ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ  ᠤ ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠮᠡᠳᠡᠭᠳᠡᠯ
ᠨᠡᠶᠢᠲᠡᠯᠡᠭᠰᠡᠨ ᠴᠠᠭ᠄
2019-04-17
  ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ ᠬᠠᠤᠯᠢ ᠲᠤᠭᠲᠠᠭᠠᠯ ᠢ ᠦᠨᠳᠦᠰᠦᠯᠡᠨ ᠂ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠰᠢᠶᠠᠨ ᠤ ᠳᠠᠷᠤᠭ᠎ᠠ ᠬᠠᠷᠢᠭᠤᠴᠠᠯᠭ᠎ᠠ  ᠡᠭᠦᠷᠭᠡᠯᠡᠨ ᠰᠢᠶᠠᠨ ᠤ ᠳᠡᠳ᠋ ᠳᠠᠷᠤᠭ᠎ᠠ ᠬᠠᠪᠰᠤᠷᠴᠤ ᠠᠵᠢᠯᠯᠠᠬᠤ ᠳᠦᠷᠢᠮ ᠢ ᠬᠡᠷᠡᠭᠵᠢᠭᠦᠯᠦᠨ᠂ ᠰᠤᠳᠤᠯᠬᠤ ᠪᠠᠷ ᠲᠠᠮᠵᠢᠨ᠂ ᠰᠢᠶᠠᠨ ᠤ ᠳᠠᠷᠤᠭ᠎ᠠ  ᠂ ᠰᠢᠶᠠᠨ ᠤ  ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄   ᠯᠢ ᠶᠢᠩ  ᠰᠢᠶᠠᠨ ᠤ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠨ ᠵᠢᠯᠤᠭᠤᠳᠨ᠎ᠠ᠃  ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ  ᠃ ᠰᠢᠶᠠᠨ ᠤ ᠬᠢᠨᠠᠨ ᠪᠠᠶᠢᠴᠠᠭᠠᠬᠤ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠸᠠᠩ ᠢᠦᠢ ᠸᠧᠶ  ᠪᠠᠶᠢᠩᠭᠤ ᠶᠢᠨ ᠶᠠᠪᠤᠳᠠᠯ ᠤᠨ ᠰᠢᠶᠠᠨ ᠤ  ᠳᠡᠳ᠋ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠠᠵᠢᠯ ᠢ ᠬᠠᠷᠢᠭᠤᠴᠠᠵᠤ  ᠂ ᠰᠢᠶᠠᠨ ᠤ ᠳᠠᠷᠤᠭ᠎ᠠ ᠳᠤ ᠬᠠᠮᠵᠢᠨ ᠶᠡᠷᠦᠩᠬᠡᠶᠢᠯᠡᠭᠰᠡᠨ ᠠᠵᠤ ᠠᠬᠤᠶ ᠶᠢᠨ ᠬᠠᠮᠢᠶᠠᠷᠤᠯᠲᠠ᠂ ᠬᠤᠲᠠ ᠶᠢᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠮᠥᠩᠭᠦᠨ ᠭᠦᠢᠯᠭᠡᠭᠡ᠂ ᠭᠠᠳᠠᠭᠠᠳᠤ ᠶᠠᠪᠤᠳᠠᠯ᠂ ᠣᠷᠣᠨ ᠪᠦᠰᠡ ᠶᠢᠨ ᠬᠤᠷᠰᠢᠯᠴᠠᠭ᠎ᠠ  ᠂ ᠵᠠᠰᠠᠭ ᠤᠨ ᠶᠠᠪᠤᠳᠠᠯ ᠢ ᠢᠯᠡ ᠪᠣᠯᠭᠠᠬᠤ  ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ ᠬᠡᠪᠴᠢᠶᠡᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ  ᠬᠠᠷᠢᠭᠤᠴᠠᠨ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ︵ᠭᠠᠳᠠᠭᠠᠳᠤ ᠶᠠᠪᠤᠳᠠᠯ ᠤᠨ ᠠᠯᠪᠠᠨ ᠭᠡᠷ︶᠂ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ︵ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠵᠤ ᠬᠠᠮᠢᠶᠠᠷᠬᠤ ᠵᠦᠪᠯᠡᠯ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ‍ᠤᠨ‌ᠠᠯᠪᠠᠨ ᠭᠡᠷ︶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ᠂ ᠲᠦᠭᠡᠭᠡᠭᠦᠷ ᠤᠰᠤᠨ ᠤ ᠺᠣᠮᠫᠠᠨᠢ  ᠂ ᠢᠯᠴᠢ ᠶᠢᠨ ᠬᠦᠴᠦᠨ ᠤ ᠺᠣᠮᠫᠠᠨᠢ᠂  ᠵᠦᠸᠧ ᠽᠢ ᠮᠧᠶ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠦᠷᠢᠳᠬᠡᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ᠂  ᠰᠢᠶᠠᠨ ᠤ ᠳᠠᠷᠤᠭ᠎ᠠ ᠶᠢ ᠬᠠᠮᠵᠢᠨ ᠬᠢᠨᠠᠨ ᠪᠠᠶᠢᠴᠠᠭᠠᠬᠤ  ᠲᠤᠪᠴᠢᠶ᠎ᠠ ᠵᠡᠷᠭᠡ ᠶᠢ ᠬᠤᠪᠢᠶᠠᠨ ᠬᠠᠮᠢᠶᠠᠷᠤᠨ᠎ᠠ᠃   ᠰᠢᠶᠠᠨ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠂ ᠠᠷᠠᠳ ᠤᠨ ᠵᠡᠪᠰᠡᠭᠲᠦ ᠬᠦᠴᠦᠨ ᠤ ᠬᠡᠯᠲᠡᠰ  ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠭᠠᠶᠢᠯᠢ ᠶᠢᠨ ᠲᠣᠪᠴᠢᠶ᠎ᠠ  ᠂ ᠠᠷᠠᠳ ᠤᠨ ᠪᠠᠩᠬᠢ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠡᠷᠡᠭ ᠡᠷᠬᠢᠯᠡᠬᠦ ᠭᠠᠵᠠᠷ᠂ ᠠᠵᠤ ᠦᠢᠯᠡᠳᠪᠦᠷᠢ ᠬᠤᠳᠠᠯᠳᠤᠭ᠎ᠠ ᠶᠢᠨ ᠪᠠᠩᠬᠢ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ᠂ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠺᠣᠮᠫᠠᠨᠢ᠂ ᠲᠠᠢ ᠺᠠᠩ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠳ᠋ᠠ ᠳ᠋ᠠᠢ ᠡᠳ᠋ ᠬᠦᠷᠦᠩᠬᠡ ᠶᠢᠨ ᠳᠠᠭᠠᠳᠬᠠᠯ ᠤᠨ ᠺᠣᠮᠫᠠᠨᠢ ᠂ ᠳᠤᠮᠳᠠᠳᠤ ᠶᠢᠨ ᠬᠠᠮᠲᠤᠷᠠᠭᠰᠠᠨ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ᠂ ᠫᠢᠩ ᠠᠨ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠰᠢᠶᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠬᠡᠯᠲᠡᠰ ᠪᠣᠯᠤᠨ ᠰᠢᠶᠠᠨ ᠤ  ᠲᠤᠲᠤᠷᠠᠬᠢ ᠭᠠᠯᠲᠤ ᠲᠡᠷᠭᠡᠨ ᠤ ᠥᠷᠲᠡᠭᠡ ᠵᠡᠷᠭᠡ ᠳᠤ ᠬᠠᠷᠢᠯᠴᠠᠨ᠎ᠠ ᠃     ᠬᠠᠨ ᠶᠦᠩ ᠬᠤᠩ ᠰᠢᠶᠠᠨ ᠤ ᠳᠡᠳ᠋ ᠳᠠᠷᠤᠭ᠎ᠠ  ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠠᠵᠢᠯ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠬᠤᠪᠢᠳᠠᠨ ᠬᠠᠷᠢᠭᠤᠴᠠᠨ᠎ᠠ᠂ ᠵᠠᠩ ᠸᠠᠨ ᠺᠦᠶ ᠰᠢᠶᠠᠨ ᠤ ᠳᠠᠷᠤᠭ᠎ᠠ ᠶᠢ ᠬᠠᠮᠵᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ ᠬᠢ ᠠᠵᠢᠯ ᠢ ᠰᠠᠶᠢᠲᠤᠷ  ᠠᠳᠬᠤᠨ᠎ᠠ᠃    ᠸᠠᠩ ᠪᠤᠦ ᠵᠦ  ᠰᠢᠶᠠᠨ ᠤ ᠳᠡᠳ᠋ ᠳᠠᠷᠤᠭ᠎ᠠ  ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠰᠢᠪᠠᠳᠠᠨ ᠪᠠᠶᠢᠴᠠᠭᠠᠯᠲᠠ ᠲᠠᠯ᠎ᠠ ᠶᠢᠨ ᠠᠵᠢᠯ ᠢ ᠬᠠᠷᠢᠭᠤᠴᠠᠨ᠎ᠠ᠃    ᠦ᠋ ᠵᠦᠩ ᠽᠧ  ᠰᠢᠶᠠᠨ ᠤ ᠳᠡᠳ᠋ ᠳᠠᠷᠤᠭ᠎ᠠ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ  ᠂ ᠵᠢᠭᠤᠯᠴᠢᠯᠠᠬᠤ  ᠂ ᠠᠷᠠᠳ ᠤᠨ ᠶᠠᠪᠤᠳᠠᠯ  ᠂ ᠦᠨᠳᠦᠰᠦᠲᠡᠨ ᠪᠠ ᠱᠠᠰᠢᠨ ᠰᠤᠷᠲᠠᠬᠤᠨ ᠤ ᠬᠡᠷᠡᠭ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ  ᠂ ᠰᠣᠶᠣᠯ᠂ ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶᠂ ᠦᠨᠳᠦᠰᠦᠲᠡᠨ ᠤ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠰᠢᠶᠠᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ  ᠵᠡᠷᠭᠡ ᠶᠢ ᠬᠤᠪᠢᠳᠠᠨ  ᠬᠠᠮᠢᠶᠠᠷᠤᠨ᠎ᠠ᠃   ᠰᠢᠶᠠᠨ ᠢ ᠤᠳᠬ᠎ᠠ ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠬᠤᠸᠠ ᠨᠣᠮ ᠤᠨ ᠳᠡᠯᠭᠡᠭᠦᠷ ᠂ ᠲᠡᠭᠡᠭᠡᠪᠦᠷᠢ ᠶᠢᠨ ᠬᠠᠮᠢᠶᠠᠷᠤᠯᠲᠠ᠂ ᠤᠯᠠᠭᠠᠨᠴᠠᠪ ᠵᠠᠰᠠᠮᠠᠯ ᠵᠠᠮ ᠤᠨ ᠬᠠᠮᠢᠶᠠᠷᠤᠯᠲᠠ ᠶᠢᠨ  ᠲᠤᠪᠴᠢᠶᠠᠨ ᠤ ᠵᠦᠸᠧᠽᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠤᠪᠢᠶᠠᠷᠢ ᠲᠣᠪᠴᠢᠶ᠎ᠠ᠂ ᠤᠯᠠᠭᠠᠨᠴᠠᠪ ᠵᠠᠰᠠᠮᠠᠯ ᠵᠠᠮ ᠤᠨ ᠬᠠᠮᠢᠶᠠᠷᠤᠯᠲᠠ ᠶᠢᠨ  ᠲᠤᠪᠴᠢᠶᠠᠨ ᠤ ᠬᠤᠷᠴᠢᠨ ᠵᠡᠭᠦᠨ ᠵᠠᠰᠠᠮᠠᠯ ᠵᠠᠮ ᠤᠨ ᠵᠦᠸᠧᠽᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠮᠠᠰᠢᠨ ᠲᠡᠷᠭᠡᠨ ᠥᠷᠲᠡᠭᠡ᠂  ᠦᠨᠳᠦᠷ ᠬᠤᠷᠲᠠᠴᠠᠲᠦ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠂ 110 ᠤᠯᠤᠰ ᠤᠨ ᠵᠠᠮ ᠤᠨ ᠰᠦᠢᠳᠬᠡᠯ ᠬᠤᠷᠢᠶᠠᠬᠤ ᠦᠷᠳᠡᠭᠡ ᠪᠣᠯᠤᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠵᠦᠸᠧᠽᠢ ᠰᠠᠯᠪᠤᠷᠢ  ᠵᠡᠷᠭᠡ ᠲᠠᠢ ᠬᠠᠷᠢᠯᠴᠠᠨ᠎ᠠ᠃     ᠵᠠᠩ ᠸᠡᠨ ᠺᠦᠶ  ᠰᠢᠶᠠᠨ ᠤ ᠳᠡᠳ᠋ ᠳᠠᠷᠤᠭ᠎ᠠ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ᠂  ᠰᠢᠩ ᠨᠥᠩ ᠬᠥᠳᠡᠭᠡ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠵᠦᠸᠧ ᠶᠤᠸᠠᠨ ᠶᠠᠳᠠᠭᠤ ᠶᠢ ᠲᠡᠳᠬᠦᠬᠦ ᠭᠡᠷᠡᠯ ᠸᠣᠯᠲ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ  ᠵᠡᠷᠭᠡ ᠶᠢ ᠬᠤᠪᠢᠳᠠᠨ ᠬᠠᠮᠢᠶᠠᠷᠤᠨ᠎ᠠ᠃    ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠵᠢᠨᠢᠩ ᠲᠣᠭᠤᠷᠢᠭ ᠲᠠᠬᠢ ᠰᠠᠯᠪᠤᠷᠢ ᠪᠠᠩᠬᠢ᠂ ᠲᠠᠷᠢᠶᠠᠯᠠᠩ  ᠤᠨ ᠪᠠᠩᠬᠢ  ᠶᠢᠨ ᠵᠦᠸᠧᠽᠢ ᠰᠠᠯᠪᠤᠷᠢ ᠪᠠᠩᠬᠢ᠂ ᠰᠢᠶᠠᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠯᠪᠠᠨ ᠭᠡᠷ᠂ ᠴᠠᠭ ᠠᠭᠤᠷ ᠤᠨ ᠲᠣᠪᠴᠢᠶ᠎ᠠ᠂ ᠤᠰᠤ ᠰᠢᠨᠵᠢᠯᠡᠬᠦ ᠦᠷᠲᠡᠭᠡ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂  ᠮᠧᠩ ᠶᠢᠩ ᠲᠣᠰᠬᠤᠨ  ᠪᠠᠯᠭᠠᠰᠦᠨ ᠤ ᠪᠠᠩᠬᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ  ᠵᠡᠷᠭᠡ ᠲᠠᠢ ᠬᠠᠷᠢᠯᠴᠠᠨ᠎ᠠ᠃       ᠯᠢ ᠶᠥᠩ ᠫᠧᠩ  ᠰᠢᠶᠡᠨ ᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ  ᠶᠢᠨ ᠲᠤᠰᠢᠶᠠᠯ ᠬᠠᠪᠰᠤᠷᠭᠠᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠢᠶᠠᠷ ᠰᠤᠷᠪᠤᠯᠵᠢᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ  ᠢ ᠬᠠᠷᠢᠭᠤᠴᠠᠵᠤ  ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ  ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ  ᠶᠢ ᠬᠤᠪᠢᠳᠠᠨ ᠬᠠᠮᠢᠶᠠᠷᠤᠨ᠎ᠠ᠃     ᠰᠢᠶᠠᠨ ᠢ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ  ᠂ ᠵᠠᠮ ᠤᠨ ᠴᠠᠭᠳᠠᠭ᠎ᠠ ᠶᠢᠨ ᠶᠡᠭᠡ ᠠᠩᠬᠢ  ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠪᠠ  ᠦᠨᠳᠦᠷ ᠬᠤᠷᠳᠤᠴᠠᠲᠦ ᠵᠠᠮ ᠤᠨ ᠴᠠᠭᠳᠠᠭᠠᠨ ᠤ ᠵᠢᠨᠢᠩ ᠶᠡᠭᠡ ᠠᠩᠬᠢ   ᠲᠠᠢ ᠬᠠᠷᠢᠯᠴᠠᠨ᠎ᠠ᠃     ᠳ᠋ᠤᠸᠠᠨ ᠰᠢᠶᠦᠩ ᠲᠤᠤ ᠰᠢᠶᠠᠨ ᠤ ᠳᠡᠳ᠋ ᠳᠠᠷᠤᠭ᠎ᠠ ᠠᠵᠤ ᠦᠢᠯᠡᠳᠪᠦᠷᠢ ᠶᠢᠨ ᠠᠵᠤ ᠠᠬᠤᠶ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠂ ᠠᠷᠠᠯᠵᠢᠶ᠎ᠠ ᠬᠤᠳᠠᠯᠳᠤᠭ᠎ᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ  ᠢ ᠬᠠᠷᠢᠭᠤᠴᠠᠨ  ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠺᠣᠮᠢᠰ ︵ ᠴᠢ ᠰᠢᠶᠠ ᠶᠢᠩ  ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠦᠢᠯᠡᠳᠪᠦᠷᠢ︶  ᠶᠢ ᠬᠤᠪᠢᠳᠠᠨ ᠬᠠᠮᠢᠶᠠᠷᠤᠨ᠎ᠠ᠃     ᠤᠯᠠᠭᠠᠨᠴᠠᠪ ᠬᠤᠲᠠ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶᠠᠨ ᠤ ᠵᠦᠸᠧᠽᠢ ᠬᠤᠪᠢᠶᠠᠷᠢ ᠲᠣᠪᠴᠢᠶ᠎ᠠ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ  ᠂ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ᠂ ᠰᠢᠯᠵᠢᠮᠡᠯ ᠬᠤᠯᠪᠤᠭ᠎ᠠ ᠶᠢᠨ ᠵᠦᠸᠧᠽᠢ ᠬᠤᠪᠢᠶᠠᠷᠢ ᠺᠣᠮᠫᠠᠨᠢ᠂ ᠨᠢᠭᠡᠳᠤᠮᠡᠯ  ᠬᠤᠯᠪᠤᠭ᠎ᠠ ᠵᠦᠸᠧᠽᠢ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠵᠦᠸᠧᠽᠢ ᠬᠤᠪᠢᠶᠠᠷᠢ ᠺᠣᠮᠫᠠᠨᠢ ᠂ ᠰᠢᠦᠳᠠᠨ ᠲᠣᠪᠴᠢᠶ᠎ᠠ ᠪᠣᠯᠤᠨ ᠴᠢᠯᠠᠭᠤᠨ ᠳᠤᠰᠤᠨ ᠤ ᠺᠣᠮᠫᠠᠨᠢ  ᠵᠡᠷᠭᠡ ᠲᠠᠢ ᠬᠠᠷᠢᠯᠴᠠᠨ᠎ᠠ᠃     ᠷᠧᠨ ᠴᠠᠩ ᠸᠠᠩ᠂ ᠰᠢᠶᠠᠨ ᠤ ᠳᠡᠳ᠋ ᠳᠠᠷᠤᠭ᠎ᠠ ᠰᠤᠷᠭᠠᠨ ᠬᠥᠮᠦᠵᠢᠯ᠂  ᠲᠠᠮᠢᠨᠷ  ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠡᠮᠴᠢᠯᠡᠭᠡᠨ ᠤ ᠪᠠᠲᠤᠯᠠᠭ᠎ᠠ  ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠠᠵᠢᠯ ᠢ ᠬᠠᠷᠢᠭᠤᠴᠠᠨ᠎ᠠ᠃  ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶  ᠵᠡᠷᠭᠡ ᠶᠢ ᠬᠤᠪᠢᠳᠠᠨ ᠬᠠᠮᠢᠶᠠᠷᠤᠨ᠎ᠠ᠃    ᠡᠪ ᠬᠠᠮᠲᠤ ᠵᠠᠯᠠᠭᠤᠴᠤᠳ ᠤᠨ ᠡᠪᠯᠡᠯ ᠤᠨ ᠵᠦᠸᠧᠽᠢ ᠰᠢᠶᠠᠨ ᠤ ᠵᠥᠪᠯᠡᠯ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠪᠠᠨ ᠬᠠᠷᠠᠭᠠᠯᠵᠠᠬᠤ ᠠᠵᠢᠯ ᠤᠨ ᠺᠣᠮᠢᠰ᠂ ᠤᠯᠠᠭᠠᠨ ᠵᠠᠭᠠᠯᠮᠠᠶᠢᠢᠲᠠᠨ ᠤ ᠡᠪᠯᠡᠯ   ᠲᠠᠢ ᠬᠠᠷᠢᠯᠴᠠᠨ᠎ᠠ᠃     ᠯᠢ ᠴᠢᠩ ᠰᠢᠶᠠᠨ ᠤ ᠳᠡᠳ᠋ ᠳᠠᠷᠤᠭ᠎ᠠ  ᠵᠠᠩ ᠸᠠᠨ ᠺᠦᠢ ᠳᠡᠳ᠋ ᠲᠠᠷᠤᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ ᠬᠠᠪᠰᠤᠷᠴᠤ᠂  ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ  ᠢ ᠬᠠᠷᠢᠭᠤᠴᠠᠨ᠎ᠠ᠃     ᠯᠢᠦ ᠹᠠᠩ ᠰᠢᠶᠠᠨ ᠤ ᠳᠡᠳ᠋ ᠳᠠᠷᠤᠭ᠎ᠠ ᠸᠠᠩ ᠢᠦᠢ ᠸᠧᠶ ᠰᠢᠶᠠᠨ ᠤ ᠳᠡᠳ᠋ ᠳᠠᠷᠤᠭ᠎ᠠ ᠶᠢᠨ ᠮᠥᠩᠭᠦᠨ ᠭᠦᠢᠯᠭᠡᠭᠡᠨ ᠤ ᠲᠠᠯ᠎ᠠ ᠶᠢᠨ ᠠᠵᠢᠯ  ᠪᠤᠯᠤᠨ ᠵᠠᠩ ᠸᠠᠨ ᠺᠦᠢ ᠳᠡᠳ᠋ ᠲᠠᠷᠤᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ  ᠶᠢᠨ ᠠᠵᠢᠯ ᠲᠤ ᠬᠠᠪᠰᠤᠷᠴᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ  ᠶᠢ ᠬᠠᠷᠢᠭᠤᠴᠠᠨ᠎ᠠ                                                                                                                           2019 ᠤᠨ 3 ᠰᠠᠷ᠎ᠠ  27 ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2