ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ | ᠲᠣᠪᠴᠢ ᠲᠠᠨᠢᠯᠴᠠᠭᠤᠯᠭ᠎ᠠ | ᠳ᠋ᠤᠸᠠᠨ ᠯᠢ ᠸᠧᠨ᠂ ᠡᠷᠡᠭᠲᠡᠢ᠂ 1978 ᠣᠨ ᠤ 6 ᠰᠠᠷ᠎ᠠ ᠳᠤ ᠲᠦᠷᠦᠵᠠᠢ᠂ ᠯᠢᠶᠠᠩᠴᠧᠩ ᠰᠢᠶᠠᠨ ᠤ ᠬᠥᠮᠦᠨ | ᠂ 1998 ᠣᠨ ᠤ 6 ᠰᠠᠷ᠎ᠠ ᠳᠤ ᠠᠵᠢᠯ ᠳᠤ ᠣᠷᠣᠵᠤ᠂ 2006 ᠣᠨ ᠤ 4 ᠰᠠᠷ᠎ᠠ ᠳᠤ ᠳᠤᠮᠳᠠᠳᠤ ᠤᠯᠤᠰ ᠤᠨ | ᠡᠪ ᠬᠠᠮᠲᠤ ᠨᠠᠮ ᠳᠤ ᠣᠷᠣᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠤᠳᠤ ᠵᠦᠸᠧᠽᠢ ᠰᠢᠶᠠᠨ ᠤ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | ᠬᠤᠪᠢᠳᠠᠨ ᠬᠠᠮᠢᠶᠠᠷᠴᠤ ᠪᠠᠶᠢᠭ᠎ᠠ ᠠᠵᠢᠯ᠄ | ᠰᠢᠶᠠᠨ ᠤ ᠳᠠᠷᠤᠭ᠎ᠠ ᠶᠢ ᠬᠠᠪᠰᠤᠷᠤᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠰᠣᠶᠣᠯ ᠪᠠ | ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ | ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠤᠯᠠᠭᠠᠨᠮᠥ᠋ᠴᠢᠷ᠂ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ | ᠤᠯᠠᠭᠠᠨᠴᠠᠪ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠠᠮᠢᠶᠠᠷᠤᠯᠲᠠ ᠶᠢᠨ ᠲᠥᠪ ᠤᠨ ᠵᠦᠸᠧᠽᠢ ᠰᠢᠶᠠᠨ ᠤ ᠬᠠᠮᠢᠶᠠᠷᠤᠯᠲᠠ ᠶᠢᠨ ᠬᠡᠯᠲᠡᠰ᠂ ᠰᠢᠶᠠᠨ ᠤ ᠤᠳᠬ᠎ᠠ ᠵᠣᠬᠢᠶᠠᠯ | ᠤᠷᠠᠯᠢᠭ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠮᠡᠳᠡᠭᠡ ᠵᠠᠩᠭᠢ ᠶᠢᠨ | ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠵᠦᠸᠧᠽᠢ ᠬᠤᠪᠢᠶᠠᠷᠢ ᠺᠣᠮᠫᠠᠨᠢ᠂ ᠤᠯᠠᠭᠠᠨᠴᠠᠪ ᠬᠤᠲᠠ ᠶᠢᠨ ᠰᠢᠨᠬᠤᠸᠠ | ᠨᠣᠮ ᠤᠨ ᠳᠡᠯᠭᠡᠭᠦᠷ ᠤᠨ ᠵᠦᠸᠧᠽᠢ ᠰᠢᠶᠠᠨ ᠤ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ |