ᠡᠭᠦᠷᠭᠡ ᠬᠠᠷᠢᠭᠤᠴᠠᠯᠭ᠎ᠠ᠄ | ᠨᠢᠭᠡ᠄ ᠤᠯᠤᠰ᠂ ᠦᠪᠡᠷᠳᠡᠭᠡᠨ ᠵᠠᠰᠠᠬᠤ ᠣᠷᠤᠨ ᠪᠠ ᠰᠢᠶᠡᠨ ᠤ ᠬᠤᠯᠪᠤᠭᠳᠠᠬᠤ ᠪᠦᠬᠦᠢ ᠢᠳᠡᠭᠡᠨ ᠤ ︵ᠢᠳᠡᠭᠡᠨ ᠤ | ᠨᠡᠮᠡᠯᠳᠠ ᠡᠳ᠋᠂ ᠡᠷᠡᠭᠦᠯᠵᠢᠯ ᠢᠳᠡᠭᠡᠨ ᠪᠠᠭᠳᠠᠨ᠎ᠠ᠂ ᠳᠤᠷᠤᠭᠰᠢ ᠠᠳᠠᠯᠢ︶ ᠠᠮᠤᠷ ᠲᠦᠪᠰᠢᠨ ᠡᠮ ᠤᠨ ᠵᠦᠢᠯ ︵ | ᠬᠢᠳᠡᠳ ᠡᠮ᠂ ᠦᠨᠳᠦᠰᠦᠳᠡᠨ ᠤ ᠭᠡᠷᠡᠭᠯᠡᠳᠡᠭ ᠡᠮ ᠪᠠᠭᠳᠠᠨ᠎ᠠ᠂ ᠳᠤᠷᠤᠭᠰᠢ ᠠᠳᠠᠯᠢ︶᠂ ᠡᠮᠴᠢᠯᠡᠭᠡᠨ ᠤ ᠮᠠᠰᠢᠨ | ᠪᠠᠭᠠᠵᠢ᠂ ᠭᠤᠶᠤᠯᠠᠯ ᠤᠨ ᠡᠳ᠋ ᠤᠨ ᠡᠷᠡᠭᠦᠯ ᠬᠠᠮᠠᠭᠠᠯᠠᠯ ᠳᠤ ᠬᠢᠨᠠᠯᠳᠠ ᠬᠠᠮᠢᠶᠠᠷᠤᠯᠳᠠ ᠶᠢᠨ ᠬᠠᠣᠯᠢ ᠴᠠᠭᠠᠵᠠ ᠬᠠᠤᠯᠢ | ᠲᠣᠭᠳᠠᠭᠠᠯ ᠳᠦᠷᠢᠮ ᠲᠣᠭᠳᠠᠭᠠᠯ ᠪᠠ ᠵᠢᠷᠤᠮᠵᠢᠯ ᠤᠨ ᠴᠢᠨᠡᠷᠳᠠᠢ ᠪᠢᠴᠢᠭ ᠮᠠᠲ᠋ᠧᠷᠢᠶᠠᠯ ᠢ ᠲᠣᠣᠱᠯᠠᠭᠤᠯᠤᠨ | ᠨᠠᠶᠢᠳᠠᠪᠦᠷᠢᠵᠢᠭᠤᠯᠤᠨ᠎ᠠ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠢ ᠬᠢᠨᠡᠨ ᠬᠠᠮᠢᠶᠠᠷᠬᠤ ᠲᠤᠰᠢᠶᠠᠯ | ᠬᠠᠷᠢᠭᠤᠴᠠᠯᠭ᠎ᠠ ᠶᠢ ᠬᠦᠢᠴᠡᠳᠭᠡᠵᠦ᠂ ᠢᠳᠡᠭᠡᠨ ᠡᠮ ᠤᠨ ᠵᠦᠢᠯ ᠤᠨ ᠠᠶᠦᠯᠭᠦᠢ ᠶᠢᠨ ᠠᠵᠦ ᠠᠬᠤᠶᠢᠯᠠᠯ ᠤᠨ ᠭᠤᠣᠯ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠠᠬᠢᠭᠤᠯᠵᠤ᠂ ᠢᠳᠡᠭᠡᠨ ᠤ ᠠᠶᠤᠯᠭᠦᠢ ᠶᠢᠨ ᠬᠤᠰᠢᠭᠤ ᠰᠢᠶᠠᠨ ᠢ | ᠪᠠᠶᠢᠭᠤᠯᠵᠤ᠂ ᠰᠤᠮᠣ ᠰᠢᠶᠠᠩ ᠪᠠᠯᠭᠠᠰᠤ ᠶᠢᠨ ᠵᠠᠰᠠᠭ ᠤᠨ ᠣᠷᠳᠤᠨ ᠶᠠᠷᠤᠩᠭᠡᠢ ᠬᠠᠷᠢᠭᠤᠴᠠᠯᠭ᠎ᠠ ᠶᠢ ᠬᠠᠷᠢᠭᠤᠴᠠᠬᠤ | ᠳᠤᠭᠳᠠᠴᠠ ᠶᠢ ᠲᠡᠭᠦᠯᠳᠡᠷᠵᠢᠭᠦᠯᠦᠨ᠎ᠡ᠃ ᠬᠦᠨᠳᠦ ᠴᠢᠬᠤᠯᠠ ᠶᠡᠭᠡ ᠠᠳᠡᠯ ᠢ ᠵᠤᠬᠢᠶᠠᠨ ᠪᠠᠶᠢᠭᠤᠯᠬᠤ ᠪᠠ ᠬᠢᠨᠡᠨ | ᠪᠠᠶᠢᠴᠠᠭᠠᠵᠤ ᠰᠢᠢᠳᠪᠦᠷᠢᠯᠡᠬᠦ ᠪᠠ ᠰᠤᠷᠠᠭ ᠵᠠᠩᠭᠢ ᠶᠢ ᠳᠡᠭᠡᠭᠰᠢ ᠬᠦᠷᠭᠡᠬᠦ ᠳᠦᠷᠢᠮ ᠢ ᠭᠡᠷᠡᠭᠵᠢᠭᠦᠯᠵᠦ᠂ ᠣᠷᠤᠨ | ᠪᠦᠰᠡ ᠶᠢᠨ ᠴᠢᠨᠠᠷᠳᠠᠢ᠂ ᠰᠢᠰᠲ᠋ᠧᠮᠵᠢᠲᠣ ᠴᠢᠨᠠᠷᠳᠠᠢ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠠᠷᠭᠡᠶᠢᠯᠡᠨ᠎ᠡ | ᠬᠤᠶᠠᠷ᠄ ᠢᠳᠡᠭᠡᠨ ᠡᠮ ᠤᠨ ᠵᠦᠢᠯ ᠤᠨ ᠳᠠᠯᠳᠠ ᠭᠡᠮ ᠢ ᠪᠠᠶᠢᠴᠠᠭᠠᠬᠤ ᠲᠣᠭᠳᠠᠴᠠ ᠶᠢ ᠲᠣᠭᠳᠠᠭᠠᠨ᠂ ᠦᠪᠡᠷᠳᠡᠭᠡᠨ | ᠵᠠᠰᠠᠬᠤ ᠣᠷᠤᠨ᠂ ᠬᠤᠰᠢᠭᠤ ᠰᠢᠶᠠᠨ ᠤ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠢ ᠪᠠᠶᠢᠴᠠᠭᠠᠬᠤ | ᠲᠦᠯᠦᠪᠯᠡᠭᠡ ᠶᠢ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠂ ᠬᠦᠨᠳᠦ ᠴᠢᠬᠤᠯᠠ ᠶᠡᠭᠡ ᠠᠳᠡᠯ ᠢ ᠰᠢᠢᠳᠪᠦᠷᠢᠯᠡᠬᠦ | ᠲᠦᠰᠦᠯ ᠵᠢᠴᠢ ᠢᠳᠡᠭᠡᠨ ᠡᠮ ᠤᠨ ᠵᠦᠢᠯ ᠤᠨ ᠠᠶᠦᠯᠭᠦᠢ ᠶᠢᠨ ᠲᠦᠭᠰᠢᠭᠦᠷᠢ ᠶᠢ ᠬᠢᠨᠡᠨ ᠰᠡᠷᠭᠡᠶᠢᠯᠡᠬᠦ ᠲᠦᠯᠦᠪᠯᠡᠭᠡ | ᠪᠠ ᠢᠳᠡᠭᠡᠨ ᠤ ᠠᠶᠦᠯᠭᠦᠢ ᠶᠢᠨ ᠪᠠᠷᠢᠮᠵᠢᠶ᠎ᠠ ᠶᠢ ᠲᠣᠭᠳᠠᠭᠠᠨ᠎ᠠ᠃ | ᠭᠤᠷᠪᠠ᠄ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠭᠤᠶᠤᠯᠠᠯ ᠤᠨ ᠡᠳ᠋ ᠪᠠ ᠡᠷᠡᠭᠦᠯᠵᠢᠯ ᠤᠨ | ᠢᠳᠡᠭᠡᠨ ᠳᠤ ᠵᠠᠰᠠᠭ ᠵᠠᠬᠢᠷᠭᠠᠨ ᠢᠶᠠᠷ ᠬᠢᠨᠡᠯᠳᠠ ᠲᠠᠯᠪᠢᠬᠤ ᠪᠠ ᠮᠡᠷᠭᠡᠵᠢᠯ ᠢᠶᠠᠷ ᠬᠢᠨᠡᠯᠳᠠ ᠲᠠᠯᠪᠢᠬᠤ ᠶᠢ ᠬᠠᠷᠢᠭᠤᠴᠠᠨ᠂ | ᠣᠯᠣᠰ ᠤᠨ ᠡᠮ ᠤᠨ ᠵᠦᠢᠯ ᠤᠨ ᠪᠠᠷᠢᠮᠵᠢᠶ᠎ᠠ᠂ ᠡᠮᠴᠢᠯᠡᠭᠡᠨ ᠤ ᠮᠠᠰᠢᠨ ᠪᠠᠭᠠᠵᠢ ᠶᠢᠨ ᠪᠠᠷᠢᠮᠵᠢᠶ᠎ᠠ ᠶᠢ ᠬᠢᠨᠠᠯᠳᠠ ᠲᠠᠯᠪᠢᠨ | ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠰᠣᠳᠤᠯᠣᠨ ᠦᠢᠯᠡᠳᠬᠦ᠂ ᠦᠢᠯᠡᠳᠪᠦᠷᠢᠯᠡᠬᠦ | ᠂ ᠡᠵᠡᠩᠨᠡᠬᠦ᠂ ᠬᠡᠷᠡᠭᠯᠡᠵᠦ ᠪᠠᠶᠢᠭ᠎ᠠ ᠶᠠᠰᠤ ᠴᠢᠨᠠᠷ ᠲᠤ ᠬᠢᠨᠠᠯᠳᠠ ᠲᠠᠯᠪᠢᠨ ᠳᠦᠷᠢᠮᠵᠢᠭᠦᠯᠦᠨ᠎ᠡ᠃ ᠡᠮ ᠤᠨ ᠵᠦᠢᠯ᠂ | ᠭᠤᠶᠣᠯᠠᠯ ᠤᠨ ᠡᠳ᠋ ᠪᠠ ᠠᠵᠢᠯ ᠮᠡᠷᠭᠡᠵᠢᠯ ᠤᠨ ᠡᠮ ᠨᠠᠶᠢᠷᠠᠭᠴᠢ ᠶᠢᠨ ᠡᠳᠦᠷ ᠳᠣᠲᠤᠮ ᠤᠨ ᠬᠠᠮᠢᠶᠠᠷᠤᠯᠳᠠ ᠶᠢ | ᠬᠠᠷᠢᠭᠤᠴᠠᠵᠦ᠂ ᠡᠮ ᠤᠨ ᠵᠦᠢᠯ ᠤᠨ ᠮᠠᠭᠤ ᠤᠷᠪᠠᠯ᠂ ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠢ ᠬᠢᠨᠡᠨ | ᠬᠡᠮᠵᠢᠬᠦ ᠰᠢᠰᠲ᠋ᠧᠮ ᠢ ᠪᠠᠶᠢᠭᠤᠯᠬᠤ ᠶᠢᠨ ᠬᠠᠮᠳᠣ ᠬᠢᠨᠡᠨ ᠬᠡᠮᠵᠢᠬᠦ ᠪᠠ ᠰᠢᠢᠳᠪᠦᠷᠢᠯᠡᠬᠦ ᠠᠵᠢᠯ ᠢ ᠶᠠᠪᠤᠭᠳᠠᠭᠤᠯᠤᠨ᠎ᠠ᠃ | ᠣᠯᠣᠰ ᠤᠨ ᠦᠨᠳᠦᠰᠦᠨ ᠡᠮ ᠤᠨ ᠵᠦᠢᠯ ᠤᠨ ᠬᠠᠮᠠᠭᠠᠯᠠᠬᠤ ᠳᠦᠷᠢᠮ ᠢ ᠬᠡᠷᠡᠭᠵᠢᠭᠦᠯᠦᠨ᠎ᠡ᠃ | ᠳᠦᠷᠪᠠ᠄ ᠪᠦᠬᠦ ᠰᠢᠶᠡᠨ ᠤ ᠢᠳᠡᠭᠡᠨ ᠤ ᠵᠦᠢᠯ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ | ᠡᠷᠡᠭᠦᠯᠵᠢᠯ ᠤᠨ ᠢᠳᠡᠭᠡᠨ ︵ᠡᠷᠡᠭᠦᠯᠵᠢᠯ ᠤᠨ ᠪᠠᠭᠠᠵᠢ ᠪᠠ ᠡᠷᠡᠭᠦᠯᠵᠢᠯ ᠤᠨ ᠢᠳᠡᠭᠡᠨ ᠪᠠᠭᠳᠠᠨ᠎ᠠ︶ ᠭᠤᠶᠤᠯᠠᠯ ᠤᠨ | ᠡᠳ᠋ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠠᠵᠢᠯ ᠢ ᠵᠣᠬᠢᠶᠠᠨ ᠪᠠᠶᠢᠭᠤᠯᠵᠤ ᠵᠢᠯᠤᠭᠤᠳᠤᠨ ᠰᠢᠯᠭᠠᠨ ᠬᠢᠨᠠᠨ᠎ᠠ᠃ | ᠢᠳᠡᠭᠡᠨ ᠤ ᠵᠦᠢᠯ ᠤᠨ ᠭᠦᠢᠯᠭᠡᠭᠡ᠂ ᠡᠷᠡᠭᠦᠯᠵᠢᠯ ᠤᠨ ᠢᠳᠡᠭᠡᠨ᠂ ᠭᠤᠶᠣᠯᠠᠯ ᠤᠨ ᠡᠳ᠋ ᠤᠨ ᠡᠵᠡᠩᠨᠠᠯᠳᠠ ᠪᠠ | ᠬᠤᠭᠤᠯᠠ ᠤᠮᠳᠠᠭᠠᠨ ᠤ ᠦᠢᠯᠡᠴᠢᠯᠡᠭᠡᠨ ᠤ ᠵᠦᠪᠰᠢᠶᠠᠷᠡᠯ ᠢ ᠣᠯᠬᠤ ᠶᠢ ᠬᠠᠷᠢᠭᠤᠴᠠᠨ᠂ ᠦᠪᠡᠷᠳᠡᠭᠡᠨ ᠵᠠᠰᠠᠬᠤ | ᠣᠷᠤᠨ ᠪᠠ ᠬᠤᠲᠠ ᠶᠢᠨ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ ᠲᠠᠢ ᠬᠠᠮᠵᠢᠯᠴᠠᠨ | ᠂ ᠪᠦᠬᠦ ᠰᠢᠶᠡᠨ ᠤ ᠢᠳᠡᠭᠡᠨ ᠤ ᠵᠦᠢᠯ ᠤᠨ ᠦᠢᠯᠡᠳᠪᠦᠷᠢᠯᠡᠬᠦ ᠠᠵᠦ ᠠᠬᠤᠶᠢᠯᠡᠯ᠂ ᠡᠮ ᠤᠨ ᠵᠦᠢᠯ᠂ ᠡᠮᠴᠢᠯᠡᠭᠡᠨ ᠤ | ᠮᠠᠰᠢᠨ ᠪᠠᠭᠠᠵᠢ ᠶᠢᠨ ᠵᠢᠵᠢᠭᠯᠡᠨ ᠬᠤᠳᠠᠯᠳᠤᠬᠤ ᠠᠵᠦ ᠠᠬᠤᠶᠢᠯᠡᠯ ᠤᠨ ᠵᠦᠪᠰᠢᠶᠠᠷᠡᠯ ᠤᠨ ᠠᠩᠬ᠎ᠠ ᠬᠢᠨᠠᠯᠳᠠ ᠶᠢᠨ | ᠠᠵᠢᠯ ᠢ ᠬᠠᠷᠢᠭᠤᠴᠠᠨ᠎ᠠ᠃ | ᠲᠠᠪᠤ᠄ ᠪᠦᠬᠦ ᠰᠢᠶᠡᠨ ᠤ ᠡᠮ ᠤᠨ ᠵᠦᠢᠯ ᠳᠤ ᠠᠵᠢᠯᠯᠠᠵᠤ ᠪᠠᠶᠢᠭ᠎ᠠ ᠬᠦᠮᠦᠰ ᠤᠨ ᠬᠦᠮᠦᠵᠢᠯ ᠪᠤᠯᠪᠠᠰᠤᠷᠠᠯ ᠪᠠ ᠡᠷᠡᠭᠦᠯ | ᠴᠢᠬᠢᠷᠠᠭ ᠤᠨ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠵᠦ ᠬᠠᠷᠢᠭᠤᠴᠠᠨ᠎ᠠ᠃ | ᠵᠢᠷᠭᠤᠭ᠎ᠠ᠄ ᠪᠦᠬᠦ ᠰᠢᠶᠡᠨ ᠤ ᠢᠳᠡᠭᠡᠨ ᠦᠢᠯᠡᠳᠪᠦᠷᠢᠯᠡᠬᠦ ᠠᠵᠦ ᠠᠬᠤᠶᠢᠯᠠᠯ᠂ ᠭᠦᠢᠯᠭᠡᠭᠡᠨ ᠤ ᠢᠳᠡᠭᠡᠨ ᠤᠮᠳᠠᠭᠠᠨ | ᠡᠵᠡᠩᠨᠡᠬᠦ ᠨᠢᠭᠡᠴᠢ᠂ ᠰᠤᠷᠭᠠᠭᠤᠯᠢ᠂ ᠠᠵᠦ ᠠᠬᠤᠶᠢᠯᠠᠯ ᠤᠨ ᠬᠤᠭᠤᠯᠠᠨ ᠭᠡᠷ᠂ ᠢ ᠰᠢᠠᠩ ᠯᠥᠩ ᠢᠳᠡᠭᠡᠨ | ᠦᠢᠯᠡᠳᠪᠦᠷᠢᠯᠡᠬᠦ ᠳᠣᠭᠤᠷᠢᠭ ᠵᠢᠴᠢ ᠪᠠᠶᠢᠭᠤᠯᠵᠤ ᠪᠠᠶᠢᠭ᠎ᠠ ᠪᠠᠢ ᠴᠤᠸᠠᠨ ᠠᠷᠠᠳ ᠲᠤ ᠠᠰᠢᠭ ᠬᠦᠷᠳᠡᠭᠡᠬᠦ | ᠬᠦᠷᠢᠶᠠᠯᠡᠩ ᠤᠨ ᠶᠡᠷᠤᠩᠬᠡᠶᠢᠯᠡᠭᠰᠡᠨ ᠵᠠᠬ᠎ᠠ ᠳᠡᠯᠭᠡᠭᠦᠷ ᠤᠨ ᠢᠳᠡᠭᠡᠨ ᠪᠤᠯᠪᠠᠰᠤᠷᠠᠭᠤᠯᠬᠤ ᠲᠣᠭᠤᠷᠢᠭ ᠤᠨ ᠡᠳᠤᠷ | ᠳᠣᠲᠤᠮ ᠤᠨ ᠬᠢᠨᠡᠯᠳᠠ ᠬᠠᠮᠢᠶᠠᠷᠤᠯᠳᠠ ᠶᠢ ᠬᠠᠷᠢᠭᠤᠴᠠᠨ᠎ᠠ᠃ ᠳᠣᠯᠤᠭ᠎ᠠ᠄ ᠪᠦᠬᠦ ᠰᠢᠶᠡᠨ ᠤ ᠢᠳᠡᠭᠡᠨ ᠡᠮ ᠤᠨ | ᠵᠦᠢᠯ ᠤᠨ ᠠᠶᠤᠯ ᠦᠭᠡᠢ ᠶᠢᠨ ᠠᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠳᠠ ᠶᠢ ᠬᠠᠷᠢᠭᠤᠴᠠᠵᠤ᠂ ᠰᠢᠶᠡᠨ ᠤ | ᠢᠳᠡᠭᠡᠨ ᠡᠮ ᠤᠨ ᠵᠦᠢᠯ ᠤᠨ ᠠᠶᠤᠯ ᠦᠭᠡᠢ ᠶᠢᠨ ᠠᠳᠠᠯ ᠢ ᠠᠷᠭᠠᠴᠠᠬᠤ ᠲᠦᠰᠦᠯ ᠢ ᠲᠣᠭᠳᠠᠭᠠᠨ᠎ᠠ᠃ ᠢᠳᠡᠭᠡᠨ | ᠡᠮ ᠤᠨ ᠵᠦᠢᠯ ᠤᠨ ᠠᠶᠤᠯ ᠦᠭᠡᠢ ᠶᠢᠨ ᠠᠳᠠᠯ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠪᠠ ᠪᠠᠶᠢᠴᠠᠭᠠᠨ | ᠰᠢᠢᠳᠪᠦᠷᠢᠯᠡᠬᠦ᠂ ᠠᠳᠠᠯ ᠢ ᠰᠢᠢᠳᠪᠦᠷᠢᠯᠡᠭᠰᠡᠨ ᠪᠠᠶᠢᠳᠠᠯ ᠢ ᠬᠢᠨᠡᠨ ᠪᠠᠶᠢᠴᠠᠭᠠᠬᠤ ᠶᠢ ᠵᠣᠬᠢᠶᠠᠨ ᠪᠠᠶᠢᠭᠤᠯᠵᠦ | ᠵᠢᠯᠣᠭᠤᠳᠤᠨ᠎ᠠ᠃ | ᠨᠠᠶᠢᠮᠠ᠄ ᠪᠦᠬᠦ ᠰᠢᠶᠡᠨ ᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠶᠢᠨ ᠡᠵᠡᠩᠨᠡᠯᠲᠡ ᠶᠢᠨ ᠠᠵᠦ | ᠠᠬᠤᠶᠢᠯᠠᠯ ᠪᠠ ᠰᠤᠮᠤ ᠰᠢᠶᠠᠩ ᠪᠠᠯᠭᠠᠰᠤᠨ ᠠᠴᠠ ᠳᠡᠭᠡᠭᠰᠢ ᠡᠮᠴᠢᠯᠡᠭᠡᠨ ᠤ ᠪᠠᠶᠢᠭᠤᠯᠤᠮᠵᠢ ︵ᠡᠮᠨᠡᠯᠭᠡ ᠪᠠᠭᠳᠠᠨ᠎ᠠ︶ | ᠡᠮ ᠡᠮᠨᠡᠯᠭᠡ᠂ ᠡᠮᠴᠢᠯᠡᠭᠡᠨ ᠤ ᠮᠠᠰᠢᠨ ᠪᠠᠭᠠᠵᠢ ᠵᠢᠴᠢ ᠬᠤᠲᠠ ᠰᠢᠶᠠᠨ ᠤ ᠬᠡᠪᠴᠢᠶᠠᠨ ᠳᠠᠬᠢ ᠡᠷᠡᠭᠦᠯᠵᠢᠯ ᠤᠨ ᠢᠳᠡᠭᠡᠨ | ᠂ ᠭᠤᠶᠤᠯᠠᠯ ᠤᠨ ᠡᠳ᠋ ᠤᠨ ᠡᠳᠦᠷ ᠳᠣᠲᠤᠮ ᠤᠨ ᠬᠢᠨᠠᠯᠳᠠ ᠬᠠᠮᠢᠶᠠᠷᠤᠯᠳᠠ ᠶᠢ ᠬᠠᠷᠢᠭᠤᠴᠠᠵᠤ᠂ ᠡᠮ ᠤᠨ ᠵᠦᠢᠯ ᠤᠨ | ᠡᠵᠡᠩᠨᠡᠯᠲᠡ ᠪᠠ ᠶᠠᠰᠤ ᠴᠢᠨᠠᠷ ᠤᠨ ᠬᠠᠮᠢᠶᠠᠷᠤᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ᠶᠢᠰᠦ᠄ ᠢᠳᠡᠭᠡᠨ ᠤ ᠵᠦᠢᠯ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ᠂ | ᠭᠤᠶᠤᠯᠠᠯ ᠤᠨ ᠡᠳ᠋ ᠤᠨ ᠲᠠᠭᠠᠨ ᠪᠠᠶᠢᠴᠠᠭᠠᠬᠤ ᠪᠠ ᠭᠤᠣᠯᠳᠠᠯᠭ᠎ᠠ ᠲᠠᠢ ᠬᠢᠨᠡᠯᠳᠠ ᠲᠠᠯᠪᠢᠵᠤ ᠪᠠᠶᠢᠴᠠᠭᠠᠬᠤ ᠶᠢ | ᠬᠠᠷᠢᠭᠤᠴᠠᠨ᠎ᠠ᠃ | ᠠᠷᠪᠠ᠄ ᠢᠳᠡᠭᠡᠨ ᠤ ᠵᠦᠢᠯ ᠤᠨ ᠠᠶᠤᠯ ᠦᠭᠡᠢ ᠶᠢ ᠳᠡᠰ ᠬᠤᠪᠢᠶᠠᠨ᠂ ᠶᠠᠰᠤ ᠴᠢᠨᠠᠷ ᠲᠤ ᠬᠢᠨᠠᠯᠲᠠ ᠲᠠᠯᠪᠢᠵᠤ᠂ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠠᠬᠦ ᠶᠢ ᠬᠠᠷᠢᠭᠤᠴᠠᠨ᠎ᠠ᠃ | ᠠᠷᠪᠠᠨ ᠨᠢᠭᠡ᠄ ᠬᠦᠨᠳᠦ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠢᠳᠡᠭᠡᠨ ᠤ ᠵᠦᠢᠯ ᠤᠨ ᠠᠶᠤᠯ | ᠦᠭᠡᠢ ᠶᠢᠨ ᠪᠠᠳᠤᠯᠠᠭ᠎ᠠ ᠶᠢᠨ ᠠᠵᠢᠯ ᠢ ᠬᠠᠷᠢᠭᠤᠴᠠᠨ᠎ᠠ᠃ ᠠᠷᠪᠠᠨ ᠬᠤᠶᠠᠷ᠄ ᠢᠳᠡᠭᠡᠨ ᠤ ᠵᠦᠢᠯ᠂ ᠡᠮ ᠤᠨ ᠵᠦᠢᠯ᠂ | ᠡᠮᠴᠢᠯᠡᠭᠡᠨ ᠤ ᠮᠠᠰᠢᠨ ᠪᠠᠭᠠᠵᠢ᠂ ᠭᠤᠶᠣᠯᠠᠯ ᠤᠨ ᠡᠳ᠋᠂ ᠡᠷᠡᠭᠦᠯᠵᠢᠯ ᠤᠨ ᠢᠳᠡᠭᠡᠨ ᠤ ᠬᠢᠨᠡᠨ ᠬᠠᠮᠢᠶᠠᠷᠬᠤ ᠲᠥᠷᠢᠮ ᠢ | ᠳᠤᠭᠳᠠᠭᠠᠵᠤ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠤᠬᠢᠶᠠᠨ ᠪᠠᠶᠢᠭᠤᠯᠤᠨ ᠪᠠᠶᠢᠴᠠᠭᠠᠨ | ᠰᠢᠢᠳᠪᠦᠷᠢᠯᠡᠨ᠎ᠡ᠃ ᠠᠰᠠᠭᠤᠳᠠᠯ ᠲᠠᠢ ᠦᠢᠯᠡᠳᠭᠦᠨ ᠢ ᠡᠭᠡᠭᠦᠯᠦᠨ ᠠᠪᠴᠢᠷᠠᠬᠤ ᠪᠠ ᠰᠢᠢᠳᠪᠦᠷᠢᠯᠡᠬᠦ ᠳᠦᠷᠢᠮ ᠢ | ᠬᠢᠨᠡᠯᠳᠠ ᠲᠠᠯᠪᠢᠨ ᠭᠡᠷᠡᠭᠵᠢᠭᠦᠯᠵᠦ᠂ ᠳᠡᠭᠡᠷ᠎ᠡ ᠳᠤᠷᠠᠳᠤᠭᠰᠠᠨ ᠵᠦᠢᠯ ᠳᠤ ᠲᠤᠰᠬᠠᠶᠢᠯᠠᠨ ᠴᠡᠭᠴᠡᠯᠡᠵᠦ ᠵᠠᠰᠠᠬᠤ ᠶᠢ | ᠨᠠᠶᠢᠳᠠᠪᠦᠷᠢᠵᠢᠭᠤᠯᠤᠨ᠎ᠠ᠃ | ᠠᠷᠪᠠᠨ ᠭᠤᠷᠪᠠ᠄ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠭᠵᠢᠯᠳᠡ ᠶᠢᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠵᠤ ᠭᠡᠷᠡᠭᠵᠢᠭᠦᠯᠬᠦ ᠶᠢ ᠬᠠᠷᠢᠭᠤᠴᠠᠵᠤ᠂ ᠢᠳᠡᠭᠡᠨ ᠡᠮ ᠤᠨ | ᠵᠦᠢᠯ ᠤᠨ ᠬᠢᠨᠡᠨ ᠪᠠᠶᠢᠴᠠᠭᠠᠬᠤ ᠰᠢᠰᠲ᠋ᠧᠮ ᠢ ᠪᠠᠶᠢᠭᠤᠯᠵᠤ᠂ ᠡᠯᠧᠺᠳ᠋ᠷᠤᠨ ᠬᠢᠨᠡᠯᠳᠠ ᠬᠠᠮᠢᠶᠠᠷᠤᠯᠳᠠ ᠶᠢᠨ ᠨᠡᠬᠡᠮᠵᠢᠯᠡᠬᠦ | ᠰᠢᠰᠲ᠋ᠧᠮ ᠪᠠ ᠮᠡᠳᠡᠭᠡ ᠵᠠᠩᠭᠢᠴᠢᠭᠤᠯᠬᠤ ᠵᠡᠷᠭᠡ ᠠᠵᠢᠯ ᠢ ᠰᠠᠶᠢᠳᠤᠷ ᠬᠢᠬᠦ ᠶᠢ ᠬᠠᠷᠢᠭᠤᠴᠠᠨ᠎ᠠ᠃ | ᠠᠷᠪᠠᠨ ᠳᠦᠷᠪᠠ᠄ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠤᠬᠠᠭᠤᠯᠭ᠎ᠠ᠂ ᠬᠦᠮᠦᠵᠢᠯ ᠪᠤᠯᠪᠠᠰᠤᠷᠠᠯ ᠤᠨ | ᠠᠵᠢᠯ ᠶᠠᠪᠤᠭᠳᠠᠭᠤᠯᠬᠤ ᠶᠢ ᠬᠠᠷᠢᠭᠤᠴᠠᠨ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ | ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠤᠨ ᠢᠳᠡᠭᠡᠨ ᠵᠡᠷᠭᠡ ᠦᠢᠯᠡᠳᠭᠦᠨ ᠤ ᠵᠠᠷ | ᠮᠡᠳᠡᠭᠡ ᠶᠢᠨ ᠠᠭᠤᠯᠭ᠎ᠠ ᠳᠤ ᠬᠢᠨᠠᠯᠳᠠ ᠲᠠᠯᠪᠢᠨ ᠬᠠᠷᠢᠭᠤᠴᠠᠨ᠎ᠠ᠃ | ᠠᠷᠪᠠᠨ ᠲᠠᠪᠤ᠄ ᠣᠯᠣᠰ ᠤᠨ ᠵᠠᠰᠠᠭ ᠤᠨ ᠣᠷᠳᠤᠨ ᠤ ᠰᠤᠷᠠᠭ ᠵᠠᠩᠭᠢ ᠶᠢᠨ ᠢᠯᠡᠴᠢᠯᠡᠯᠡᠲᠡ ᠶᠢᠨ ᠳᠦᠷᠢᠮ ᠢ | ᠦᠨᠳᠦᠰᠦᠯᠡᠨ᠂ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢᠨ ᠢᠯᠡ ᠪᠤᠯᠭᠠᠬᠤ ᠶᠢ ᠠᠬᠢᠭᠤᠯᠵᠤ᠂ | ᠪᠠᠶᠢᠭᠤᠯᠤᠮᠵᠢ ᠶᠢᠨ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢᠨ ᠢᠯᠡ ᠪᠤᠯᠭᠠᠬᠤ ᠳᠦᠷᠢᠮ ᠢ ᠪᠦᠷᠢᠨᠰᠢᠭᠦᠯᠵᠦ᠂ | ᠬᠠᠮᠢᠶ᠎ᠠ ᠪᠦᠬᠦᠢ ᠰᠤᠷᠠᠭ ᠵᠠᠩᠭᠢ ᠶᠢ ᠨᠠᠶᠢᠭᠡᠮ ᠨᠡᠶᠢᠳᠠ ᠳᠤ ᠢᠯᠠᠴᠢᠯᠡᠨᠡ᠃ | ᠠᠷᠪᠠᠨ ᠵᠢᠷᠭᠤᠭ᠎ᠠ᠄ ᠰᠢᠶᠡᠨ ᠬᠤᠷᠢᠶ᠎ᠠ᠂ ᠵᠠᠰᠠᠭ ᠤᠨ ᠣᠷᠳᠤᠨ ᠵᠢᠴᠢ ᠰᠢᠶᠡᠨ ᠤ ᠢᠳᠡᠭᠡᠨ ᠡᠮ ᠵᠦᠢᠯ ᠤᠨ | ᠠᠶᠤᠯᠭᠦᠢ ᠶᠢᠨ ᠬᠤᠷᠢᠶ᠎ᠠ ᠶᠢᠨ ᠳᠠᠭᠠᠯᠭᠠᠨ ᠲᠤᠰᠢᠶᠠᠭᠰᠠᠨ ᠪᠤᠰᠤᠳ ᠵᠦᠢᠯᠡᠰ ᠢ ᠬᠦᠢᠴᠡᠳᠭᠡᠨ᠎ᠡ᠃ |