ᠵᠠᠬᠢᠳᠠᠯ ᠰᠤᠷᠪᠤᠯᠵᠢᠯᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-03-20
    ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠣᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠭᠤᠯᠣᠮᠵᠢ ᠮᠦᠨ᠃ ᠲᠤᠰ ᠱᠠᠳᠤᠨ ᠤ ᠠᠷᠠᠳ ᠤᠨ ᠵᠠᠰᠠᠭ ᠤᠨ ᠣᠷᠳᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ ᠪᠠᠶᠢᠭᠤᠯᠤᠮᠵᠢ ᠪᠤᠯᠤᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠬᠢᠵᠤ᠂ ᠢᠷᠡᠭᠦᠯᠦᠭᠰᠡᠨ ᠵᠠᠬᠢᠳᠠᠯ᠂ ᠰᠤᠷᠪᠦᠯᠵᠢᠯᠡᠷ᠎ᠠ ᠢᠷᠡᠭᠰᠡᠳ ᠢ ᠬᠦᠯᠢᠶᠡᠨ ᠠᠪᠴᠦ᠂ ᠰᠤᠷᠪᠤᠯᠵᠢᠯᠠᠯ ᠳᠤ ᠳᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠱᠠᠭᠠᠷᠳᠠᠯᠭ᠎ᠠ ᠶᠢ ᠰᠢᠢᠳᠪᠦᠷᠢᠯᠡᠵᠦ᠂ ᠠᠷᠠᠳ ᠤᠯᠠᠨ ᠤ ᠬᠢᠨᠠᠯᠳᠠ ᠶᠢ ᠬᠦᠯᠢᠶᠡᠨ ᠠᠪᠴᠦ᠂ ᠠᠷᠠᠳ ᠲᠦᠮᠡᠨ ᠳᠤ ᠦᠢᠯᠡᠴᠢᠯᠡᠨ᠎ᠠ᠃ ︵ᠨᠢᠭᠡ︶ ᠰᠤᠷᠪᠤᠯᠵᠢᠯᠠᠷ᠎ᠠ ᠢᠷᠡᠭᠰᠡᠳ ᠤᠨ ᠠᠰᠠᠭᠤᠳᠠᠯ ᠢ ᠬᠦᠯᠢᠶᠡᠨ ᠠᠪᠴᠤ᠂ ᠭᠦᠢᠴᠡᠳᠭᠡᠬᠦ᠂ ᠳᠤᠰᠬᠠᠬᠤ ᠠᠵᠢᠯ ᠢ ᠬᠠᠷᠢᠭᠤᠴᠠᠨ᠎ᠠ᠃︵ᠬᠤᠶᠠᠷ︶ ᠳᠡᠭᠡᠷ᠎ᠡ ᠱᠠᠳᠤᠨ ᠤ ᠪᠠ ᠲᠤᠰ ᠱᠠᠳᠤᠨ ᠤ ᠠᠷᠠᠳ ᠤᠨ ᠵᠠᠰᠠᠭ ᠤᠨ ᠣᠷᠳᠤᠨ ᠤ ᠴᠤᠬᠤᠯᠡᠪᠤᠷᠢᠯᠠᠨ ᠭᠦᠢᠴᠡᠳᠭᠡᠯᠭᠡᠬᠦ ᠵᠠᠬᠢᠳᠠᠯ ᠰᠤᠷᠪᠤᠯᠵᠢᠯᠠᠯ ᠤᠨ ᠠᠵᠢᠯ ᠢ ᠳᠠᠭᠠᠭᠠᠨ ᠬᠢᠨ᠎ᠡ᠃ ︵ᠭᠤᠷᠪᠠ︶ ᠵᠠᠬᠢᠳᠠᠯ ᠰᠤᠷᠪᠤᠯᠵᠢᠯᠡᠯ ᠤᠨ ᠳᠤᠪᠤᠶᠢᠮ᠎ᠠ ᠠᠰᠠᠭᠤᠳᠠᠯ ᠢ ᠵᠣᠬᠢᠴᠠᠭᠤᠯᠵᠦ ᠰᠢᠢᠳᠪᠦᠷᠢᠯᠡᠨ᠎ᠡ᠃ ︵ᠳᠦᠷᠪᠠ︶ ᠵᠠᠬᠢᠳᠠᠯ ᠰᠤᠷᠪᠤᠯᠵᠢᠯᠡᠯ ᠤᠨ ᠵᠦᠢᠯᠡᠰ ᠢ ᠰᠢᠢᠳᠪᠦᠷᠢᠯᠡᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ︵ᠲᠠᠪᠤ︶ ᠵᠠᠬᠢᠳᠠᠯ ᠰᠤᠷᠪᠤᠯᠵᠢᠯᠡᠯ ᠤᠨ ᠮᠡᠳᠡᠭᠡ ᠵᠠᠩᠭᠢ ᠶᠢ ᠵᠠᠳᠠᠯᠵᠦ ᠰᠤᠳᠤᠯᠤᠨ ᠮᠠᠭᠠᠳᠯᠠᠬᠤ ᠶᠢ ᠬᠠᠷᠢᠭᠤᠴᠠᠨ᠂ ᠪᠠᠶᠢᠴᠠᠭᠠᠨ ᠰᠤᠳᠤᠯᠬᠤ ᠠᠵᠢᠯ ᠦᠷᠨᠢᠭᠦᠯᠵᠦ᠂ ᠴᠠᠭ ᠲᠣᠬᠠᠢ ᠳᠤᠨᠢ ᠲᠤᠰ ᠱᠠᠳᠤᠨ ᠤ ᠵᠠᠰᠠᠭ ᠤᠨ ᠣᠷᠳᠤᠨ ᠳᠤ ᠲᠦᠷᠥ ᠶᠢᠨ ᠪᠤᠳᠣᠯᠭ᠎ᠠ ᠪᠠ ᠵᠠᠰᠠᠪᠤᠷᠢ ᠣᠷᠤᠭᠤᠯᠬᠤ᠂ ᠳᠡᠭᠦᠯᠳᠡᠷᠵᠢᠬᠦᠯᠬᠦ ᠰᠠᠨᠠᠯ ᠳᠤᠷᠠᠳᠤᠨ᠎ᠠ᠃ ︵ᠵᠢᠷᠭᠤᠭ᠎ᠠ︶ ᠲᠤᠰ ᠱᠠᠳᠤᠨ ᠤ ᠵᠠᠰᠠᠭ ᠤᠨ ᠣᠷᠳᠤᠨ ᠤ ᠪᠣᠰᠤᠳ ᠰᠠᠯᠠᠭ᠎ᠠ ᠮᠦᠴᠢᠷ ᠪᠠ ᠳᠣᠣᠷ᠎ᠠ ᠱᠠᠳᠤᠨ ᠤ ᠵᠠᠰᠠᠭ ᠤᠨ ᠣᠷᠳᠤᠨ ᠤ ᠵᠠᠬᠢᠳᠠᠯ ᠰᠤᠷᠪᠤᠯᠵᠢᠯᠡᠯ ᠤᠨ ᠪᠠᠶᠢᠭᠤᠯᠣᠮᠵᠢ ᠶᠢᠨ ᠵᠠᠬᠢᠳᠠᠯ ᠰᠤᠷᠪᠤᠯᠵᠢᠯᠡᠯ ᠤᠨ ᠠᠵᠢᠯ ᠢ ᠵᠢᠯᠣᠭᠤᠳᠤᠨ᠎ᠠ᠃ ︵ᠳᠤᠯᠤᠭ᠎ᠠ︶ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠣᠷᠤᠭᠰᠢ ᠰᠠᠯᠠᠭ᠎ᠠ ᠮᠦᠴᠢᠷ ᠲᠤ ᠰᠢᠯᠵᠢᠭᠦᠯᠦᠨ ᠭᠦᠢᠴᠡᠳᠭᠡᠯᠭᠡᠵᠦ᠂ ᠮᠠᠲ᠋ᠧᠷᠢᠶᠠᠯ ᠤᠨ ᠲᠦᠷᠭᠡᠨ‌‍ᠲ᠋ᠠᠮᠵᠢᠭᠤᠯᠭ᠎ᠠ ᠶᠢᠨ ᠴᠢᠳᠠᠮᠵᠢ ᠶᠢ ᠡᠭᠦᠷᠭᠡᠯᠡᠨ᠎ᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2