ᠶᠢᠰᠦᠨ ᠨᠤᠭᠤᠯᠤᠭᠠᠲᠦ ᠠᠮᠢ ᠠᠬᠤᠢ ᠶᠢᠨ ᠴᠡᠴᠡᠷᠯᠢᠭ ︵九曲山生态公园︶ ᠪᠣᠯ ᠠᠮᠢ | ᠠᠬᠤᠶ᠂ ᠰᠣᠶᠣᠯ ᠢᠷᠭᠡᠨᠰᠢᠯ᠂ ᠪᠡᠶ᠎ᠡ ᠴᠢᠭᠢᠷᠠᠭᠵᠢᠭᠤᠯᠤᠯᠲᠠ᠂ ᠦᠵᠡᠮᠵᠢ ᠶᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠶ ᠣᠯᠠᠨ ᠨᠡᠶᠢᠲᠡ ᠶᠢᠨ ᠴᠡᠴᠡᠷᠯᠢᠭ ᠪᠣᠯᠤᠨ᠎ᠠ᠃ | | ᠴᠡᠴᠡᠷᠯᠢᠭ 1.48 ᠲᠦᠮᠡᠨ ᠮᠤ᠋ ᠶᠢ ᠡᠵᠡᠯᠡᠵᠦ᠂ ︽ᠣᠢ ᠰᠢᠭᠤᠶ ᠶᠢᠨ ᠦᠵᠡᠮᠵᠢ ᠪᠠ ᠬᠥᠮᠦᠨ ᠨᠡᠢᠭᠡᠮ ᠤᠨ | ᠣᠷᠴᠢᠨ ᠲᠣᠭᠤᠷᠢᠨ︾ ᠢᠶᠠᠷ ᠭᠤᠤᠯ ᠰᠡᠳᠦᠪ ᠪᠣᠯᠭᠠᠵᠤ᠂ 8.6 ᠺᠢᠯᠤᠮᠧᠲᠷ ᠵᠤᠭᠠᠴᠠᠯ ᠤᠨ ᠵᠠᠮ ᠢ ᠪᠠᠢᠭᠤᠯᠵᠤ᠂ 3. | 8 ᠺᠢᠯᠤᠮᠧᠲᠷ ᠴᠠᠷᠳᠠᠮᠠᠯ ᠵᠠᠮ ᠢ ᠳᠡᠪᠢᠰᠴᠦ᠂ ᠵᠠᠮ ᠳᠠᠭᠠᠤ ᠳᠠᠭᠤ ᠴᠢᠮᠡᠭᠡᠨ ᠤ ᠲᠥᠬᠦᠭᠡᠷᠦᠮᠵᠢ᠂ ᠵᠠᠮ ᠤᠨ ᠳ᠋ᠧᠩ᠂ | ᠦᠵᠡᠮᠵᠢ ᠶᠢᠨ ᠳ᠋ᠧᠩ ᠤᠭᠰᠠᠷᠠᠵᠤ᠂ ᠴᠡᠴᠡᠷᠯᠢᠭ ᠤᠨ ᠳᠣᠲᠣᠷᠠᠬᠢ ᠰᠡᠷᠢᠭᠦᠨ ᠲᠢᠩᠰᠡ᠂ ᠤᠷᠲᠤ ᠬᠤᠩᠭᠢᠯ᠂ | ᠱᠤᠭᠤᠮᠠᠯ᠂ ᠵᠠᠮ᠂ ᠤᠰᠤᠨ ᠭᠠᠳᠠᠷᠭᠤ᠂ ᠬᠡᠷᠡᠰᠬᠡ ᠵᠡᠷᠭᠡ ᠶᠢ ᠪᠦᠬᠦᠨ ᠢ ᠭᠡᠷᠡᠯᠲᠦᠭᠦᠯᠦᠨ᠎ᠡ ᠂ ᠳᠠᠭᠤᠤ ᠬᠥᠭᠵᠢᠮ ᠤᠨ | ᠰᠦᠷᠴᠢᠮᠡᠯ ᠪᠤᠯᠠᠭ 1 ᠰᠠᠭᠤᠷᠢ᠂ ᠵᠢᠭᠠᠰᠤ ᠲᠠᠢ ᠬᠢᠮᠡᠯ ᠨᠠᠭᠤᠷ ᠨᠢ ᠦᠵᠡᠮᠦᠷᠢ ᠵᠡᠷᠭᠡ ᠪᠠᠶᠢᠨ᠎ᠠ᠃ | | ᠴᠡᠴᠡᠷᠯᠢᠭ ᠤᠨ ᠳᠣᠲᠣᠷᠠᠬᠢ ᠭᠤᠤᠯ ᠲᠥᠬᠦᠭᠡᠷᠦᠮᠵᠢ ᠨᠢ ︽ᠬᠤᠶᠠᠷ ᠲᠠᠯᠠᠪᠤᠷ ᠨᠢᠭᠡ ᠨᠠᠭᠤᠷ ᠨᠢᠭᠡ | ᠬᠦᠷᠢᠶᠡᠯᠡᠩ ᠶᠢᠰᠦᠨ ᠲᠢᠩᠰᠡ︾ ᠪᠣᠯᠤᠨ᠎ᠠ᠂ ᠲᠤᠬᠠᠶᠢᠯᠠᠪᠠᠯ᠄ ᠶᠢᠰᠦᠨ ᠨᠤᠭᠤᠯᠤᠭᠠᠲᠦ ᠠᠭᠤᠳᠠᠮ ᠲᠠᠯᠠᠪᠠᠢ᠂ | ᠬᠦᠰᠡᠯᠡᠩᠲᠦ ᠠᠭᠤᠳᠠᠮ ᠲᠠᠯᠠᠪᠠᠢ᠂ ᠬᠢᠮᠡᠯ ᠨᠠᠭᠤᠷ᠂ ᠮᠣᠳᠣᠨ ᠤ ᠬᠦᠷᠢᠶᠡᠯᠡᠩ ᠪᠠ ᠶᠢᠰᠦᠨ ᠵᠦᠢᠯ ᠤᠨ ᠳᠦᠷᠰᠦ | ᠪᠦᠲᠦᠭᠡᠯᠲᠡ ᠨᠢ ᠠᠳᠠᠯᠢ ᠪᠤᠰᠤ ᠰᠡᠷᠢᠭᠦᠨ ᠲᠢᠩᠰᠡ ᠪᠣᠯᠤᠨ᠎ᠠ᠃ | ᠶᠢᠰᠦᠨ ᠨᠤᠭᠤᠯᠤᠭᠠᠲᠦ ᠠᠭᠤᠳᠠᠮ ᠲᠠᠯᠠᠪᠠᠢ 4500 ᠲᠡᠭᠰᠢ ᠳᠥᠷᠪᠡᠯᠵᠢᠨ ᠮᠧᠲᠷ ᠢ ᠡᠵᠡᠯᠡᠵᠦ᠂ ᠮᠠᠨ ᠤ | ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠠᠬᠢ ᠶᠢᠰᠦᠨ ᠨᠤᠭᠤᠯᠤᠭᠠᠲᠦ ᠶᠢᠨ | ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠣᠰᠣᠭᠠᠷ ᠪᠠᠶᠢᠭᠤᠯᠤᠨ ᠥᠪᠡᠷᠮᠢᠴᠡ ᠤᠷᠠᠨ | ᠠᠪᠢᠶᠠᠰ ᠲᠠᠢ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠲᠠᠢ᠃ | ᠬᠦᠰᠡᠯᠡᠩᠲᠦ ᠠᠭᠤᠳᠠᠮ ᠲᠠᠯᠠᠪᠠᠢ 6000 ᠲᠡᠭᠰᠢ ᠳᠥᠷᠪᠡᠯᠵᠢᠨ ᠮᠧᠲᠷ ᠢ ᠡᠵᠡᠯᠡᠵᠦ᠂ ᠬᠤᠶᠠᠷ ᠲᠣᠭᠤᠷᠢᠭ | ᠬᠡᠯᠪᠡᠷᠢ ᠲᠠᠢ ᠵᠢᠵᠢᠭ ᠲᠠᠯᠠᠪᠠᠢ ᠪᠠᠷ ᠪᠦᠷᠢᠯᠳᠦᠵᠦ᠂ ᠠᠭᠤᠳᠠᠮ ᠲᠠᠯᠠᠪᠠᠢ ᠳᠤ ᠮᠠᠷᠱᠠᠯ ᠾᠧ ᠯᠦᠩ ᠨᠥᠬᠦᠷ ᠤᠨ | ᠬᠦᠷᠡᠯ ᠬᠥᠷᠥᠭ ᠢ ᠱᠤᠭᠤᠵᠤ᠂ ᠮᠠᠨ ᠤ ᠰᠢᠶᠡᠨ ᠤ ᠤᠯᠤᠰ ᠢᠶᠠᠨ ᠬᠠᠶᠢᠷᠠᠯᠠᠬᠤ ᠦᠵᠡᠯ ᠬᠥᠮᠦᠵᠢᠯ ᠤᠨ ᠰᠠᠭᠤᠷᠢᠨ | ᠭᠠᠵᠠᠷ ᠪᠠ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠦᠵᠡᠮᠵᠢ ᠶᠢᠨ ᠣᠷᠣᠨ ᠪᠤᠯᠤᠨ᠎ᠠ᠃ | ᠵᠣᠬᠢᠶᠠᠮᠠᠯ ᠨᠠᠭᠤᠷ ᠤᠨ ᠲᠠᠯᠠᠪᠠᠢ ᠨᠢ 9800 ᠲᠡᠭᠰᠢ ᠳᠥᠷᠪᠡᠯᠵᠢᠨ ᠮᠧᠲᠷ᠂ ᠤᠰᠤᠨ ᠤ ᠭᠦᠨ ᠨᠢ 0.7 ᠮᠧᠲᠷ | ᠪᠠᠶᠢᠵᠤ᠂ ᠨᠠᠭᠤᠷ ᠤᠨ ᠲᠥᠪ ᠲᠤ ᠳᠠᠭᠤᠤ ᠬᠥᠭᠵᠢᠮ ᠤᠨ ᠣᠷᠭᠢᠯᠣᠯᠳᠤ ᠪᠤᠯᠠᠭ ᠪᠠᠶᠢᠭᠤᠯᠵᠤ᠂ ᠨᠠᠭᠤᠷ ᠤᠨ | ᠡᠷᠭᠢ ᠶᠢᠨ ᠳᠥᠷᠪᠡᠨ ᠥᠨᠴᠥᠭ ᠲᠤ ᠲᠤᠰ ᠲᠤᠰ ᠰᠡᠷᠢᠭᠦᠨ ᠲᠢᠩᠰᠡ ᠪᠠ ᠬᠤᠩᠭᠢᠯ ᠪᠠᠶᠢᠭᠤᠯᠵᠠᠶ᠃ | ᠣᠢ ᠮᠣᠳᠣᠨ ᠤ ᠬᠦᠷᠢᠶᠡᠯᠡᠩ 200 ᠭᠠᠷᠤᠶ ᠮᠤ᠋ ᠭᠠᠵᠠᠷ ᠢ ᠡᠵᠡᠯᠡᠵᠦ᠂ ᠨᠠᠷᠠᠰᠤ ᠮᠠᠶᠢᠯᠠᠰᠤᠨ ᠬᠦᠷᠢᠶᠡᠯᠡᠩ | ᠲᠣᠭᠤᠷᠢᠭ᠂ ᠬᠤᠪᠣᠷ ᠴᠤᠬᠠᠭ ᠤᠷᠭᠤᠮᠠᠯ ᠤᠨ ᠲᠣᠭᠤᠷᠢᠭ᠂ ᠡᠭᠦᠯᠳᠡᠷ ᠣᠷᠣᠭᠤᠯᠬᠤ ᠲᠤᠷᠰᠢᠯᠲᠠ ᠶᠢᠨ ᠲᠣᠭᠤᠷᠢᠭ᠂ | ᠰᠡᠯᠡᠭᠦᠴᠡᠯ ᠤᠨ ᠲᠣᠭᠤᠷᠢᠭ ᠵᠡᠷᠭᠡ 8 ᠣᠷᠣᠨ ᠪᠦᠰᠡ ᠬᠤᠪᠢᠶᠠᠵᠠᠶ᠃ | | ᠤᠷᠴᠢᠮ᠂ ᠮᠠᠨ ᠤ ᠰᠢᠶᠠᠨ ︽ᠭᠤᠷᠪᠠ ᠶᠢ ᠲᠡᠮᠡᠴᠡᠵᠦ ᠳᠥᠷᠪᠡ ᠶᠢ ᠡᠭᠦᠳᠬᠦ︾ ᠪᠠᠷ ᠠᠵᠠ ᠲᠣᠬᠢᠶᠠᠯ | ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠳᠡᠭᠡᠭᠰᠢᠯᠡᠭᠦᠯᠵᠦ᠂ 4500 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠡᠴᠡᠷᠯᠢᠭ ᠤᠨ ᠣᠷᠣᠵᠤ ᠭᠠᠷᠬᠤ ᠵᠠᠮ᠂ ᠵᠠᠮ ᠤᠨ ᠳ᠋ᠧᠩ ᠵᠢᠴᠢ | ᠰᠣᠶᠣᠯ ᠤᠨ ᠠᠭᠤᠳᠠᠮ ᠲᠠᠯᠠᠪᠠᠢ ᠶᠢ ᠲᠡᠰ ᠳᠡᠪᠰᠢᠭᠦᠯᠦᠨ ᠥᠭᠡᠷᠡᠴᠢᠯᠡᠪᠡ︔ 1800 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠡᠯ᠎ᠡ ᠲᠥᠷᠥᠯ ᠤᠨ 53091 ᠰᠠᠭᠤᠷᠢ ᠡᠪᠡᠰᠦ᠂ 1560 ᠰᠠᠭᠤᠷᠢ ᠴᠡᠴᠡᠭ ᠤᠨ | ᠤᠰᠤᠯᠠᠯᠲᠠ᠂ 31343 ᠰᠠᠭᠤᠷᠢ ᠡᠪᠡᠰᠦ ᠨᠤᠭᠤᠭᠠᠷᠠᠭᠤᠯᠵᠤ ᠂ ᠠᠷᠪᠠᠨ ᠬᠤᠶᠠᠳᠤᠭᠠᠷ ᠬᠤᠭᠤᠴᠠᠭᠠᠨ ᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠮᠠᠨ ᠤ ᠰᠢᠶᠠᠨ ᠳᠤ | ᠠᠮᠵᠢᠯᠲᠠ ᠲᠠᠢ ᠬᠤᠷᠠᠯᠳᠤᠬᠤ ᠰᠠᠭᠤᠷᠢ ᠶᠢ ᠪᠠᠬᠢᠵᠢᠭᠦᠯᠦᠨ᠎ᠡ᠃ | ᠶᠢᠰᠦᠨ ᠨᠤᠭᠤᠯᠤᠭᠠᠲᠦ ᠠᠮᠢ ᠠᠬᠤᠢ ᠶᠢᠨ ᠴᠡᠴᠡᠷᠯᠢᠭ ᠨᠢ ᠬᠥᠮᠦᠰ ᠲᠤ ᠰᠠᠶᠢᠨ ᠰᠠᠢᠬᠠᠨ ᠣᠷᠴᠢᠨ ᠲᠣᠭᠤᠷᠢᠨ | ᠢ ᠬᠠᠩᠭᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠶᠢᠨ | ᠰᠣᠶᠣᠯ ᠤᠨ ᠠᠭᠤᠯᠤᠭᠳᠠᠬᠤᠨ ᠢ ᠨᠡᠮᠡᠭᠳᠡᠭᠦᠯᠵᠦ᠂ ᠬᠤᠲᠠ ᠶᠢᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ ᠳᠤ | ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |