᠭ᠎ᠠ ᠶᠢᠨ ᠭᠤᠷᠪᠠᠨ ᠤ ᠬᠤᠶᠠᠷ ᠬᠤᠪᠢ ᠠᠴᠠ ᠳᠡᠭᠡᠭᠰᠢ | ᠡᠵᠡᠯᠡᠭᠦᠯᠵᠦ᠂ ᠬᠥᠳᠡᠯᠮᠦᠷᠢ ᠶᠢᠨ ᠠᠵᠢᠯ ᠣᠯᠭᠤᠯᠲᠠ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠪᠠ᠃ | ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠪᠠᠲᠤᠯᠠᠵᠤ᠂ ᠬᠤᠳᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ 668 ᠬᠦᠮᠦᠨ ᠳᠤ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3. | 6% ᠳᠣᠲᠣᠷ᠎ᠠ ᠬᠢᠵᠠᠭᠠᠷᠯᠠᠨ ᠂ ᠠᠳᠠᠯ ᠦᠶᠯᠡᠰ ᠴᠣᠭᠴᠠᠯᠠᠨ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠲᠤ 2600 ᠭᠠᠷᠤᠶ ᠬᠦᠮᠦᠨ ᠤᠷᠤᠯᠴᠠᠨ᠂ ᠠᠳᠠᠯ ᠦᠶᠯᠡᠰ ᠴᠣᠭᠴᠠᠯᠠᠬᠤ ᠵᠢᠭᠡᠯᠡᠯᠭᠡ 870 | ᠲᠦᠮᠡᠨ ᠲᠥᠭᠦᠷᠢᠭ ᠲᠠᠯᠪᠢᠨ ᠂ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ 2018 | ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠰᠠᠶᠢᠨ ᠬᠢᠷᠢ ᠪᠦᠲᠦᠮᠵᠢ ᠣᠯᠵᠤ᠂ ᠵᠢᠩᠬᠢᠨᠢ | ᠠᠩᠭᠢ ᠳᠤ ᠰᠢᠯᠭᠠᠭᠠᠳ ᠤᠷᠤᠭᠰᠠᠨ ᠨᠣᠷᠮ᠎ᠠ 42.8% ᠬᠦᠷᠴᠦ᠂ ᠲᠦᠷᠦᠭᠦᠦ ᠵᠢᠯ ᠤᠨ ᠬᠢ ᠠᠴᠠ ᠪᠠᠨ ᠵᠠᠭᠤᠨ ᠤ | ᠬᠠᠷᠢᠴᠠᠯ ᠢᠶᠠᠷ 6.3 ᠬᠤᠪᠢ ᠨᠡᠮᠡᠭᠳᠡᠵᠦ᠂ ᠢᠯᠡ ᠪᠠᠷ 10 ᠨᠡᠷᠡᠰ ᠰᠢᠯᠢᠳᠡᠭ ᠣᠶᠤᠲᠠᠨ ᠤᠷᠢᠨ ᠪᠠᠭᠰᠢ ᠶᠢᠨ | ᠡᠩᠨᠡᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠠᠢ 35 ᠠᠯᠪᠠᠨ | ᠵᠠᠷᠤᠳᠠᠯ ᠤᠨ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠬᠡᠯᠡᠯᠴᠡᠭᠡᠷ ᠪᠢᠴᠢᠭ ᠲᠣᠭᠲᠠᠭᠠᠵᠤ ᠂ ᠪᠠᠭᠰᠢ ᠶᠢᠨ | ᠪᠦᠲᠦᠴᠡ ᠶᠢ ᠨᠠᠩ ᠵᠦᠢ ᠵᠣᠬᠢᠰᠲᠠᠶ ᠪᠤᠯᠭᠠᠵᠤ᠂ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠤᠨ ᠰᠤᠷᠭᠠᠨ | ᠬᠥᠮᠦᠵᠢᠯ ᠤᠨ ᠬᠤᠷᠢᠶ᠎ᠠ ᠲᠠᠢ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠵᠤ᠂ | ᠰᠤᠷᠭᠠᠭᠤᠯᠢ ᠶᠢᠨ ᠵᠠᠬᠢᠷᠤᠯ ᠲᠤ ᠲᠦᠬᠦᠮ ᠦᠵᠡᠭᠦᠯᠦᠨ ᠪᠠᠭᠰᠢ ᠳᠠᠭᠠᠭᠤᠯᠤᠨ ᠪᠡᠭᠡᠵᠢᠩ ᠳᠤ ᠬᠦᠷᠴᠦ ᠰᠤᠷᠤᠯᠴᠠᠨ | ᠰᠤᠯᠢᠯᠴᠠᠭᠰᠠᠨ ᠠᠴᠠ ᠪᠠᠭᠰᠢ ᠨᠠᠷ ᠤᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠭᠰᠡᠨ ᠪᠠᠶᠢᠨ᠎ᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠠᠷᠢᠮᠲᠠᠯᠠᠵᠤ᠂ ᠤᠯᠠᠨ ᠡᠰᠢᠴᠢᠯᠡᠯ᠂ ᠳᠡᠯᠡᠬᠡᠶᠢᠴᠢᠯᠡᠯᠲᠡ ᠶᠢᠨ | ᠰᠤᠷᠭᠠᠭᠤᠯᠢ ᠡᠷᠬᠢᠯᠡᠬᠦ᠂ ᠬᠡᠰᠡᠭ ᠰᠤᠷᠤᠭᠴᠢᠳ ᠭᠠᠳᠠᠭᠠᠳᠤ ᠳᠤ ᠠᠵᠢᠯ ᠣᠯᠭᠤᠬᠤ ᠢ ᠪᠡᠶᠡᠯᠡᠭᠦᠯᠦᠨ᠂ ᠭᠤᠷᠪᠠᠳᠤᠭᠠᠷ | ᠡᠭᠡᠯᠵᠢ ᠶᠢᠨ ᠰᠤᠷᠭᠠᠭᠤᠯᠢ ᠶᠢᠨ ᠵᠠᠬᠢᠷᠤᠯ ᠢ ᠰᠣᠩᠭᠤᠨ ᠤᠷᠢᠬᠤ ᠠᠵᠢᠯ ᠤᠷᠤᠭᠰᠢᠲᠠᠢ ᠪᠡᠶᠡᠯᠡᠭᠳᠡᠪᠡ᠃ ᠤᠳᠬ᠎ᠠ | ᠤᠷᠠᠯᠢᠭ ᠪᠡᠶ᠎ᠡ ᠲᠠᠮᠢᠷ ᠤᠨ ᠦᠢᠯᠡᠰ ᠤᠨ ᠡᠳᠦᠷ ᠠᠴᠠ ᠡᠳᠦᠷ ᠴᠡᠴᠡᠭᠯᠡᠨ ᠬᠥᠭᠵᠢᠪᠡ᠃ ᠭᠤᠷᠪᠠᠳᠤᠭᠠᠷ | ᠬᠤᠭᠤᠴᠠᠭᠠᠨ ᠤ ︽ᠥᠯᠵᠡᠶᠢᠲᠦ ᠶᠢᠰᠦᠨ ᠨᠤᠭᠤᠯᠠᠭ᠎ᠠ · ᠦᠵᠡᠰᠬᠦᠯᠡᠩᠲᠦ ᠰᠠᠶᠢᠬᠠᠨ ᠵᠦᠸᠧᠽᠢ︾ᠰᠣᠶᠣᠯ ᠤᠨ | ᠨᠠᠶᠢᠷ ᠂ ᠬᠤᠶᠠᠳᠤᠭᠠᠷ ᠬᠤᠭᠤᠴᠠᠭᠠᠨ ᠤ ᠤᠲᠤᠮᠠᠯ ᠲᠠᠬᠢᠶ᠎ᠠ ᠠᠮᠲᠠᠲᠤ ᠢᠳᠡᠭᠡᠨ ᠤ ᠵᠤᠭᠠᠴᠠᠯ ᠰᠣᠶᠣᠯ ᠤᠨ ᠨᠠᠶᠢᠷ᠂ | ᠠᠷᠪᠠᠨ ᠬᠤᠶᠠᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠤᠯᠠᠨ ᠲᠦᠮᠡᠨ ᠤ ᠰᠣᠶᠣᠯ ᠤᠷᠠᠯᠢᠭ ᠤᠨ ᠨᠠᠶᠢᠷ | ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠠᠮᠵᠢᠯᠲᠠ ᠲᠠᠢ ᠡᠷᠭᠢᠯᠡᠵᠦ᠂ ᠳᠤᠮᠳᠠᠳᠤ ᠶᠢᠨ ᠰᠢᠯᠦᠭ ᠳᠠᠭᠤᠯᠠᠯ ᠤᠨ | ᠨᠤᠲᠤᠭ ᠠᠮᠵᠢᠯᠲᠠ ᠲᠠᠢ ᠪᠠᠷ ᠪᠦᠳᠦᠬᠡᠨ ᠪᠠᠶᠢᠭᠤᠯᠤᠭᠳᠠᠵᠤ᠂ ᠤᠯᠠᠭᠠᠨᠮᠥ᠋ᠴᠢᠷ ᠤᠨ ᠦᠢᠯᠡᠰ ᠢ ᠶᠡᠬᠡᠪᠡᠷ | ᠬᠥᠭᠵᠢᠭᠦᠯᠵᠦ᠂ ᠪᠥᠬᠦ ᠵᠢᠯ ᠳᠤ 100 ᠭᠠᠷᠤᠢ ᠲᠠᠯᠠᠪᠠᠢ ᠲᠣᠭᠯᠠᠯᠲᠠ ᠭᠠᠷᠭᠠᠨ᠂ ᠲᠠᠪᠤᠳᠤᠭᠠᠷ ᠬᠤᠭᠤᠴᠠᠭᠠᠨ ᠤ | ᠪᠦᠬᠦ ᠬᠤᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠪᠠᠷ | ᠳᠠᠭᠠᠭᠠᠨ ᠪᠡᠶᠡᠯᠡᠭᠦᠯᠦᠭᠰᠡᠨ ᠪᠠᠶᠢᠨ᠎ᠠ᠃ ᠲᠠᠯᠠᠪᠠᠶ ᠶᠢᠨ ᠪᠥᠵᠢᠭ ᠤᠨ ᠲᠣᠭᠯᠠᠯᠲᠠ ᠦᠡᠭᠬᠡ ᠰᠣᠯᠣᠩᠭᠠᠷᠠᠵᠤ ᠪᠥᠬᠦ | ᠣᠷᠣᠨ ᠤ ᠠᠷᠪᠠᠳᠤᠭᠠᠷ ᠬᠤᠭᠤᠴᠠᠭᠠᠨ ᠤ ︽ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠤᠯ︾ | ᠠᠨᠳᠠᠶ ᠪᠥᠵᠢᠭ ᠤᠨ ᠤᠷᠤᠯᠳᠤᠭᠠᠨ ᠬᠤᠶᠠᠳᠤᠭᠠᠷ ᠳᠡᠰ ᠤᠨ ᠱᠠᠩᠨᠠᠯ ᠲᠤᠰᠪᠠ᠃ ᠡᠷᠡᠭᠦᠯ ᠬᠠᠮᠠᠭᠠᠯᠠᠯ | ᠡᠷᠡᠭᠦᠯᠵᠢᠯ ᠤᠨ ᠦᠢᠯᠡᠰ ᠡᠷᠡᠭᠦᠯ ᠢᠶᠠᠷ ᠬᠥᠭᠵᠢᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯᠲᠠ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠲᠦᠮᠡᠨ ᠤ ᠡᠷᠡᠭᠦᠯ ᠮᠠᠠᠳᠦ ᠶᠢᠨ ᠲᠦᠪᠰᠢᠨ ᠢ ᠳᠠᠰᠦᠷᠡᠯᠳᠡ | ᠦᠬᠡᠢ ᠳᠡᠭᠡᠭᠰᠢᠯᠡᠭᠦᠯᠵᠦ᠂ ᠳᠡᠰ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠳᠡᠰ ᠬᠤᠪᠢᠶᠠᠵᠤ ᠣᠨᠣᠰᠢᠯᠠᠨ ᠡᠮᠨᠡᠬᠦ ᠲᠤᠷᠰᠢᠯᠲᠠ ᠶᠢᠨ ᠴᠢᠭ᠋ ᠤᠨ ᠠᠵᠢᠯ ᠤᠨ ᠲᠥᠰᠦᠯ ᠢ | ᠨᠡᠶᠢᠲᠡᠯᠡᠵᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠭᠤᠯᠬᠤ ᠲᠦᠷᠢᠮ ᠵᠢᠴᠢ ᠰᠢᠯᠵᠢᠭᠦᠯᠦᠨ ᠣᠨᠣᠰᠢᠯᠠᠬᠤ | ᠶᠠᠪᠤᠴᠠ ᠲᠤᠭᠲᠠᠭᠠᠨ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠵᠦᠢ ᠵᠣᠬᠢᠰᠲᠠᠶ ᠪᠠᠷ | ᠡᠮᠨᠡᠭᠦᠯᠬᠦ ᠶᠠᠪᠤᠳᠠᠯ ᠢ ᠬᠥᠲᠥᠯᠥᠨ ᠵᠢᠯᠣᠭᠤᠳᠴᠤ ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠶᠯᠡᠴᠢᠯᠡᠬᠦ ᠶᠢ | ᠪᠦᠬᠦ ᠲᠠᠯ᠎ᠠ ᠪᠠᠷ ᠥᠷᠨᠢᠭᠦᠯᠵᠦ᠂ ᠲᠦᠷᠦᠯ ᠬᠤᠪᠢᠶᠠᠨ ᠭᠡᠷ᠎ᠡ ᠲᠣᠭᠲᠠᠬᠤ ᠦᠶᠯᠡᠴᠢᠯᠡᠭᠡᠨ ᠤ ᠠᠭᠤᠯᠭ᠎ᠠ ᠶᠢ ᠵᠠᠭᠠᠭᠯᠠᠨ | ᠲᠣᠭᠲᠠᠭᠠᠵᠤ᠂ ᠭᠡᠷ᠎ᠡ ᠲᠣᠭᠲᠠᠬᠤ ᠦᠶᠯᠡᠴᠢᠯᠡᠭᠡ ᠶᠢᠨ ᠡᠮ ᠡᠮᠨᠡᠯᠭᠡ ᠶᠢᠨ ᠪᠦᠯᠬᠦᠮ ᠢ ᠵᠣᠬᠢᠶᠠᠨ ᠪᠠᠶᠢᠭᠤᠯᠵᠤ᠂ | ᠤᠯᠠᠨ ᠲᠦᠮᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠨᠳᠦᠰᠦᠨ ᠬᠡᠷᠡᠭᠴᠡᠭᠡ ᠶᠢ ᠦᠨᠡᠨ ᠬᠦ ᠪᠠᠲᠤᠯᠠᠪᠠ᠃ | ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠨᠠᠩ ᠲᠡᠭᠦᠯᠳᠡᠷ ᠪᠤᠯᠭᠠᠪᠠ᠃ ᠨᠡᠶᠢᠭᠡᠮ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠨᠡᠶᠢᠳᠡᠮ ᠬᠡᠷᠡᠭᠵᠢᠭᠦᠯᠵᠦ᠂ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ 9885 ᠬᠦᠷᠴᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 10.78 | ᠲᠦᠮᠡ ᠬᠦᠷᠴᠦ ᠂ ᠬᠤᠳᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ᠂ ᠳᠣᠣᠷ᠎ᠠ ᠪᠠᠲᠤᠯᠠᠭ᠎ᠠ᠂ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠪᠤᠷᠠᠨ ᠲᠤᠰᠠᠯᠠᠬᠤ | ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠮᠤᠭᠤᠯᠠᠩ ᠲᠦᠪᠰᠢᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠪᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ | ᠰᠢᠰᠲ᠋ᠧᠮ ᠢ ᠨᠡᠩ ᠲᠡᠭᠦᠯᠳᠡᠷᠵᠢᠭᠦᠯᠦᠨ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ | ᠲᠡᠮᠡᠴᠡᠯ ᠢ ᠭᠦᠨᠵᠡᠭᠡᠶ ᠦᠷᠨᠢᠭᠦᠯᠵᠦ ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ | ᠬᠠᠷᠢᠭᠤᠯᠲᠠ ᠥᠭᠴᠦ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠠᠶᠤᠯ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠪᠠᠶᠢᠴᠠᠭᠠᠨ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠶᠡᠬᠡᠪᠡᠷ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠡᠮᠬᠢ | ᠵᠢᠷᠤᠮ ᠳᠤ ᠬᠦᠴᠦ ᠪᠠᠨ ᠲᠠᠯᠪᠢᠵᠤ᠂ ᠢᠳᠡᠭᠡᠨ ᠪᠠ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ | ᠠᠶᠤᠯᠭᠦᠶ ᠪᠠᠶᠢᠬᠤ ᠶᠢ ᠬᠢᠨᠠᠨ ᠬᠠᠮᠢᠶᠠᠷᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠡᠷᠡᠰ ᠰᠡᠷᠭᠡᠶᠢᠯᠡᠨ ᠬᠤᠷᠢᠭᠯᠠᠵᠤ᠂ | ᠬᠦᠨᠳᠦ ᠶᠡᠭᠡ ᠠᠶᠤᠯ ᠦᠭᠡᠢ ᠶᠢᠨ ᠠᠳᠡᠯ ᠭᠠᠷᠬᠤ ᠶᠢ ᠰᠡᠷᠭᠡᠶᠢᠯᠡᠵᠦ ᠴᠢᠳᠠᠪᠠ᠃ | ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠡᠶᠢᠳᠠᠪᠦᠷᠢᠵᠢᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠲᠧᠭᠨᠢᠭ ᠮᠡᠷᠭᠡᠵᠢᠯ ᠤᠨ ᠡᠪᠯᠡᠯ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ ᠂ | ᠵᠣᠬᠢᠶᠠᠯᠴᠢ ᠤᠷᠠᠯᠢᠭᠴᠢ ᠶᠢᠨ ᠬᠤᠯᠪᠣᠭ᠎ᠠ ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠢ ᠢᠳᠡᠪᠬᠢᠲᠡᠶ ᠲᠡᠮᠵᠢᠵᠦ ᠪᠠᠶᠢᠭᠠᠳ ᠠᠵᠢᠯ | ᠦᠷᠨᠢᠭᠦᠯᠦᠨ᠂ ᠪᠦᠷᠢᠳᠬᠡᠨ ᠪᠠᠶᠢᠴᠠᠭᠠᠬᠤ ᠂ ᠠᠷᠠᠳ ᠤᠨ ᠠᠭᠠᠷ ᠤᠨ ᠰᠡᠷᠭᠡᠶᠢᠯᠡᠯᠲᠡ ᠂ ᠭᠠᠵᠠᠷ ᠬᠥᠳᠡᠯᠦᠯᠲᠡ | ᠴᠠᠭ ᠠᠭᠤᠷ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠰᠢᠦᠳᠠᠨ ᠬᠤᠯᠪᠣᠭ᠎ᠠ ᠂ ᠰᠣᠨᠢᠨ ᠮᠡᠳᠡᠭᠡᠨ ᠤ ᠷᠠᠳᠢᠣ᠋ | ᠲᠧᠯᠸᠢᠰ᠂ ᠮᠥᠩᠭᠦᠨ ᠭᠦᠢᠯᠭᠡᠭᠡ ᠳᠠᠭᠠᠳᠬᠠᠯ᠂ ᠭᠠᠳᠠᠭᠠᠳᠤ ᠶᠠᠪᠤᠳᠠᠯ ᠪᠠ ᠬᠠᠷᠢᠶᠠᠲᠤ ᠵᠡᠷᠭᠡ ᠶᠢᠨ ᠠᠵᠢᠯ | ᠲᠠᠰᠤᠷᠠᠯᠳᠠ ᠦᠭᠡᠢ ᠴᠢᠩᠭᠠᠷᠠᠵᠤ᠂ ᠡᠭᠡ ᠬᠡᠦᠬᠡᠳ ᠂ ᠨᠠᠰᠤᠲᠠᠶᠢᠴᠤᠳ ᠪᠠ ᠵᠡᠮᠳᠡᠭᠴᠦᠳ ᠤᠨ ᠦᠢᠯᠡᠰ ᠰᠢᠨ᠎ᠡ | ᠲᠠᠪᠰᠢᠯᠳᠠ ᠲᠠᠢ ᠪᠣᠯᠵᠠᠶ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠵᠠᠢ᠃ | ᠨ᠊ᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠳᠤᠮᠳᠠ ᠢᠮᠠᠭᠲᠠ ᠪᠠᠷᠢᠮᠲᠠᠯᠠᠵᠤ᠂ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭ᠎ᠠ ᠭᠦᠢᠴᠡᠳᠬᠡᠵᠦ᠂ ︽ | ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠬᠠᠷᠢᠭᠤᠴᠠᠯᠭ᠎ᠠ ᠶᠢᠨ ᠳᠦᠷᠢᠮ ᠵᠢᠴᠢ ︽ | ᠳᠦᠷᠪᠡᠨ ᠰᠤᠷᠲᠠᠯ︾ ᠤᠨ ᠴᠡᠭᠴᠡᠯᠡᠯᠲᠡ ᠶᠢ ᠢᠮᠠᠭᠲᠠ ᠪᠠᠷᠢᠮᠲᠠᠯᠠᠨ᠂ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠪᠡᠶᠢᠩᠭᠤᠵᠢᠭᠤᠯᠤᠨ | ᠳᠦᠷᠢᠮᠵᠢᠭᠦᠯᠵᠦ᠂ ᠠᠯᠪᠠᠨ ᠪᠠᠶᠢᠭᠤᠯᠤᠯᠭ᠎ᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠳᠤ | ᠢᠯᠡᠳᠲᠡ ᠬᠤᠪᠢᠷᠠᠯᠲᠠ ᠭᠠᠷᠴᠦ᠂ ᠵᠠᠰᠠᠭ ᠤᠨ ᠣᠷᠳᠣᠨ ᠵᠢᠴᠢ ᠪᠦᠷᠢᠯᠳᠦᠬᠦᠨ ᠰᠠᠯᠠᠭ᠎ᠠ ᠮᠥᠴᠢᠷ ᠨᠠᠮ ᠤᠨ | ᠪᠠᠶᠢᠭᠤᠯᠤᠯᠲᠠ ᠲᠡᠰᠦᠷᠡᠯᠳᠠ ᠦᠭᠡᠢ ᠴᠢᠩᠭᠠᠷᠠᠪᠠ᠃ ᠬᠠᠤᠯᠢ ᠳᠦᠷᠢᠮ ᠤᠨ ᠪᠦᠲᠦᠭᠡᠨ ᠪᠠᠶᠢᠭᠤᠯᠤᠯᠲᠠ | ᠲᠠᠰᠤᠷᠠᠯᠲᠠ ᠦᠭᠡᠢ ᠴᠢᠩᠭᠠᠷᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠰᠣᠨᠣᠰᠴᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ 155 ᠵᠤᠷᠪᠦᠰ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ106 ᠵᠤᠷᠪᠦᠰ ᠰᠢᠶᠳᠪᠦᠷᠢᠯᠡᠵᠦ ᠬᠠᠷᠢᠭᠤᠯᠲᠠ | ᠥᠭᠭᠦᠭᠰᠡᠨ ᠨᠤᠷᠮ᠎ᠠ ᠨᠢ 100% ᠳᠤ ᠬᠦᠷᠪᠡ᠃ ᠴᠢᠬᠤᠯᠠ ᠶᠡᠭᠡ ᠵᠦᠢᠯᠡᠰ᠂ ᠴᠢᠬᠤᠯᠠ ᠪᠢᠴᠢᠭ ᠮᠠᠲ᠋ᠧᠷᠢᠶᠠᠯ ᠤᠨ | ᠬᠠᠤᠯᠢ ᠳᠤ ᠨᠡᠶᠢᠴᠡᠬᠦ ᠴᠢᠨᠠᠷ ᠢ ᠴᠢᠩᠭ᠎ᠠ ᠬᠢᠨᠠᠨ ᠪᠠᠶᠢᠴᠠᠭᠠᠬᠤ᠂ ︽ᠭᠤᠷᠪᠠᠨ ᠴᠢᠬᠤᠯᠠ ᠨᠢᠭᠡ ᠲᠤᠮᠦ︾ | ᠬᠠᠮᠲᠤ ᠶᠢᠨ ᠰᠢᠶᠳᠪᠦᠷᠢᠲᠦ ᠪᠤᠳᠤᠯᠭ᠎ᠠ ᠲᠣᠭᠲᠠᠭᠠᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠲᠦᠷᠢᠮ ᠢ ᠵᠢᠷᠤᠮᠵᠢᠭᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠴᠢᠯᠡᠬᠦ ᠵᠠᠰᠠᠭ ᠤᠨ ᠶᠠᠪᠤᠳᠠᠯ ᠤᠨ ᠮᠡᠳᠡᠭᠡ | ᠵᠠᠩᠭᠢ 2369 ᠵᠤᠷᠪᠤᠰ ᠢᠯᠡᠴᠢᠯᠡ᠂ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡᠨ ᠤ ᠴᠡᠭ 39 ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ | ᠪᠦᠬᠦᠨ ᠢᠶᠠᠷ ᠵᠶ᠋ᠠᠨᠵᠠᠰᠠᠭ ᠤᠨ ᠶᠠᠪᠤᠳᠠᠯ ᠤᠨ ᠶᠡᠭᠡ ᠲᠠᠩᠬᠢᠮ ᠳᠤ ᠣᠷᠣᠵᠤ ᠰᠠᠭᠤᠭᠰᠠᠨ ᠪᠠᠶᠢᠨ᠎ᠠ᠂ ᠲᠣᠳᠣᠷᠬᠠᠶ | ᠬᠠᠭᠤᠳᠠᠰᠤ ᠶᠢᠨ ᠲᠦᠷᠢᠮ ᠶᠢᠨ ᠬᠠᠮᠢᠶᠠᠷᠤᠯᠲᠠ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠲᠦᠪ᠂ ᠥᠪᠡᠷᠲᠡᠭᠡᠨ | ᠵᠠᠰᠠᠬᠤ ᠣᠷᠣᠨ᠂ ᠬᠤᠳᠠ ᠶᠢᠨ ᠡᠯ᠎ᠡ ᠱᠠᠲᠤᠨ ᠤ ᠲᠣᠭᠤᠷᠢᠨ ᠪᠠᠶᠢᠴᠠᠭᠠᠬᠤ᠂ ᠴᠠᠭᠳᠠᠬᠤ᠂ ᠪᠠᠶᠢᠴᠠᠭᠠᠨ | ᠵᠢᠯᠣᠭᠤᠳᠬᠤ᠂ ᠰᠢᠪᠠᠳᠠᠨ ᠪᠠᠶᠢᠴᠠᠭᠠᠬᠤ ᠂ ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ | ᠰᠠᠶᠢᠵᠢᠷᠠᠭᠤᠯᠬᠤ ᠠᠵᠢᠯ ᠢ ᠠᠯᠬᠤᠮ ᠳᠠᠷᠠᠭ᠎ᠠ ᠲᠠᠢ ᠨᠡᠶᠢᠳᠠᠪᠦᠷᠢᠵᠢᠭᠤᠯᠤᠪᠠ᠃ | ᠲᠥᠯᠥᠭᠡᠯᠡᠭᠴᠢᠳ ᠡ᠄ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠭᠡᠯ ᠤᠳ | ᠪᠣᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠵᠢᠴᠢ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ | ᠮᠥᠨ᠂ ᠮᠦᠨᠴᠦ ᠰᠢᠶᠡᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠴᠢᠩᠭ᠎ᠠ ᠬᠢᠨᠠᠯᠲᠠ ᠪᠠ ᠬᠦᠴᠦᠲᠡᠶ ᠳᠡᠮᠵᠢᠯᠭᠡ ᠶᠢᠨ ᠦᠷ᠎ᠡ ᠳ᠋ᠦᠩ | ᠮᠥᠨ᠂ ᠨᠡᠩ ᠴᠤ ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ | ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ | ᠲᠦᠯᠦᠭᠡᠯᠡᠨ ᠵᠦᠸᠧᠽᠢ ᠰᠢᠶᠡᠨ ᠤ ᠬᠥᠭᠵᠢᠯᠲᠡ ᠳᠤ ᠰᠡᠳᠬᠢᠯ ᠲᠠᠯᠪᠢᠵᠤ ᠂ ᠤᠷᠤᠯᠴᠠᠵᠤ ᠂ ᠳᠡᠮᠵᠢᠵᠦ ᠪᠠᠶᠢᠭ᠎ᠠ | ᠨᠥᠬᠦᠳ ᠤᠳ᠂ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠵᠦᠸᠧᠽᠢ ᠶᠢᠨ ᠬᠦᠭᠵᠢᠯᠲᠡ ᠨᠢ ᠶᠡᠷᠦ ᠪᠤᠰᠤ ᠶᠢᠨ | ᠬᠠᠲᠠᠭᠤ ᠪᠡᠷᠬᠡ ᠴᠠᠭ ᠮᠥᠴᠡ ᠶᠢ ᠦᠩᠭᠡᠷᠡᠭᠡᠨ᠂ ᠨᠢᠭᠡ ᠵᠢᠯ ᠤᠨ ᠲᠤᠷᠰᠢ ᠪᠦᠬᠦ ᠰᠢᠶᠠᠨ ᠤ ᠠᠵᠢᠯᠲᠠᠨ | ᠺᠠᠲᠠᠷᠴᠤᠳ ᠰᠡᠳᠬᠢᠯ ᠨᠢᠭᠡᠳᠦᠨ ᠦᠢᠯᠡᠰ ᠪᠤᠰᠬᠠᠬᠤ ᠣᠮᠤᠭ ᠲᠡᠭᠦᠯᠳᠡᠷ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠠᠯᠢᠪᠠ ᠬᠦᠴᠢᠷ ᠪᠡᠷᠬᠡᠰᠢᠶᠡᠯ ᠲᠠᠢ ᠬᠠᠲᠠᠭᠤᠵᠢᠯᠲᠠᠶ ᠲᠡᠮᠡᠴᠡᠨ ᠢᠲᠡᠭᠡᠯ ᠵᠣᠷᠢᠭ ᠢᠶᠠᠨ ᠤᠯᠠᠮ ᠨᠡᠮᠡᠭᠳᠡᠭᠦᠯᠦᠭᠰᠡᠨ | ᠪᠠᠶᠢᠨ᠎ᠠ᠃ ᠡᠭᠦᠨ ᠠᠴᠠ ᠪᠢᠳᠡ ᠭᠦᠨᠵᠡᠭᠡᠶ ᠲᠠᠨᠢᠵᠤ ᠣᠯᠬᠤ ᠨᠢ᠄ ᠡᠷᠬᠡᠪᠰᠢ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ︽ᠲᠦᠷᠪᠡᠨ ᠤᠬᠠᠮᠰᠠᠷ︾ ᠢ | ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯᠲᠠ︾ ᠶᠢ | ᠡᠷᠡᠰ ᠪᠡᠶᠡᠯᠡᠭᠦᠯᠵᠦ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠵᠠᠰᠠᠭ ᠤᠨ ᠣᠷᠳᠣᠨ ᠤ ᠠᠵᠢᠯ ᠤᠨ ᠵᠥᠪ ᠴᠢᠭᠯᠡᠯ ᠢ ᠬᠡᠵᠢᠶᠡᠳᠡ ᠪᠠᠲᠤᠯᠠᠵᠤ᠂ ᠡᠷᠬᠡᠪᠰᠢ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠴᠢᠨᠡᠭᠡ ᠲᠡᠩᠬᠡᠭᠡ ᠳᠣᠲᠣᠷ᠎ᠠ ᠪᠠᠨ | ᠮᠡᠷᠡᠶᠢᠨ ᠴᠢᠷᠮᠡᠶᠢᠵᠦ᠂ ᠤᠯᠠᠨ ᠲᠦᠮᠡᠨ ᠤ ᠬᠠᠮᠤᠭ ᠠᠴᠠ ᠢᠯᠡᠭᠦᠦ ᠠᠩᠬᠠᠷᠳᠠᠭ ᠬᠠᠮᠤᠭ ᠤᠨ ᠶᠡᠭᠡ ᠬᠦᠰᠡᠯ ᠲᠠᠯᠪᠢᠵᠤ | ᠪᠠᠶᠢᠭ᠎ᠠ ᠶᠠᠪᠤᠳᠠᠯ ᠢ ᠨᠢᠭᠡ ᠨᠢᠭᠡ ᠪᠠᠷ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠠᠮᠢᠳᠤᠷᠠᠯ ᠢ ᠵᠢᠯ ᠠᠴᠠ ᠵᠢᠯ | ᠰᠠᠶᠢᠨ ᠪᠤᠯᠭᠠᠵᠤ᠂ ᠡᠷᠬᠡᠪᠰᠢ ᠵᠥᠪ ᠣᠨᠣᠪᠴᠢᠲᠠᠢ ᠠᠵᠢᠯ ᠤᠨ ᠠᠷᠭ᠎ᠠ ᠪᠤᠳᠤᠯᠭ᠎ᠠ᠂ ᠲᠣᠭᠲᠠᠭᠤᠨ ᠢᠶᠠᠷ ᠲᠠᠪᠰᠢᠬᠤ | ᠪᠠᠶᠢᠯᠳᠤᠬᠤ ᠪᠣᠳᠣᠯᠭ᠎ᠠ ᠢ ᠢᠮᠠᠭᠲᠠ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠨᠢᠭᠡ | ᠨᠢᠭᠡ ᠠᠯᠬᠤᠮ ᠢᠶᠠᠷ ᠤᠷᠤᠭᠰᠢᠯᠠᠨ᠎ᠠ︔ ᠡᠷᠬᠡᠪᠰᠢ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠶᠢ ᠢᠮᠠᠭᠲᠠ | ᠪᠠᠷᠢᠮᠲᠠᠯᠠᠵᠤ ᠂ ᠠᠯᠮᠠᠶᠢᠷᠠᠯ ᠦᠬᠡᠢ ᠤᠶᠤᠨ ᠰᠠᠨᠠᠭᠠᠨ ᠤ ᠪᠠᠶᠢᠳᠠᠯ ᠪᠣᠯᠤᠨ ᠵᠣᠷᠢᠭᠲᠠᠢ ᠵᠢᠳᠬᠦᠵᠦ ᠵᠣᠷᠢᠭᠲᠠᠢ | ᠠᠵᠢᠯᠯᠠᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠠᠭ ᠢᠮᠠᠭᠲᠠ | ᠠᠯᠪᠠᠨ ᠤ ᠲᠥᠯᠥᠭᠡ ᠭᠡᠬᠦ ᠵᠣᠷᠢᠭ ᠰᠠᠨᠠᠭ᠎ᠠ ᠶᠢ ᠰᠠᠶᠢᠲᠤᠷ ᠠᠳᠬᠤᠨ ᠨᠠᠮ ᠪᠣᠯᠤᠨ ᠠᠷᠠᠳ ᠲᠦᠮᠡᠨ ᠠᠴᠠ | ᠳᠠᠭᠠᠭᠠᠯᠭᠠᠭᠰᠠᠨ ᠬᠠᠷᠢᠭᠤᠴᠠᠯᠭ᠎ᠠ ᠪᠠᠨ ᠭᠦᠢᠴᠡᠳᠬᠡᠪᠡ᠃ | ᠬᠦᠴᠢᠷ ᠪᠡᠷᠬᠡᠰᠢᠶᠡᠯ ᠲᠠᠢ ᠬᠠᠲᠠᠭᠤᠵᠢᠨ ᠲᠡᠮᠡᠴᠡᠨ ᠡᠷᠡᠯᠬᠡᠭᠯᠡᠨ ᠤᠷᠤᠭᠰᠢᠯᠠᠬᠤ ᠵᠠᠮ ᠳᠤ ᠪᠢᠳᠡ ᠰᠢᠶᠠᠨ ᠤ | ᠠᠵᠤ ᠠᠬᠤᠶ ᠨᠡᠶᠢᠭᠡᠮ ᠤᠨ ᠬᠥᠭᠵᠢᠯᠲᠡ ᠮᠥᠨ ᠯᠡ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ | ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ᠂ ᠲᠡᠭᠦᠨ ᠤ ᠭᠤᠣᠯ ᠢᠯᠡᠷᠡᠯ ᠭᠡᠪᠡᠯ᠄ ᠬᠥᠭᠵᠢᠯᠲᠡ ᠶᠢᠨ ᠳᠤᠮᠳᠠᠬᠢ | ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠤᠪᠤᠶᠢᠢᠮ᠎ᠠ ᠪᠠᠶᠢᠵᠤ᠂ ᠠᠵᠤ | ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠥᠨᠳᠥᠷ ᠪᠢᠰᠢ᠂ ᠭᠤᠣᠯᠳᠠᠭᠤ ᠤᠯᠠᠮᠵᠢᠯᠠᠯᠲᠤ ᠠᠵᠤ | ᠦᠢᠯᠡᠰ ᠢ ᠲᠡᠰ ᠳᠡᠪᠰᠢᠭᠦᠯᠵᠦ ᠬᠡᠯᠪᠡᠷᠢ ᠶᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ ᠪᠠᠶᠢᠵᠤ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠡᠵᠡᠯᠡᠬᠦ ᠬᠠᠷᠢᠴᠠᠯ ᠳᠣᠣᠷ᠎ᠠ ᠪᠠᠶᠢᠵᠤ᠂ ᠰᠢᠶᠠᠨ ᠤ ᠬᠡᠪᠴᠢᠶᠡᠨ ᠳᠤ | ᠲᠤᠯᠭᠠᠭᠤᠷᠢᠯᠠᠬᠤ ᠠᠵᠤ ᠠᠬᠤᠶ ᠶᠢ ᠲᠤᠮᠤ ᠲᠦᠷᠦᠯ ᠵᠦᠢᠯ ᠰᠠᠶᠢᠢᠨ ᠲᠦᠷᠦᠯ ᠵᠦᠢᠯ ᠳᠤᠲᠠᠮᠠᠭ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠴᠠᠭ ᠪᠠᠴᠢᠮ ᠡᠭᠦᠷᠭᠡ ᠬᠦᠨᠳᠦ ᠪᠠᠶᠢᠨ᠎ᠠ᠂ ᠡᠷᠬᠡᠪᠰᠢ | ᠨᠠᠶᠢᠳᠠᠪᠤᠷᠢᠵᠢᠭᠤᠯᠤᠯᠲᠠ ᠶᠢ ᠴᠢᠩᠭ᠎ᠠ ᠪᠠᠷᠢᠮᠲᠠᠯᠠᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠢᠮ᠎ᠠ᠂ ᠥᠷᠢ ᠥᠭᠴᠡᠭᠡ ᠠᠷᠢᠯᠭᠠᠬᠤ ᠳᠠᠷᠤᠯᠲᠠ ᠨᠡᠮᠡᠭᠳᠡᠵᠦ ᠂ ᠰᠤᠷᠭᠠᠨ ᠬᠥᠮᠦᠵᠢᠯ᠂ ᠡᠮ ᠡᠮᠨᠡᠯᠭᠡ᠂ | ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠨᠡᠶᠢᠲᠡ ᠶᠢᠨ ᠠᠰᠠᠷᠠᠮᠵᠢ ᠶᠢᠨ ᠲᠥᠬᠦᠭᠡᠷᠦᠮᠵᠢ ᠵᠡᠷᠭᠡ ᠠᠷᠠᠳ ᠤᠨ | ᠠᠮᠢᠳᠤᠷᠠᠯ ᠤᠨ ᠪᠠᠲᠤᠯᠠᠭ᠎ᠠ ᠪᠠᠰᠠ ᠪᠦᠷᠢᠨ ᠲᠡᠭᠦᠯᠳᠡᠷ ᠪᠤᠯᠤᠭ᠎ᠠ ᠦᠭᠡᠢ᠂ ᠤᠯᠠᠨ ᠲᠦᠮᠡᠨ ᠤ ᠬᠦᠰᠡᠯ | ᠡᠷᠡᠮᠡᠯᠵᠡᠯ ᠠᠴᠠ ᠪᠠᠰᠠ ᠮᠠᠰᠢ ᠣᠯᠠᠨ ᠵᠥᠷᠢᠶ᠎ᠡ ᠲᠠᠢ ᠪᠠᠶᠢᠨ᠎ᠠ᠃ ᠵᠠᠷᠢᠮ ᠺᠠᠲᠠᠷᠴᠤᠳ ᠤᠨᠦᠶᠯᠡᠴᠢᠯᠡᠭᠡᠨ ᠤ | ᠤᠬᠠᠮᠰᠠᠷ ᠪᠣᠯᠤᠨ ᠬᠠᠤᠯᠢ ᠪᠠᠷ ᠵᠠᠰᠠᠬᠤ ᠤᠬᠠᠮᠰᠠᠷ ᠢ ᠨᠢ ᠪᠠᠰᠠ ᠲᠡᠶᠢᠮᠦ ᠴᠢᠩᠭ᠎ᠠ ᠪᠢᠰᠢ᠂ ᠬᠦᠴᠢᠷᠲᠠᠢ | ᠠᠰᠠᠭᠤᠳᠠᠯ ᠢ ᠰᠢᠢᠳᠪᠦᠷᠢᠯᠡᠬᠦ ᠳᠤᠷ᠎ᠠ ᠥᠬᠡᠶ ᠬᠢᠵᠦ ᠴᠢᠳᠠᠬᠤ ᠦᠭᠡᠢ᠂ ᠵᠣᠷᠢᠭ ᠦᠭᠡᠢ ᠪᠠᠶᠢᠬᠤ ᠠᠰᠠᠭᠤᠳᠠᠯ | ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠷᠢᠮ ᠠᠵᠢᠯ ᠢ ᠲᠦᠯᠬᠢᠨ ᠠᠬᠢᠭᠤᠯᠬᠤ ᠬᠦᠴᠦᠨ ᠮᠡᠬᠦᠰᠳᠡᠵᠦ᠂ ᠬᠦᠯ | ᠠᠯᠳᠠᠪᠠᠯ ᠨᠢᠭᠡᠮᠦᠰᠦᠨ ᠱᠦᠭᠦᠭᠳᠡᠬᠦ ᠪᠤᠯᠤᠨ᠎ᠠ᠃ ᠡᠭᠦᠨ ᠤ ᠲᠤᠯᠠᠳᠠ ᠪᠢᠳᠡ ᠡᠷᠬᠡᠪᠰᠢ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷ ᠢ ᠪᠠᠨ ᠵᠣᠷᠢᠭᠲᠠᠢ ᠵᠠᠯᠠᠷᠠᠭᠤᠯᠵᠤ᠂ ᠬᠦᠴᠢᠷ ᠪᠡᠷᠬᠡ ᠠᠴᠠ | ᠠᠶᠤᠬᠤ ᠦᠭᠡᠢ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ ᠵᠠᠰᠠᠭ ᠤᠨ ᠣᠷᠳᠣᠨ ᠤ ᠠᠵᠢᠯ ᠤᠨ ᠬᠥᠲᠥᠯᠪᠦᠷᠢ ᠶᠢ | ᠠᠳᠬᠤᠪᠠᠯ ᠠᠯᠢᠪᠠ ᠪᠦᠬᠦᠨ ᠰᠠᠶ᠋ᠢ ᠰᠢᠶᠳᠪᠦᠷᠢᠯᠡᠭᠳᠡᠨᠡ᠂ ᠤᠨᠢᠨ ᠳᠡᠭᠡᠷ᠎ᠡ ᠨᠢ ᠬᠦᠴᠦᠯᠡᠵᠦ᠂ ᠪᠦᠬᠦ ᠰᠢᠶᠠᠨ ᠤ | ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠬᠦ ᠬᠡᠷᠡᠭᠲᠡᠢ︕ | ᠬᠤᠶᠠᠷ᠂ 2019 ᠣᠨ ᠤ ᠭᠤᠣᠯ ᠠᠵᠢᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠮᠥᠨ ᠴᠦ | ᠮᠠᠨ ᠤ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ | ᠰᠢᠢᠳᠪᠦᠷᠢᠲᠦ ᠢᠯᠠᠯᠲᠠ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ | ᠃ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠪᠦᠬᠦ | ᠭᠡᠰᠢᠭᠦᠳ ᠤᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ | ᠰᠢᠶᠠᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠡᠷᠡᠰ | ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠂ ᠰᠢᠨ᠎ᠡ ᠬᠥᠭᠵᠢᠯᠲᠡ ᠶᠢᠨ ᠤᠶᠢᠢᠯᠠᠭᠠᠭᠳᠠᠬᠤᠨ ᠵᠢᠴᠢ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ︽ ᠬᠦᠷᠬᠢᠷᠡᠨ ᠤᠷᠤᠰᠬᠤ ᠶᠡᠭᠡ ᠲᠦᠷᠭᠡᠨ ᠭᠤᠣᠯ᠂ ᠬᠡᠭᠡᠨᠴᠢᠷ | ᠰᠠᠶᠢᠬᠠᠨ ᠨᠣᠭᠤᠭᠠᠨ ᠤᠷᠲᠤ ᠬᠤᠩᠭᠢᠯ᠂ ᠰᠡᠯᠡᠭᠦᠴᠡᠨ ᠵᠤᠭᠠᠴᠠᠬᠤ ᠪᠡᠶ᠎ᠡ ᠰᠤᠪᠢᠯᠠᠬᠤ ᠭᠠᠵᠠᠷ᠂ ᠰᠣᠶᠣᠯ ᠤᠨ | ᠵᠦᠸᠧᠽᠢ ᠱᠠᠨ︾ ᠭᠡᠬᠦ ᠲᠦᠷᠪᠡᠨ ᠬᠥᠭᠵᠢᠯ ᠤᠨ ᠪᠠᠶᠢᠷᠢ ᠢ ᠲᠤᠭᠲᠠᠭᠠᠵᠤ᠂ ᠦᠷᠭᠦᠯᠵᠢᠯᠡᠨ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠨᠡᠮᠡᠭᠳᠡᠯ ᠢ ᠯᠠᠪᠳᠠᠭᠤᠨ ᠪᠠᠶᠢᠯᠭᠠᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠰᠠᠶᠢᠲᠤᠷ ᠬᠢᠵᠤ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ | ᠤᠯᠠᠮ ᠨᠢᠭᠡ ᠠᠯᠬᠤᠮ ᠴᠢᠩᠭᠠᠳᠬᠠᠵᠤ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠂ ᠠᠵᠤ | ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠴᠦᠰ ᠤᠨ ᠰᠢᠶᠳᠪᠦᠷᠢᠯᠡᠭᠴᠢ | ᠰᠠᠭᠤᠷᠢ ᠲᠠᠯᠪᠢᠨ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠬᠤ ᠪᠣᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6% ᠪᠠᠷ | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠷᠳᠡᠭ 7% ᠪᠠᠷ ᠨᠡᠮᠡᠭᠳᠡᠭᠦᠯᠵᠦ᠂ | ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢ 8% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 7.5% ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 8% ᠪᠠ 8.5% | ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠭᠤᠭᠰᠠᠳ ᠢ 1000 ᠬᠥᠮᠦᠨ ᠠᠴᠠ | ᠳᠡᠭᠡᠭᠰᠢ ᠪᠠᠶᠢᠯᠭᠠᠨ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠤᠷᠮ᠎ᠠ ᠶᠢ 3.6% ᠳᠣᠲᠣᠷ᠎ᠠ | ᠬᠢᠵᠠᠭᠠᠷᠯᠠᠨ᠎ᠠ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ | ᠡᠵᠡᠮᠳᠡᠬᠦ ᠬᠡᠷᠡᠭᠲᠡᠶ᠃ ᠨᠢᠭᠡ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠢ ᠠᠬᠢᠭᠤᠯᠤᠨ᠎ᠠ᠃ ᠥᠭᠡᠷᠡᠴᠢᠯᠡᠯᠲᠡ ᠪᠠᠷ ᠬᠥᠳᠡᠯᠭᠡᠬᠦ ᠬᠦᠴᠦ ᠪᠣᠯᠭᠠᠵᠤ᠂ ︽ᠪᠠᠬᠢᠵᠢᠭᠦᠯᠬᠦ᠂ | ᠴᠢᠩᠭᠠᠷᠠᠭᠤᠯᠬᠤ᠂ ᠳᠡᠪᠰᠢᠭᠦᠯᠬᠦ ᠂ ᠰᠠᠭᠠᠳ ᠦᠭᠡᠢ ᠨᠡᠪᠲᠡᠷᠡᠬᠦ︾ ᠳᠡᠭᠡᠷ᠎ᠡ ᠬᠦᠴᠦ ᠤᠷᠤᠭᠤᠯᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠤᠶᠠᠷ ᠲᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠲᠠᠯᠲᠠ ᠭᠡᠮ ᠢ ᠪᠦᠲᠦᠮᠵᠢᠲᠡᠶ ᠪᠠᠷ | ᠰᠡᠷᠭᠡᠶᠢᠯᠡᠨ ᠡᠵᠡᠮᠳᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | ᠭᠤᠷᠪᠠ ᠳᠤ ᠠᠷᠠᠳ ᠤᠨ ᠠᠮᠢᠳᠤᠷᠠᠯ ᠤᠨ ᠲᠤᠪᠤᠶᠢᠢᠮ᠎ᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠂ ᠤᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠨᠡᠶᠢᠭᠡᠮ ᠤᠨ | ᠵᠥᠷᠢᠴᠡᠯ ᠢ ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠶ᠃ ᠲᠦᠷᠪᠡ ᠳᠤ᠂ ᠺᠠᠳ᠋ᠷᠴᠤᠳ ᠤᠨ ᠡᠭᠦᠷᠭᠡᠯᠡᠯ ᠲᠠᠢ | ᠪᠠᠶᠢᠵᠤ ᠵᠢᠳᠬᠦᠯ ᠴᠢᠷᠮᠠᠶᠢᠯᠭ᠎ᠠ ᠶᠢ ᠤᠷᠮᠠᠰᠢᠭᠤᠯᠤᠨ ᠵᠤᠷᠢᠭᠵᠢᠭᠤᠯᠤᠨ᠎ᠠ ᠃ ᠪᠦᠲᠦᠭᠡᠯᠴᠢ ᠴᠢᠨᠠᠷᠲᠠᠢ ᠪᠠᠷ | ᠠᠵᠢᠯ ᠢᠶᠠᠨ ᠥᠷᠨᠢᠭᠦᠯᠵᠦ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠰᠤᠷᠤᠯᠴᠠᠯᠭ᠎ᠠ ᠪᠠ | ᠦᠢᠯᠡᠳᠦᠯᠭᠡ ᠶᠢᠨ ᠳᠤᠮᠳᠠ ᠰᠡᠳᠬᠢᠮᠵᠢ ᠣᠯᠵᠤ᠂ ᠰᠦᠪᠡᠭᠴᠢᠯᠡᠬᠦ ᠂ ᠠᠵᠢᠯ ᠣᠯᠭᠤᠵᠤ ᠦᠢᠯᠡᠰ ᠪᠤᠰᠬᠠᠬᠤ ᠰᠠᠶᠢᠢᠨ | ᠰᠠᠶᠢᠬᠠᠨ ᠤᠷᠴᠢᠨ ᠢ ᠪᠣᠶ ᠪᠣᠯᠭᠠᠨ᠎ᠠ᠃ | ᠳᠡᠭᠡᠷ᠎ᠡ ᠳᠤᠷᠠᠳᠤᠭᠰᠠᠨ ᠰᠡᠳᠬᠢᠮᠵᠢ ᠪᠣᠯᠤᠨ ᠬᠠᠷᠠᠯᠲᠠ ᠶᠢᠨ ᠲᠤᠭᠤᠷᠢᠨ ᠳᠤ ᠳᠣᠤᠷᠠᠬᠢ ᠠᠵᠢᠯ ᠤᠳ ᠢ | ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠰᠢᠪᠬᠠᠨ ᠲᠤᠪᠤᠶᠢᠢᠮ᠎ᠠ ᠠᠰᠠᠭᠤᠳᠠᠯ ᠢ | ᠰᠢᠢᠳᠪᠦᠷᠢᠯᠡᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠤᠨ᠎ᠠ | ᠪᠦᠬᠦ ᠲᠠᠯ᠎ᠠ ᠪᠠᠷ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ | ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠨ᠂ ᠦᠩᠭᠡᠨ ᠲᠠᠯ᠎ᠠ ᠪᠠ ᠤᠬ ᠦᠨᠳᠦᠰᠦ ᠶᠢ ᠨᠢ | ᠵᠡᠷᠭᠡᠪᠡᠷ ᠵᠠᠰᠠᠵᠤ᠂ ᠨᠡᠪᠲᠡᠷᠡᠭᠦᠯᠬᠦ ᠪᠠ ᠬᠤᠷᠢᠭᠯᠠᠬᠤ ᠶᠢ ᠤᠶᠠᠯᠳᠤᠭᠤᠯᠬᠤ᠂ ᠥᠷᠢ ᠥᠭᠴᠡᠭᠡ ᠠᠷᠢᠯᠭᠠᠬᠤ ᠪᠠ ᠠᠵᠤ | ᠠᠬᠤᠶ ᠶᠢᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠶᠳᠪᠦᠷᠢᠯᠡᠵᠦ᠂ ᠬᠥᠭᠵᠢᠯᠲᠡ ᠶᠢᠨ ᠬᠠᠷᠠᠴᠠ ᠪᠠᠷ ᠥᠷᠢ | ᠥᠭᠴᠡᠭᠡ ᠶᠢᠨ ᠠᠰᠠᠭᠤᠳᠠᠯ ᠬᠠᠨᠳᠤᠬᠤ ᠬᠡᠷᠡᠭᠲᠡᠢ᠃ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠴᠢᠷᠮᠡᠶᠢᠨ | ᠤᠯᠵᠦ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭ ᠭᠤᠶᠤᠴᠢᠯᠠᠵᠤ ᠪᠣᠯᠤᠨ᠎ᠠ᠂ ᠲᠥᠰᠦᠪ ᠢ ᠵᠦᠢ ᠵᠣᠬᠢᠰᠲᠠᠶ | ᠲᠣᠬᠢᠷᠠᠭᠤᠯᠵᠤ ᠭᠠᠵᠠᠷ ᠰᠢᠷᠣᠶ ᠶᠢ ᠵᠤᠬᠢᠰᠲᠠᠢ ᠰᠢᠯᠵᠢᠭᠦᠯᠦᠨ ᠵᠠᠷᠤᠵᠤ ᠤᠯᠤᠰ ᠤᠨ ᠥᠮᠴᠢᠯᠡᠯ ᠤᠨ ᠡᠳ᠋ | ᠬᠦᠷᠦᠩᠭᠡ ᠶᠢ ᠠᠮᠢᠳᠤᠯᠢᠭ ᠪᠣᠯᠭᠠᠨ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ | ᠠᠪᠴᠤ᠂ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠦᠯᠡᠳᠡᠵᠦ ᠪᠠᠶᠢᠭ᠎ᠠ ᠥᠷᠢ ᠥᠭᠴᠡᠭᠡ ᠶᠢ ᠠᠷᠢᠯᠭᠠᠵᠤ᠂ | ᠵᠢᠯ ᠤᠨ ᠳᠣᠲᠣᠷ᠎ᠠ 2.08 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠠᠷᠢᠯᠭᠠᠬᠤ ᠡᠭᠦᠷᠭᠡ ᠶᠢ ᠪᠡᠶᠡᠯᠡᠭᠦᠯᠬᠦ | ᠬᠡᠷᠡᠭᠲᠡᠶ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠪᠦᠬᠦ ᠶᠠᠪᠤᠴᠠ ᠳᠤᠨᠢ ᠬᠠᠮᠢᠶᠠᠷᠤᠨ | ᠡᠵᠡᠮᠰᠢᠬᠦ ᠶᠢ ᠴᠢᠩᠭᠠᠳᠬᠠᠵᠤ᠂ ᠨᠢᠭᠡ ᠪᠦᠯᠦᠭ ᠴᠢᠬᠤᠯᠠ ᠪᠤᠰᠤ᠂ ᠲᠤᠯᠭᠠᠮ᠎ᠠ ᠪᠤᠰᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠴᠢᠨᠠᠷᠲᠠᠶ ᠪᠢᠰᠢ ᠲᠥᠷᠥᠯ ᠵᠦᠢᠯ ᠶᠢ ᠵᠤᠭᠰᠤᠭᠠᠬᠤ ᠪᠤᠶᠤ ᠬᠤᠶᠢᠰᠢᠯᠠᠭᠤᠯᠵᠤ ᠥᠷᠢ | ᠥᠭᠴᠡᠭᠡ ᠨᠡᠮᠡᠭᠳᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠤᠯᠤᠰ ᠤᠨ ᠥᠮᠴᠢᠯᠡᠯ ᠤᠨ ᠬᠦᠷᠦᠩᠬᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠢᠯᠭᠠᠷᠠᠭᠤᠯᠤᠨ ᠲᠢᠭᠯᠡᠵᠤ | ᠡᠮᠬᠢᠯᠡᠨ ᠨᠡᠶᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠠᠪᠴᠠᠩ ᠤᠨ ᠺᠣᠮᠫᠠᠨᠢ ᠶᠢᠨ ᠬᠡᠯᠪᠡᠷᠢ ᠪᠠᠨ | ᠬᠤᠪᠢᠷᠠᠭᠤᠯᠤᠨ ᠬᠦᠭᠵᠢᠭᠡᠬᠦ ᠶᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠴᠢᠰᠤ | ᠪᠦᠲᠦᠭᠡᠬᠦ ᠴᠢᠳᠠᠪᠤᠷᠢ ᠪᠠ ᠲᠠᠪᠴᠠᠩ ᠤᠨ ᠺᠣᠮᠫᠠᠨᠢ ᠶᠢᠨ ᠥᠷᠢ ᠲᠥᠯᠥᠬᠦ ᠴᠢᠳᠠᠪᠤᠷᠢ ᠢ ᠪᠠᠲᠤᠯᠠᠨ᠎ᠠ᠃ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠥᠪᠡᠷ ᠤᠨ ᠥᠷᠲᠡᠭ ᠢ | ᠪᠠᠭᠤᠷᠠᠭᠤᠯᠵᠤ᠂ ︽ᠵᠣᠭᠤᠰ ᠵᠠᠷᠤᠪᠠᠯ ᠦᠷ᠎ᠡ ᠠᠰᠢᠭ ᠢ ᠨᠡᠬᠡᠮᠵᠢᠯᠡᠬᠦ᠂᠂ ᠬᠦᠴᠦᠨ ᠦᠭᠡᠢ ᠪᠠᠶᠢᠪᠠᠯ ᠬᠠᠷᠢᠭᠤᠴᠠᠯᠭ᠎ᠠ | ᠨᠡᠬᠡᠮᠵᠢᠯᠡᠬᠦ︾ ᠬᠠᠲᠠᠭᠤ ᠬᠢᠵᠠᠭᠠᠷᠯᠠᠬᠤ ᠲᠣᠭᠲᠠᠴᠠ ᠶᠢ ᠬᠡᠷᠡᠭᠵᠢᠭᠦᠯᠦᠨ᠂ ᠪᠦᠬᠦ ᠰᠢᠶᠠᠨ ᠤ ᠳᠡᠭᠡᠭᠰᠢ ᠳᠣᠷᠣᠭᠰᠢ ︽ | ᠨᠠᠷᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠤᠢ ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠠᠶᠤᠯ ᠲᠦᠭᠰᠢᠭᠦᠷᠢ ᠶᠢᠨ ︽ᠰᠡᠷᠭᠡᠶᠢᠯᠡᠯᠲᠡ ᠶᠢᠨ ᠱᠤᠭᠤᠮ︾ ᠢ ᠪᠠᠲᠤ ᠰᠠᠬᠢᠵᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ᠃ ᠡᠷᠡᠭᠦᠯ ᠪᠤᠰᠤ ᠵᠢᠭᠡᠯᠡᠯᠭᠡ ᠶᠢ ᠰᠢᠶᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠲᠣᠤᠷ ᠰᠦᠯᠵᠢᠶᠡᠨ ᠤ ᠵᠢᠭᠡᠯᠡᠯᠭᠡ᠂ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭᠲᠦ ᠶᠢᠨ ᠭᠡᠷ᠎ᠡ ᠠᠴᠠ ᠵᠥᠷᠢᠴᠡᠬᠦ ᠵᠡᠷᠭᠡ ᠲᠦᠭᠰᠢᠭᠦᠷᠢᠲᠦ ᠴᠡᠭ ᠢ ᠴᠡᠭᠴᠡᠯᠡᠨ ᠵᠠᠰᠠᠵᠤ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢ | ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠳᠤ ᠰᠢᠢᠳᠪᠦᠷᠢᠲᠦ | ᠢᠯᠠᠯᠲᠠ ᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠲᠣᠩᠭᠤᠷᠤᠤ ᠲᠤᠭᠠᠯᠠᠬᠤ ᠴᠠᠭ ᠮᠥᠴᠡ ᠳᠤ ᠤᠷᠤᠨ | ᠲᠤᠤᠱᠲᠠᠢ ᠪᠠᠷᠢᠮᠲᠠᠯᠠᠨ ᠂ ︽ᠬᠤᠶᠠᠷ ᠲᠤ ᠦᠯᠦ ᠵᠤᠪᠠᠨᠢᠬᠤ᠂ ᠭᠤᠷᠪᠠ ᠶᠢ ᠪᠠᠲᠤᠯᠠᠬᠤ︾ ᠲᠤᠯᠭᠠᠷᠠᠵᠤ ᠪᠠᠶᠢᠭ᠎ᠠ | ᠲᠤᠪᠤᠶᠢᠢᠮ᠎ᠠ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ︽ᠲᠡᠭ ᠪᠤᠯᠭᠠᠨ ᠪᠠᠷᠢᠮᠵᠢᠶ᠎ᠠ ᠳᠤ ᠬᠦᠷᠦᠭᠦᠯᠬᠦ︾ | ᠲᠤᠰᠬᠠᠶ ᠠᠵᠢᠯᠯᠠᠭ᠎ᠠ ᠶᠢ ᠦᠨᠡᠨ ᠬᠦ ᠪᠠᠲᠤᠯᠠᠵᠤ᠂ ᠵᠢᠯ ᠤᠨ ᠳᠣᠲᠣᠷ᠎ᠠ ᠦᠯᠡᠳᠡᠭᠰᠡᠨ 2869 ᠡᠷᠦᠬᠡ 5833 | ᠬᠥᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 37 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ | ᠭᠠᠴᠠᠭ᠎ᠠ ᠶᠢ ᠶᠠᠳᠠᠭᠤ ᠬᠦᠴᠢᠷᠳᠡᠯ ᠲᠠᠢ ᠰᠢᠶᠠᠨ ᠤ ᠮᠠᠯᠠᠭᠠᠶ ᠶᠢ ᠲᠠᠶᠠᠭᠳᠠᠬᠤ ᠬᠠᠷᠠᠯᠲᠠ ᠶᠢ ᠪᠡᠶᠡᠯᠡᠭᠦᠯᠦᠨ᠎ᠡ᠃ | ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 6 ᠳ᠋ᠦᠩᠰᠢᠭᠤᠷ ᠭᠠᠷᠤᠶ ᠲᠥᠭᠦᠷᠢᠭ ᠢᠶᠠᠷ ᠶᠠᠳᠠᠭᠤ ᠶᠢ | ᠲᠡᠳᠬᠦᠬᠦ ︽ᠲᠠᠪᠤᠨ ᠨᠢᠭᠡ ᠪᠦᠯᠦᠭ︾ ᠢᠨᠵᠧᠨᠧᠷᠢᠩ ᠢ ᠭᠦᠨᠵᠡᠭᠡᠶ ᠳᠥᠯᠭᠢᠨ ᠠᠬᠢᠭᠤᠯᠵᠤ᠂ ᠰᠠᠭᠤᠷᠢ | ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠤᠲᠠᠭᠳᠠᠯ ᠢ ᠨᠥᠬᠦᠪᠥᠷᠢᠯᠡᠵᠦ᠂ ᠶᠠᠳᠠᠭᠤ ᠠᠴᠠ | ᠠᠩᠭᠢᠵᠢᠷᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ᠃ ᠣᠷᠣᠨ ᠰᠠᠭᠤᠴᠠ ᠶᠢᠨ ᠠᠮᠤᠷ | ᠲᠦᠪᠰᠢᠨ ᠤ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠢ ᠪᠦᠬᠦᠢ ᠪᠤᠰᠤᠳ ᠭᠠᠵᠠᠷ ᠲᠤ | ᠰᠢᠯᠵᠢᠭᠦᠯᠦᠨ ᠨᠡᠭᠦᠬᠦ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠷᠦᠬᠡ ᠶᠢ 9 ᠰᠠᠷ᠎ᠠ ᠶᠢᠨ | ᠡᠴᠦᠰ ᠠᠴᠠ ᠡᠮᠦᠨ᠎ᠡ ᠪᠥᠬᠦᠳᠡ ᠶᠢ ᠰᠢᠨ᠎ᠡ ᠭᠡᠷ ᠲᠤ ᠨᠡᠭᠦᠯᠭᠡᠨ ᠤᠷᠤᠭᠤᠯᠬᠤ ᠶᠢ ᠦᠨᠡᠨ ᠬᠦ ᠪᠠᠲᠤᠯᠠᠵᠤ᠂ ᠣᠨᠳᠣᠣ | ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠠᠯᠭᠠᠮᠵᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ ᠢ ᠲᠦᠷᠭᠡᠪᠴᠢᠯᠡᠨ ᠪᠠᠶᠢᠭᠤᠯᠵᠤ᠂ | ᠣᠯᠠᠨ ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠬᠤ᠂ ᠶᠠᠳᠠᠭᠤ ᠬᠦᠴᠢᠷᠳᠡᠯᠲᠡᠢ | ᠤᠯᠠᠨ ᠲᠦᠮᠡᠨ ᠤ ︽ᠨᠡᠭᠦᠯᠭᠡᠵᠦ ᠭᠠᠷᠭᠠᠬᠤ᠂ ᠲᠣᠭᠲᠠᠭᠤᠨ ᠪᠠᠶᠢᠯᠭᠠᠬᠤ᠂ ᠪᠠᠶᠠᠵᠢᠵᠦ ᠳᠡᠶᠢᠯᠬᠦ︾ ᠶᠢ ᠦᠨᠡᠨ ᠬᠦ | ᠪᠠᠲᠤᠯᠠᠵᠤ᠂ ᠠᠯᠲᠠᠨ ᠲᠠᠬᠢᠶ᠎ᠠ᠂ ᠭᠡᠷᠡᠯ ᠸᠣᠯᠲ᠂ ᠬᠦᠶᠲᠡᠨ ᠰᠡᠷᠢᠭᠦᠨ ᠢᠳᠡᠰᠢᠨ ᠨᠣᠭᠤᠭ᠎ᠠ ᠡᠳ᠋ᠰᠢᠭᠦᠯᠬᠦ ᠭᠤᠷᠪᠠᠨ | ᠶᠡᠭᠡ ᠶᠠᠳᠠᠭᠤ ᠶᠢ ᠲᠡᠳᠬᠦᠬᠦ ᠠᠵᠤ ᠦᠶᠯᠡᠰ ᠤᠨ 6 ᠰᠠᠷ᠎ᠠ ᠶᠢᠨ ᠡᠮᠦᠨ᠎ᠡ ᠪᠦᠬᠦᠨ ᠢᠶᠠᠷ ᠢᠶᠠᠨ ᠦᠢᠯᠡᠳᠪᠦᠷᠢᠯᠡᠯ | ᠡᠵᠡᠩᠨᠡᠯᠲᠡ ᠳᠤ ᠤᠷᠤᠭᠤᠯᠵᠤ ᠠᠷᠠᠳ ᠣᠯᠠᠨ ᠳᠤ ᠠᠰᠢᠭ ᠬᠦᠷᠲᠡᠭᠡᠬᠦ ᠬᠡᠷᠡᠭᠲᠡᠶ᠃ ᠪᠦᠬᠦᠯᠢ ᠲᠣᠰᠬᠤᠨ ᠢᠶᠠᠷ | ᠨᠡᠭᠦᠯᠭᠡᠨ ᠨᠤᠷᠠᠭᠠᠵᠤ ᠳᠠᠬᠢᠨ ᠬᠠᠭᠠᠯᠪᠤᠷᠢᠯᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠳᠤ ᠬᠤᠯᠪᠣᠭᠳᠠᠭᠤᠯᠬᠤ ᠠᠷᠠᠯᠵᠢᠶᠠᠨ ᠤ ᠲᠠᠯᠠᠪᠠᠢ ᠢ ᠥᠷᠭᠡᠳᠬᠡᠬᠦ ᠪᠠᠷ ᠢᠳᠡᠪᠬᠢᠯᠡᠨ ᠴᠢᠷᠮᠠᠶᠢᠨ᠎ᠠ᠃ | ᠨᠠᠰᠤᠲᠠᠶᠢᠴᠤᠳ ᠂ ᠵᠡᠮᠳᠡᠭᠴᠦᠦᠯ᠂ ᠬᠦᠨᠳᠦ ᠡᠪᠡᠳᠴᠢᠯᠡᠭᠰᠡᠨ ᠡᠪᠡᠳᠴᠢᠲᠡᠨ ᠵᠡᠷᠭᠡ ᠤᠨᠴᠠᠭᠠᠢ ᠬᠦᠴᠢᠷᠳᠡᠯᠲᠡᠶ | ᠬᠥᠮᠦᠰ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠠᠶᠢᠯ ᠡᠷᠦᠬᠡ ᠬᠥᠮᠦᠨ ᠪᠦᠷᠢ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠴᠣᠣ ᠶᠠᠩ | ᠲᠣᠭᠤᠷᠢᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠳᠤ ᠢᠳᠡᠪᠬᠢᠲᠡᠶ ᠵᠣᠬᠢᠴᠠᠭᠤᠯᠤᠨ᠂ ᠶᠠᠳᠠᠭᠤ | ᠬᠦᠴᠢᠷᠳᠡᠯ ᠲᠠᠢ ᠬᠥᠮᠦᠨ ᠠᠮᠠ ᠳᠠᠬᠢᠭᠠᠳ ᠶᠠᠳᠠᠭᠤᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ | ᠰᠡᠷᠭᠡᠶᠢᠯᠡᠨ ᠬᠤᠷᠢᠭᠯᠠᠨ᠂ ᠰᠢᠨ᠎ᠡ ᠪᠠᠷ ᠪᠤᠢ ᠪᠣᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠠ ᠳᠠᠬᠢᠨ | ᠶᠠᠳᠠᠭᠤᠷᠠᠭᠰᠠᠨ ᠬᠥᠮᠦᠨ ᠠᠮᠠ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠠᠭᠠᠵᠤ | ᠠᠮᠵᠢᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠵᠤᠯᠭᠠᠭᠤᠯᠵᠤ᠂ ᠵᠢᠯ ᠤᠨ ᠲᠥᠯᠥᠪᠯᠡᠭᠡᠨ ᠤ | ︽ᠰᠡᠭᠦᠯᠴᠢ ᠶᠢᠨ ᠭᠤᠷᠪᠠᠨ ᠵᠢᠯ ︾ ᠳᠤ ᠰᠠᠶᠢᠲᠤᠷ ᠠᠳᠬᠤᠬᠤ ︽ᠭᠤᠷᠪᠠᠨ ᠵᠢᠯ ᠤᠨ ᠳᠠᠷᠠᠭ᠎ᠠ︾ ᠡᠷᠬᠢᠨ | ᠬᠠᠷᠠᠬᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ | ᠲᠣᠭᠲᠠᠴᠠ ᠶᠢ ᠦᠨᠡᠨ ᠬᠦ ᠪᠠᠲᠤᠯᠠᠬᠤ ᠬᠡᠷᠡᠭᠲᠡᠶ᠃ ᠪᠡᠭᠡᠵᠢᠩ ᠥᠪᠥᠷ ᠮᠣᠩᠭᠤᠯ ︵ᠴᠣᠣ ᠵᠦᠸᠧ︶ ᠤᠨ ᠶᠠᠳᠠᠭᠤ ᠶᠢ | ᠲᠡᠳᠬᠦᠬᠦ ᠬᠠᠮᠵᠢᠯᠴᠠᠭ᠎ᠠ᠂ ᠳᠤᠮᠳᠠᠳᠤ ᠤᠯᠤᠰ ᠤᠨ ᠳᠠᠯᠠᠶ ᠶᠢᠨ ᠴᠢᠯᠠᠭᠤᠨ ᠲᠣᠰᠣ ᠤ ᠠᠵᠢᠯ ᠲᠦᠷᠦᠯ ᠢᠶᠠᠷ ᠢᠶᠠᠨ | ᠬᠠᠪᠰᠤᠷᠤᠨ ᠲᠡᠳᠬᠦᠬᠦ᠂ ᠣᠷᠣᠨ ᠪᠠ ᠬᠤᠲᠠ ᠪᠠᠶᠢᠭᠤᠯᠤᠯᠭ᠎ᠠ ᠨᠢᠭᠡᠴᠡ ᠶᠢᠨ ᠴᠢᠭ᠋ ᠲᠤᠭᠲᠠᠭᠠᠨ ᠬᠠᠪᠰᠤᠷᠤᠨ | ᠲᠡᠳᠬᠦᠬᠦ ᠠᠵᠢᠯ᠂ ︽ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ ︾ ᠲᠠᠪᠴᠠᠩ ᠪᠠ | ᠨᠡᠶᠢᠭᠡᠮ ᠤᠨ ᠡᠯ᠎ᠡ ᠡᠲᠡᠭᠡᠳ ᠤᠨ ᠬᠦᠴᠦᠨ ᠨᠡᠮᠡᠷᠢᠯᠡᠵᠦ᠂ ᠬᠡᠷᠡᠭᠯᠡᠭᠡ ᠶᠢ ᠥᠷᠭᠡᠳᠬᠡᠵᠦ ᠶᠠᠳᠠᠭᠤ ᠶᠢ ᠲᠡᠳᠬᠦᠬᠦ | ᠵᠡᠷᠭᠡ ᠶᠢ ᠠᠬᠢᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠪᠠ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠴᠢᠩᠭ᠎ᠠ ᠪᠠᠶᠢᠴᠠᠭᠠᠵᠤ᠂ ᠬᠢᠨᠠᠨ ᠪᠤᠳᠤᠬᠤ | ᠪᠠ ᠬᠢᠨᠠᠯᠲᠠ ᠲᠠᠯᠪᠢᠬᠤ ᠶᠢ ᠦᠨᠡᠨ ᠬᠦ ᠪᠠᠲᠤᠯᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ︽ | ᠰᠡᠪ ᠭᠠᠷᠴᠤ ᠰᠡᠵᠢᠭ ᠠᠪᠤᠭᠤᠯᠬᠤ ᠦᠭᠡᠢ︾ ᠪᠠᠶᠢᠬᠤ ᠬᠡᠷᠡᠭᠲᠡᠢ᠃ ᠤᠳᠤ ᠶᠢᠨ ᠬᠡᠷᠡᠭᠵᠢᠭᠦᠯᠵᠦ ᠪᠠᠶᠢᠭ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷᠢᠮᠵᠢᠶ᠎ᠠ ᠶᠢ ᠪᠠᠷᠢᠮᠲᠠᠯᠠᠵᠤ᠂ ᠶᠠᠳᠠᠭᠤ ᠬᠦᠴᠢᠷᠳᠡᠯ ᠠᠴᠠ | ᠤᠬᠤᠷᠢᠨ ᠭᠠᠷᠬᠤ ᠪᠣᠭᠤᠮᠲᠠ ᠶᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠶᠢ ᠲᠡᠦᠬᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ᠃ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠰ᠊ ᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠲᠤᠤᠱᠯᠠᠭᠤᠯᠵᠤ᠂ | ᠪᠠᠬᠢᠯᠡᠯᠲᠡ ᠪᠠᠨ ᠡᠷᠡᠰ ᠰᠠᠬᠢᠵᠤ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠷᠴᠢᠨ ᠲᠣᠭᠤᠷᠢᠨ ᠤ ᠳᠤᠪᠤᠶᠢᠢᠮᠠ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠳᠤᠰᠬᠠᠭᠰᠠᠨ ᠰᠠᠨᠠᠯ | ᠶᠣᠰᠣᠭᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠯ᠎ᠡ ᠵᠦᠢᠯ ᠤᠨ ᠬᠠᠷᠢᠭᠤᠴᠠᠯᠭ᠎ᠠ ᠦᠨᠡᠨᠬᠦ ᠡᠭᠦᠷᠭᠡᠯᠡᠵᠦ᠂ ᠬᠦᠬᠡ ᠣᠭᠲᠠᠷᠭᠤᠢ ᠶᠢ ᠬᠠᠮᠠᠭᠠᠯᠠᠬᠤ | ᠳᠠᠶᠢᠯᠠᠯᠳᠤᠭᠠᠨ ᠳᠤ ᠠᠩᠬᠠᠷᠤᠯ ᠢᠶᠠᠨ ᠲᠦᠪᠯᠡᠷᠡᠭᠦᠯᠦᠨ ᠢᠯᠠᠯᠲᠠ ᠣᠯᠵᠣ᠂ 10 ᠲᠣᠨ ᠠᠴᠠ ᠳᠣᠷᠣᠭᠰᠢᠬᠢ | ᠠᠭᠤᠷᠰᠢᠭᠤᠯᠬᠤ ᠴᠢᠳᠠᠪᠬᠢᠲᠤ ᠨᠡᠭᠦᠷᠡᠰᠦ ᠰᠢᠲᠠᠭᠠᠬᠤ ᠵᠤᠤᠬ᠎ᠠ ᠶᠢ ᠪᠦᠬᠦᠨ ᠢ ᠨᠢ ᠰᠢᠯᠢᠳᠡᠭᠵᠢᠭᠦᠯᠵᠦ᠂ ᠠᠵᠤ | ᠦᠢᠯᠡᠳᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ | ᠠᠬᠤᠶᠢᠯᠠᠯ ᠤᠨ ᠪᠣᠬᠢᠷᠳᠠᠯ ᠭᠠᠳᠠᠭᠰᠢᠯᠠᠭᠤᠯᠬᠤ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠦᠨ᠎ᠡ ᠃ ᠬᠦᠴᠦ | ᠳᠡᠯᠪᠢᠨ ᠴᠡᠩᠬᠡᠷ ᠤᠰᠤ ᠬᠠᠮᠠᠭᠠᠯᠠᠬᠤ ᠳᠠᠶᠢᠯᠠᠯᠳᠤᠭᠠᠨ ᠢ ᠥᠷᠨᠢᠭᠦᠯᠵᠦ᠂ ᠤᠤᠭᠤᠬᠤ ᠤᠰᠤᠨ ᠤ ᠰᠤᠷᠪᠤᠯᠵᠢ | ᠭᠠᠵᠠᠷ ᠤᠨ ᠵᠢᠷᠤᠮᠵᠢᠭᠤᠯᠬᠤ ᠪᠠᠶᠢᠭᠤᠯᠤᠯᠲᠠ᠂ ᠤᠤᠭᠤᠬᠤ ᠣᠰᠣᠨ ᠤ ᠰᠤᠷᠪᠤᠯᠵᠢ ᠶᠢᠨ ᠬᠠᠮᠠᠭᠠᠯᠠᠯᠲᠠ ᠪᠠ ᠶᠠᠰᠤ | ᠴᠢᠨᠠᠷ ᠤᠨ ᠰᠢᠯᠭᠠᠨ ᠪᠠᠶᠢᠴᠠᠭᠠᠯᠲᠠ ᠢ ᠴᠢᠩᠭᠠᠳᠬᠠᠵᠤ ᠂ ᠶᠡᠭᠡ ᠲᠦᠷᠭᠡᠨ ᠭᠤᠣᠯ ᠤᠨ ᠶᠡᠷᠦᠩᠬᠡᠶᠢᠯᠡᠨ ᠵᠠᠰᠠᠬᠤ ᠪᠠ | ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠰᠠᠶᠢᠲᠤᠷ ᠠᠳᠬᠤᠵᠤ᠂ ᠤᠯᠤᠰ ᠤᠨ ᠡᠵᠡᠮᠳᠡᠯ ᠤᠨ | ᠣᠭᠲᠣᠯᠤᠭᠠᠰᠤ ᠶᠢᠨ ᠤᠰᠤᠨ ᠤ ᠴᠢᠨᠠᠷ ᠢ ᠦᠷᠭᠦᠯᠵᠢᠯᠡᠨ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠵᠤ ᠂ | ᠪᠣᠬᠢᠷ ᠤᠰᠤ ᠰᠢᠶᠳᠪᠦᠷᠢᠯᠡᠬᠦ ᠦᠢᠯᠡᠳᠪᠦᠷᠢ᠂ ᠭᠤᠷᠪᠠᠳᠠᠬᠢ ᠡᠲᠡᠭᠡᠳ ᠤᠨ ᠡᠵᠡᠩᠨᠡᠯᠲᠡ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠪᠦᠭᠡᠳ | ᠵᠠᠪᠰᠠᠷ ᠤᠰᠤ ᠶᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠠᠷᠢᠭᠤᠨ ᠴᠡᠪᠡᠷ ᠨᠤᠲᠤᠭ ᠳᠡᠪᠢᠰᠬᠡᠷ ᠢ | ᠬᠠᠮᠠᠭᠠᠯᠠᠬᠤ ᠪᠠᠶᠢᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠪᠠ | ᠵᠠᠰᠠᠨ ᠰᠡᠯᠪᠢᠬᠦ ᠲᠦᠷᠦᠯ ᠵᠦᠢᠯ ᠢ ᠬᠡᠷᠡᠭᠵᠢᠭᠦᠯᠵᠦ᠂ ᠬᠦᠨᠳᠦ ᠲᠡᠮᠦᠷᠯᠢᠭ ᠪᠠ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠤᠨ ᠠᠰᠠᠭᠤᠳᠠᠯ ᠦᠨᠡᠨ ᠬᠦ ᠰᠢᠶᠳᠪᠦᠷᠢᠯᠡᠬᠦ ᠬᠡᠷᠡᠭᠲᠡᠶ᠃ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ | ᠠᠶᠢᠯ ᠲᠣᠰᠬᠤᠨ ᠳᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠯᠤᠨ ᠪᠣᠬᠢᠷ ᠤᠰᠤ ᠬᠤᠷᠢᠶᠠᠨ | ᠴᠤᠭᠯᠠᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ | ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ | ᠡᠪᠡᠰᠦ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠶ᠃ | ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠲᠤᠷᠠᠬᠢ ᠠᠭᠤᠷᠬᠠᠶ ᠶᠢᠨ ᠣᠷᠴᠢᠨ | ᠲᠣᠭᠤᠷᠢᠨ ᠢ ᠪᠦᠬᠦ ᠲᠠᠯ᠎ᠠ ᠪᠠᠷ ᠰᠡᠷᠭᠦᠭᠡᠨ ᠵᠠᠰᠠᠬᠤ ᠠᠬᠢᠴᠠ ᠶᠢ ᠲᠦᠷᠭᠡᠳᠬᠡᠨ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠯᠡ ᠤᠯᠠᠭᠠᠨ | ᠱᠤᠭᠤᠮ ᠢᠶᠠᠷ ᠴᠢᠬᠤᠯᠠ ᠠᠮᠢ ᠠᠬᠤᠢ ᠶᠢᠨ ᠣᠷᠣᠨ ᠵᠠᠢ ᠶᠢ ᠬᠠᠮᠢᠶᠠᠷᠤᠨ ᠡᠵᠡᠮᠳᠡᠬᠦ ᠬᠡᠷᠡᠭᠲᠡᠶ᠃ ᠣᠷᠴᠢᠨ | ᠲᠣᠭᠤᠷᠢᠨ ᠤ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠴᠢᠯᠠᠭᠤ ᠭᠠᠷᠭᠠᠬᠤ᠂ | ᠡᠯᠡᠰᠦ ᠮᠠᠯᠲᠠᠬᠤ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ᠂ ᠬᠡᠳᠦ ᠮᠠᠯᠵᠢᠬᠤ ᠪᠠ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠢ ᠳᠦᠯᠦᠬᠦ ᠪᠠ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠭᠦᠨᠵᠡᠭᠡᠶ ᠬᠡᠷᠡᠭᠵᠢᠭᠦᠯᠵᠦ᠂ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠵᠢᠯ ᠤᠨ ᠳᠣᠲᠣᠷ᠎ᠠ ᠲᠥᠯᠥᠪᠯᠡᠭᠡ ᠪᠠᠷ | ᠤᠯᠤᠰ ᠤᠨ ᠤᠢ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ 1 ᠲᠦᠮᠡᠨ ᠮᠥ᠂ ᠠᠵᠤ ᠠᠬᠤᠶ ᠶᠢᠨ ᠤᠢ ᠶᠢᠨ | ᠪᠦᠲᠦᠭᠡᠨ ᠪᠠᠶᠢᠭᠤᠯᠤᠯᠲᠠ 2 ᠲᠦᠮᠡᠨ ᠮᠥ ᠂ ᠠᠯᠪᠠᠨ ᠵᠢᠷᠤᠮ ᠤᠨ ᠮᠣᠳᠣ ᠲᠠᠷᠢᠬᠤ 3500 ᠮᠥ | ᠪᠡᠶᠡᠯᠡᠭᠦᠯᠦᠨ᠎ᠡ᠃ | ︵ᠬᠤᠶᠠᠷ︶ ᠥᠭᠡᠷᠡᠴᠢᠯᠡᠯᠲᠡ ᠨᠡᠭᠡᠭᠡᠯᠳᠡ ᠶᠢ ᠪᠦᠭᠦ ᠲᠠᠯ᠎ᠠ ᠪᠠᠷ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠭᠦᠭᠵᠢᠭᠡᠨ᠎ᠡ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠶᠠᠪᠤᠳᠠᠯ ᠪᠣᠯ ᠦᠢᠯᠡᠳᠪᠦᠷᠢᠯᠡᠯ ᠤᠨ ᠬᠦᠴᠦ ᠶᠢ ᠴᠢᠯᠥᠭᠡᠯᠡᠵᠦ᠂ ᠥᠷᠢᠰᠥᠯᠳᠦᠬᠦ | ᠬᠦᠴᠦᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠨᠡᠮᠡᠷᠢᠯᠡᠵᠦ᠂ | ᠠᠷᠠᠳ ᠤᠯᠠᠨ ᠳᠤ ᠲᠦᠬᠦᠮ ᠦᠵᠡᠭᠦᠯᠬᠦ ᠪᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ | ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠬᠤᠶᠠᠷ ᠦᠨᠡᠮᠯᠡᠯ ᠢ ᠰᠠᠯᠭᠠᠬᠤ︾ | ᠥᠭᠡᠷᠡᠴᠢᠯᠡᠯᠲᠡ ᠶᠢ ᠢᠳᠡᠪᠬᠢᠲᠡᠶ ᠬᠡᠷᠡᠭᠵᠢᠭᠦᠯᠵᠦ᠂ ᠲᠠᠯᠪᠢᠵᠤ ᠬᠠᠮᠢᠶᠠᠷᠬᠤ ᠶᠢ ᠤᠶᠠᠯᠳᠤᠭᠤᠯᠵᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯ ᠤᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠬᠤᠳᠠᠯ ᠬᠠᠭᠤᠷᠮᠠᠭ ᠴᠢᠨᠠᠷ ᠮᠠᠭᠤ ᠵᠤᠶᠢᠯᠡᠰ ᠢ ᠡᠭᠦᠰᠦᠨ ᠳᠡᠯᠭᠡᠷᠡᠬᠦ ᠶᠢ | ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠬᠠᠤᠯᠢ ᠬᠡᠷᠡᠭᠵᠢᠭᠦᠯᠦᠭᠴᠢ ᠶᠢᠨ ᠢᠳᠡᠬᠦ ᠠᠪᠬᠤ ᠭᠠᠴᠢᠬᠤ ᠨᠡᠬᠡᠬᠦ ᠶᠢ | ᠶᠠᠭᠠᠬᠢᠭᠰᠠᠨ ᠴᠤ ᠵᠥᠪᠰᠢᠶᠡᠷᠡᠬᠦ ᠦᠭᠡᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ | ᠶᠢ ᠭᠦᠨᠵᠡᠭᠡᠶ ᠲᠦᠯᠬᠢᠨ ᠠᠬᠢᠭᠤᠯᠵᠤ᠂ ᠨᠠᠩ ᠣᠯᠠᠨ ᠬᠡᠷᠡᠭ ᠶᠠᠪᠤᠳᠠᠯ ᠢ ᠰᠦᠯᠵᠢᠶᠡᠨ ᠳᠡᠭᠡᠷ᠎ᠡ ᠰᠢᠶᠳᠪᠦᠷᠢᠯᠡᠵᠦ᠂ | ᠲᠤᠬᠠᠶ ᠶᠢᠨ ᠲᠠᠯᠠᠪᠤᠷ ᠲᠤ ᠣᠴᠢᠵᠤ ᠰᠢᠶᠳᠪᠦᠷᠢᠯᠡᠬᠦ ᠬᠡᠷᠡᠭᠲᠡᠶ ᠴᠦ ︽ᠨᠢᠭᠡ ᠯᠡ ᠡᠭᠦᠳᠡ ᠪᠠᠷ ᠣᠷᠣᠬᠤ︾᠂ ︽ | ᠬᠡᠲᠦᠷᠡᠬᠦ ᠳᠡᠭᠡᠨ ᠨᠢᠭᠡ ᠤᠳᠠᠭ᠎ᠠ ᠭᠦᠶᠦᠬᠦ︾ ᠪᠣᠯᠭᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ | ᠤᠯᠤᠰ ᠤᠨ ᠪᠠᠷᠢᠮᠵᠢᠶᠠᠵᠢᠯ ᠤᠨ ᠲᠤᠷᠰᠢᠯᠲᠠ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠪᠠ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠶᠡᠬᠡᠪᠡᠷ ᠲᠦᠯᠬᠢᠨ ᠠᠬᠢᠭᠤᠯᠵᠤ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠠᠰᠠᠭᠤᠳᠠᠯ ᠢ ᠬᠦᠴᠦᠯᠡᠨ | ᠰᠢᠶᠳᠪᠦᠷᠢᠯᠡᠬᠦ ᠬᠡᠷᠡᠭᠲᠡᠶ᠃ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ ᠵᠦᠢᠯ ᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠦᠨᠡᠨ ᠬᠦ ᠬᠤᠪᠢᠷᠠᠭᠤᠯᠵᠤ᠂ ᠡᠭᠦᠨ ᠳᠤ ᠵᠠᠬ᠎ᠠ ᠳᠡᠯᠭᠡᠭᠦᠷ ᠢ ᠵᠠᠬ᠎ᠠ ᠳᠡᠯᠭᠡᠭᠦᠷ ᠢᠶᠠᠷ ᠲᠤᠬᠢᠷᠠᠭᠤᠯᠵᠤ᠂ | ᠠᠵᠤ ᠠᠬᠤᠶᠢᠯᠠᠯ ᠢ ᠠᠵᠤ ᠠᠬᠤᠶᠢᠯᠠᠯ ᠢᠶᠠᠷ ᠲᠤᠬᠢᠷᠠᠭᠤᠯᠬᠤ ᠶᠢ ᠴᠢᠬᠤᠯᠠᠴᠢᠯᠠᠨ᠂ ᠵᠠᠰᠠᠭ ᠤᠨ ᠣᠷᠳᠣᠨ ᠬᠢᠭᠡᠳ | ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠡᠩ ᠰᠠᠶᠢᠢᠨ ᠢᠶᠠᠷ ᠠᠪᠣᠴᠠᠯᠳᠣᠭᠤᠯᠬᠤ ᠠᠵᠢᠯᠯᠠᠭ᠎ᠠ ᠪᠠᠷ ᠢᠶᠠᠨ ᠬᠦᠴᠦᠯᠡᠨ | ᠳᠣᠲᠣᠨᠣ ᠪᠥᠭᠡᠳ ᠲᠣᠳᠣᠷᠬᠠᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ | ᠪᠠᠶᠢᠭᠤᠯᠵᠤ᠂ ᠠᠵᠤ ᠠᠬᠤᠶᠢᠯᠠᠯ ᠲᠤ ᠠᠮᠤᠷ ᠲᠠᠶᠢᠪᠤᠭᠤ ᠪᠡᠯᠡ ᠣᠷᠣᠭᠤᠯᠬᠤ ᠵᠢᠴᠢ ᠰᠡᠳᠬᠢᠯ ᠠᠮᠤᠷ ᠢᠶᠠᠷ ᠠᠳᠠᠯ | ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠭᠤᠤᠯᠳᠠᠯᠭ᠎ᠠ ᠪᠣᠯᠬᠤ ᠬᠦᠷᠢᠶ᠎ᠡ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠠᠵᠢᠯ ᠤᠨ | ᠪᠦᠲᠦᠮᠵᠢ ᠶᠢᠨ ᠬᠠᠮᠢᠶᠠᠷᠤᠯᠲᠠ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠬᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠲᠤᠰᠬᠠᠶ | ᠠᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠢ ᠤᠷᠢᠨ ᠤᠷᠤᠭᠤᠯᠵᠤ᠂ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ ᠂ | ᠰᠲ᠋ᠣᠺ ᠤᠨ ᠡᠷᠬᠡ ᠵᠡᠷᠭᠡ ᠪᠡᠯᠡ ᠳᠤᠬᠢᠷᠠᠭᠤᠯᠭ᠎ᠠ ᠶᠢᠨ ᠪᠠᠭᠠᠵᠢ ᠬᠡᠷᠡᠭᠯᠡᠭᠦᠷ ᠢ ᠰᠠᠶᠢᠲᠤᠷ ᠬᠡᠷᠡᠭᠯᠡᠵᠦ᠂ ᠮᠥᠩᠭᠦᠨ | ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠶ᠃ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠢᠨᠵᠧᠨᠧᠷᠢᠩ ᠤᠨ ᠲᠤᠷᠰᠢᠯᠲᠠ ᠶᠢ | ᠥᠷᠨᠢᠭᠦᠯᠵᠦ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠲᠥᠯᠬᠢᠨ ᠠᠬᠢᠭᠤᠯᠵᠤ | ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠴᠢᠯᠡᠭᠡ᠂ ᠬᠥᠮᠦᠵᠢᠭᠦᠯᠬᠦ᠂ ᠰᠣᠶᠣᠯ᠂ ᠪᠡᠶ᠎ᠡ ᠶᠢᠨ ᠲᠠᠮᠢᠷ ᠵᠡᠷᠭᠡ | ᠨᠡᠶᠢᠭᠡᠮ ᠤᠨ ᠠᠵᠢᠯ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠤᠨ | ᠬᠦᠷᠢᠶᠡᠨ ᠤ ᠬᠥᠭᠵᠢᠯᠲᠡ ᠶᠢᠨ ᠯᠤᠲᠤ ᠶᠡᠭᠡ ᠲᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ | ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠢ ᠯᠠᠪᠳᠠᠭᠤᠨ ᠪᠠᠲᠤᠲᠠᠶ ᠥᠷᠨᠢᠭᠦᠯᠵᠦ ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠳᠤ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ ᠪᠦᠷᠢᠳᠬᠡᠯ ᠤᠨ ᠮᠡᠳᠡᠭᠡ | ᠵᠠᠩᠭᠢ ᠶᠢᠨ ᠳᠡᠮᠵᠢᠯᠭᠡ ᠬᠠᠩᠭᠠᠵᠤ ᠦᠭᠭᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ | ᠳᠡᠮᠵᠢᠬᠦ ᠬᠡᠷᠡᠭᠲᠡᠶ᠃ ︽ᠬᠤᠶᠠᠷ ᠤᠬᠳᠦ ᠭᠤᠶᠢᠪᠢᠰᠢ ᠦᠭᠡᠢ︾ ᠴᠢᠭᠯᠡᠯᠲᠡ ᠶᠢ ᠪᠠᠷᠢᠮᠲᠠᠯᠠᠵᠤ᠂ ᠵᠤᠷᠢᠭᠵᠢᠭᠤᠯᠬᠤ᠂ | ᠳᠡᠮᠵᠢᠬᠦ᠂ ᠬᠥᠲᠥᠯᠥᠨ ᠵᠢᠯᠣᠭᠤᠳᠴᠤ ᠠᠷᠠᠳ ᠤᠨ ᠡᠵᠡᠩᠨᠡᠭᠰᠡᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ | ᠪᠤᠵᠠᠭᠠᠶᠢᠷᠠᠭᠤᠯᠬᠤ ᠬᠡᠷᠡᠭᠲᠡᠶ᠃ ᠥᠪᠡᠷ ᠤᠨ ᠥᠷᠲᠡᠭ ᠢ ᠪᠠᠭᠤᠷᠠᠭᠤᠯᠬᠤ ᠠᠵᠢᠯᠯᠠᠭᠠᠨ ᠤ ᠡᠯ᠎ᠡ ᠵᠦᠢᠯ ᠤᠨ ᠠᠵᠢᠯ ᠢ | ᠰᠠᠶᠢᠲᠤᠷ ᠠᠳᠬᠤᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠤᠯᠠᠭᠠᠨᠴᠠᠪ | ᠬᠤᠲᠠ ᠶᠢᠨ ᠾᠦᠢ ᠶᠤᠸᠠᠨ ᠪᠡᠯᠡ ᠣᠷᠣᠭᠤᠯᠤᠯᠲᠠ ᠶᠢᠨ ᠪᠠᠲᠤᠯᠭᠠᠲᠦ ᠺᠣᠮᠫᠠᠨᠢ ᠶᠢᠨ ᠵᠦᠸᠧᠽᠢ ᠳᠠᠬᠢ ᠬᠤᠪᠢᠶᠠᠷᠢ | ᠺᠣᠮᠫᠠᠨᠢ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ ᠪᠣᠯᠤᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠳᠤ ᠬᠦᠴᠢᠷᠲᠡᠶ ᠪᠠᠶᠢᠬᠤ᠂ ᠪᠠᠯᠠ ᠳᠣᠭᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠡᠩ | ᠲᠡᠷᠢᠭᠦᠨ ᠳᠤ ᠰᠢᠶᠳᠪᠦᠷᠢᠯᠡᠨ᠂ ᠠᠷᠠᠳ ᠤᠨ ᠡᠷᠭᠢᠯᠡᠭᠰᠡᠨ ᠠᠵᠤ ᠠᠬᠤᠶ ᠶᠢᠨ ᠬᠥᠭᠵᠢᠯᠲᠡ ᠳᠤ ᠠᠰᠢᠭᠲᠠᠶ | ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ ᠨᠠᠷᠢᠯᠢᠭ ᠨᠠᠶᠢᠳᠠᠪᠤᠷᠢᠵᠢᠭᠤᠯᠵᠤ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠲᠦᠷᠤ ᠶᠢᠨ ᠪᠤᠳᠤᠯᠭ᠎ᠠ ᠶᠢᠨ ᠳᠤᠮᠳᠠ ᠠᠰᠢᠭ ᠭᠥᠷᠳᠡᠭᠰᠡᠨ ᠲᠥᠷᠥᠭᠳᠡᠯ ᠢ ᠨᠡᠮᠡᠭᠳᠡᠭᠦᠯᠬᠦ | ᠬᠡᠷᠡᠭᠲᠡᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠰᠠᠨᠠᠯ ᠢ ᠦᠷᠭᠦᠯᠵᠢ ᠰᠣᠨᠣᠰᠴᠤ᠂ ᠢᠳᠡᠪᠬᠢᠲᠡᠢ | ᠠᠵᠢᠯᠯᠠᠵᠤ᠂ ᠤᠷᠢᠳᠴᠢᠯᠠᠨ ᠦᠢᠯᠡᠴᠢᠯᠡᠭᠡ ᠴᠢᠩᠭᠠᠳᠬᠠᠵᠤ᠂ ᠪᠣᠳᠠᠲᠠᠶ ᠬᠦᠴᠢᠷᠳᠡᠯ ᠢ ᠨᠢ ᠬᠠᠪᠰᠤᠷᠤᠨ | ᠰᠢᠶᠳᠪᠦᠷᠢᠯᠡᠵᠦ ᠥᠭᠬᠦ ᠬᠡᠷᠡᠭᠲᠡᠶ︔ ᠠᠵᠤ ᠠᠬᠤᠶᠢᠯᠠᠯᠲᠠᠨ ᠤ ᠬᠤᠪᠢ ᠪᠡᠶ᠎ᠡ ᠪᠠ ᠡᠳ᠋ ᠬᠦᠷᠦᠩᠭᠡ ᠶᠢᠨ ᠠᠮᠤᠷ | ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠵᠡᠩᠨᠡᠯᠲᠡ ᠢ | ᠪᠠᠲᠤᠯᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠰᠡᠳᠬᠢᠯ ᠰᠠᠨᠠᠭ᠎ᠠ ᠲᠤᠭᠲᠠᠭᠤᠨ ᠪᠠᠷ | ᠬᠥᠭᠵᠢᠭᠦᠯᠬᠦ ᠬᠡᠷᠡᠭᠲᠡᠶ᠃ | ᠭᠠᠳᠠᠭᠠᠳᠤ ᠨᠡᠭᠡᠭᠡᠯᠳᠠ ᠶᠢ ᠲᠦᠯᠬᠢᠨ ᠠᠬᠢᠭᠤᠯᠤᠨ᠎ᠠ᠃ ᠨᠡᠭᠡᠭᠡᠯᠳᠡ ᠬᠢᠪᠡᠯ ᠳᠠᠪᠰᠢᠵᠤ᠂ ᠲᠦᠭᠵᠢᠵᠦ | ᠪᠢᠲᠡᠭᠦᠮᠵᠢᠯᠡᠪᠡᠯ ᠬᠤᠴᠣᠷᠤᠨ᠎ᠠ᠂ ᠰᠢᠶᠠᠨ ᠤ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠬᠤᠰᠢᠭᠤᠴᠢ ᠶᠢᠨ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠷᠭᠦᠯᠵᠢᠯᠡᠨ ᠨᠡᠭᠡᠭᠡᠯᠲᠡᠲᠦ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠳᠡᠭᠡᠳᠦ ᠬᠢᠷᠢ ᠲᠦᠪᠰᠢᠨ ᠪᠦᠬᠦᠢ ᠨᠡᠭᠡᠭᠡᠯᠲᠡ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠶ᠃ ᠤᠯᠠᠭᠠᠨᠴᠠᠪ ᠬᠤᠲᠠ ᠶᠢᠨ ᠵᠡᠭᠦᠨᠰᠢ ᠤᠷᠤᠭᠰᠢᠯᠠᠨ ᠪᠠᠷᠠᠭᠤᠨᠰᠢ ᠵᠣᠷᠴᠢᠵᠤ | ᠂ ᠡᠮᠦᠨᠡᠰᠢ ᠬᠤᠯᠪᠣᠭᠠᠯᠠᠵᠤ ᠤᠮᠠᠷᠠᠰᠢ ᠨᠡᠭᠡᠭᠡᠬᠦ ᠣᠷᠣᠨ ᠪᠦᠰᠡ ᠶᠢᠨ ᠠᠵᠠ ᠲᠣᠬᠢᠶᠠᠯ ᠢ ᠠᠳᠬᠤᠵᠤ᠂ ᠮᠠᠨ ᠤ | ᠰᠢᠶᠠᠨ ᠤ ᠵᠠᠮ ᠬᠠᠷᠢᠯᠴᠠᠭ᠎ᠠ ᠶᠢᠨ ᠣᠷᠣᠨ ᠪᠠᠶᠢᠷᠢ ᠶᠢᠨ ᠳᠠᠪᠠᠭᠤᠯᠢᠭ ᠣᠨᠴᠠᠯᠢᠭ ᠲᠤ ᠲᠦᠰᠢᠭᠯᠡᠨ ᠨᠡᠭᠡᠭᠡᠯᠲᠡᠲᠦ | ᠬᠥᠭᠵᠢᠯᠲᠡ ᠶᠢᠨ ᠳᠤᠮᠳᠠ ᠲᠣᠮᠣ ᠵᠤᠭᠠᠴᠠᠯ᠂ ᠶᠡᠭᠡ ᠡᠳ᠋ ᠪᠠᠷᠠᠭᠠᠨ ᠤ ᠭᠦᠢᠯᠭᠡᠭᠡᠨ ᠢ ᠰᠠᠨᠠᠭᠠᠴᠢᠯᠠᠭ᠎ᠠ ᠠᠴᠠ ᠪᠠᠨ | ᠰᠠᠶᠢᠲᠤᠷ ᠬᠢᠵᠦ ᠂ ︽ᠠᠵᠤ ᠠᠬᠤᠶ ᠶᠢᠨ ᠬᠤᠩᠭᠢᠯ︾ ᠶᠢ ︽ᠪᠣᠳᠠᠲᠠᠢ ᠨᠠᠶᠢᠳᠠᠪᠤᠷᠢᠵᠢᠭᠤᠯᠬᠤ ᠠᠵᠤ ᠠᠬᠤᠶ︾ | ᠪᠤᠯᠭᠠᠨ ᠬᠤᠪᠢᠷᠠᠭᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠪᠠ ᠪᠦᠲᠦᠭᠡᠨ | ᠪᠠᠶᠢᠭᠤᠯᠤᠯᠲᠠ ᠶᠢᠨ ᠵᠦᠢᠯ ᠢ ᠴᠢᠩᠭᠠᠳᠬᠠᠨ᠎ᠠ᠃ ︽ᠭᠤᠣᠯᠳᠠᠯᠭ᠎ᠠ ᠲᠠᠢ ᠲᠦᠷᠦᠯ ᠵᠦᠢᠯ ᠤᠨ ᠪᠡᠷᠬᠡ ᠰᠡᠳᠦᠪ ᠢ | ᠰᠢᠶᠳᠪᠦᠷᠢᠯᠡᠬᠦ ᠵᠢᠯ︾ ᠤᠨ ᠱᠠᠭᠠᠷᠳᠠᠯᠭ᠎ᠠ ᠶᠣᠰᠣᠭᠠᠷ᠂ ᠲᠠᠶᠢᠢᠴᠢᠯᠠᠵᠤ ᠪᠣᠯᠬᠤ ᠬᠦᠴᠦᠨ ᠪᠦᠬᠦᠨ ᠢ ᠲᠠᠶᠢᠢᠴᠢᠯᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠨᠠᠮᠵᠢᠭᠤᠯᠬᠤ ᠠᠵᠢᠯ ᠢ ᠴᠢᠩᠭ᠎ᠠ ᠠᠳᠬᠤᠵᠤ᠂ | ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠡᠭᠡᠵᠢᠩ ᠲᠢᠶᠠᠨᠵᠢᠨ | ᠾᠧᠪᠧᠶ᠂ ᠬᠥᠬᠡᠮᠥᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ | ᠬᠥᠭᠵᠢᠭᠰᠡᠨ ᠭᠠᠵᠠᠷ ᠣᠷᠣᠨ ᠤ ᠠᠵᠤ ᠦᠶᠯᠡᠰ ᠤᠨ ᠰᠢᠯᠵᠢᠭᠦᠯᠬᠦ ᠠᠵᠠ ᠲᠣᠬᠢᠶᠠᠯ ᠢ ᠡᠵᠡᠮᠳᠡᠵᠦ᠂ ᠥᠪᠡᠷᠮᠢᠴᠡ | ᠣᠨᠴᠠᠯᠢᠭ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ ᠶᠢᠨ | ᠰᠤᠷᠪᠤᠯᠵᠢ᠂ ᠰᠢᠨ᠎ᠡ ᠮᠠᠲ᠋ᠧᠷᠢᠶᠠᠯ᠂ ᠠᠷᠠᠯᠵᠢᠶ᠎ᠠ ᠬᠤᠳᠠᠯᠳᠤᠭ᠎ᠠ᠂ ᠵᠢᠭᠤᠯᠴᠢᠯᠠᠯ ᠵᠡᠷᠭᠡ ᠠᠵᠤ ᠦᠢᠯᠡᠰ ᠤᠨ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠦᠷᠦᠯ ᠵᠦᠢᠯ ᠤᠨ ᠭᠠᠵᠠᠷ ᠬᠡᠷᠡᠭᠯᠡᠬᠦ᠂ ᠡᠳ᠋ ᠤᠨ ᠵᠠᠰᠠᠭ ᠭᠠᠶᠢᠯᠢ | ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ | ᠲᠠᠯ᠎ᠠ ᠪᠠᠷ ᠪᠡᠯᠡ ᠣᠷᠣᠭᠤᠯᠤᠯᠲᠠ ᠶᠢ ᠲᠠᠲᠠᠵᠤ᠂ ᠮᠠᠨ ᠤ ᠰᠢᠶᠠᠨ ᠲᠤ ᠲᠤᠬᠢᠷᠠᠬᠤ ᠨᠢᠭᠡ ᠪᠦᠯᠦᠭ ᠠᠵᠤ | ᠦᠶᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠ ᠪᠣᠬᠢᠷᠲᠤᠯ ᠥᠬᠡᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠲᠦᠷᠦᠯ ᠵᠦᠢᠯ ᠣᠷᠣᠭᠤᠯᠵᠤ ᠢᠷᠡᠬᠦ ᠪᠠᠷ ᠴᠢᠷᠮᠠᠶᠢᠵᠤ ᠂ ᠲᠥᠷᠥᠯ ᠵᠦᠶᠯ ᠢᠶᠠᠷ | ᠳᠠᠶᠢᠴᠢᠯᠠᠬᠤ ᠶᠢ ᠳᠣᠪᠤᠶᠢᠯᠭᠠᠨ᠂ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠭᠤᠣᠯᠯᠠᠬᠤ ᠠᠵᠤ | ᠦᠢᠯᠡᠰ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠥᠷᠥᠯ ᠵᠦᠶᠯ ᠢ ᠢᠳᠡᠪᠬᠢᠲᠡᠶ ᠰᠦᠪᠡᠭᠴᠢᠯᠡᠵᠦ᠂ | ᠵᠢᠯ ᠤᠨ ᠳᠣᠲᠣᠷ᠎ᠠ ᠲᠥᠯᠥᠪᠯᠡᠭᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ 22 ᠵᠤᠷᠪᠤᠰ᠂ ᠪᠠᠯᠠ | ᠣᠷᠣᠭᠤᠯᠤᠯᠲᠠ 27 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠵᠠᠮ ᠬᠠᠷᠢᠯᠴᠠᠭ᠎ᠠ᠂ | ᠲᠦᠯᠡᠰᠢ ᠂ ᠤᠰᠤᠨ ᠠᠰᠢᠭᠯᠠᠯᠲᠠ ᠂ ᠮᠡᠳᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ | ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢ ᠴᠢᠬᠤᠯᠠ ᠵᠢᠭᠠᠪᠤᠷᠢ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ︽ᠪᠠᠶᠢᠭᠤᠯᠬᠤ ᠬᠠᠮᠢᠶᠠᠷᠬᠤ ᠲᠡᠵᠢᠭᠡᠬᠦ | ᠬᠡᠷᠡᠭᠯᠡᠬᠦ︾ ᠶᠢ ᠵᠣᠬᠢᠴᠠᠩᠭᠤᠶ ᠬᠦᠭᠵᠢᠭᠦᠯᠵᠦ᠂ 7000 ᠭᠠᠷᠤᠶ ᠲᠦᠮᠡᠨ ᠲᠥᠭᠦᠷᠢᠭ ᠤᠨ ᠪᠡᠯᠡ ᠤᠷᠤᠭᠤᠯᠵᠤ | ᠠᠶᠢᠯ ᠲᠣᠰᠬᠤᠨ ᠳᠤ 100 ᠭᠠᠷᠤᠢ ᠺᠢᠯᠣᠮᠧᠲᠷ ᠤᠨ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠪᠡᠶᠡᠯᠡᠭᠦᠯᠦᠨ᠂ | ᠠᠮᠤᠷ ᠲᠦᠪᠰᠢᠨ ᠪᠠ ᠠᠮᠢ ᠨᠠᠰᠤ ᠶᠢᠨ ᠬᠠᠮᠠᠭᠠᠯᠠᠯᠲᠠ ᠶᠢᠨ ᠢᠨᠵᠧᠨᠧᠷᠢᠩ ᠢ 15᠂ ᠬᠥᠭᠦᠷᠭᠡ ᠥᠭᠡᠷᠡᠴᠢᠯᠡᠬᠦ 5 | ᠶᠢ ᠭᠦᠢᠴᠡᠳᠬᠡᠨ᠎ᠡ᠃ 1 5 ᠳ᠋ᠦᠩᠰᠢᠭᠤᠷ ᠲᠥᠭᠦᠷᠢᠭ ᠣᠷᠴᠢᠮ ᠪᠡᠯᠡ ᠣᠷᠣᠭᠤᠯᠵᠤ ᠴᠠᠬᠢᠯᠭᠠᠨ ᠬᠦᠴᠦᠳᠡᠯ | ᠥᠭᠡᠷᠡᠴᠢᠯᠡᠬᠦ ᠦᠷᠲᠡᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ᠂ 10 ᠺᠢᠯᠣᠸᠠᠲ ᠤᠨ ᠴᠠᠬᠢᠯᠭᠠᠨ ᠵᠢᠴᠢ ᠲᠡᠭᠦᠨ ᠠᠴᠠ | ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ᠂ ᠣᠨᠳᠣᠣ ᠭᠠᠵᠠᠷ ᠲᠤ | ᠨᠡᠭᠦᠯᠭᠡᠨ ᠶᠠᠳᠠᠭᠤ ᠶᠢ ᠲᠡᠳᠬᠦᠬᠦ ᠢᠵᠢ ᠪᠥᠷᠢᠳᠦᠭᠦᠯᠦᠨ ᠴᠠᠬᠢᠯᠭᠠᠨ ᠬᠠᠩᠭᠠᠬᠤ᠂ ᠭᠡᠷᠡᠯ ᠴᠠᠬᠢᠯᠭᠠᠨ ᠢᠶᠠᠷ ᠶᠠᠳᠠᠭᠤ ᠶᠢ | ᠲᠡᠳᠬᠦᠬᠦ ᠲᠣᠰᠬᠤᠨ ᠤ ᠲᠡᠰ ᠤᠨ ᠴᠠᠬᠢᠯᠭᠠᠨ ᠦᠷᠳᠡᠭᠡ ᠶᠢᠨ ᠵᠠᠯᠭᠠᠯᠲᠠ᠂ ᠬᠠᠭᠤᠴᠢᠨ ᠪᠠ ᠬᠠᠭᠤᠴᠢᠷᠠᠭᠰᠠᠨ | ᠬᠡᠮᠵᠢᠯᠲᠡ ᠶᠢᠨ ᠥᠭᠡᠷᠡᠴᠢᠯᠡᠬᠦ ᠵᠡᠷᠭᠡ ᠢᠨᠵᠧᠨᠧᠷᠢᠩ ᠢ ᠰᠠᠶᠢᠲᠤᠷ ᠬᠢᠨ᠎ᠡ᠃ ᠤᠰᠤᠨ ᠠᠰᠢᠭᠯᠠᠯᠲᠠ ᠶᠢᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ ᠃ 340 ᠲᠦᠮᠡᠨ ᠲᠥᠭᠦᠷᠢᠭ ᠪᠡᠯᠡ ᠤᠷᠤᠭᠤᠯᠵᠤ ᠪᠡᠭᠡᠵᠢᠩ | ᠲᠢᠶᠠᠨᠵᠢᠨ ᠤ ᠡᠯᠡᠰᠦᠨ ᠤ ᠢᠷᠡᠯᠲᠡ ᠶᠢᠨ ᠬᠤᠶᠠᠳᠤᠭᠠᠷ ᠬᠤᠭᠤᠴᠠᠭᠠᠨ ᠤ ᠤᠰᠤᠨ ᠰᠤᠷᠪᠤᠯᠵᠢ ᠶᠢᠨ ᠪᠠᠲᠤᠯᠠᠨ | ᠵᠠᠰᠠᠬᠤ ᠲᠦᠷᠦᠯ ᠵᠦᠢᠯ ᠳᠤ ᠬᠡᠷᠡᠭᠵᠢᠭᠦᠯᠵᠦ ᠂ 1854 ᠲᠦᠮᠡᠨ ᠲᠥᠭᠦᠷᠢᠭ ᠤᠨ ᠪᠡᠯᠡ ᠤᠷᠤᠭᠤᠯᠵᠤ | ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠲᠤ | ᠬᠡᠷᠡᠭᠯᠡᠨ 4394 ᠬᠥᠮᠦᠨ 3202 ᠮᠠᠯ ᠤᠨ ᠤᠰᠤ ᠤᠮᠳᠠ ᠶᠢᠨ ᠬᠦᠴᠢᠷᠳᠡᠯ ᠢ ᠰᠢᠶᠳᠪᠦᠷᠢᠯᠡᠵᠦ ᠂ ᠯᠦᠩ | ᠱᠧᠩ ᠤᠰᠤᠨ ᠴᠥᠭᠦᠷᠥᠮ ᠤᠨ ᠵᠠᠯᠭᠠᠮᠵᠢ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠵᠢᠯ ᠤᠨ | ᠲᠤᠲᠤᠷ᠎ᠠ ᠤᠰᠤ ᠬᠠᠳᠠᠭᠠᠯᠠᠬᠤ ᠴᠢᠳᠠᠮᠵᠢ ᠲᠠᠢ ᠪᠤᠯᠭᠠᠨ᠎ᠠ ᠃ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ 900 ᠭᠠᠷᠤᠶ ᠲᠦᠮᠡᠨ ᠲᠥᠭᠦᠷᠢᠭ ᠤᠨ ᠪᠡᠯᠡ ᠤᠷᠤᠭᠤᠯᠵᠤ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠲᠤ ᠰᠠᠶᠢᠲᠤᠷ ᠬᠡᠷᠡᠭᠵᠢᠭᠦᠯᠵᠦ ᠬᠥᠳᠡᠭᠡ | ᠲᠣᠰᠬᠤᠨ ᠤ ᠰᠦᠯᠵᠢᠶ᠎ᠡ ᠪᠠᠷ ᠪᠦᠷᠬᠦᠬᠦ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠠᠷᠠᠳ ᠤᠯᠠᠨ ᠤ | ᠮᠡᠳᠡᠭᠡ ᠵᠠᠩᠭᠢ ᠶᠢᠨ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ ᠴᠢᠳᠠᠬᠤ ᠪᠤᠯᠭᠠᠨ᠎ᠠ᠃ | ︵ᠭᠤᠷᠪᠠ︶ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ | ᠲᠦᠷᠭᠡᠳᠬᠡᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠠᠵᠤ ᠦᠢᠯᠡᠳᠪᠦᠷᠢ ᠶᠢ ᠲᠡᠳᠬᠦᠨ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠦᠨᠡᠨ ᠬᠦ ᠬᠤᠪᠢᠷᠠᠭᠤᠯᠵᠤ᠂ ᠠᠵᠤ ᠦᠢᠯᠡᠳᠪᠦᠷᠢ ᠶᠢᠨ | ᠪᠦᠲᠦᠴᠡ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ᠎ᠡ᠃ ᠤᠯᠠᠮᠵᠢᠯᠠᠯᠲᠤ ᠠᠵᠤ | ᠦᠢᠯᠡᠰ ᠲᠤ ᠰᠢᠨ᠎ᠡ ᠲᠧᠭᠨᠢᠭ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢᠶᠠᠷ | ᠥᠭᠡᠷᠡᠴᠢᠯᠡᠵᠦ᠂ ᠲᠡᠭᠦᠨ ᠢ ᠪᠣᠬᠢᠷᠲᠤᠯ ᠥᠬᠡᠶ᠂ ᠤᠶᠤᠨᠴᠢᠯᠠᠬᠤ ᠲᠡᠰᠢ ᠬᠥᠭᠵᠢᠭᠦᠯᠵᠦ᠂ ︽ᠦᠬᠦᠰᠢᠷᠡᠮᠡᠯ ᠠᠵᠤ | ᠠᠬᠤᠶᠢᠯᠠᠯ︾ ᠢ ᠲᠦᠷᠭᠡᠪᠴᠢᠯᠡᠨ ᠰᠢᠢᠳᠪᠦᠷᠢᠯᠡᠨ᠎ᠡ᠃ ᠢᠵᠢ ᠪᠦᠷᠢᠳᠦᠭᠦᠯᠬᠦ ᠳᠡᠭᠡᠳᠦ ᠳᠣᠤᠷᠠᠳᠤ ᠤᠷᠤᠰᠬᠠᠯ ᠤᠨ | ᠠᠵᠤ ᠦᠶᠯᠡᠰ ᠤᠨ ᠬᠥᠭᠵᠢᠯᠲᠡ ᠶᠢ ᠳᠡᠮᠵᠢᠨ ᠨᠡᠩ ᠪᠦᠷᠢᠨ ᠭᠦᠢᠴᠡᠳ᠂ ᠪᠦᠲᠦᠮᠵᠢ ᠰᠠᠶᠢᠲᠠᠶ ᠠᠵᠤ ᠦᠢᠯᠡᠰ ᠤᠨ | ᠬᠡᠯᠬᠢᠶ᠎ᠡ ᠶᠢ ᠪᠣᠶ ᠪᠣᠯᠭᠠᠨ᠎ᠠ᠃ ᠢ ᠳ᠋ᠦᠩ ᠳ᠋ᠦᠩ ᠳ᠋ᠦ᠋ᠩᠰᠢᠩ ᠬᠢᠮᠢ ᠶᠢᠨ ᠠᠵᠤ ᠦᠢᠯᠡᠳᠪᠦᠷᠢ ᠳᠤ PVC ᠂ | ᠢᠳᠡᠮᠡᠬᠡᠶ ᠱᠦᠯᠲᠦ ᠂ ᠭᠤᠷᠪᠠᠨ ᠾᠯᠤᠷᠤ᠋ ᠡᠲ᠋ᠧᠨ ᠂ ᠨᠢᠯᠴᠠᠭᠠᠢ ᠳᠠᠪᠠᠷᠬᠠᠢ ᠪᠠᠷ ᠰᠠᠭᠤᠷᠢ ᠪᠣᠯᠭᠠᠵᠤ᠂ | ᠭᠤᠣᠯᠳᠠᠯᠭ᠎ᠠ ᠲᠠᠢ ᠣᠨᠴᠠ ᠲᠦᠷᠦᠯ ᠤᠨ ᠬᠠᠪᠲᠠᠰᠤ᠂ ᠬᠤᠭᠤᠯᠠᠶ ᠮᠠᠲ᠋ᠧᠷᠢᠶᠠᠯ ᠂ ᠳᠡᠭᠡᠳᠦ ᠳᠡᠰ ᠤᠨ | ᠬᠡᠪᠰᠢᠭᠦᠯᠦᠭᠰᠡᠨ ᠮᠠᠲ᠋ᠧᠷᠢᠶᠠᠯ ᠦᠭᠡᠳᠡ ᠬᠥᠭᠵᠢᠭᠦᠯᠬᠦ ᠬᠡᠷᠡᠭᠲᠡᠶ︔ ᠵᠦᠩ ᠰᠢ ᠠᠭᠤᠷᠬᠠᠶ ᠶᠢᠨ ᠦᠢᠯᠡᠰ ᠢ ᠳᠡᠳᠬᠦᠨ | ᠡᠳ᠋ ᠬᠦᠷᠦᠩᠭᠡ ᠶᠢ ᠲᠠᠬᠢᠨ ᠵᠣᠬᠢᠶᠠᠨ ᠪᠠᠶᠢᠭᠤᠯᠬᠤ ᠶᠢ ᠲᠦᠷᠭᠡᠨ ᠪᠡᠶᠡᠯᠡᠭᠦᠯᠵᠦ᠂ 500 ᠲᠦᠮᠡᠨ ᠲᠣᠨ ᠲᠧᠭᠨᠢᠭ | ᠮᠡᠷᠭᠡᠵᠢᠯ ᠤᠨ ᠰᠢᠨᠡᠴᠢᠯᠡᠯᠲᠡ ᠶᠢᠨ ᠵᠦᠢᠯ ᠢ ᠬᠢᠨᠠᠨ ᠵᠥᠪᠰᠢᠶᠡᠷᠡᠬᠦ ᠪᠠ ᠬᠡᠯᠡᠯᠴᠡᠭᠡ ᠶᠢ ᠳᠠᠬᠢᠨ ᠡᠬᠢᠯᠡᠭᠦᠯᠬᠦ ᠶᠢ | ᠳᠥᠯᠭᠢᠨ ᠠᠬᠢᠭᠤᠯᠵᠤ᠂ ᠮᠣᠯᠢᠪᠳᠧᠨ ᠨᠠᠷᠢᠯᠢᠭ ᠭᠤᠯᠢᠷ ᠮᠤᠯᠢᠪᠳᠤᠨ ᠬᠦᠴᠢᠯ ᠵᠡᠷᠭᠡ ᠳᠤᠤᠷᠠᠳᠤ ᠤᠷᠤᠰᠬᠠᠯ ᠤᠨ | ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ᠪᠥᠸᠧ ᠢ᠂ ᠱᠧᠩ ᠬᠤᠸᠠ ᠵᠡᠷᠭᠡ ᠬᠠᠶᠢᠯᠤᠰᠢ ᠠᠵᠤ | ᠠᠬᠤᠶᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠦᠢᠯᠡᠳᠪᠦᠷᠢᠯᠡᠯ ᠢ ᠲᠦᠷᠭᠡᠳᠬᠡᠨ ᠠᠬᠢᠭᠤᠯᠵᠤ᠂ | ᠬᠤᠸᠠ ᠢ ᠢᠯᠴᠢ ᠴᠠᠬᠢᠯᠭᠠᠨ ᠠᠯᠢ ᠲᠦᠷᠭᠡᠨ ᠢᠶᠠᠷ ᠬᠢᠨᠠᠨ ᠵᠥᠪᠰᠢᠶᠡᠷᠡᠬᠦ ᠴᠣᠬᠤᠯᠠᠪᠤᠷᠢ ᠤᠯᠭᠤᠨ᠂ ᠴᠢ ᠰᠢᠶᠠ | ᠶᠢᠩ ᠪᠠᠯᠭᠠᠰᠤᠨ ᠤ ᠶᠢ ᠹᠠ ᠴᠠᠬᠢᠯᠭᠠᠨ ᠭᠠᠷᠭᠠᠬᠤ 2 × 35 ᠲᠦᠮᠡᠨ ᠺᠢᠯᠣᠸᠠᠲ ᠭᠠᠯ ᠤᠨ ᠬᠦᠴᠦᠨ ᠤ | ᠴᠠᠬᠢᠯᠭᠠᠨ ᠭᠠᠷᠭᠠᠯᠲᠠ ᠲᠥᠷᠥᠯ ᠵᠦᠢᠯ ᠤᠨ ᠬᠢᠨᠠᠨ ᠵᠥᠪᠰᠢᠶᠡᠷᠡᠬᠦ ᠢ ᠲᠦᠷᠭᠡᠳᠬᠡᠵᠦ᠂ ᠪᠠᠷᠢᠯᠭ᠎ᠠ ᠶᠢᠨ ᠠᠵᠢᠯ ᠢ | ᠡᠷᠲᠡᠬᠡᠨ ᠡᠬᠢᠯᠡᠭᠦᠯᠬᠦ ᠬᠡᠷᠡᠭᠲᠡᠶ᠂ ᠪᠠᠳᠢ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠤᠶᠢᠯᠠᠳᠬᠦᠨ ᠢ ᠠᠬᠢᠭᠤᠯᠵᠤ᠂ | ᠭᠤᠣᠯ ᠤᠶᠢᠯᠠᠳᠬᠦᠨ ᠤ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ᠃ ᠤᠲᠤᠮᠠᠯ ᠲᠠᠬᠢᠶ᠎ᠠ ᠶᠢᠨ ᠠᠵᠤ | ᠦᠶᠯᠡᠰ ᠲᠤ ᠳ᠋ᠧ ᠴᠢᠩ ᠶᠤᠸᠠᠨ ᠨᠠᠷᠠᠲᠤ ᠲᠡᠮᠳᠡᠭᠲᠦ ᠪᠠ ᠵᠠᠬ᠎ᠠ ᠳᠡᠯᠭᠡᠭᠦᠷ ᠤᠨ ᠳᠠᠪᠠᠭᠤᠯᠢᠭ ᠲᠠᠯ᠎ᠠ ᠶᠢ ᠠᠰᠢᠭᠯᠠᠨ | ᠠᠵᠢᠯ ᠲᠥᠷᠥᠯ ᠤᠨ ᠪᠠᠷᠢᠮᠵᠢᠶ᠎ᠠ ᠲᠣᠭᠲᠠᠭᠠᠬᠤ ᠪᠠ ᠪᠦᠲᠦᠭᠡᠭᠳᠡᠬᠦᠨ ᠤ ᠭᠡᠷᠡᠴᠢᠯᠡᠭᠡ ᠬᠢᠬᠦ ᠢ ᠲᠦᠷᠭᠡᠳᠬᠡᠨ᠂ ᠠᠯᠬᠤᠮ | ᠠᠯᠬᠤᠮ ᠢᠶᠠᠷ ᠳᠡᠯᠭᠡᠭᠦᠷ ᠪᠠ ᠣᠷᠣᠯᠠᠬᠤ ᠬᠡᠯᠪᠡᠷᠢ ᠪᠠᠷ ᠵᠠᠬ᠎ᠠ ᠳᠡᠯᠭᠡᠭᠦᠷ ᠲᠤ ᠣᠷᠣᠵᠤ᠂ ᠤᠯᠤᠰ ᠳᠠᠶᠠᠭᠠᠷ ᠲᠤ | ᠮᠠᠨᠳᠤᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ | ᠬᠥᠳᠡᠯᠭᠡᠬᠦ ᠡᠨᠧᠷᠭᠢ ᠶᠢ ᠬᠥᠭᠵᠢᠭᠦᠯᠦᠨ᠂ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠪᠠ ᠠᠵᠢᠯ ᠣᠯᠭᠤᠯᠲᠠ ᠶᠢ | ᠳᠠᠶᠢᠴᠢᠯᠠᠨ᠎ᠠ᠃ ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠬᠥᠭᠵᠢᠭᠦᠯᠦᠨ ᠪᠤᠵᠠᠭᠠᠶᠢᠷᠠᠭᠤᠯᠵᠤ᠂ | ᠰᠢᠩ ᠹᠧᠩ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠯᠢᠲ᠋ᠢ ᠶᠢᠨ ᠢᠶᠣᠨ ᠤ ᠳ᠋ᠢᠶᠠᠨ ᡂᠢ ᠶᠢᠨ ᠪᠢᠯᠢᠭ | ᠲᠦᠢᠯ ᠤᠨ ᠮᠠᠲ᠋ᠧᠷᠢᠶᠠᠯ᠂ ᠷᠦᠩ ᠱᠧᠩ ᠳ᠋ᠧ ᠠᠯᠺᠣᠣᠯ ᠪᠠᠷ ᠰᠠᠭᠤᠷᠢ ᠪᠣᠯᠭᠠᠭᠰᠠᠨ ᠲᠦᠯᠡᠰᠢ᠂ ᠵᠢᠶᠠ ᠵᠤᠸᠠᠨ | ᠬᠦᠶ ᠢᠳᠡᠭᠡᠨ᠂ ᠵᠤᠤ ᠳ᠋ᠠ ᠪᠠᠯ ᠴᠢᠯᠠᠭᠤ ᠵᠡᠷᠭᠡ ᠲᠥᠷᠥᠯ ᠵᠦᠶᠯ ᠢ ᠠᠯᠢ ᠲᠦᠷᠭᠡᠨ ᠢᠶᠠᠷ ᠠᠰᠢᠭᠯᠠᠯᠲᠠ ᠳᠤ | ᠣᠷᠣᠭᠤᠯᠤᠨ ᠦᠷ᠎ᠡ ᠠᠰᠢᠭ ᠤᠯᠭᠤᠨ᠂ ᡁᠢ ᠴᠧᠨ ᠯᠢᠲ᠋ᠢ ᠳ᠋ᠢᠶᠠᠨ ᡂᠢ ᠵᠡᠷᠭᠡ ᠲᠥᠷᠥᠯ ᠵᠦᠢᠯ ᠤᠨ ᠡᠮᠦᠨᠡᠬᠢ ᠭᠠᠷ | ᠭᠦᠢᠴᠡᠳᠬᠡᠯ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠪᠴᠢᠯᠡᠨ ᠡᠬᠢᠯᠡᠭᠦᠯᠵᠦ ᠂ ᠵᠦᠩ ᠨᠧᠩ᠂ | ᠮᠧᠩ ᠰᠢᠩ᠂ ᠲᠦᠩ ᠬᠦᠢ ᠵᠡᠷᠭᠡ ᠪᠠᠶᠢᠭᠠᠯᠢ ᠶᠢᠨ ᠰᠢᠲᠠᠮᠠᠬᠠᠶ ᠬᠡᠶ ᠶᠢᠨ ᠲᠥᠷᠥᠯ ᠵᠦᠢᠯ ᠢ ᠪᠥᠬᠦ ᠲᠠᠯ᠎ᠠ ᠪᠠᠷ | ᠦᠢᠯᠡᠳᠪᠦᠷᠢᠯᠡᠯ ᠦᠷ᠎ᠡ ᠪᠦᠲᠦᠮᠵᠢ ᠳᠤ ᠤᠷᠤᠭᠤᠯᠤᠨ᠂ ᠡᠳᠦᠷ ᠲᠤ ᠰᠢᠶᠳᠪᠦᠷᠢᠯᠡᠬᠦ ᠴᠢᠳᠠᠪᠤᠷᠢ ᠶᠢ 260 ᠲᠦᠮᠡᠨ | ᠺᠦᠪ ᠮᠧᠲᠷ ᠠᠴᠠ ᠳᠡᠭᠡᠭᠰᠢ ᠬᠦᠷᠭᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ᠃ | ︵ᠲᠦᠷᠪᠡ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠠᠵᠤ | ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ | ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠮᠡᠳᠡᠭᠡ ᠵᠠᠩᠭᠢ ᠵᠡᠷᠭᠡ ᠦᠢᠯᠡᠴᠢᠯᠡᠭᠡᠨ ᠤ ᠠᠷᠠᠯᠵᠢᠶ᠎ᠠ ᠪᠠᠷ | ᠭᠤᠣᠯᠳᠠᠯᠭ᠎ᠠ ᠪᠣᠯᠭᠠᠭᠰᠠᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠲᠦᠯᠬᠢᠨ ᠠᠬᠢᠭᠤᠯᠵᠤ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠨ᠎ᠠ᠃ | ᠵᠤᠭᠠᠴᠠᠯ ᠤᠨ ᠦᠢᠯᠡᠰ ᠤᠨ ᠶᠡᠭᠡ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠦᠬᠦ ᠣᠷᠣᠨ ᠪᠦᠰᠡ ᠶᠢᠨ | ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ ᠂ ︽ᠵᠤᠭᠠᠴᠠᠯ +︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠶᠡᠬᠡᠪᠡᠷ ᠬᠡᠷᠡᠭᠵᠢᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠶᠡᠷᠦᠩᠬᠡᠶ ᠲᠥᠯᠥᠪᠵᠢᠭᠦᠯᠭᠡ ᠪᠥᠬᠦ ᠲᠠᠯ᠎ᠠ ᠪᠠᠷ ᠨᠡᠶᠢᠳᠠᠪᠦᠷᠢᠵᠢᠭᠤᠯᠬᠤ ᠬᠡᠷᠡᠭᠲᠡᠶ᠃ | ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠵᠦ᠂ ᠵᠦᠸᠧᠽᠢ — | ᠯᠢᠨ ᠬᠡᠦ ᠡᠷᠲᠡᠨ ᠤ ᠲᠤᠰᠬᠤᠨ — ᠬᠥᠬᠡᠬᠤᠲᠠ᠂ ᠬᠥᠬᠡᠬᠤᠲᠠ — ᠬᠤᠩ ᠱᠢ ᠶᠠ ᠬᠤᠶᠠᠷ | ᠵᠢᠭᠤᠯᠴᠢᠯᠠᠯ ᠤᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢᠶᠠᠨ ᠲᠦᠷᠭᠡᠬᠡᠨ ᠡᠬᠢᠯᠡᠭᠦᠯᠬᠦ ᠬᠡᠷᠡᠭᠲᠡᠶ᠃ ᠪᠡᠭᠡᠵᠢᠩ | ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠠ ᠲᠣᠬᠢᠶᠠᠯ ᠵᠢᠴᠢ ᠳᠡᠭᠡᠳᠦ ᠬᠤᠷᠳᠤᠴᠠᠲᠤ ᠲᠠᠮᠣᠷ ᠵᠠᠮ ᠤᠨ | ᠨᠡᠪᠲᠡᠷᠡᠬᠦ ᠠᠵᠠ ᠲᠣᠬᠢᠶᠠᠯ ᠢ ᠠᠰᠢᠭᠯᠠᠨ᠂ ᠵᠢᠭᠤᠯᠴᠢᠯᠠᠯ ᠤᠨ ᠵᠠᠮ ᠱᠤᠭᠤᠮ ᠵᠢᠷᠤᠭ ᠲᠥᠯᠥᠪᠯᠡᠭᠡ ᠶᠢ ᠰᠠᠶᠢᠬᠠᠨ | ᠲᠦᠯᠦᠪᠡᠯᠡᠨ᠂ ᠬᠦᠬᠡᠬᠤᠲᠠ᠂ ᠪᠡᠭᠡᠵᠢᠩ ᠪᠠᠷ ᠲᠥᠪ ᠪᠣᠯᠭᠠᠬᠤ ᠬᠡᠷᠡᠭᠯᠡᠭᠡᠨ ᠤ ᠲᠤᠮᠤ ᠵᠠᠬ᠎ᠠ ᠳᠡᠯᠭᠡᠭᠦᠷ ᠲᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠠᠨ ᠰᠢᠶᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ | ᠲᠣᠭᠤᠷᠢᠭ ᠢ ᠪᠡᠭᠡᠵᠢᠩ ᠤᠨ ᠠᠷᠤ ᠴᠡᠴᠡᠷᠯᠢᠭ ᠪᠣᠯᠭᠠᠨ᠂ ᠲᠦᠪ ᠤᠨ ᠪᠡᠶ᠎ᠡ ᠰᠤᠪᠢᠯᠠᠯᠲᠠ ᠶᠢᠨ ᠭᠠᠵᠠᠷ ᠪᠤᠯᠭᠠᠨ᠎ᠠ᠃ | ᠰᠠᠶᠢᠲᠤᠷ ᠠᠳᠬᠤᠵᠤ᠂ ᠬᠤᠩ ᠱᠢ ᠶᠠ ᠣᠨᠴᠠᠯᠢᠭ ᠪᠦᠬᠦᠢ ᠬᠠᠯᠠᠭᠤᠨ ᠷᠠᠰᠢᠶᠠᠨ ᠤ ᠵᠢᠵᠢᠭ ᠪᠠᠯᠭᠠᠰᠤ᠂ ᠪᠠᠭ᠎ᠠ | ᠡᠮᠦᠨ᠎ᠡ ᠭᠤᠣᠯ ᠨᠤᠭᠤ ᠭᠠᠵᠠᠷ ᠤᠨ ᠵᠤᠭᠠᠴᠠᠯ ᠤᠨ ᠣᠷᠣᠨ᠂ ᠪᠤᠯᠭᠠᠴᠢᠨ ᠤᠰᠤᠨ ᠠᠭᠤᠢ ᠶᠢᠨ ᠵᠢᠭᠤᠯᠴᠢᠯᠠᠯ ᠤᠨ | ᠲᠣᠭᠤᠷᠢᠭ᠂ ᠯᠦᠩ ᠱᠧᠩ ᠨᠠᠭᠤᠷ ᠤᠨ ᠦᠵᠡᠮᠵᠢᠲᠦ ᠣᠷᠣᠨ᠂ ᠦ᠋ ᠶᠣᠣ ᠡᠷᠲᠡᠨ ᠤ ᠬᠤᠲᠠ ᠵᠡᠷᠭᠡ ᠵᠤᠭᠠᠴᠠᠯ ᠤᠨ | ᠲᠦᠷᠦᠯ ᠵᠦᠢᠯ ᠳᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠠᠵᠢᠯ ᠢ ᠢᠳᠡᠪᠬᠢᠲᠠᠢ ᠬᠢᠬᠦ ᠬᠡᠷᠡᠭᠲᠡᠶ᠃ | ᠬᠥᠳᠡᠭᠡ ᠲᠣᠰᠬᠤᠨ ᠤ ᠵᠢᠭᠤᠯᠴᠢᠯᠠᠯ ᠪᠠ ᠶᠠᠳᠠᠭᠤ ᠶᠢ ᠲᠡᠳᠬᠦᠬᠦ ᠵᠤᠭᠠᠴᠠᠯ ᠢ ᠶᠡᠬᠡᠪᠡᠷ ᠬᠥᠭᠵᠢᠭᠦᠯᠵᠦ᠂ ᠨᠢᠭᠡ᠂ | ᠬᠤᠶᠠᠳᠤᠭᠠᠷ ᠲᠥᠷᠥᠯ ᠤᠨ ᠵᠢᠭᠤᠯᠴᠢᠯᠠᠯ ᠢᠶᠠᠷ ᠶᠠᠳᠠᠭᠤ ᠳᠡᠳᠬᠦᠬᠦ ᠭᠤᠣᠯᠳᠠᠯᠭ᠎ᠠ ᠲᠠᠢ ᠲᠣᠰᠬᠤᠨ 6 ᠶᠢ | ᠪᠦᠲᠦᠭᠡᠨ ᠪᠠᠶᠢᠭᠤᠯᠵᠤ᠂ ᠥᠪᠡᠷᠮᠢᠴᠡ ᠵᠠᠩ ᠦᠢᠯᠡ ᠤᠨ ᠵᠢᠱᠢᠶ᠎ᠡ ᠦᠵᠡᠭᠦᠯᠬᠦ ᠡᠷᠦᠭᠡ᠂ ᠬᠥᠳᠡᠭᠡ ᠠᠶᠢᠯ ᠤᠨ | ᠵᠤᠭᠠᠴᠠᠯ ᠤᠨ ᠭᠠᠵᠠᠷ 60 ᠢᠯᠡᠭᠦᠦ ᠡᠷᠦᠬᠡ᠂ ᠨᠢᠭᠡ ᠪᠦᠯᠦᠭ 4 ᠤᠳᠤᠨ ᠲᠠᠰ ᠠᠴᠠ ᠳᠡᠭᠡᠭᠰᠢᠬᠢ ᠵᠣᠴᠢᠯᠠᠬᠤ | ᠡᠷᠦᠬᠡ ᠶᠢ ᠴᠢᠷᠮᠠᠶᠢᠨ ᠡᠭᠦᠳᠴᠦ ᠪᠣᠶ ᠪᠣᠯᠭᠠᠨ᠎ᠠ᠃ ᠦᠵᠡᠮᠵᠢ ᠶᠢᠨ ᠣᠷᠣᠨ ᠤ ᠬᠠᠮᠢᠶᠠᠷᠤᠯᠲᠠ ᠪᠣᠯᠤᠨ | ᠦᠶᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠳᠤᠮᠳᠠᠳᠤ ᠭᠠᠳᠠᠭᠠᠳᠤ ᠶᠢᠨ | 100 ᠲᠦᠮᠡᠨ ᠬᠥᠮᠦᠨ ︵ᠤᠳᠠᠭ᠎ᠠ︶ ᠠᠴᠠ ᠳᠡᠭᠡᠭᠰᠢ ᠵᠤᠭᠠᠴᠠᠭᠰᠠᠳ ᠬᠦᠯᠢᠶᠡᠨ ᠠᠪᠬᠤ ᠪᠠᠷ ᠬᠦᠴᠦᠯᠡᠨ | ᠴᠢᠷᠮᠠᠶᠢᠬᠤ ᠬᠡᠷᠡᠭᠲᠡᠶ᠃ | ᠰᠢᠨ᠎ᠡ ᠪᠠᠷ ᠪᠣᠶ ᠪᠣᠯᠤᠭᠰᠠᠨ ᠦᠶᠯᠡᠴᠢᠯᠡᠭᠡᠨ ᠤ ᠦᠶᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠠᠷᠠᠳ ᠤᠨ | ᠬᠡᠷᠡᠭᠴᠡᠭᠡ ᠶᠢᠨ ᠰᠢᠨ᠎ᠡ ᠬᠤᠪᠢᠷᠠᠯᠲᠠ ᠳᠤ᠂ ᠬᠡᠷᠡᠭᠯᠡᠭᠡᠨ ᠤ ᠲᠡᠰ ᠳᠡᠪᠰᠢᠬᠦ ᠶᠢ ᠠᠬᠢᠭᠤᠯᠵᠤ᠂ ᠬᠥᠭᠵᠢᠯᠲᠡ ᠶᠢᠨ | ᠬᠡᠷᠡᠭᠰᠡᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠲᠦᠯᠬᠢᠨ ᠠᠬᠢᠭᠤᠯᠤᠨ᠎ᠠ᠃ | ᠬᠡᠦᠬᠡᠳ ᠬᠥᠮᠦᠵᠢᠭᠦᠯᠦᠨ ᠪᠤᠶᠢᠵᠢᠭᠤᠯᠬᠤ᠂ ᠠᠮᠠᠷᠠᠬᠤ ᠂ ᠡᠮᠴᠢᠯᠡᠭᠡ ᠂ ᠰᠣᠶᠣᠯ ᠵᠡᠷᠭᠡ ᠠᠵᠤ ᠦᠢᠯᠡᠰ ᠤᠨ | ᠬᠥᠭᠵᠢᠯᠲᠡ ᠢ ᠲᠦᠷᠭᠡᠳᠬᠡᠵᠦ᠂ ᠦᠢᠯᠡᠳᠬᠦᠨ ᠤ ᠶᠠᠰᠤ ᠴᠢᠨᠠᠷ ᠪᠠ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠵᠦ᠂ | ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠤᠨ᠂ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠦᠨ ᠠᠷᠠᠳ | ᠢᠷᠭᠡᠳ ᠢ ᠰᠠᠨᠠᠭ᠎ᠠ ᠠᠮᠤᠷ᠂ ᠡᠮᠦᠰᠴᠦ ᠵᠡᠭᠦᠬᠦ ᠨᠢ ᠰᠡᠳᠬᠢᠯ ᠳᠤ ᠨᠡᠶᠢᠴᠡᠬᠦ᠂ ᠲᠠᠭᠠᠯᠠᠮᠵᠢᠲᠠᠶ ᠪᠣᠯᠭᠠᠬᠤ ᠬᠡᠷᠡᠭᠲᠡᠶ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠵᠦ᠂ ᠨᠢᠭᠡ ᠪᠦᠯᠦᠭ ᠡᠯᠧᠺᠲᠷᠣᠨ | ᠬᠤᠳᠠᠯᠳᠤᠭᠠᠨ ᠤ ᠦᠶᠯᠡᠳᠬᠦᠨ ᠢ ᠬᠥᠮᠦᠵᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠬᠥᠲᠥᠯᠥᠨ ᠵᠢᠯᠣᠭᠤᠳᠴᠤ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ ᠵᠠᠬ᠎ᠠ ᠳᠡᠯᠭᠡᠭᠦᠷ ᠤᠨ ᠡᠵᠡᠩᠨᠡᠨ | ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠬᠡᠷᠡᠭᠲᠡᠶ᠃ ᠡᠯ᠎ᠡ ᠲᠥᠷᠥᠯ ᠤᠨ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ | ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠯᠬᠠᠭᠠᠨ ᠰᠢᠳᠬᠡᠵᠦ᠂ ᠤᠳᠤ ᠦᠶ᠎ᠡ ᠶᠢᠨ | ᠮᠥᠩᠭᠦᠨ ᠭᠦᠢᠯᠭᠡᠭᠡᠨ᠂ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠬᠡᠷᠡᠭᠯᠡᠭᠡ | ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ ᠪᠤᠵᠠᠭᠠᠶᠢᠷᠠᠭᠤᠯᠵᠤ ᠰᠢᠨ᠎ᠡ | ᠠᠵᠤ ᠠᠬᠤᠢ ᠶᠢᠨ ᠨᠡᠮᠡᠭᠳᠡᠯ ᠤᠨ ᠴᠡᠭ ᠢ ᠪᠤᠢ ᠪᠣᠯᠭᠠᠨ᠎ᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠶᠢ ᠬᠦᠴᠦᠨ ᠶᠢ | ᠪᠤᠵᠠᠭᠠᠶᠢᠷᠠᠭᠤᠯᠤᠨ᠎ᠠ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠦᠴᠦᠷᠬᠡᠭᠵᠢᠭᠰᠡᠨ ᠬᠥᠳᠡᠭᠡ ᠠᠵᠤ ᠠᠬᠤᠢ ᠂ ᠭᠤᠶᠤ ᠰᠠᠶᠢᠬᠠᠨ ᠬᠥᠳᠡᠭᠡ ᠲᠣᠰᠬᠤᠨ᠂ | ᠪᠠᠶᠠᠵᠢᠯ ᠪᠢᠯᠬᠠᠭᠰᠠᠨ ᠲᠠᠷᠢᠶᠠᠴᠢᠳ ᠭᠡᠬᠦ ᠰᠠᠶᠢᠨ ᠰᠠᠶᠢᠬᠠᠨ ᠦᠵᠡᠮᠵᠢ ᠢ ᠪᠡᠶᠡᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠶᠠᠰᠤ | ᠴᠢᠨᠠᠷ ᠢᠶᠠᠷ ᠲᠠᠷᠢᠶᠠᠯᠠᠩ ᠢ ᠮᠠᠨᠳᠤᠭᠤᠯᠬᠤ ᠶᠢ ᠪᠠᠷᠢᠮᠲᠠᠯᠠᠵᠤ᠂ ᠪᠣᠬᠢᠷᠲᠤᠯ ᠦᠬᠡᠢ ᠪᠠᠷ ᠬᠥᠳᠡᠭᠡ ᠠᠵᠤ ᠠᠬᠤᠢ ᠶᠢ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠨ ᠤ ᠰᠢᠰᠲ᠋ᠧᠮ ᠪᠠ ᠶᠠᠰᠤ ᠴᠢᠨᠠᠷ ᠤᠨᠠᠮᠤᠷ | ᠲᠦᠪᠰᠢᠨ ᠤ ᠤᠬᠤᠴᠢᠯᠠᠨ ᠮᠥᠷᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠪᠣᠬᠢᠷᠲᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠬᠦᠴᠦᠯᠡᠨ ᠨᠡᠮᠡᠭᠳᠡᠭᠦᠯᠵᠦ᠂ ᠵᠢᠯ ᠤᠨ ᠳᠣᠲᠣᠷ᠎ᠠ ᠬᠦᠶᠲᠡᠨ | ᠰᠡᠷᠢᠭᠦᠨ ᠢᠳᠡᠰᠢᠨ ᠨᠣᠭᠤᠭ᠎ᠠ᠂ ᠲᠥᠮᠥᠰᠥ ᠂ ᠨᠣᠬᠠᠶ ᠶᠢᠨ ᠬᠤᠰᠢᠭᠤ ᠂ ᠭᠠᠭ᠋ᠠᠶ ᠂ ᠥᠨᠳᠡᠭᠡᠨ ᠲᠠᠬᠢᠶ᠎ᠠ ᠵᠡᠷᠭᠡ | ᠲᠡᠷᠢᠵᠦ ᠲᠡᠵᠢᠭᠡᠬᠦ ᠬᠡᠪᠴᠢᠶ᠎ᠡ ᠶᠢ ᠲᠤᠰ ᠲᠤᠰ 5 ᠲᠦᠮᠡᠨ ᠮᠥ ᠂ 25 ᠲᠦᠮᠡᠨ ᠮᠥ᠂ 12 ᠲᠦᠮᠡᠨ ᠮᠥ᠂ 5 | ᠲᠦᠮᠡ ᠂ 340 ᠲᠦᠮᠡ ᠪᠠᠲᠤᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠬᠢᠷᠲᠤᠯ | ᠦᠭᠡᠶ᠂ ᠨᠣᠭᠤᠭᠠᠯᠢᠭ᠂ ᠣᠷᠭᠠᠨᠢᠭ ᠤᠨ ᠭᠡᠷᠡᠴᠢᠯᠡᠭᠡ ᠶᠢ 8 ᠠᠴᠠ ᠳᠡᠭᠡᠭᠰᠢ ᠪᠠᠶᠢᠯᠭᠠᠨ᠎ᠠ᠃ ᠤᠯᠤᠰ ᠤᠨ | ᠤᠯᠠᠭᠠᠨᠴᠠᠪ ᠬᠤᠲᠠ ᠳᠤ ᠲᠥᠮᠥᠰᠥ ᠪᠠᠷ ᠭᠤᠣᠯ ᠪᠣᠯᠭᠠᠬᠤ ᠲᠤᠷᠰᠢᠯᠲᠠ ᠶᠢᠨ ᠠᠵᠢᠯ ᠤᠨ ᠠᠵᠠ ᠲᠣᠬᠢᠶᠠᠯ ᠢ | ᠠᠮᠵᠢᠵᠤ ᠠᠵᠤ ᠦᠢᠯᠡᠰ ᠤᠨ ᠪᠠᠶᠢᠷᠢᠰᠢᠯ᠂ ᠪᠦᠲᠦᠴᠡ ᠲᠣᠬᠢᠷᠠᠭᠤᠯᠬᠤ ᠂ ᠡᠭᠦᠯᠳᠡᠷ ᠰᠠᠶᠢᠵᠢᠷᠠᠭᠤᠯᠬᠤ᠂ | ᠦᠢᠯᠡᠳᠪᠦᠷᠢᠯᠡᠵᠦ ᠡᠳᠡᠰᠢᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠲᠣᠯᠣᠭᠠᠶᠢᠯᠠᠭᠴᠢ ᠠᠵᠤ ᠠᠬᠤᠶᠢᠯᠠᠯ ᠠᠴᠠ | ᠳᠠᠭᠠᠭᠤᠯᠬᠤ᠂ ᠨᠠᠷᠠᠲᠤ ᠲᠡᠮᠳᠡᠭ ᠶᠢ ᠪᠣᠶ ᠪᠤᠯᠭᠠᠬᠤ ᠲᠠᠯ᠎ᠠ ᠠᠴᠠ ᠭᠦᠨᠵᠡᠭᠡᠶ ᠪᠥᠭᠡᠳ ᠰᠢᠰᠲ᠋ᠧᠮ ᠲᠠᠢ ᠰᠤᠳᠤᠯᠵᠤ᠂ | ᠲᠥᠮᠥᠰᠥ ᠶᠢᠨ ᠶᠠᠪᠤᠳᠠᠯ ᠢ ᠰᠠᠶᠢᠲᠤᠷ ᠬᠢᠵᠦ᠂ ᠲᠠᠷᠢᠶᠠᠴᠢᠨ ᠡᠷᠦᠬᠡ ᠶᠢᠨ ᠡᠯ᠎ᠡ ᠵᠦᠢᠯ ᠤᠨ ᠨᠥᠬᠦᠪᠥᠷᠢ ᠥᠭᠬᠦ | ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠨᠡᠶᠢᠭᠡᠮ ᠤᠨ ᠶᠠᠳᠠᠭᠤ ᠶᠢ ᠲᠡᠳᠬᠦᠬᠦ ᠬᠦᠴᠦᠨ ᠢ | ᠠᠰᠢᠭᠯᠠᠵᠤ᠂ ︽ᠭᠤᠣᠯ ᠲᠣᠭᠤᠭᠠᠨ ᠭᠡᠷ︾ ᠪᠣᠯᠤᠨ ᠬᠦᠶᠲᠡᠨ ᠰᠡᠷᠢᠭᠦᠨ ᠤᠯᠠᠷᠢᠯ ᠤᠨ ᠢᠳᠡᠰᠢᠨ ᠨᠣᠭᠤᠭ᠎ᠠ ᠪᠠᠷ | ᠭᠤᠣᠯᠳᠠᠯᠭ᠎ᠠ ᠪᠣᠯᠭᠠᠵᠤ᠂ ᠨᠢᠭᠡ ᠪᠦᠯᠦᠭ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠣᠨᠳᠣᠣᠰᠢᠭᠤᠯᠵᠤ | ᠦᠷᠲᠡᠭ ᠢ ᠠᠬᠢᠭᠤᠯᠬᠤ ᠠᠵᠣ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ︽ᠬᠦᠢᠲᠡᠨ︾ | ᠡᠬᠢ ᠪᠠᠶᠠᠯᠢᠭ ᠢ ︽ᠬᠠᠯᠠᠭᠤᠨ︾ ᠠᠵᠤ ᠦᠢᠯᠡᠰ ᠪᠣᠯᠭᠠᠵᠤ᠂ ︽ᠢᠨᠲ᠋ᠧᠷ ᠰᠦᠯᠵᠢᠶ᠎ᠡ + ᠲᠠᠷᠢᠶᠠᠯᠠᠩ︾ | ᠬᠦᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠤ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ᠃ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ | ᠲᠥᠯᠥᠪᠯᠡᠭᠡ ᠪᠠᠷ ᠬᠦᠴᠦᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ᠂ ᠴᠠᠬᠢᠯᠭᠠᠨ ᠬᠠᠩᠭᠠᠬᠤ | ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ ᠂ ᠬᠤᠭ ᠨᠣᠪᠰᠢ ᠪᠣᠬᠢᠷ ᠤᠰᠤ ᠶᠢ | ᠰᠢᠶᠳᠪᠦᠷᠢᠯᠡᠬᠦ ᠶᠢ ᠰᠠᠶᠢᠲᠤᠷ ᠬᠢᠵᠦ᠂ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠠᠭᠠᠯᠠᠮᠵᠢᠲᠠᠢ ᠠᠶᠢᠯ ᠲᠣᠰᠬᠤᠨ ᠬᠦᠷᠢᠶ᠎ᠡ ᠬᠠᠰᠢᠶ᠎ᠠ ᠡᠭᠦᠳᠦᠨ ᠪᠠᠶᠢᠭᠤᠯᠬᠤ ᠠᠵᠢᠯᠯᠠᠭ᠎ᠠ ᠶᠢ | ᠦᠷᠨᠢᠭᠦᠯᠦᠨ᠎ᠡ᠃ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠯ ᠤᠨ ᠳᠣᠲᠣᠷ᠎ᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠥᠯᠥᠪᠵᠢᠭᠦᠯᠭᠡ 20 ᠶᠢ ᠪᠡᠶᠡᠯᠡᠭᠦᠯᠵᠦ ᠂ ᠬᠥᠳᠡᠭᠡ | ᠲᠣᠰᠬᠤᠨ ᠤ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠥᠮᠴᠢᠯᠡᠬᠦ ᠡᠷᠬᠡ ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠵᠡᠷᠭᠡ ︽ᠭᠤᠷᠪᠠᠨ ᠡᠷᠬᠡ︾ ᠶᠢ ᠲᠡᠭᠦᠯᠳᠡᠷᠵᠢᠭᠦᠯᠵᠦ | ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠲᠠᠶ ᠪᠥᠭᠡᠳ | ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ | ᠲᠠᠷᠢᠶᠠᠴᠢᠳ ᠤᠨ ᠡᠳ᠋ ᠬᠥᠷᠥᠩᠭᠡ ᠶᠢᠨ ᠡᠷᠬᠡ ᠠᠰᠢᠭ ᠢ ᠪᠠᠲᠤᠯᠠᠨ ᠭᠠᠴᠠᠭᠠᠨ ᠤ ᠱᠠᠲᠤᠨ ᠤ ᠬᠠᠮᠲᠤ ᠶᠢᠨ ᠠᠵᠤ | ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ︽ᠶᠡᠭᠡ ᠰᠠᠷᠠᠪᠴᠢᠨ ᠭᠡᠷ︾ ᠢ ᠴᠡᠪᠡᠷᠯᠡᠨ ᠴᠡᠭᠴᠡᠯᠡᠵᠦ | ᠵᠠᠰᠠᠨ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠶᠢ ᠡᠷᠡᠰ ᠬᠤᠷᠢᠭᠯᠠᠵᠤ ᠬᠡᠷᠡᠭᠲᠡᠶ᠃ ᠬᠥᠳᠡᠭᠡ | ᠨᠤᠲᠤᠭ ᠤᠨ ᠬᠦᠭᠵᠢᠯᠲᠡ ᠶᠢᠨ ᠶᠡᠷᠦᠩᠬᠡᠶᠢᠯᠡᠭᠰᠡᠨ ᠰᠢᠨ᠎ᠡ ᠬᠡᠪ ᠵᠠᠭᠪᠤᠷ ᠢ ᠶᠡᠭᠡ ᠪᠠᠷ ᠪᠤᠶᠢᠵᠢᠭᠤᠯᠵᠤ᠂ ᠥᠷᠭᠡᠨ | ᠤᠯᠠᠨ ᠲᠦᠮᠡᠨ ᠪᠠ ᠨᠡᠶᠢᠭᠡᠮ ᠤᠨ ᠬᠦᠴᠦᠨ ᠢ ᠢᠳᠡᠪᠬᠢᠲᠡᠶ ᠬᠥᠲᠥᠯᠥᠨ ᠳᠠᠭᠠᠭᠤᠯᠵᠤ ᠰᠢᠨ᠎ᠡ ᠬᠥᠳᠡᠭᠡ | ᠲᠣᠰᠬᠤᠨ ᠢ ᠪᠦᠳᠦᠭᠡᠨ ᠪᠠᠶᠢᠭᠤᠯᠬᠤ ᠳᠤ ᠤᠷᠤᠯᠴᠠᠭᠤᠯᠤᠨ᠎ᠠ᠃ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ | ᠤᠷᠢᠳᠴᠢᠯᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠠᠵᠢᠯ ᠢ ᠠᠬᠢᠭᠤᠯᠵᠤ᠂ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠲᠣᠰᠬᠤᠨ ᠤ ᠡᠵᠡᠷᠬᠡᠭᠴᠢ︾ ᠳᠤ ᠴᠢᠩᠭ᠎ᠠ ᠴᠣᠬᠢᠯᠲᠠ | ᠥᠭᠴᠦ᠂ ᠠᠮᠤᠷ ᠠᠮᠤᠭᠤᠯᠠᠩ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠦᠨ᠎ᠡ᠃ | ︵ᠵᠢᠷᠭᠤᠭ᠎ᠠ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠳᠠ ᠶᠢᠨ | ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ | ᠶᠡᠷᠦᠩᠬᠡᠶ ᠲᠥᠯᠥᠪᠵᠢᠭᠦᠯᠭᠡ ᠢ ᠪᠠᠷᠢᠮᠲᠠᠯᠠᠨ᠂ ᠵᠣᠬᠢᠴᠠᠯᠳᠤᠨ ᠬᠥᠭᠵᠢᠬᠦ ᠂ ᠥᠨᠳᠥᠷ ᠶᠠᠰᠤ ᠴᠢᠨᠠᠷ ᠪᠦᠬᠦᠢ | ᠰᠠᠭᠤᠬᠤ ᠳᠤ ᠲᠣᠬᠢᠯᠢᠭ ᠦᠢᠯᠡᠰ ᠪᠤᠰᠬᠠᠬᠤ ᠳᠤ ᠲᠤᠬᠢᠷᠠᠬᠤ ᠵᠤᠭᠠᠴᠠᠬᠤ ᠳᠤ ᠲᠤᠬᠢᠷᠠᠬᠤ ᠦᠵᠡᠰᠬᠦᠯᠡᠩᠲᠦ ᠰᠠᠶᠢᠬᠠᠨ | ᠭᠡᠷ ᠣᠷᠣᠨ ᠪᠠᠶᠢᠭᠤᠯᠤᠨ᠎ᠠ᠃ | ᠲᠥᠯᠥᠪᠵᠢᠭᠦᠯᠦᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ ᠪᠦᠬᠦ ᠲᠠᠯ᠎ᠠ ᠪᠠᠷ ᠲᠥᠯᠥᠪᠯᠡᠬᠦ ᠶᠢ | ᠪᠠᠷᠢᠮᠲᠠᠯᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠵᠤ ᠦᠢᠯᠡᠰ ᠪᠠ ᠬᠤᠲᠠ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ᠠᠵᠤ ᠦᠢᠯᠡᠰ | ᠪᠣᠯᠤᠨ ᠪᠠᠯᠭᠠᠰᠣᠵᠢᠭᠤᠯᠣᠯᠳᠠ ᠶᠢ ᠠᠭᠤᠰᠣᠯᠳᠣᠭᠤᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠪᠠ ᠬᠤᠯᠪᠣᠭᠳᠠᠯ ᠪᠥᠬᠦᠢ ᠲᠤᠰᠬᠠᠶ ᠵᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠲᠥᠯᠥᠪᠵᠢᠭᠦᠯᠭᠡ ᠶᠢ ᠳᠡᠭᠡᠳᠦ | ᠬᠡᠮᠵᠢᠶ᠎ᠡ ᠪᠠᠷ ᠵᠣᠯᠭᠠᠭᠤᠯᠵᠦ ᠨᠢᠭᠡᠳᠦᠯᠲᠡᠶ ᠪᠤᠯᠭᠠᠨ᠂ ᠨᠢᠭᠡ ᠲᠥᠯᠥᠪᠵᠢᠭᠦᠯᠭᠡ ᠨᠢᠭᠡ ᠵᠢᠷᠤᠭ ᠪᠠᠷ ᠤᠳᠤ ᠶᠢᠨ | ᠪᠠᠶᠢᠭ᠎ᠠ ᠲᠥᠯᠥᠪᠵᠢᠭᠦᠯᠭᠡ ᠲᠠᠢ ᠨᠢᠭᠡ ᠴᠤᠭᠴᠠ ᠪᠠᠶᠢᠯᠭᠠᠨ᠂ ᠠᠭᠤᠯᠭ᠎ᠠ ᠶᠢᠨ ᠮᠥᠷᠭᠦᠯᠳᠦᠭᠡᠨ᠂ ᠲᠤᠲᠠᠮᠠᠭ ᠪᠠᠶᠢᠳᠠᠯ | ᠵᠡᠷᠭᠡ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃ ᠲᠡᠦᠬᠡ ᠰᠣᠶᠣᠯ ᠲᠠᠢ ᠲᠣᠰᠬᠤᠨ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠤᠯᠠᠮᠵᠢᠯᠠᠯᠲᠤ ᠠᠶᠢᠯ ᠲᠣᠰᠬᠤᠨ ᠤ ᠲᠥᠯᠥᠪᠵᠢᠭᠦᠯᠭᠡ ᠶᠢ ᠬᠠᠮᠠᠭᠠᠯᠠᠨ | ᠬᠥᠭᠵᠢᠭᠦᠯᠬᠦ᠂ ᠨᠤᠲᠤᠭ ᠤᠨ ᠮᠥᠷᠥᠭᠡᠳᠦᠯ ᠳᠤᠷᠠᠳᠬᠠᠯ ᠵᠡᠷᠭᠡ ᠶᠢ ᠠᠬᠢᠭᠤᠯᠵᠤ ᠂ ᠲᠥᠯᠥᠪᠵᠢᠭᠦᠯᠭᠡ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠤᠯᠢ ᠲᠣᠭᠲᠠᠭᠠᠯ ᠵᠥᠷᠢᠴᠡᠭᠰᠡᠨ ᠪᠦᠲᠦᠭᠡᠨ ᠪᠠᠶᠢᠭᠤᠯᠬᠤ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ᠃ ᠲᠦᠬᠦᠮ ᠪᠦᠳᠦᠴᠡᠳᠦ ᠣᠷᠣᠨ | ᠰᠠᠭᠤᠴᠠ ᠶᠢᠨ ᠲᠣᠭᠤᠷᠢᠭ ᠤᠨ ᠦᠭᠡᠷᠡᠴᠢᠯᠡᠯᠲᠡ ᠶᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠭᠠᠵᠤ᠂ ᠡᠨᠡ ᠵᠢᠯ ᠤᠨ ᠳᠣᠲᠣᠷ᠎ᠠ ᠂ ᠯᠦᠩ ᠱᠠᠨ ᠵᠢᠶᠠ ᠶᠤᠸᠠᠨ ᠪᠠ ᠹᠦ᠋ ᠵᠦᠸᠧ ᠵᠢᠶᠠ ᠶᠤᠸᠠᠨ ᠲᠦᠬᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠲᠥᠪᠬᠢᠨᠡᠭᠦᠯᠬᠦ ᠣᠷᠣᠨ ᠰᠠᠭᠤᠴᠠ ᠶᠢᠨ ᠪᠦᠳᠦᠭᠡᠨ | ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠢᠯ ᠤᠨ ᠡᠴᠦᠰ ᠲᠤ ᠪᠥᠬᠦᠳᠡ ᠶᠢ ᠨᠢ | ᠤᠷᠤᠭᠤᠯᠵᠦ ᠰᠠᠭᠤᠯᠭᠠᠨ᠎ᠠ᠃ ᠤᠤᠯ ᠤᠨ ᠪᠠᠶᠢᠭᠰᠠᠨ ᠲᠦᠬᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠯᠲᠡ ᠶᠢᠨ ᠬᠠᠭᠠᠰ ᠲᠤᠲᠠᠭᠤ ᠪᠠᠶᠢᠳᠠᠯ ᠢ ᠪᠥᠬᠦᠳᠡ ᠶᠢ ᠨᠢ ᠰᠢᠢᠳᠪᠦᠷᠢᠯᠡᠵᠦ᠂ ᠨᠤᠷᠠᠭᠠᠵᠤ ᠨᠡᠭᠦᠯᠭᠡᠬᠦ | ᠠᠵᠢᠯ ᠢ ᠪᠦᠬᠦᠨ ᠢ ᠪᠡᠶᠡᠯᠡᠭᠦᠯᠵᠦ᠂ ᠪᠠᠶᠢᠭᠤᠯᠬᠤ ᠴᠢᠬᠤᠯᠠᠲᠠᠢ ᠶᠢ ᠨᠢ ᠪᠥᠬᠦᠳᠡ ᠶᠢ ᠨᠢ ᠡᠬᠢᠯᠡᠭᠦᠯᠵᠦ᠂ ᠰᠢᠨ᠎ᠡ ᠪᠠᠷ | ᠪᠠᠶᠢᠭᠤᠯᠤᠭᠰᠠᠨ ᠲᠤᠭᠤᠷᠢᠭ ᠤᠨ ᠤᠰᠤ ᠴᠠᠬᠢᠯᠭᠠᠨ ᠳᠤᠯᠠᠭᠠᠨ ᠣᠷᠣᠭᠤᠯᠬᠤ ᠢᠨᠵᠧᠨᠧᠷᠢᠩ ᠢ ᠲᠡᠭᠦᠯᠳᠡᠷᠵᠢᠭᠦᠯᠵᠦ᠂ | ᠠᠷᠠᠳ ᠤᠯᠠᠨ ᠢ ᠰᠢᠨ᠎ᠡ ᠭᠡᠷ ᠰᠠᠶᠢᠨ ᠭᠡᠷ ᠰᠠᠨᠠᠭ᠎ᠠ ᠠᠮᠤᠷ ᠭᠡᠷ ᠪᠠᠶᠢᠰᠢᠩ ᠲᠤ ᠰᠠᠭᠤᠯᠭᠠᠨ᠎ᠠ ᠃ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠤᠳᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠ ᠶᠢᠨ ᠦᠩᠭᠡ ᠦᠵᠡᠮᠵᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ | ᠵᠠᠮ ᠡᠵᠡᠯᠡᠨ ᠡᠵᠡᠩᠨᠡᠯᠲᠡ ᠬᠢᠬᠦ ᠂ ᠵᠢᠵᠢᠭ ᠵᠠᠷ ᠪᠠ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠤᠯᠲᠠ ᠬᠢᠬᠦ | ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠯᠪᠠᠰᠤᠨ ᠠᠷᠢᠭᠤᠨ ᠴᠡᠪᠡᠷ ᠲᠡᠷᠢ ᠲᠡᠭᠰᠢ | ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠡᠷᠭᠡᠨ | ᠵᠣᠭᠰᠣᠭᠠᠯ ᠵᠡᠷᠭᠡ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠦᠭᠡᠢ | ᠪᠦᠷᠢᠨᠰᠢᠭᠦᠯᠵᠦ᠂ ᠨᠡᠶᠢᠲᠡ ᠶᠢᠨ ᠮᠠᠰᠢᠨ ᠲᠡᠷᠭᠡ᠂ ᠠᠳᠠᠯ ᠠᠬᠤᠶ ᠶᠢᠨ ᠦᠶᠯᠡᠴᠢᠯᠡᠭᠡ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠬᠦ ᠬᠡᠷᠡᠭᠲᠡᠶ᠃ ᠬᠤᠳᠠ ᠶᠢᠨ ᠠᠷᠠᠳ ᠤᠨ ᠬᠡᠪ ᠴᠢᠨᠠᠷ ᠪᠣᠯᠤᠨ | ᠬᠤᠳᠠ ᠶᠢᠨ ᠵᠠᠩ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ ᠨᠠᠷᠢᠯᠢᠭ ᠦᠢᠯᠡᠴᠢᠯᠡᠭᠡ | ᠬᠠᠩᠭᠠᠬᠤ᠂ ᠬᠥᠮᠦᠨᠴᠢ ᠬᠠᠮᠢᠶᠠᠷᠤᠯᠲᠠ ᠶᠢ ᠴᠢᠩᠭᠠᠳᠬᠠᠨ ᠬᠡᠷᠡᠭᠴᠡᠭᠡ ᠶᠣᠰᠣᠭᠠᠷ ᠨᠢᠭᠡ ᠪᠦᠯᠦᠭ ᠤᠰᠤᠨ ᠵᠣᠷᠯᠣᠩ ᠂ | ᠬᠤᠭ ᠨᠣᠪᠰᠢ ᠳᠠᠮᠵᠢᠭᠤᠯᠬᠤ ᠦᠷᠳᠡᠭᠡ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ ᠲᠢᠩᠬᠢᠮ ᠤᠨ ᠬᠤᠭ | ᠨᠣᠪᠰᠢ ᠶᠢᠨ ᠲᠠᠯᠠᠪᠤᠷ ᠵᠡᠷᠭᠡ ᠪᠠᠶᠢᠭᠤᠯᠵᠤ ᠰᠠᠭᠤᠭᠠᠯᠢ ᠠᠷᠠᠳ ᠤᠨ ᠠᠮᠢᠳᠤᠷᠠᠯ ᠨᠠᠩ ᠳᠥᠭᠦᠮ ᠳᠥᠲᠡ | ᠲᠠᠭᠠᠯᠠᠮᠵᠢᠲᠠᠶ ᠪᠣᠯᠭᠠᠨ᠎ᠠ᠃ | ︵ᠲᠤᠯᠤᠭ᠎ᠠ︶ ᠵᠣᠬᠢᠴᠠᠩᠭᠤᠶ ᠪᠠᠷ ᠨᠡᠶᠢᠭᠡᠮ ᠤᠨ ᠦᠢᠯᠡᠰ ᠢ ᠬᠦᠭᠵᠢᠭᠦᠯᠵᠦ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠤᠨ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠦᠷᠢᠮ ᠢ | ᠲᠡᠭᠦᠯᠳᠡᠷᠵᠢᠭᠦᠯᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ | ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠵᠣᠬᠢᠴᠠᠩᠭᠤᠢ ᠪᠠᠷ ᠵᠡᠷᠭᠡᠴᠡᠨ | ᠤᠷᠤᠭᠰᠢᠯᠠᠬᠤ ᠬᠡᠷᠡᠭᠲᠡᠶ᠃ | ᠠᠵᠢᠯ ᠣᠯᠭᠤᠬᠤ ᠪᠠ ᠦᠢᠯᠡᠰ ᠪᠤᠰᠬᠠᠬᠤ ᠶᠢ ᠬᠦᠴᠦᠯᠡᠨ ᠠᠬᠢᠭᠤᠯᠤᠨ᠎ᠠ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ | ᠲᠠᠷᠢᠶᠠᠴᠢᠨ ᠠᠵᠢᠯᠳᠡᠠ ᠂ ᠴᠡᠷᠢᠭ ᠠᠴᠠ ᠪᠠᠭᠤᠭᠰᠠᠳ᠂ ᠵᠡᠮᠳᠡᠭᠴᠦᠳ ᠵᠡᠷᠭᠡ ᠬᠠᠮᠲᠤᠯᠢᠭ ᠤᠨ ᠠᠵᠢᠯ ᠣᠯᠭᠤᠬᠤ ᠢ | ᠭᠤᠣᠯᠳᠠᠯᠭ᠎ᠠ ᠲᠠᠢ ᠰᠠᠶᠢᠲᠤᠷ ᠰᠢᠶᠳᠪᠦᠷᠢᠯᠡᠬᠦ ᠬᠡᠷᠡᠭᠲᠡᠶ᠃ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ | ᠴᠢᠩᠭᠠᠳᠬᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ ᠪᠠᠷ ᠦᠷᠨᠢᠭᠦᠯᠵᠦ᠂ | ︽ᠢᠨᠲ᠋ᠧᠷ ᠰᠦᠯᠵᠢᠶ᠎ᠡ +︾ ᠬᠥᠭᠵᠢᠯᠲᠡ ᠶᠢᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠪᠤᠢ ᠪᠣᠯᠭᠠᠨ᠎ᠠ | ᠃ ᠤᠯᠠᠨ ᠠᠷᠭ᠎ᠠ ᠵᠠᠮ ᠢᠶᠠᠷ ᠠᠵᠢᠯ ᠤᠯᠬᠤ ᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠡᠮᠵᠢᠨ᠂ ᠬᠥᠳᠡᠯᠮᠦᠷᠢ ᠶᠢᠨ ᠬᠠᠷᠢᠴᠠᠭ᠎ᠠ ᠪᠠᠷ ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠴᠢᠨᠠᠷ ᠤᠨ ᠢᠯᠭᠠᠯ ᠪᠠ ᠪᠡᠶ᠎ᠡ ᠶᠢᠨ ᠭᠠᠷᠤᠯ ᠤᠨ ᠭᠠᠳᠠᠭᠤᠷᠴᠢᠯᠠᠯ ᠢ ᠦᠭᠡᠶᠢᠰᠬᠡᠨ᠂ ᠨᠡᠩ ᠡᠷᠬᠡ ᠲᠡᠭᠰᠢ᠂ ᠨᠡᠩ | ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠴᠢᠳᠠᠪᠤᠷᠢᠲᠠᠨ ᠢ ᠬᠦᠨᠳᠦᠳᠬᠡᠵᠦ᠂ ᠡᠮᠬᠢ ᠵᠢᠷᠤᠮ ᠲᠠᠢ ᠪᠠᠷ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠮᠠᠨ ᠤ ᠰᠢᠶᠡᠨ ᠤ ᠬᠥᠭᠵᠢᠯᠲᠡ ᠶᠢᠨ ᠶᠡᠭᠡ | ᠦᠢᠯᠡᠰ ᠲᠤ ᠬᠦᠴᠦᠨ ᠨᠡᠮᠡᠷᠢᠭᠦᠯᠦᠨᠡ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ︽ᠰᠤᠷᠭᠠᠨ | ᠬᠥᠮᠦᠵᠢᠯ ᠤᠨ ᠥᠭᠡᠷᠡᠴᠢᠯᠡᠯᠲᠡ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ᠨᠡᠷᠡᠲᠦ ᠪᠠᠭᠰᠢ ᠵᠢᠴᠢ | ᠰᠤᠷᠭᠠᠭᠤᠯᠢ ᠶᠢᠨ ᠵᠠᠬᠢᠷᠤᠯ ᠨᠠᠷ ᠢ ᠬᠦᠮᠦᠵᠢᠭᠦᠯᠦᠨ ᠨᠡᠷᠡᠲᠦ ᠰᠤᠷᠭᠠᠭᠤᠯᠢ ᠶᠢ ᠪᠦᠭᠦ ᠬᠦᠴᠦ ᠪᠠᠷ ᠪᠦᠳᠦᠭᠡᠨ | ᠪᠠᠶᠢᠭᠤᠯᠵᠤ᠂ ᠰᠤᠷᠤᠭᠴᠢᠳ ᠲᠤ ᠰᠠᠨᠠᠭ᠎ᠠ ᠠᠮᠤᠷ ᠰᠤᠷᠤᠯᠴᠠᠬᠤ ᠤᠷᠴᠢᠨ ᠠᠬᠤᠢ ᠪᠣᠢ ᠪᠤᠯᠭᠠᠨ᠂ ᠭᠡᠷ ᠤᠨ | ᠠᠬᠠᠮᠠᠳ ᠤᠨ ᠣᠨᠳᠣᠤ ᠭᠠᠵᠠᠷ ᠲᠤ ᠲᠡᠭᠠᠵᠦ ᠰᠤᠷᠤᠯᠴᠠᠬᠤ ᠢ ᠬᠦᠩᠬᠡᠯᠡᠨ᠂ ᠠᠷᠠᠳ ᠤᠯᠠᠨ ᠤ ᠰᠤᠷᠭᠠᠨ | ᠬᠥᠮᠦᠵᠢᠯ ᠤᠨ ᠦᠨᠳᠦᠷ ᠶᠠᠰᠤ ᠴᠢᠨᠠᠷ ᠲᠠᠢ ᠬᠦᠰᠡᠯ ᠢ ᠴᠢᠷᠮᠠᠶᠢᠨ ᠬᠠᠩᠭᠠᠨ᠎ᠠ᠃ ᠰᠤᠷᠭᠠᠭᠤᠯᠢ ᠳᠤ ᠣᠷᠣᠬᠤ ᠠᠴᠠ | ᠡᠮᠦᠨᠡᠬᠢ ᠬᠥᠮᠦᠵᠢᠯ ᠢ ᠬᠦᠨᠳᠦᠳᠬᠡᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠠᠬᠢᠭᠤᠯᠵᠤ᠂ | ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠢ ᠴᠢᠩᠭᠠᠳᠬᠠᠵᠤ᠂᠂ ᠬᠡᠤᠬᠡᠳ ᠤᠳ ᠤᠨ ᠶᠡᠭᠡ ᠰᠤᠷᠭᠠᠭᠤᠯᠢ ᠲᠤ ᠤᠷᠣᠬᠤ | ᠵᠡᠭᠦᠳᠦ ᠶᠢ ᠲᠡᠷᠭᠡᠯᠰᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠡᠭᠦᠯᠳᠡᠷᠵᠢᠭᠦᠯᠵᠦ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠨᠡᠩ ᠤᠯᠠᠨ ᠪᠣᠳᠠᠲᠤ ᠬᠡᠷᠡᠭᠯᠡᠭᠡᠨ ᠤ ᠮᠠᠶ᠋ᠢᠭ ᠤᠨ ᠴᠢᠳᠠᠪᠤᠷᠢᠲᠠᠨ ᠬᠥᠮᠦᠵᠢᠭᠦᠯᠵᠦ᠂ | ᠪᠠᠭᠰᠢ ᠶᠢᠨ ᠡᠩᠨᠡᠭᠡ ᠳᠤ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠶᠢ ᠲᠡᠭᠦᠯᠳᠡᠷᠵᠢᠭᠦᠯᠵᠦ᠂ | ᠪᠠᠭᠰᠢ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠲᠣᠭᠲᠠᠭᠠᠵᠤ ᠤᠷᠢᠨ ᠬᠡᠷᠡᠭᠯᠡᠨ᠂ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠢ ᠴᠢᠩᠭᠠᠳᠬᠠᠨ᠂ ᠪᠠᠭᠰᠢ ᠶᠢᠨ ᠣᠯᠭᠤᠮᠵᠢ ᠬᠦᠷᠲᠡᠭᠡᠮᠵᠢ ᠶᠢ | ᠳᠡᠭᠡᠭᠰᠢᠯᠡᠭᠦᠯᠵᠦ᠂ ᠨᠢᠭᠡᠨ ᠪᠦᠯᠦᠭ ᠳᠡᠭᠡᠳᠦ ᠬᠡᠪ ᠴᠢᠨᠠᠷ ᠪᠦᠬᠦᠢ ᠲᠤᠰᠬᠠᠶᠢᠵᠢᠭᠰᠠᠨ ᠰᠢᠨ᠎ᠡ ᠶᠢ ᠡᠭᠦᠳᠬᠦ | ᠮᠠᠶ᠋ᠢᠭ ᠤᠨ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠠᠶᠢᠭᠤᠯᠤᠨ᠎ᠠ᠃ ᠪᠡᠭᠡᠵᠢᠩ ᠤᠨ ᠴᠤᠤᠶᠠᠩ ᠲᠣᠭᠤᠷᠢᠭ ᠤᠨ | ᠰᠤᠷᠭᠠᠭᠤᠯᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠮᠠᠨ ᠤ | ᠰᠢᠶᠠᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠷᠡᠭᠦᠯ ᠮᠡᠨᠳᠦ ᠶᠢᠨ ᠵᠦᠸᠧᠽᠢ ᠶᠢ ᠲᠦᠷᠭᠡᠪᠴᠢᠯᠡᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠢᠭᠤᠯᠤᠯ ᠤᠨ ᠦᠭᠡᠷᠡᠴᠢᠯᠡᠯᠲᠡ ᠢ ᠭᠦᠨᠵᠡᠭᠡᠶᠢᠷᠡᠭᠦᠯᠵᠦ᠂ ᠳᠡᠰ ᠬᠤᠪᠢᠶᠠᠨ ᠣᠨᠣᠰᠢᠯᠠᠨ ᠡᠮᠨᠡᠭᠦᠯᠬᠦ ᠶᠢ ᠠᠬᠢᠭᠤᠯᠬᠤ᠂ | ᠡᠮ ᠤᠨ ᠵᠦᠢᠯ ᠤᠨ ᠦᠨ᠎ᠡ ᠬᠠᠩᠰᠢ ᠵᠥᠷᠢᠶ᠎ᠡ ᠦᠭᠡᠢ ᠪᠠᠶᠢᠬᠤ ᠶᠢ ᠪᠡᠶᠡᠯᠡᠭᠦᠯᠵᠦ᠂ ᠡᠪᠡᠳᠴᠢᠨ ᠤ ᠲᠥᠷᠥᠯ ᠢᠶᠠᠷ | ᠰᠦᠶᠳᠬᠡᠯ ᠣᠯᠭᠤᠬᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠂ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠨ ᠦᠶᠯᠡᠴᠢᠯᠡᠬᠦ ᠵᠡᠷᠭᠡ ᠠᠵᠢᠯ ᠢ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠮ ᠤᠨ ᠵᠦᠶᠯ ᠤᠨ ᠬᠠᠩᠭᠠᠯᠭ᠎ᠠ ᠶᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡ᠂ ᠡᠮ ᠡᠮᠨᠡᠯᠭᠡ ᠂ ᠡᠮᠴᠢᠯᠡᠭᠡ ᠶᠢᠨ ᠳᠠᠭᠠᠳᠬᠠᠯ ᠭᠤᠷᠪᠠ ᠶᠢ | ᠬᠤᠯᠪᠣᠭᠠᠯᠠᠨ ᠬᠤᠷᠰᠢᠯᠴᠠᠭᠰᠠᠠ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠢᠲᠠᠳ ᠡᠮ ᠡᠮᠨᠡᠯᠭᠡ ᠶᠢᠨ ᠦᠢᠯᠡᠰ ᠤᠨ | ᠤᠯᠠᠮᠵᠢᠯᠠᠨ ᠬᠦᠭᠵᠢᠬᠦ ᠶᠢ ᠳᠡᠮᠵᠢᠨ᠂ ᠳᠤᠮᠳᠠᠳᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠡᠪ ᠤᠨ ᠶᠣᠰᠣᠭᠠᠷ | ᠠᠵᠢᠯᠯᠠᠭᠤᠯᠬᠤ ᠶᠢ ᠲᠦᠷᠭᠡᠪᠴᠢᠯᠡᠨ ᠠᠬᠢᠭᠤᠯᠵᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯᠵᠢᠯ ᠤᠨ | ᠴᠢᠩᠭᠠᠳᠬᠠᠵᠤ᠂ ᠬᠥᠮᠦᠨ ᠠᠮᠠ ᠶᠢᠨ ᠲᠡᠩᠴᠡᠭᠦᠷᠢᠲᠡᠢ ᠬᠥᠭᠵᠢᠯᠲᠡ ᠪᠣᠯᠤᠨ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡ ᠶᠢ ᠴᠢᠩᠭᠠᠳᠬᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠣᠷᠣᠨ | ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠶᠡᠷᠦᠩᠬᠡᠶ ᠰᠠᠯᠠᠭᠠᠨ ᠤ ᠡᠮᠴᠢ ᠶᠢᠨ | ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ | ᠲᠤᠲᠠᠭᠳᠠᠯ ᠢ ᠬᠦᠴᠦᠯᠡᠨ ᠨᠥᠬᠦᠪᠥᠷᠢᠯᠡᠵᠦ᠂ ︽ᠬᠠᠤᠯᠢ ᠪᠤᠰᠤ ᠪᠠᠷ ᠡᠮᠴᠢᠯᠡᠬᠦ ᠠᠵᠢᠯᠯᠠᠭ᠎ᠠ ᠳᠤ ᠴᠤᠬᠢᠯᠲᠠ ᠦᠭᠴᠦ | ᠂ ᠡᠮᠴᠢᠯᠡᠭᠡᠨ ᠤ ᠡᠮᠬᠢ ᠵᠢᠷᠤᠮ ᠢ ᠴᠡᠭᠴᠡᠯᠡᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ | ᠨᠡᠶᠢᠲᠡ ᠶᠢᠨ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ | ᠬᠡᠷᠡᠭᠲᠡᠶ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ | ᠡᠩᠬᠡ ᠪᠠᠷ ᠰᠢᠶᠠᠨ ᠢ ᠴᠤᠭᠴᠠᠯᠠᠭᠰᠠᠨ ᠦᠷ᠎ᠡ ᠪᠦᠲᠦᠭᠡᠯ ᠢᠶᠠᠨ ᠴᠢᠷᠮᠠᠶᠢᠨ ᠪᠠᠬᠢᠵᠢᠭᠦᠯᠵᠦ᠂ ᠤᠯᠤᠰ ᠤᠨ ᠡᠷᠡᠭᠦᠯ | ᠡᠩᠬᠡ ᠪᠠᠷ ᠰᠢᠶᠠᠨ ᠪᠠᠶᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ | ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠪᠤᠲᠠᠲᠠᠶᠢᠵᠢᠭᠤᠯᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠦ᠂ ᠨᠢᠭᠡ ᠵᠢᠯ ᠳᠤ ᠨᠢᠭᠡ ᠤᠳᠠᠭ᠎ᠠ ︽ ᠦᠯᠵᠡᠶᠢᠲᠦ ᠶᠢᠰᠦᠨ ᠨᠤᠭᠤᠯᠠᠭᠠᠲᠤ · ᠦᠵᠡᠰᠬᠦᠯᠡᠩᠲᠦ | ᠰᠠᠶᠢᠬᠠᠨ ᠵᠦᠸᠧᠽᠢ︾ ᠰᠣᠶᠣᠯ ᠤᠨ ᠨᠠᠶᠢᠷ᠂ ︽ ᠤᠲᠤᠮᠠᠯ ᠲᠠᠬᠢᠶ᠎ᠠ ᠠᠮᠲᠠᠲᠤ ᠢᠳᠡᠭᠡᠨ ᠵᠤᠭᠠᠴᠠᠯ ᠤᠨ | ᠰᠣᠶᠣᠯ ᠤᠨ ᠨᠠᠶᠢᠷ︾᠂ ︽ ᠬᠦᠷᠬᠢᠷᠡᠨ ᠳᠠᠪᠠᠯᠭᠠᠯᠠᠬᠤ ᠶᠡᠭᠡ ᠲᠦᠷᠭᠡᠨ ᠭᠤᠣᠯ︾ ᠠᠷᠠᠳ ᠨᠡᠶᠢᠲᠡ ᠶᠢᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ᠂ ᠥᠷᠭᠡᠨ ᠤᠯᠠᠨ ᠲᠦᠮᠡᠨ ᠤ ᠰᠣᠶᠣᠯ ᠤᠷᠠᠯᠢᠭ ᠤᠨ ᠨᠠᠶᠢᠷ ᠪᠠ | ᠳᠤᠮᠳᠠᠳᠤ ᠤᠯᠤᠰ ᠤᠨ ᠪᠠᠷᠠᠭᠤᠨ ᠣᠷᠣᠨ ᠤ ᠠᠷᠠᠳ ᠤᠨ ᠦᠯᠢᠶᠡᠬᠦ ᠳᠡᠯᠡᠳᠬᠦ ᠬᠥᠭᠵᠢᠮ ᠤᠷᠢᠯᠭ᠎ᠠ ᠶᠢᠨ | ᠤᠷᠤᠯᠳᠤᠭᠠᠨ ᠵᠡᠷᠭᠡ ᠤᠯᠠᠨ ᠲᠦᠮᠡᠨᠴᠢ ᠴᠢᠨᠠᠷᠲᠠᠶ ᠡᠯ᠎ᠡ ᠲᠦᠷᠦᠯ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ | ᠦᠷᠨᠢᠭᠦᠯᠦᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠴᠠᠭ ᠦᠶ᠎ᠡ ᠶᠢᠨ ᠣᠨᠴᠠᠯᠢᠭ ᠢ ᠨᠡᠩ | ᠢᠯᠡᠭᠦᠦ ᠢᠯᠡᠷᠡᠭᠦᠯᠬᠦ᠂ ᠶᠡᠭᠡ ᠲᠦᠷᠭᠡᠨ ᠭᠤᠣᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠰᠣᠳᠣᠨ ᠪᠦᠲᠦᠭᠡᠯ ᠤᠳ ᠢ | ᠪᠣᠶ ᠪᠣᠯᠭᠠᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ ᠃ ᠰᠢ ᠶᠢᠨ ᠫᠢᠩ ᠶᠡᠷᠦᠩᠬᠡᠢ ᠱᠦᠵᠢ ᠶᠢᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠠᠭᠠᠨᠮᠥ᠋ᠴᠢᠷ ᠤᠨ ᠦᠢᠯᠡᠰ ᠴᠡᠴᠡᠭᠯᠡᠨ ᠬᠦᠭᠵᠢᠭᠦᠯᠦᠨ᠎ᠡ᠃ ᠰᠣᠶᠣᠯ ᠤᠨ | ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠂ ᠲᠥᠷᠥᠯ ᠵᠦᠶᠯ ᠤᠨ ᠪᠠᠯᠠ ᠣᠷᠣᠭᠤᠯᠤᠯᠲᠠ ᠶᠢ | ᠢᠳᠡᠪᠬᠢᠲᠡᠶ ᠲᠡᠮᠡᠴᠡᠨ ᠣᠯᠵᠤ᠂ ᠰᠣᠶᠣᠯ ᠤᠷᠠᠯᠢᠭ ᠤᠨ ᠲᠥᠪ᠂ ᠬᠥᠳᠡᠭᠡ ᠲᠣᠰᠬᠤᠨ ᠤ ᠰᠣᠶᠣᠯ ᠤᠨ | ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠦᠶᠯ ᠢ ᠲᠦᠯᠬᠢᠨ ᠠᠬᠢᠭᠤᠯᠤᠨ᠎ᠠ᠃ | ᠨᠡᠢᠭᠡᠮ ᠤᠨ ᠪᠠᠲᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠲᠦᠯᠬᠢᠨ ᠠᠬᠢᠭᠤᠯᠵᠤ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ | ᠳᠠᠭᠠᠳᠬᠠᠯ᠂ ᠳᠣᠣᠷ᠎ᠠ ᠪᠠᠲᠤᠯᠠᠭ᠎ᠠ ᠂ ᠠᠰᠠᠷᠠᠨ ᠬᠠᠷᠠᠭᠠᠯᠵᠠᠬᠤ ᠨᠥᠬᠦᠪᠥᠷᠢ ᠪᠠ ᠡᠯ᠎ᠡ ᠲᠥᠷᠥᠯ ᠤᠨ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠶ᠃ ᠬᠡᠷ ᠲᠤᠨᠢ ᠠᠰᠠᠷᠠᠬᠤ᠂ ᠨᠡᠶᠢᠭᠡᠮ ᠲᠣᠭᠤᠷᠢᠭ ᠲᠤ ᠠᠰᠠᠷᠠᠬᠤ ᠪᠠ | ᠲᠤᠰᠠᠯᠠᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ᠂ ᠡᠮᠴᠢᠯᠡᠭᠡ ᠰᠤᠪᠢᠯᠠᠯᠲᠠ ᠠᠰᠠᠷᠠᠯᠲᠠ ᠶᠢᠨ | ᠤᠶᠠᠯᠳᠠᠭᠤᠯᠤᠯ ᠢ ᠠᠬᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠬᠡᠷᠡᠭᠲᠡᠶ᠃ ᠬᠠᠯᠠᠮᠵᠢᠯᠠᠨ ᠬᠠᠶᠢᠷᠠᠯᠠᠵᠤ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ | ᠡᠮᠡᠭᠲᠡᠶᠢᠴᠦᠳ᠂ ᠪᠠᠭᠠᠴᠤᠳ ᠵᠠᠯᠠᠭᠤᠴᠤᠳ᠂ ᠥᠲᠡᠭᠦᠰ ᠤᠨ ᠬᠠᠤᠯᠢ ᠶᠢᠨ ᠡᠷᠬᠡ ᠠᠰᠢᠭ ᠬᠠᠮᠠᠭᠠᠯᠠᠨ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ᠂ ᠭᠠᠰᠢᠭᠤᠳᠠᠯ ᠤᠨ | ᠶᠠᠪᠤᠳᠠᠯ ᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ ᠣᠷᠣᠰᠢᠭᠤᠯᠭ᠎ᠠ ᠶᠢᠨ ᠦᠢᠯᠡᠴᠢᠯᠡᠭᠡᠨ ᠤ ᠶᠠᠪᠤᠳᠠᠯ ᠢ | ᠰᠢᠯᠢᠳᠡᠭᠵᠢᠭᠦᠯᠦᠨ᠎ᠡ᠃ ᠠᠷᠠᠳ ᠨᠡᠶᠢᠲᠡ ᠶᠢ ᠪᠦᠬᠦᠳᠡ ᠶᠢ ᠨᠢ ᠬᠠᠮᠤᠷᠤᠭᠰᠠᠨ ᠬᠤᠳᠠ ᠬᠥᠳᠡᠭᠡ ᠶᠢ ᠨᠢᠭᠡᠳᠦᠯᠲᠡᠶ | ᠲᠥᠯᠥᠪᠯᠡᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠪᠠᠲᠤᠯᠠᠭ᠎ᠠ ᠵᠣᠬᠢᠰᠲᠠᠶ᠂ ᠤᠯᠠᠨ ᠳᠠᠪᠬᠤᠷᠭᠠᠲᠤ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠦᠯᠬᠢᠨ ᠠᠬᠢᠭᠤᠯᠵᠤ᠂ ᠦᠨᠳᠦᠰᠦᠨ ᠵᠦᠢᠯ ᠢ ᠪᠠᠲᠤᠯᠠᠬᠤ | ᠪᠠᠲᠤᠯᠠᠪᠤᠷᠢ ᠶᠢᠨ ᠲᠦᠷᠢᠮ ᠢ ᠴᠢᠩᠭᠠᠳᠬᠠᠨ᠂ ᠬᠦᠴᠢᠷᠳᠡᠯ ᠳᠤ ᠲᠤᠯᠭᠠᠷᠠᠭᠰᠠᠨ ᠬᠥᠮᠦᠨ ᠨᠢᠭᠡᠪᠦᠷᠢ ᠳᠤ ᠨᠡᠶᠢᠭᠡᠮ ᠤᠨ | ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠤᠶᠢᠯᠠᠭᠠᠭᠤᠯᠤᠨ᠎ᠠ᠃ | ᠨ᠊ᠡᠶᠢᠬᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ ᠃ ᠨ᠊ᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨᠡᠴᠢᠯᠡᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ | ᠶᠣᠰᠣᠭᠠᠷ ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠶ᠃ ᠢᠳᠡᠭᠡᠨ ᠪᠠ ᠡᠮ ᠤᠨ ᠵᠦᠶᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠶ ᠬᠢᠮᠢ ᠶᠢᠨ ᠪᠣᠳᠠᠰ᠂ | ᠪᠠᠷᠢᠯᠭ᠎ᠠ ᠶᠢᠨ ᠠᠵᠢᠯ ᠂ ᠵᠠᠮ ᠬᠠᠷᠢᠯᠴᠠᠭ᠎ᠠ᠂ ᠬᠥᠮᠦᠨ ᠬᠠᠷ᠎ᠠ ᠲᠥᠪᠯᠡᠷᠡᠭᠰᠡᠨ ᠲᠠᠯᠠᠪᠠᠢ ᠭᠠᠵᠠᠷ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ | ᠬᠡᠷᠡᠭᠲᠡᠶ᠃ ᠲᠦᠪᠯᠡᠷᠡᠭᠰᠡᠨ᠂ ᠥᠨᠳᠥᠷ ᠦᠷ᠎ᠡ ᠪᠦᠲᠦᠮᠵᠢ ᠲᠠᠢ᠂ ᠰᠢᠭᠤᠳ ᠰᠢᠯᠤᠭᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠡᠳ᠋ ᠪᠣᠳᠠᠰ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠰᠣᠷᠢᠯᠲᠠ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ᠠᠮᠤᠷ ᠲᠠᠶᠢᠪᠤᠩ ᠵᠦᠸᠧᠽᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠭᠦᠨᠵᠡᠭᠡᠶ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ | ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ | ᠦᠶᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠪᠠ | ᠬᠠᠷᠢᠶᠠᠲᠤ ᠨᠠᠷ ᠶᠢᠨ ᠠᠵᠢᠯᠯᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠂ ᠲᠡᠦᠬᠡ ᠲᠡᠮᠳᠡᠭᠯᠡᠯ ᠤᠨ ᠳᠠᠩᠰᠠ | ᠡᠪᠬᠡᠮᠡᠯ᠂ ᠴᠠᠭ ᠠᠭᠤᠷ ᠭᠠᠵᠠᠷ ᠬᠥᠳᠡᠯᠦᠯᠲᠡ ᠂ ᠡᠭᠡ ᠬᠡᠦᠬᠡᠳ᠂ ᠰᠣᠨᠢᠨ ᠮᠡᠳᠡᠭᠡᠨ ᠤ ᠷᠠᠳᠢᠣ᠋ ᠲᠧᠯᠸᠢᠰ᠂ ᠤᠯᠠᠭᠠᠨ | ᠵᠠᠭᠠᠯᠮᠠᠶ ᠂ ᠵᠡᠮᠳᠡᠭᠴᠦᠳ ᠤᠨ ᠬᠤᠯᠪᠣᠭ᠎ᠠ ᠂ ᠥᠲᠡᠭᠦᠰ ᠵᠡᠷᠭᠡ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ | ᠪᠤᠰᠤᠳ ᠡᠯ᠎ᠡ ᠵᠦᠢᠯ ᠤᠨ ᠨᠡᠶᠢᠭᠡᠮ ᠤᠨ ᠦᠢᠯᠡᠰ ᠢ ᠨᠢᠭᠡᠳᠦᠯᠲᠡᠶ ᠲᠥᠯᠥᠪᠵᠢᠭᠦᠯᠦᠨ ᠬᠦᠭᠵᠢᠭᠦᠯᠦᠨ᠎ᠡ᠃ | ᠭᠤᠷᠪᠠ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠶ᠎ᠠ | ᠰᠢᠨ᠎ᠡ ᠡᠬᠢᠯᠡᠯᠲᠡ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠳᠤ ᠰᠢᠨ᠎ᠡ ᠱᠠᠭᠠᠷᠳᠠᠯᠭ᠎ᠠ ᠳᠤᠷᠠᠳᠪᠠ᠃ ᠪᠢᠳᠡᠨ ︽ᠲᠦᠷᠪᠡᠨ ᠤᠬᠠᠮᠰᠠᠷ︾ ᠢ ᠪᠠᠲᠤ ᠪᠠᠬᠢ ᠪᠤᠢ | ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯᠲᠠ︾ ᠶᠢ ᠡᠷᠡᠰ ᠪᠡᠶᠡᠯᠡᠭᠦᠯᠵᠦ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠮ ᠳᠠᠭᠠᠨ ᠨᠠᠶᠢᠳᠠᠪᠤᠷᠢᠲᠠᠢ | ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠪᠠᠶᠢᠭᠤᠯᠤᠶ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠤᠶ᠎ᠠ᠃ ︽ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠬᠡᠪᠰᠢ | ᠭᠦᠢᠴᠡᠳᠬᠡᠨ᠂ ᠬᠠᠤᠯᠢ ᠠᠴᠠ ᠡᠷᠬᠡ ᠣᠯᠭᠤᠭᠰᠠᠨ ᠦᠭᠡᠢ ᠵᠦᠢᠯ ᠢ ᠣᠭᠲᠣ ᠬᠢᠵᠦ ᠪᠣᠯᠬᠤ ᠦᠭᠡᠢ︾ ᠶᠢ | ᠪᠠᠷᠢᠮᠲᠠᠯᠠᠨ᠂ ᠬᠠᠤᠯᠢ ᠲᠦᠷᠢᠮ ᠤᠨ ᠰᠡᠳᠬᠢᠬᠦᠶ ᠶᠢ ᠪᠠᠲᠤ ᠪᠠᠬᠢ ᠪᠤᠢ ᠪᠣᠯᠭᠠᠵᠤ᠂ ᠦᠨᠳᠦᠰᠦᠨ ᠬᠠᠤᠯᠢ ᠪᠠ ᠬᠠᠤᠯᠢ | ᠴᠠᠭᠠᠵᠠ ᠶᠢ ᠴᠢᠩᠭ᠎ᠠ ᠵᠢᠷᠤᠮᠯᠠᠨ ᠰᠠᠬᠢᠨ᠂ ᠡᠷᠬᠡ ᠠᠳᠬᠤᠭᠠᠳ ᠳᠤᠷ᠎ᠠ ᠪᠠᠷ ᠢᠶᠠᠨ ᠶᠠᠪᠤᠵᠤ ᠪᠣᠯᠬᠤ ᠦᠭᠡᠢ᠂ ᠡᠷᠬᠡ | ᠬᠡᠷᠡᠭᠯᠡᠪᠡᠯ ᠡᠷᠬᠡᠪᠰᠢ ᠬᠢᠨᠠᠯᠲᠠ ᠶᠢ ᠬᠦᠯᠢᠶᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠳᠤ ᠬᠠᠤᠯᠢ ᠶᠣᠰᠣᠭᠠᠷ ᠬᠦᠯᠢᠶᠡᠨ ᠠᠪᠴᠤ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠳᠤ ᠤᠬᠠᠮᠰᠠᠷ ᠠᠴᠠ ᠪᠠᠨ ᠬᠦᠯᠢᠶᠡᠵᠦ᠂ | ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠯᠢᠪᠠ ᠤᠯᠠᠨ | ᠲᠦᠮᠡᠨ ᠤ ᠠᠰᠢᠭ ᠲᠤᠰᠠ ᠳᠤ ᠬᠤᠯᠪᠣᠭᠳᠠᠭᠰᠠᠨ ᠴᠢᠬᠤᠯᠠ ᠶᠡᠭᠡ ᠤᠴᠢᠷ ᠶᠠᠪᠤᠳᠠᠯ ᠢ ᠨᠠᠷᠢᠨ ᠬᠢᠨᠠᠮᠠᠭᠠᠶ ᠰᠣᠨᠣᠰᠴᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ ᠂ | ᠨᠠᠮ ᠪᠦᠯᠦᠭ ᠤᠨ ᠪᠤᠰᠤ ᠬᠥᠮᠦᠰ ᠪᠣᠯᠤᠨ ᠡᠯ᠎ᠡ ᠠᠷᠠᠳ ᠤᠨ ᠪᠦᠯᠬᠦᠮ ᠤᠨ ᠰᠠᠨᠠᠯ ᠢ ᠰᠣᠨᠣᠰᠴᠤ᠂ ᠵᠠᠰᠠᠭ ᠤᠨ | ᠣᠷᠳᠣᠨ ᠤ ᠪᠤᠢ ᠪᠦᠬᠦᠢ ᠠᠵᠢᠯ ᠳᠤ ᠴᠥᠮ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠵᠦ ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠲᠦᠷᠢᠮ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠷᠬᠡ ᠶᠢᠨ ᠨᠠᠷᠢᠨ | ᠬᠠᠭᠤᠳᠠᠰᠤ ᠶᠢᠨ ᠲᠦᠷᠢᠮ ᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠴᠢᠩᠭᠠᠳᠬᠠᠵᠤ᠂ | ᠡᠷᠬᠡ ᠶᠢᠨ ᠠᠵᠢᠯᠯᠠᠭᠠᠨ ᠢ ᠢᠯᠡ ᠪᠠᠶᠢᠯᠭᠠᠬᠤ ᠬᠡᠷᠡᠭᠲᠡᠶ᠃ | ᠬᠡᠯᠡᠪᠡᠯ ᠬᠢᠵᠦ ᠦᠨᠳᠦᠷ ᠦᠷ᠎ᠡ ᠪᠦᠲᠦᠮᠵᠢᠲᠦ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃ | ᠠᠯᠢᠪᠠ ᠪᠦᠬᠦᠨ ᠳᠤ ᠪᠣᠳᠠᠲᠠᠶ ᠠᠴᠠ ᠡᠭᠦᠰᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠨᠡᠩ ᠴᠢᠩᠭ᠎ᠠ ᠱᠠᠭᠠᠷᠳᠠᠯᠭ᠎ᠠ᠂ ᠨᠡᠩ ᠥᠨᠳᠥᠷ ᠪᠠᠷᠢᠮᠵᠢᠶ᠎ᠠ ᠪᠠᠷ | ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ᠂ ᠡᠭᠦᠷᠭᠡ ᠴᠢᠳᠠᠪᠬᠢ ᠶᠢᠨ ᠲᠤᠬᠢᠷᠠᠭᠤᠯᠤᠯᠳᠠ ᠶᠢ | ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠪᠠᠶᠢᠴᠠᠭᠠᠬᠤ ᠪᠠ | ᠮᠥᠷᠳᠡᠨ ᠠᠰᠠᠭᠤᠬᠤ ᠶᠢ ᠴᠢᠩᠭᠠᠳᠬᠠᠨ᠂ ᠲᠤᠭ ᠲᠡᠮᠳᠡᠭ ᠲᠣᠳᠣᠷᠬᠠᠶ ᠪᠠᠷ ᠢᠳᠡᠪᠬᠢᠲᠡᠶ ᠠᠵᠢᠯ ᠬᠢᠳᠡᠭ ᠢ ᠳᠡᠮᠵᠢᠨ | ᠵᠣᠷᠢᠭᠵᠢᠭᠤᠯᠵᠤ᠂ ᠦᠬᠡᠨᠴᠡ ᠵᠠᠰᠠᠭ ᠵᠠᠯᠬᠠᠭᠤ ᠵᠠᠰᠠᠭ ᠪᠠᠷᠢᠬᠤ ᠶᠢ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠶ᠃ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠰᠠᠯᠠᠭ᠎ᠠ ᠮᠥᠴᠢᠷ ᠮᠡᠳᠡᠯᠭᠡ | ᠳᠤᠲᠠᠮᠠᠭ ᠪᠠᠶᠢᠭ᠎ᠠ ᠪᠠᠨ ᠨᠦᠬᠦᠪᠦᠷᠢᠯᠡᠨ᠂ ᠬᠡᠵᠢᠶᠡᠳᠡ ᠴᠢᠳᠠᠪᠤᠷᠢ ᠬᠦᠷᠦᠯᠴᠡᠬᠦ ᠦᠭᠡᠢ ᠲᠦᠭᠰᠢᠭᠦᠷᠢᠲᠦ | ᠰᠡᠳᠬᠢᠯᠭᠡ ᠪᠠᠴᠢᠮ ᠲᠤᠶᠢᠷᠦᠭᠳᠡᠯ ᠲᠠᠢ ᠪᠠᠶᠢᠵᠤ᠂ ᠰᠤᠷᠤᠯᠴᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠲᠠᠪᠴᠠᠩ ᠢ ᠠᠰᠢᠭᠯᠠᠵᠤ ᠂ ᠡᠯ᠎ᠡ ᠲᠠᠯ᠎ᠠ ᠶᠢᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠵᠤ᠂ ᠰᠢᠨᠵᠢᠯᠡᠬᠦ ᠤᠬᠠᠭᠠᠨᠴᠢ | ᠰᠢᠶᠳᠪᠦᠷᠢᠲᠦ ᠪᠤᠳᠤᠯᠭ᠎ᠠ ᠪᠠ ᠪᠤᠳᠤᠯᠢᠶᠠᠨᠲᠠᠶ ᠠᠰᠠᠭᠤᠳᠠᠯ ᠢ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠪᠠ ᠬᠢᠷᠢ ᠬᠡᠮᠵᠢᠶ᠎ᠡ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ | ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ | ᠬᠡᠷᠡᠭᠲᠡᠶ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠢᠭᠤᠨ | ᠴᠢᠬᠡᠴᠢ ᠪᠠᠷ ᠵᠠᠰᠠᠭ ᠤᠨ ᠠᠵᠢᠯ ᠬᠢᠬᠦ ᠵᠠᠰᠠᠭ ᠤᠨ ᠣᠷᠳᠣᠨ ᠤ ᠠᠵᠢᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ | ᠰᠠᠬᠢᠵᠤ᠂ ᠣᠨᠴᠠᠭᠠᠶ ᠪᠠᠶᠢᠳᠠᠯ ᠤᠭᠲᠤ ᠭᠠᠷᠭᠠᠵᠤ ᠪᠣᠯᠬᠤ ᠦᠭᠡᠢ᠂ ᠤᠯᠠᠨ ᠲᠦᠮᠡᠨ ᠢ ᠰᠡᠳᠬᠢᠯ ᠬᠠᠨᠤᠮᠵᠢᠲᠠᠶ | ᠪᠠᠶᠢᠯᠭᠠᠬᠤ ᠶᠠᠪᠤᠳᠠᠯ ᠢᠶᠠᠷ ᠬᠠᠮᠤᠭ ᠤᠨ ᠳᠡᠭᠡᠳᠦ ᠪᠠᠷᠢᠮᠵᠢᠶ᠎ᠠ ᠪᠤᠯᠭᠠᠨ᠂ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠲᠠᠭᠤ ᠬᠠᠷᠢᠭᠤᠴᠠᠯᠭ᠎ᠠ ᠶᠢ | ᠡᠭᠦᠷᠭᠡᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠤᠨᠤᠯ ᠢ ᠭᠦᠨᠵᠡᠭᠡᠶ ᠰᠤᠷᠤᠯᠴᠠᠵᠤ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠯᠠᠪᠳᠠᠭᠤᠨ ᠪᠠᠲᠤᠲᠠᠢ ᠬᠢᠬᠦ ᠬᠡᠷᠡᠭᠲᠡᠶ᠃ | ᠲᠥᠪ ᠬᠤᠷᠢᠶᠠᠨ ᠤ ᠨᠠᠶᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠳᠦᠷᠢᠮ ᠶᠢ ᠴᠢᠩᠭ᠎ᠠ ᠬᠡᠷᠡᠭᠵᠢᠭᠦᠯᠵᠦ᠂ ︽ᠳᠦᠷᠪᠡᠨ ᠰᠤᠷᠲᠠᠯ ︾ ᠤᠨ ᠴᠡᠭᠴᠡᠯᠡᠯᠲᠡ ᠶᠢ ᠰᠤᠯᠠᠷᠠᠰᠢ ᠦᠭᠡᠢ | ᠠᠳᠬᠤᠵᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠤ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠲᠦᠷᠬᠡᠢ ᠬᠡᠭᠡᠨᠴᠢᠷ ᠢ ᠴᠢᠩᠭ᠎ᠠ ᠴᠡᠭᠡᠷᠯᠡᠵᠦ᠂ ᠭᠠᠮᠨᠠᠨ ᠠᠷᠪᠢᠯᠠᠵᠦ᠂ | ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠨ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠬᠡᠨ᠂ ᠠᠷᠢᠭᠤᠨ | ᠴᠢᠭᠡᠴᠢ ᠪᠠᠷ ᠠᠷᠠᠳ ᠲᠦᠮᠡᠨ ᠤ ᠲᠥᠯᠥᠭᠡ ᠴᠢᠷᠮᠡᠶᠢᠨ ᠰᠠᠶᠢᠨ ᠰᠠᠶᠢᠬᠠᠨ ᠵᠠᠰᠠᠭ ᠤᠨ ᠣᠷᠳᠣᠨ ᠤ ᠰᠢᠰᠲ᠋ᠧᠮ ᠢ | ᠪᠦᠲᠦᠭᠡᠨ ᠪᠠᠶᠢᠭᠤᠯᠤᠶ᠎ᠠ᠃ | ᠲᠥᠯᠥᠭᠡᠯᠡᠭᠴᠢᠳ ᠡ︕ ᠬᠦᠴᠦᠲᠦ ᠳᠠᠪᠠᠯᠭᠠᠨ ᠲᠦᠯᠬᠢᠯᠡᠯᠲᠡ ᠶᠡᠭᠡ᠂ ᠰᠠᠯᠬᠢ ᠰᠠᠶᠢᠨ ᠪᠣᠯ ᠳᠠᠷᠪᠠᠭᠤᠯ ᠳᠤ | ᠰᠠᠶᠢᠨ ᠭᠡᠳᠡᠭᠴᠢᠯᠡᠨ ︽ᠠᠭᠤᠤ ᠶᠡᠭᠡ ᠬᠦᠰᠡᠯ ᠵᠡᠭᠦᠳᠦ ᠬᠦᠯᠢᠶᠡᠨ ᠣᠯᠤᠭᠰᠠᠨ ᠪᠢᠰᠢ᠂ ᠬᠠᠰᠬᠢᠷᠬᠤ ᠭᠠᠷᠳᠠᠭ ᠦᠭᠡᠢ | ᠂ ᠬᠠᠷᠢᠨ ᠠᠵᠢᠯᠯᠠᠵᠤ ᠪᠠᠶᠢᠮᠠᠨᠵᠢᠨ ᠪᠡᠶᠡᠯᠡᠭᠳᠡᠳᠡᠭ︾᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠺᠠᠳ᠋ᠷ ᠤᠯᠠᠨ ᠲᠦᠮᠡᠨ ᠳᠤ ᠴᠢᠩᠭ᠎ᠠ | ᠲᠦᠰᠢᠭᠯᠡᠨ᠂ ᠰᠡᠳᠬᠢᠯ ᠰᠢᠭᠤᠳᠠᠨ ᠬᠦᠴᠦᠯᠡᠨ ᠲᠡᠮᠡᠴᠡᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠵᠦᠸᠧᠽᠢ ᠶᠢᠨ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠴᠥᠬᠦᠷᠡᠰᠢ ᠦᠭᠡᠢ | ᠴᠢᠷᠮᠡᠶᠢᠶ᠎ᠠ︕ ᠰᠢᠯᠢᠳᠡᠭ ᠬᠢᠷᠢ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ | ᠣᠶ ᠳᠠᠭᠠᠨ ᠪᠡᠯᠡᠭ ᠪᠣᠯᠭᠠᠵᠤ ᠳᠡᠪᠰᠢᠭᠦᠯᠦᠶ᠎ᠡ︕ | | | |