ᠣᠢ ᠰᠢᠭᠤᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-03-06
ᠠᠵᠢᠯ ᠤᠨ ᠭᠤᠤᠯ ᠡᠭᠦᠷᠭᠡ ᠬᠠᠷᠢᠭᠤᠴᠠᠯᠭ᠎ᠠ ᠨᠢᠭᠡ᠂ ︽ᠣᠶ ᠰᠢᠭᠤᠶ ᠶᠢᠨ ᠬᠠᠤᠯᠢ︾ ᠶᠢᠨ ᠶᠤᠰᠤᠭᠠᠷ ᠤᠢ ᠰᠢᠭᠤᠢ ᠶᠢᠨ ᠡᠯ᠎ᠠ ᠲᠦᠷᠤᠯ ᠤᠨ ᠴᠢᠭᠯᠡᠯᠳᠡ᠂ ᠲᠦᠷᠤ ᠶᠢᠨ ᠪᠤᠳᠤᠯᠭ᠎ᠠ᠂ ᠲᠦᠷᠢᠮ ᠲᠤᠬᠳᠠᠭᠠᠯ ᠢ ᠲᠤᠤᠱᠯᠠᠭᠤᠯᠤᠨ ᠬᠡᠷᠡᠭᠵᠢᠬᠦᠯᠤᠨ᠎ᠡ᠃ ᠬᠤᠶᠠᠷ᠂ ᠪᠦᠬᠦ ᠰᠢᠶᠠᠨ ᠤ ᠤᠢ ᠰᠢᠭᠤᠢ ᠶᠢᠨ ᠠᠯᠤᠰ ᠬᠡᠳᠤ ᠶᠢᠨ᠂ ᠦᠢᠷ᠎ᠠ ᠶᠢᠨ ᠬᠤᠭᠤᠴᠠᠭᠠᠨ ᠳᠤ ᠪᠠ ᠵᠢᠯ ᠤᠨ ᠦᠢᠯᠡᠳᠪᠤᠷᠢᠯᠡᠯ ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠰᠦᠯ ᠨᠠᠶᠢᠷᠠᠭᠤᠯᠤᠨ ᠵᠣᠬᠢᠶᠠᠵᠤ᠂ ᠰᠢᠶᠠᠨ ᠤ ᠵᠠᠰᠠᠭ ᠤᠨ ᠣᠷᠳᠣᠨ ᠤ ᠤᠢ ᠰᠢᠭᠤᠢ ᠵᠨ ᠤᠶᠢᠯᠡᠰ ᠤᠨ ᠬᠦᠭᠵᠢᠯᠳᠡ ᠶᠢᠨ ᠵᠥᠪᠯᠡᠭᠴᠢ ᠪᠤᠯᠬᠤ ᠬᠡᠷᠡᠭᠳᠡᠢ᠃ ᠭᠤᠷᠪᠠ ᠂ ᠪᠦᠬᠦ ᠰᠢᠶᠠᠨ ᠤ ᠣᠶᠢᠵᠢᠭᠤᠯᠵᠤ ᠨᠣᠭᠤᠭᠠᠷᠠᠭᠤᠯᠬᠤ ᠪᠠ ᠡᠯᠡᠰᠦ ᠶᠢ ᠬᠤᠷᠢᠭᠯᠠᠨ ᠵᠠᠰᠠᠬᠤ ᠠᠵᠢᠯ ᠤᠨ ᠲᠥᠯᠥᠪᠵᠢᠭᠦᠯᠭᠡ ᠶᠢ ᠴᠢᠩᠭ᠎ᠠ ᠠᠳᠬᠤᠵᠤ᠂ ᠲᠦᠰᠦᠪᠯᠡᠨ ᠲᠣᠭᠲᠠᠭᠠᠬᠤ ᠪᠠ ᠬᠡᠷᠡᠭᠵᠢᠭᠦᠯᠬᠦ ᠠᠵᠢᠯ ᠳᠤ ᠤᠷᠤᠯᠴᠠᠨ᠎ᠠ ᠲᠦᠷᠪᠡ᠂ ᠪᠦᠭᠦ ᠰᠢᠶᠠᠨ ᠤ ᠤᠢ ᠰᠢᠭᠤᠢ ᠶᠢᠨ ᠮᠡᠷᠭᠡᠵᠢᠯ ᠤᠨ ᠵᠢᠯᠤᠭᠤᠳᠤᠯᠭ᠎ᠠ ᠪᠠ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠳᠤ ᠬᠠᠷᠢᠭᠤᠴᠠᠨ᠎ᠠ᠃ ᠲᠠᠪᠤ᠂ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ᠂ ᠵᠤᠯᠵᠠᠭ᠎ᠠ ᠮᠣᠳᠣᠨ ᠤ ᠬᠦᠷᠢᠶᠡᠯᠡᠩ ᠤᠨ ᠲᠤᠬᠠᠶᠢᠯᠠᠭᠰᠠᠨ ᠠᠵᠢᠯ ᠪᠠ ᠡᠵᠡᠩᠨᠡᠯᠲᠡ ᠶᠢᠨ ᠠᠵᠢᠯᠯᠠᠭ᠎ᠠ ᠶᠢ ᠬᠠᠷᠢᠭᠤᠴᠠᠨ ᠬᠠᠮᠢᠶᠠᠷᠤᠨ᠎ᠡ᠃ ᠵᠢᠷᠭᠤᠭ᠎ᠠ᠂ ᠪᠦᠬᠦ ᠰᠢᠶᠠᠨ ᠤ ᠤᠢ ᠰᠢᠭᠤᠢ ᠶᠢᠨ ᠡᠬᠢ ᠪᠠᠶᠠᠯᠢᠭ ᠢ ᠬᠠᠮᠢᠶᠠᠷᠬᠤ ᠪᠠ ᠲᠡᠭᠦᠨ ᠳᠤ ᠲᠡᠩᠰᠡ ᠡᠪᠬᠡᠮᠡᠯ ᠪᠠᠶᠢᠭᠤᠯᠬᠤ ᠠᠵᠢᠯ ᠢ ᠰᠠᠶᠢᠳᠤᠷ ᠬᠢᠵᠦ᠂ ᠤᠢ ᠰᠢᠭᠤᠢ ᠶᠢᠨ ᠡᠬᠢ ᠪᠠᠶᠠᠯᠢᠭ ᠢ ᠡᠵᠡᠮᠰᠢᠬᠦ᠂ ᠨᠡᠮᠡᠭᠳᠡᠯ ᠬᠤᠪᠢᠷᠠᠯᠳᠠ ᠶᠢᠨ ᠪᠠᠶᠢᠳᠠᠯ ᠪᠠ ᠤᠢ ᠰᠢᠭᠤᠢ ᠵᠨ ᠮᠡᠳᠡᠭᠡ ᠵᠠᠩᠬᠢ ᠶᠢᠨ ᠪᠠᠶᠢᠳᠠᠯ ᠢ ᠪᠠᠶᠢᠴᠠᠭᠠᠬᠤ ᠬᠡᠷᠡᠭᠲᠡᠢ᠃ ᠲᠤᠯᠤᠭ᠎ᠠ᠂ ᠪᠦᠬᠦ ᠰᠢᠶᠠᠨ ᠤ ᠣᠶ ᠰᠢᠭᠤᠶ ᠶᠢ ᠬᠠᠮᠠᠭᠠᠯᠠᠬᠤ᠂ ᠭᠠᠯ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠣᠶ ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠶᠢ ᠰᠡᠶᠢᠳᠪᠤᠷᠢᠯᠡᠨ᠎ᠡ᠃ ᠨᠠᠶᠢᠮᠠ᠂ ᠪᠦᠭᠦ ᠰᠢᠶᠠᠨ ᠤᠢ ᠮᠣᠳᠣ ᠶᠢ ᠡᠷᠭᠢᠯᠡᠨ ᠬᠠᠷᠢᠭᠤᠴᠠᠬᠤ ᠴᠢᠭᠯᠡᠯᠲᠡ᠂ ᠲᠦᠷᠦ ᠵᠨ ᠪᠤᠳᠤᠯᠭ᠎ᠠ ᠶᠢ ᠲᠤᠤᠱᠯᠠᠭᠤᠯᠤᠨ᠂ ᠬᠢᠨᠠᠨ ᠪᠠᠶᠢᠴᠠᠭᠠᠬᠤ ᠪᠠ ᠪᠠᠶᠢᠴᠠᠭᠠᠨ ᠰᠡᠶᠢᠳᠪᠤᠷᠢᠯᠡᠬᠦ ᠠᠵᠢᠯ ᠳᠤ ᠬᠠᠷᠢᠭᠤᠴᠠᠨ᠎ᠠ᠃ ᠶᠢᠰᠤ᠂ ᠣᠶ ᠰᠢᠭᠤᠶ ᠶᠢᠨ ᠠᠵᠤ ᠠᠬᠤᠶ ᠶᠢᠨ ᠡᠯ᠎ᠡ ᠵᠦᠢᠯ ᠤᠨ ᠠᠵᠢᠯ ᠦᠢᠯᠡᠰ ᠤᠨ ᠵᠠᠷᠤᠳᠠᠯ ᠵᠢᠴᠢ ᠪᠦᠬᠦ ᠰᠢᠶᠠᠨ ᠤ ᠣᠶ ᠰᠢᠭᠤᠶ ᠶᠢᠨ ᠦᠢᠯᠡᠳᠪᠦᠷᠢᠯᠡᠯ ᠤᠨ ᠡᠵᠡᠩᠨᠡᠨ ᠬᠠᠮᠢᠶᠠᠷᠤᠯᠲᠠ ᠶᠢᠨ ᠪᠠᠶᠢᠳᠠᠯ ᠤᠨ ᠪᠦᠷᠢᠳᠬᠡᠨ ᠲᠡᠭᠡᠳᠤ ᠱᠠᠳᠤᠨ ᠳᠤ ᠮᠡᠳᠡᠭᠦᠯᠬᠦ ᠠᠵᠢᠯ ᠢ ᠬᠠᠷᠢᠭᠤᠴᠠᠨ᠎ᠡ᠃ ᠠᠷᠪᠠ᠂ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠤᠨ ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠤᠨ ᠪᠡᠶᠡᠯᠡᠬᠦᠯᠤᠨ᠎ᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2