ᠶᠠᠳᠠᠭᠤ ᠶᠢ ᠳᠡᠳᠬᠦᠬᠦ ᠨᠡᠭᠡᠭᠡᠨ ᠬᠦᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ
ᠨᠡᠶᠢᠲᠡᠯᠡᠭᠰᠡᠨ ᠴᠠᠭ᠄
2019-03-20
︵ᠨᠢᠭᠡ︶ ᠤᠯᠤᠰ ᠪᠠ ᠦᠪᠡᠷᠳᠡᠭᠡᠨ ᠵᠠᠰᠠᠬᠤ ᠣᠷᠤᠨ ᠤ ᠬᠤᠯᠪᠤᠭᠳᠠᠯ ᠪᠦᠬᠦᠢ ᠴᠢᠭᠯᠡᠯᠳᠡ ᠲᠥᠷᠦ ᠶᠢᠨ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠣᠷᠤᠨ ᠨᠣᠳᠤᠭ ᠤᠨ ᠴᠢᠨᠠᠷᠳᠠᠢ ᠬᠠᠤᠯᠢ ᠴᠠᠭᠠᠵᠠ ᠬᠠᠤᠯᠢ ᠲᠣᠭᠳᠠᠭᠠᠯ ᠤᠨ ᠲᠦᠰᠦᠯ᠂ ᠲᠦᠯᠦᠪᠵᠢᠭᠦᠯᠭᠡ ᠶᠢ ᠰᠣᠳᠤᠯᠣᠨ ᠲᠣᠭᠤᠷᠪᠢᠨ ᠲᠣᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠭᠡᠷᠡᠭᠵᠢᠭᠦᠯᠦᠨ᠎ᠡ᠃ ︵ᠬᠤᠶᠠᠷ︶ ᠨᠡᠶᠢᠭᠡᠮ ᠤᠨ ᠡᠯ᠎ᠡ ᠡᠲᠡᠭᠡᠳ ᠤᠨ ᠶᠠᠳᠠᠭᠤ ᠶᠢ ᠳᠡᠳᠬᠦᠬᠦ ᠠᠵᠢᠯ ᠤᠨ ᠲᠠᠯ᠎ᠠ ᠪᠠᠷ ᠤᠯᠤᠰ ᠤᠨ ᠳᠣᠲᠤᠭᠠᠳᠤ ᠪᠠ ᠤᠯᠠᠨ ᠣᠯᠣᠰ ᠤᠨ ᠰᠤᠯᠢᠯᠴᠠᠭ᠎ᠠ ᠶᠢ ᠵᠤᠬᠢᠶᠠᠨ ᠪᠠᠶᠢᠭᠤᠯᠵᠦ ᠲᠣᠬᠢᠷᠠᠭᠤᠯᠤᠨ᠎ᠠ᠃ ︵ᠭᠤᠷᠪᠠ︶ ᠰᠢᠶᠡᠨ ᠤ ᠮᠠᠯᠵᠢᠬᠤ ᠲᠠᠷᠢᠶᠠᠯᠠᠬᠤ ᠣᠷᠤᠨ ᠤ ᠳᠠᠩᠰᠠᠯᠠᠵᠦ ᠺᠠᠷᠳ᠋ᠯᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠳᠡᠳᠬᠦᠬᠦ ᠠᠷᠭ᠎ᠠ ᠶᠢ ᠲᠣᠭᠳᠠᠭᠠᠬᠤ ᠪᠠ ᠲᠣᠬᠢᠷᠠᠭᠤᠯᠤᠨ᠎ᠠ᠃ ︵ᠳᠥᠷᠪᠡ︶ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢᠨ ᠠᠵᠢᠯ ᠢ ᠵᠤᠬᠢᠶᠠᠨ ᠪᠠᠶᠢᠭᠤᠯᠬᠤ᠂ ᠵᠣᠬᠢᠴᠠᠭᠤᠯᠬᠤ ᠬᠠᠷᠢᠴᠠᠭᠤᠯᠭ᠎ᠠ ᠶᠢ ᠡᠭᠦᠷᠭᠡᠯᠡᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢ ᠬᠠᠷᠢᠭᠤᠴᠠᠨ ᠲᠣᠭᠳᠠᠭᠠᠬᠤ ᠶᠢᠨ ᠬᠠᠮᠳᠣ ᠵᠣᠬᠢᠶᠠᠨ ᠪᠠᠶᠢᠭᠤᠯᠤᠨ ᠭᠡᠷᠡᠭᠵᠢᠭᠦᠯᠦᠨ᠎ᠡ᠃ ︵ᠲᠠᠪᠤ︶ ᠮᠠᠯᠵᠢᠬᠤ ᠲᠠᠷᠢᠶᠠᠯᠠᠬᠤ ᠣᠷᠤᠨ ᠤ ᠳᠠᠩᠰᠠᠯᠠᠵᠦ ᠺᠠᠷᠳ᠋ᠯᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠢᠯᠭᠠᠨ ᠪᠦᠷᠢᠳᠭᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠰᠢᠶᠡᠨ ᠤ ᠶᠠᠳᠠᠭᠤ ᠶᠢ ᠳᠡᠳᠬᠦᠬᠦ ᠨᠡᠭᠡᠭᠡᠨ ᠬᠦᠭᠵᠢᠬᠦᠯᠬᠦ ᠶᠢ ᠬᠢᠨᠡᠨ ᠬᠡᠮᠵᠢᠵᠦ ᠵᠤᠬᠢᠶᠠᠨ ᠪᠠᠶᠢᠭᠤᠯᠤᠨ ᠦᠷᠨᠢᠬᠦᠯᠦᠨ᠎ᠡ᠃ ︵ᠵᠢᠷᠭᠤᠭ᠎ᠠ︶ ᠶᠠᠳᠠᠭᠤ ᠶᠢ ᠳᠡᠳᠬᠦᠬᠦ ᠨᠡᠭᠡᠭᠡᠨ ᠬᠦᠭᠵᠢᠬᠦᠯᠬᠦ ᠪᠡᠯᠡ ᠮᠦᠩᠬᠦ ᠶᠢᠨ ᠲᠦᠷᠦᠯ ᠵᠦᠢᠯ ᠤᠨ ᠬᠠᠮᠢᠶᠠᠷᠤᠯᠳᠠ ᠶᠢᠨ ᠡᠯ᠎ᠡ ᠵᠦᠢᠯ ᠤᠨ ᠳᠦᠷᠢᠮ ᠲᠣᠭᠳᠠᠭᠠᠯ᠂ ᠠᠷᠭ᠎ᠠ ᠬᠡᠮᠵᠢᠶ᠎ᠡ ᠶᠢ ᠲᠣᠭᠤᠷᠪᠢᠨ ᠲᠤᠭᠳᠠᠭᠠᠬᠤ ᠶᠢᠨ ᠬᠠᠮᠳᠣ ᠬᠢᠨᠠᠨ ᠪᠠᠶᠢᠴᠠᠭᠠᠵᠤ ᠵᠤᠬᠢᠶᠠᠨ ᠪᠠᠶᠢᠭᠤᠯᠤᠨ ᠭᠡᠷᠡᠭᠵᠢᠬᠦᠯᠦᠨ᠎ᠡ᠃ ︵ᠳᠤᠯᠤᠭ᠎ᠠ︶ ᠤᠯᠠᠭᠠᠨᠴᠠᠪ ᠬᠤᠳᠠ ᠶᠢᠨ ᠶᠠᠳᠠᠭᠤ ᠶᠢ ᠳᠡᠳᠬᠦᠬᠦ ᠠᠯᠪᠠᠨ ᠭᠡᠷ ᠪᠠ ᠰᠢᠶᠡᠨ ᠤ ᠨᠠᠮ ᠤᠨ ᠬᠤᠷᠢᠶ᠎ᠠ ᠵᠠᠰᠠᠭ ᠶᠢᠨ ᠣᠷᠳᠤᠨ ᠵᠢᠴᠢ ᠶᠠᠳᠠᠭᠤ ᠶᠢ ᠳᠡᠳᠬᠦᠬᠦ ᠨᠡᠭᠡᠭᠡᠨ ᠬᠦᠭᠵᠢᠬᠦᠯᠬᠦ ᠤᠳᠤᠷᠢᠳᠬᠤ ᠳᠤᠭᠤᠶᠢᠯᠠᠩ ᠤᠨ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠬᠦᠢᠴᠡᠳᠭᠡᠨ᠎ᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2