ᠵᠦᠸᠧᠽᠢ ᠰᠢᠶᠠᠨ ᠤ ᠠᠩᠬᠠᠳᠠᠭᠴᠢ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ ᠰᠣᠶᠣᠯ ᠤᠨ ᠨᠠᠢᠷ ᠤᠨ ᠤᠷᠠᠨ ᠰᠠᠶᠢᠬᠠᠨ ᠤ ᠦᠳᠡᠰᠢᠯᠡᠭᠡ ᠭᠤᠶᠢᠲᠠ ᠰᠠᠢᠬᠠᠨ  ᠪᠤᠯᠪᠠ
ᠨᠡᠶᠢᠲᠡᠯᠡᠭᠰᠡᠨ ᠴᠠᠭ᠄
2019-07-29
  ᠵᠦᠸᠧᠽᠢ ᠰᠢᠶᠠᠨ ᠤ ᠠᠩᠬᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ ᠰᠣᠶᠣᠯ ᠤᠨ ᠨᠠᠶᠢᠷ ᠦᠪᠡᠳᠡᠭᠰᠢ ᠶᠡᠭᠡ ᠪᠠᠷ ᠡᠬᠢᠯᠡᠭᠰᠡᠨ ᠢ ᠪᠡᠯᠭᠡᠯᠡᠬᠦ ᠶᠢᠨ ᠲᠥᠯᠥᠭᠡ᠂ 2017 ᠤᠨ ᠤ 8 ᠰᠠᠷ᠎ᠠ ᠶᠢᠨ 26 ᠤ ᠡᠳᠦᠷ ᠤᠨ ᠣᠷᠣᠢ ᠶᠢᠨ 8 ᠴᠠᠭ ᠲᠤ᠂ ᠠᠩᠬᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ ᠰᠣᠶᠣᠯ ᠤᠨ ᠨᠠᠢᠷ ᠤᠨ ᠤᠷᠠᠨ ᠰᠠᠶᠢᠬᠠᠨ ᠤ ᠦᠳᠡᠰᠢᠯᠡᠭᠡ ᠦᠵᠡᠭᠴᠢᠳ ᠤᠨ ᠪᠠᠶᠠᠷᠯᠠᠨ ᠬᠠᠰᠬᠢᠷᠤᠯᠳᠤᠬᠤ ᠳᠠᠭᠤᠨ ᠤ ᠳᠤᠮᠳᠠ ᠬᠥᠰᠢᠭᠡ ᠪᠠᠨ ᠰᠡᠬᠦᠪᠡ᠃    ᠵᠦᠸᠧᠽᠢ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠣᠯᠠᠨ ᠲᠦᠮᠡᠨ ᠲᠠᠢ ᠬᠠᠮᠲᠤ ᠲᠣᠭᠯᠠᠯᠲᠠ ᠰᠣᠨᠢᠷᠬᠠᠭᠰᠠᠨ ᠪᠥᠭᠡᠳ ᠵᠠᠭᠤᠨ ᠲᠣᠭᠤᠭᠠᠴᠢ ᠶᠢᠨ ᠤᠷ᠎ᠠ ᠮᠡᠷᠭᠡᠵᠢᠯ ᠤᠨ ᠤᠷᠤᠯᠳᠤᠭᠠᠨ᠂ ᠵᠠᠭᠤᠨ ᠡᠮᠡᠭᠡᠨ ᠶᠤᠤᠮᠠᠢ ᠶᠢᠨ ᠭᠤᠯᠢᠷ ᠨᠤᠬᠤᠵᠤ ᠤᠷ᠎ᠠ ᠮᠡᠷᠭᠡᠵᠢᠯ ᠤᠨ ᠤᠷᠤᠯᠳᠤᠭᠠᠨ᠂   ᠭᠤᠶᠢᠲᠠ ᠰᠠᠶᠢᠬᠠᠨ ᠭᠡᠷᠡᠯ ᠵᠢᠷᠤᠭ ᠤᠨ ᠭᠠᠷᠮᠠᠭᠠᠶ ᠪᠦᠲᠦᠭᠡᠯ ᠤᠨ ᠦᠵᠡᠰᠬᠦᠯᠡᠩ  ᠵᠡᠷᠭᠡ ᠶᠢᠨ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠵᠠᠢ᠃    ᠦᠳᠡᠰᠢᠯᠡᠭᠡ ᠨᠢ ᠪᠥᠵᠢᠭ᠂ ᠨᠠᠶᠢᠷᠠᠯ ᠳᠠᠭᠤᠤ᠂ ᠠᠷᠠᠳ ᠤᠨ ᠬᠥᠭᠵᠢᠮ ᠤᠨ ᠲᠣᠭᠯᠠᠯᠲᠠ᠂ ᠨᠤᠲᠤᠭ ᠤᠨ ᠠᠶᠠᠯᠭᠤ ᠶᠢᠨ ᠱᠤᠭ ᠵᠦᠴᠦᠭᠡ᠂ ᠤᠷᠠᠨ ᠪᠥᠵᠢᠭ᠂ ᠬᠤᠶᠠᠷ ᠬᠥᠮᠦᠨ ᠤ ᠲᠠᠶᠢᠰᠠ ᠵᠡᠷᠭᠡ ᠲᠣᠭᠯᠠᠯᠲᠠ ᠬᠤᠶᠢᠨ᠎ᠠ ᠬᠤᠶᠢᠨ᠎ᠠ ᠠᠴᠠ ᠪᠠᠨ ᠲᠠᠯᠠᠪᠠᠢ ᠳᠤ ᠭᠠᠷᠴᠤ᠂  ᠵᠦᠸᠧᠽᠢ ᠶᠢᠨ ᠴᠤᠭ ᠪᠠᠳᠠᠷᠠᠩᠭᠤᠶ᠂ ᠪᠠᠶᠠᠰᠤᠩᠭᠤᠶ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠪᠡ᠃ ᠴᠢᠬᠢᠨ ᠳᠤ ᠬᠠᠳᠠᠩᠰᠢᠭᠰᠠᠨ ᠲᠠᠯ᠎ᠠ ᠨᠤᠲᠤᠭ ᠤᠨ ᠳᠠᠭᠤᠤ ︽ᠲᠠᠯ᠎ᠠ ᠨᠤᠲᠤᠭ ᠤᠨ ᠳᠠᠭᠤᠤ ᠶᠢ ᠳᠠᠭᠤᠯᠠᠶ᠎ᠠ︾᠂ ᠡᠷᠭᠦᠨ᠎ᠡ ᠬᠠᠮᠲᠤᠯᠢᠭ  ᠠᠴᠠ ︽ᠬᠤᠨ ᠭᠠᠯᠠᠭᠤ︾  ᠵᠡᠷᠭᠡ  ᠰᠢᠯᠢᠳᠡᠭ ᠪᠦᠲᠦᠭᠡᠯ ᠲᠣᠭᠯᠠᠯᠲᠠ ᠭᠠᠷᠭᠠᠵᠤ᠂ ᠦᠳᠡᠰᠢᠯᠡᠭᠡ ᠶᠢ ᠣᠷᠭᠢᠯ ᠳᠤ ᠨᠢ ᠬᠦᠷᠭᠡᠵᠡᠶ᠃    ᠴᠥᠭᠡᠨ ᠪᠤᠰᠤ ᠳᠠᠭᠤᠴᠢᠨ᠂ ᠤᠷᠠᠯᠢᠭᠴᠢᠳ ᠪᠣᠯ ᠭᠠᠷᠮᠠᠭᠠᠶ ᠴᠢᠳᠠᠪᠤᠷᠢᠲᠠᠨ ᠭᠠᠳᠠᠭᠰᠢ ᠭᠠᠷᠤᠭᠰᠠᠨ ᠨᠡᠷᠡᠲᠦ ᠬᠥᠮᠦᠰ ᠶᠤᠮ᠂ ᠲᠡᠳᠡ ᠡᠭᠡᠯᠵᠢᠯᠡᠨ ᠲᠠᠯᠠᠪᠠᠢ ᠳᠤ ᠭᠠᠷᠴᠤ᠂ ᠲᠤᠬᠠᠶ ᠶᠢᠨ ᠭᠠᠵᠠᠷ ᠤᠨ ᠲᠣᠭᠯᠠᠭᠴᠢᠳ ᠲᠠᠢ ᠬᠠᠮᠲᠤ ᠪᠠᠷ ᠨᠢᠭᠡ ᠤᠳᠠᠭᠠᠨ ᠤ  ᠭᠤᠶᠢᠲᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠲᠣᠭᠯᠠᠵᠠᠶ᠃    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2