2018 ᠣᠨ ᠤ ᠵᠦᠸᠧᠽᠢ ᠰᠢᠶᠡᠨ ᠤ ᠬᠤᠶᠠᠳᠤᠭᠠᠷ ᠬᠤᠭᠤᠴᠠᠭᠠᠨ ᠤ ᠤᠳᠤᠮᠠᠯ ᠲᠠᠬᠢᠶ᠎ᠠ ᠶᠢᠨ ᠠᠮᠳᠠᠳᠦ ᠢᠳᠡᠭᠡᠨ ᠤ ᠰᠤᠶᠤᠯ ᠵᠤᠭᠠᠴᠠᠯ ᠤᠨ ᠨᠠᠶᠢᠷ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2019-07-30
       2018 ᠤᠨ ᠤ7 ᠰᠠᠷ᠎ᠠ ᠶᠢᠨ 12 ᠤ ᠡᠳᠦᠷ᠂ ᠲᠤᠮᠳᠠᠳᠦ ᠤᠯᠤᠰ ᠤᠨ ᠵᠦᠸᠧᠽᠢ ᠰᠢᠶᠡᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ᠂ 2018 ᠤᠨ ᠤ ᠲᠤᠮᠳᠠᠳᠦ ᠤᠯᠤᠰ ᠤᠨ ᠵᠦᠸᠧᠽᠢ ᠰᠢᠶᠡᠨ ᠤ ᠬᠤᠶᠠᠳᠤᠭᠠᠷ ᠬᠤᠭᠤᠴᠠᠭᠠᠨ ᠤ ᠤᠳᠤᠮᠠᠯ ᠲᠠᠬᠢᠶ᠎ᠠ ᠶᠢᠨ ᠠᠮᠳᠠᠳᠦ ᠢᠳᠡᠭᠡᠨ ᠤ ᠰᠤᠶᠤᠯ ᠵᠤᠭᠠᠴᠠᠯ ᠤᠨ ᠨᠠᠶᠢᠷ  ᠲᠥᠩ ᠯᠧ ᠶᠡᠭᠡ ᠲᠠᠯᠠᠪᠦᠷ ᠲᠤ ᠦᠪᠡᠳᠡᠭᠰᠢ ᠶᠡᠭᠡ ᠪᠠᠷ ᠡᠬᠢᠯᠡᠪᠡ᠃        ᠤᠯᠠᠭᠠᠨᠴᠠᠪ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠶᠦᠨ ᠬᠤᠸᠠᠢ᠂ ᠳᠡᠳ᠋ ᠲᠡᠷᠢᠭᠦᠯᠡᠭᠴᠢ ᠹᠠᠨ ᠯᠢᠩ ᠬᠤᠸᠠ᠂ ᠬᠤᠲᠠ ᠶᠢᠨ  ᠢᠳᠡᠭᠡᠨ ᠤ ᠵᠤᠶᠢᠯ ᠪᠤᠯᠤᠨ ᠡᠮ ᠤᠨ ᠵᠤᠶᠢᠯ  ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠹᠦ᠋ ᠵᠢᠶᠦ᠋ᠨ ᠹᠧᠩ᠂ ᠦᠪᠡᠷᠳᠡᠭᠡᠨ ᠵᠠᠰᠠᠬᠤ ᠣᠷᠣᠨ ᠤ ᠢᠳᠡᠭᠡᠨ ᠣᠮᠳᠠᠭᠠᠨ ᠤ ᠨᠡᠶᠢᠭᠡᠮᠯᠢᠭ ᠤᠨ ᠨᠡᠶᠢᠭᠡᠮᠯᠢᠭ ᠤᠨ ᠳᠠᠷᠤᠭ᠎ᠠ ᠯᠠᠩ ᠯᠢ ᠰᠢᠩ᠂ ᠨᠠᠷᠢᠨ ᠪᠢᠴᠢᠭ ᠤᠨ ᠳᠠᠷᠤᠭ᠎ᠠ ᠾᠧ ᠴᠢᠨ ᠮᠢᠩ᠂ ᠦᠪᠡᠷ ᠮᠤᠩᠭᠤᠯ ᠤᠨ ᠬᠤᠪᠢ ᠤᠷᠤᠭᠤᠯᠤᠭᠰᠠᠨ ᠡᠷᠬᠡ ᠶᠢᠨ ᠠᠷᠠᠯᠵᠢᠶᠠᠨ ᠤ ᠲᠦᠪ ᠤᠨ ᠶᠡᠷᠦᠩᠬᠡᠢ ᠵᠠᠬᠢᠷᠤᠯ ᠰᠥᠩ ᠹᠧᠩ᠂ ᠵᠢᠶᠦ᠋ᠨ ᠹᠦ᠋ ᠬᠦᠷᠦᠩᠭᠡ ᠶᠢᠨ ᠵᠦᠪᠯᠡᠯ ᠤᠨ ᠳᠠᠷᠤᠭ᠎ᠠ ᠵᠠᠩ ᠵᠢᠶᠦ᠋ᠨ ᠯᠢᠶᠠᠩ᠂ ᠵᠦᠸᠧᠽᠢ ᠰᠢᠶᠡᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ᠂ ᠦᠪᠦᠷ ᠮᠤᠩᠭᠤᠯ ᠤᠨ ᠵᠦᠸᠧᠽᠢ ᠳᠤ ᠲᠤᠮᠢᠯᠠᠭᠰᠠᠨ ᠶᠠᠳᠠᠭᠤ ᠠᠴᠠ ᠠᠩᠭᠢᠵᠢᠷᠠᠭᠤᠯᠬᠤ ᠶᠡᠷᠦᠩᠬᠡᠢ ᠠᠩᠭᠢ ᠶᠢᠨ ᠳᠤᠭᠤᠶᠢᠯᠠᠩ ᠤᠨ ᠳᠠᠷᠤᠭ᠎ᠠ᠂ ᠰᠢᠶᠡᠨ ᠤ ᠳᠡᠳ᠋ ᠱᠦᠵᠢ ᠯᠢ ᠵᠢᠶᠦ᠋ᠨ᠂ ᠰᠢᠶᠡᠨ ᠤ ᠳᠡᠳ᠋ ᠱᠦᠵᠢ᠂ ᠵᠠᠰᠠᠭ ᠤᠨ  ᠣᠷᠳᠣᠨ ᠤ ᠳᠠᠷᠤᠭ᠎ᠠ ᠯᠢ ᠶᠢᠩ᠂ ᠰᠢᠶᠡᠨ ᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠳ᠋ᠠ ᠮᠠᠤ ᠵᠢᠴᠢ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠯᠢᠦ ᠷᠦᠩ ᠱᠧᠩ  ᠵᠡᠷᠭᠡ ᠣᠳᠣᠷᠢᠳᠤᠭᠴᠢᠳ ᠡᠬᠢᠯᠡᠯᠲᠡ ᠶᠢᠨ ᠶᠤᠰᠤᠯᠠᠯ ᠳᠤ ᠣᠷᠣᠯᠴᠠᠪᠠ᠃         5 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠲᠤᠰ ᠤᠳᠠᠭᠠᠨ ᠤ ᠰᠤᠶᠤᠯ ᠤᠨ ᠨᠠᠶᠢᠷ ᠨᠢ ︽ᠤᠳᠤᠮᠠᠯ ᠲᠠᠬᠢᠶ᠎ᠠ ᠶᠢᠨ ᠠᠮᠳᠠᠳᠦ ᠢᠳᠡᠭᠡᠨ ᠢ ᠠᠮᠰᠠᠵᠦ᠂ ᠵᠦᠸᠧᠽᠢ ᠰᠢᠶᠡᠨ ᠤ ᠭᠤᠶᠤ ᠦᠵᠡᠮᠵᠢ ᠶᠢ ᠰᠤᠨᠢᠷᠬᠠᠬᠤ︾ ᠪᠠᠷ ᠭᠤᠤᠯ ᠰᠡᠳᠦᠪ ᠪᠤᠯᠭᠠᠵᠦ᠂ ᠨᠠᠶᠢᠷ ᠤᠨ ᠬᠤᠭᠤᠴᠠᠭᠠᠨ ᠳᠤ᠂ ᠵᠦᠸᠧᠽᠢ ᠰᠢᠶᠡᠨ ᠤ ᠵᠠᠰᠠᠭ ᠤᠨ ᠤᠷᠳᠤᠨ ᠪᠠ ᠦᠪᠡᠷᠳᠡᠭᠡᠨ ᠵᠠᠰᠠᠬᠤ ᠤᠷᠤᠨ ᠤ ᠰᠲ᠋ᠤᠺ ᠤᠨ ᠡᠷᠬᠡ ᠶᠢᠨ ᠠᠷᠠᠯᠵᠢᠶᠠᠨ ᠤ ᠲᠦᠪ ᠤᠨ ᠤᠳᠤᠮᠠᠯ ᠲᠠᠬᠢᠶ᠎ᠠ ᠶᠢᠨ ᠠᠵᠦ ᠦᠢᠯᠡᠰ ᠢ ᠨᠢᠭᠡᠳᠭᠡᠨ ᠬᠦᠭᠵᠢᠬᠦᠯᠬᠦ ᠵᠦᠪᠳᠡᠭᠴᠢ ᠶᠢᠨ ᠦᠢᠯᠡᠴᠢᠯᠡᠭᠡ ᠶᠢᠨ ᠬᠡᠷ᠎ᠡ ᠲᠤᠭᠳᠠᠬᠤ ᠶᠤᠰᠤᠯᠠᠯ᠂ ᠠᠮᠳᠠᠳᠦ ᠢᠳᠡᠭᠡᠨ ᠤ ᠲᠡᠯᠭᠡᠨ ᠦᠵᠡᠬᠦᠯᠦᠯᠬᠡ ᠲᠡᠯᠬᠡᠨ ᠪᠤᠷᠤᠯᠠᠭᠤᠯᠭ᠎ᠠ᠂ ᠤᠷᠤᠨ ᠨᠤᠳᠤᠭ ᠤᠨ ᠤᠨᠴᠠᠯᠢᠭ ᠪᠦᠬᠦᠢ ᠴᠠᠭᠠᠰᠤᠨ‌ᠬᠠᠶᠢᠴᠢᠯᠠᠮᠠᠯ᠂ ᠤᠷᠠᠨ ᠪᠢᠴᠢᠯᠭᠡ ᠶᠢᠨ ᠪᠦᠳᠦᠭᠡᠯ ᠢ ᠲᠦᠪᠯᠡᠷᠡᠬᠦᠯᠦᠨ ᠲᠡᠯᠭᠡᠨ ᠦᠵᠡᠬᠦᠯᠬᠦ᠂ ᠨᠡᠷᠡᠳᠦ ᠲᠠᠭᠤᠴᠢᠨ᠂ ᠲᠤᠭᠯᠠᠭᠴᠢ ᠭᠤᠶᠢᠳᠠ ᠰᠠᠶᠢᠬᠠᠨ ᠤᠷᠠᠨ ᠰᠠᠶᠢᠬᠠᠨ ᠤ ᠲᠤᠭᠯᠠᠯᠳᠠ ᠲᠠᠪᠰᠢᠬᠦᠯᠬᠦ ᠵᠡᠷᠬᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠠᠪᠤᠭᠳᠠᠬᠤ ᠪᠤᠯᠤᠨ᠎ᠠ᠃ ᠡᠬᠢᠯᠯᠡᠳᠡ ᠶᠢᠨ ᠶᠤᠰᠤᠯᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠢᠳᠡᠭᠡᠨ ᠤᠮᠳᠠᠭᠠᠨ ᠬᠢᠭᠡᠳ ᠵᠤᠴᠢᠳ ᠤᠨ ᠪᠠᠭᠤᠳᠠᠯ ᠤᠨ ᠠᠵᠢᠯ ᠲᠦᠷᠦᠯ ᠤᠨ ᠨᠡᠶᠢᠬᠡᠮᠯᠢᠭ ᠠᠴᠠ ᠵᠦᠸᠧᠽᠢ ᠰᠢᠶᠡᠨ ᠳᠤ ︽ᠪᠦᠬᠦ ᠤᠯᠤᠰ ᠤᠨ ᠨᠡᠷᠡᠳᠦ ᠰᠤᠯᠠ ᠢᠳᠡᠭᠡᠨ︾ ᠤ ᠫᠠᠶᠢᠰᠠ ᠤᠯᠭᠤᠬᠤ᠂ ᠤᠯᠠᠭᠠᠨᠴᠠᠪ ᠬᠤᠳᠠ ᠠᠴᠠ ᠵᠦᠸᠧᠽᠢ ᠰᠢᠶᠡᠨ ᠳᠤ ︽ᠤᠯᠠᠭᠠᠨᠴᠠᠪ ᠬᠤᠳᠠ ᠶᠢᠨ ᠠᠷᠪᠠᠨ ᠶᠡᠭᠡ ᠱᠤᠰᠢᠭ᠎ᠠ ᠲᠡᠮᠳᠡᠭ︾ ‍ᠤᠨ‌‍ᠫᠠᠶᠢᠰᠠ ᠤᠯᠭᠤᠬᠤ᠂ ︽ᠲᠤᠮᠳᠠᠳᠦ ᠤᠯᠤᠰ ᠤᠨ ᠵᠦᠸᠧᠽᠢ ᠰᠢᠶᠡᠨ ᠤ ᠤᠳᠤᠮᠠᠯ ᠲᠠᠬᠢᠶ᠎ᠠ ᠰᠤᠳᠤᠯᠬᠤ ᠭᠠᠵᠠᠷ︾ ‍ᠤᠨ‌ᠡᠷᠤᠬᠡ ᠰᠡᠭᠦᠬᠦ ᠶᠤᠰᠤᠯᠠᠯ᠂ ︽ᠤᠯᠠᠨ ᠲᠦᠮᠡᠨ ᠤ ᠬᠠᠮᠤᠭ ᠠᠴᠠ ᠰᠡᠳᠬᠢᠯ ᠬᠠᠨᠤᠮᠵᠢᠳᠠᠢ ᠤᠳᠤᠮᠠᠯ ᠲᠠᠬᠢᠶ᠎ᠠ‌ᠦᠢᠯᠡᠳᠪᠦᠷᠢᠯᠡᠬᠦ ᠠᠵᠦ ᠠᠬᠤᠢᠢᠯᠠᠯ︾ ᠢ ᠬᠦᠬᠢᠬᠦᠯᠦᠨ ᠫᠠᠶᠢᠰᠠ ᠤᠯᠭᠤᠬᠤ ᠵᠡᠷᠭᠡ ᠠᠵᠢᠯᠯᠠᠭ᠎ᠠ ᠶᠠᠪᠤᠭᠳᠠᠭᠤᠯᠵᠠᠢ᠃       ᠤᠢᠢᠯᠠᠭᠠᠭᠰᠠᠨ ᠢᠶᠠᠷ᠂ ᠲᠤᠰ ᠤᠳᠠᠭᠠᠨ ᠤ ᠨᠡᠶᠢᠷ ᠨᠢ᠂ ᠵᠦᠸᠧᠽᠢ ᠰᠢᠶᠡᠨ ᠤ ᠤᠳᠤᠮᠠᠯ ᠲᠠᠬᠢᠶ᠎ᠠ ᠶᠢᠨ ᠠᠵᠦ‌ᠦᠢᠯᠡᠰ ᠤᠨ ᠬᠦᠭᠵᠢᠯᠳᠡ ᠶᠢ ︽ᠨᠢᠬᠡᠳᠦᠯᠳᠡᠢ ᠱᠤᠰᠢᠭ᠎ᠠ ᠲᠡᠮᠳᠡᠭ᠂ ᠨᠢᠬᠡᠳᠦᠯᠳᠡᠢ ᠬᠠᠮᠢᠶᠠᠷᠤᠯᠳᠠ᠂ ᠨᠢᠬᠡᠳᠦᠯᠳᠡᠢ ᠪᠠᠭᠯᠠᠬᠤ︾ ᠪᠠᠷᠢᠮᠵᠢᠶᠠᠳᠦ ᠦᠢᠯᠡᠳᠪᠦᠷᠢᠯᠡᠯ ᠡᠵᠡᠭᠨᠡᠯᠳᠡ ᠶᠢᠨ ᠵᠠᠮ ᠢᠶᠠᠷ ᠤᠷᠤᠭᠰᠢᠯᠠᠬᠤ ᠶᠢ ᠠᠬᠢᠭᠤᠯᠵᠦ ᠂ ︽ᠵᠦᠸᠧᠽᠢ ᠰᠢᠶᠡᠨ ᠤ ᠤᠳᠤᠮᠠᠯ ᠲᠠᠬᠢᠶ᠎ᠠ ᠠᠮᠳᠠᠳᠠᠢ᠂ ᠲᠦᠷᠪᠡᠨ ᠤᠯᠠᠷᠢᠯ ᠤᠨ ᠦᠡᠭᠬᠡ ᠦᠵᠡᠮᠵᠢ ᠰᠠᠶᠢᠬᠠᠨ︾ ᠢᠶᠠᠷ ᠭᠤᠤᠯ ᠰᠡᠳᠦᠪ ᠪᠤᠯᠭᠠᠭᠰᠠᠨ ᠠᠮᠳᠠᠳᠦ ᠢᠳᠡᠭᠡᠨ ᠤ ᠰᠤᠶᠤᠯ ᠵᠤᠭᠠᠴᠠᠯ ᠤᠨ ᠲᠡᠰ ᠲᠡᠪᠰᠢᠬᠤ ᠶᠢ ᠠᠬᠢᠭᠤᠯᠤᠨ᠂ ᠪᠦᠬᠦ ᠤᠷᠤᠨ ᠤ ᠵᠤᠭᠠᠴᠠᠯ ᠤᠨ ᠵᠢᠱᠢᠶ᠎ᠡ ᠦᠵᠡᠬᠦᠯᠬᠦ ᠰᠢᠶᠡᠨ ᠢ ᠴᠤᠭᠴᠠᠯᠠᠨ ᠪᠠᠶᠢᠭᠤᠯᠬᠤ ᠢ ᠤᠯᠠᠮ ᠨᠢᠬᠡ ᠠᠯᠬᠤᠮᠲᠦᠷᠭᠡᠳᠬᠡᠬᠦ ᠳᠤ ᠠᠯᠤᠰ ᠬᠡᠳᠦ ᠶᠢᠨ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2