ᠨᠢᠭᠡ᠂ ᠪᠦᠬᠦ ᠰᠢᠶᠠᠨ ᠤ ᠬᠤᠲᠠ ᠪᠠᠯᠭᠠᠰᠤ ᠪᠣᠯᠣᠨ ᠬᠦᠳᠡᠭᠡ ᠲᠤᠰᠬᠤᠨ ᠮᠠᠯᠵᠢᠬᠤ ᠣᠷᠣᠨ ᠤ ᠬᠠᠮᠤᠭ ᠳᠣᠣᠷ᠎ᠠ | ᠠᠮᠢᠳᠤᠷᠠᠯ ᠤᠨ ᠪᠠᠲᠤᠯᠠᠭ᠎ᠠ ᠶᠢᠨ ᠠᠵᠢᠯ︔ ᠬᠤᠶᠠᠷ᠂ ᠭᠠᠮᠰᠢᠭ ᠠᠴᠠ ᠠᠪᠤᠷᠠᠵᠤ ᠲᠡᠳᠬᠦᠬᠦ᠂ ︽ᠠᠷᠠᠳ ᠤᠨ | ᠪᠠᠶᠢᠳᠠᠯ ᠢ ᠣᠶᠢᠯᠠᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠲᠠᠢ ᠰᠡᠳᠬᠢᠯ ᠢᠶᠠᠨ ᠬᠤᠯᠪᠤᠬᠤ︾ | ᠠᠵᠢᠯᠯᠠᠭ᠎ᠠ᠂ ︽ᠲᠠᠪᠤᠨ ᠪᠠᠲᠤᠯᠠᠭ᠎ᠠ︾᠂ ︽ᠭᠤᠷᠪᠠ ᠦᠭᠡᠢ︾ ᠵᠢᠴᠢ ︽ᠦᠨᠦᠴᠢᠨ ᠬᠡᠥᠬᠡᠳ︾ ᠤᠨ | ᠬᠠᠮᠢᠶᠠᠷᠤᠯᠲᠠ ᠶᠢᠨ ᠠᠵᠢᠯ︔ | ᠭᠤᠷᠪᠠ᠂ ᠡᠷᠭᠦᠵᠦ ᠲᠡᠵᠢᠭᠡᠭᠰᠡᠨ ᠲᠡᠮᠳᠡᠭᠯᠡᠯ ᠪᠣᠯᠤᠨ ᠨᠡᠶᠢᠭᠡᠮ ᠤᠨ ᠠᠰᠠᠷᠠᠮᠵᠢ ᠶᠢᠨ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠡᠶᠢᠭᠡᠮ | ᠳᠡᠭᠡᠷᠡᠬᠢ ᠲᠡᠨᠦᠭᠦᠯᠴᠢ ᠭᠤᠶᠢᠷᠠᠨᠴᠢ ᠶᠢ ᠠᠪᠤᠷᠠᠨ ᠲᠤᠰᠠᠯᠠᠬᠤ ᠠᠵᠢᠯ ᠢ ᠰᠠᠶᠢᠲᠤᠷ ᠪᠡᠶᠡᠯᠡᠭᠦᠯᠦᠨ᠎ᠡ᠃ | ᠲᠦᠷᠪᠡ᠂ ᠪᠦᠬᠦ ᠰᠢᠶᠠᠨ ᠤ ᠬᠠᠷᠠᠭᠠᠯᠵᠠᠯ᠂ ᠳᠠᠷᠤᠢ ᠴᠡᠷᠢᠭ ᠠᠴᠠ ᠬᠠᠯᠠᠭᠳᠠᠭᠰᠠᠳ ᠢ ᠳᠣᠬᠢᠷᠠᠭᠤᠯᠬᠤ ᠠᠵᠢᠯ ᠪᠣᠯᠤᠨ | ᠴᠡᠷᠢᠭ ᠠᠩᠬᠢ ᠶᠢᠨ ᠠᠵᠢᠯ ᠠᠴᠠ ᠪᠠᠨ ᠳᠠᠷᠬᠠᠯᠠᠭᠰᠠᠨ ᠺᠠᠳ᠋ᠷᠴᠤᠳ ᠶᠢᠨ ᠬᠠᠮᠢᠶᠠᠷᠤᠯᠲᠠ᠂ ᠦᠢᠯᠡᠴᠢᠯᠡᠭᠡ ᠵᠢᠴᠢ | ᠴᠡᠷᠢᠭ ᠠᠩᠭᠢ ᠪᠠ ᠭᠠᠵᠠᠷ ᠣᠷᠣᠨ ᠳᠤ ᠬᠡᠷᠡᠭᠯᠡᠬᠦ ᠴᠢᠳᠠᠪᠦᠷᠢᠲᠠᠨ ᠢ ᠬᠦᠮᠦᠵᠢᠭᠦᠯᠬᠦ ᠠᠵᠢᠯ︔ ᠲᠠᠪᠤ᠂ ︽ᠬᠤᠶᠠᠷ ᠢ | ᠬᠦᠷᠢᠶᠡᠯᠡᠬᠦ︾ ᠪᠦᠲᠦᠭᠡᠨ ᠪᠠᠶᠢᠭᠤᠯᠤᠯᠲᠠ ᠶᠢᠨ ᠡᠳᠦᠷ ᠲᠣᠳᠣᠮ ᠤᠨ ᠠᠵᠢᠯ ᠪᠣᠯᠤᠨ ᠦᠷᠡᠭᠳᠡᠭᠰᠡᠨ | ᠪᠠᠭᠠᠲᠤᠷᠴᠤᠳ ᠤᠨ ᠪᠣᠩᠬᠤᠨ ᠤ ᠬᠠᠮᠢᠶᠠᠷᠤᠯᠲᠠ ᠶᠢᠨ ᠠᠵᠢᠯ︔ | ᠵᠢᠷᠭᠤᠭ᠎ᠠ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠠᠵᠢᠯ ᠵᠢᠴᠢ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ︔ ᠲᠤᠯᠤᠭ᠎ᠠ᠂ ᠣᠷᠤᠰᠢᠭᠤᠯᠭ᠎ᠠ ᠶᠢᠨ ᠦᠭᠡᠷᠡᠴᠢᠯᠡᠯᠲᠡ | ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠨᠠᠶᠢᠮᠠ᠂ ᠪᠦᠬᠦ ᠰᠢᠶᠠᠨ ᠤ ᠨᠡᠶᠢᠭᠡᠮ ᠤᠨ ᠪᠦᠯᠬᠦᠮ ᠤᠨ ᠪᠦᠷᠢᠳᠬᠡᠯ ᠪᠣᠯᠤᠨ ᠬᠠᠮᠢᠶᠠᠷᠤᠯᠲᠠ ᠶᠢᠨ ᠠᠵᠢᠯ ᠵᠢᠴᠢ ᠠᠵᠤ | ᠠᠬᠤᠶᠢᠯᠠᠯ ᠤᠨ ᠪᠣᠰᠣ ᠠᠷᠠᠳ ᠠᠴᠠ ᠡᠷᠬᠢᠯᠡᠭᠰᠡᠨ ᠪᠠᠶᠢᠭᠤᠯᠭ᠎ᠠ ᠶᠢ ᠳᠠᠬᠢᠨ ᠪᠠᠶᠢᠴᠠᠭᠠᠨ ᠳᠠᠩᠰᠠᠯᠠᠬᠤ ᠪᠣᠯᠤᠨ | ᠬᠠᠮᠢᠶᠠᠷᠬᠤ ᠠᠵᠢᠯ︔ | ᠶᠢᠰᠤ᠂ ᠵᠠᠰᠠᠭ ᠵᠠᠬᠢᠷᠭᠠᠨ ᠤ ᠬᠤᠪᠢᠶᠠᠷᠢᠯᠠᠯ᠂ ᠬᠢᠯᠢ ᠬᠢᠵᠠᠭᠠᠷ ᠤᠨ ᠬᠠᠮᠢᠶᠠᠷᠤᠯᠲᠠ ᠵᠢᠴᠢ ᠭᠠᠵᠠᠷ ᠤᠨ ᠨᠡᠷ᠎ᠡ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠷᠪᠠ᠂ ︽ᠤᠷᠤᠭ ᠤᠨ ᠬᠠᠤᠯᠢ︾ ᠶᠢ ᠲᠤᠤᠱᠯᠠᠭᠤᠯᠤᠨ | ᠨᠠᠶᠢᠳᠠᠪᠦᠷᠢᠵᠢᠭᠤᠯᠬᠤ ᠪᠣᠯᠤᠨ ᠪᠦᠬᠦ ᠰᠢᠶᠠᠨ ᠤ ᠤᠷᠤᠭ ᠳᠠᠩᠰᠠᠯᠠᠨ ᠬᠠᠮᠢᠶᠠᠷᠬᠤ ᠠᠵᠢᠯ︔ | ᠠᠷᠪᠠᠨ ᠨᠢᠭᠡ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ︔ | ᠠᠷᠪᠠᠨ ᠬᠤᠶᠠᠷ᠂ ᠠᠷᠠᠳ ᠤᠨ ᠶᠠᠪᠤᠳᠠᠯ ᠤᠨ ᠡᠳ᠋ ᠤᠨ ᠵᠠᠰᠠᠭ ᠤᠨ ᠪᠦᠷᠢᠳᠬᠡᠯ ᠵᠢᠴᠢ ᠳᠣᠲᠤᠭᠠᠳᠤ ᠶᠢᠨ ᠬᠢᠨᠠᠨ | ᠪᠣᠳᠤᠬᠤ ᠠᠵᠢᠯ︔ | ᠠᠷᠪᠠᠨ ᠭᠤᠷᠪᠠ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠳᠠᠭᠠᠭᠠᠯᠭᠠᠭᠰᠠᠨ ᠪᠣᠰᠤᠳ ᠠᠵᠢᠯ ᠢ ᠬᠠᠷᠢᠭᠤᠴᠠᠨ᠎ᠠ᠃ | |