2017 ᠣᠨ ᠤ ᠠᠩᠬᠠᠳᠤᠭᠠᠷ ᠬᠤᠭᠤᠴᠠᠭᠠᠨ ᠤ ︽ᠦᠯᠵᠡᠶᠢᠲᠦ ᠶᠢᠰᠦᠨ ᠨᠤᠭᠤᠯᠤᠭ᠎ᠠ ᠦᠵᠡᠰᠬᠦᠯᠡᠩᠲᠦ ᠰᠠᠢᠬᠠᠨ ᠵᠦᠸᠧᠽᠢ︾  ᠭᠡᠮᠡᠬᠦ ᠵᠦᠸᠧᠽᠢ ᠰᠢᠶᠡᠨ ᠤ ᠶᠢᠰᠦᠨ ᠨᠤᠭᠤᠯᠤᠭᠠᠲᠦ ᠬᠠᠳᠤᠨ ᠭᠤᠤᠯ ᠤᠨ ᠳ᠋ᠧᠩ ᠤᠨ ᠵᠢᠭᠰᠠᠭᠠᠯ ᠡᠬᠢᠯᠡᠯ᠎ᠡ︕
ᠨᠡᠶᠢᠲᠡᠯᠡᠭᠰᠡᠨ ᠴᠠᠭ᠄
2019-08-01
    2 ᠰᠠᠷ᠎ᠠ ᠶᠢᠨ 10 ᠤ ᠡᠳᠦᠷ ᠤᠨ ᠣᠷᠣᠢ ᠶᠢᠨ 7 ᠴᠠᠭ ᠲᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠤ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠭᠤᠯᠤᠨ᠂ 2017 ᠣᠨ ᠤ ᠵᠦᠸᠧᠽᠢ ᠰᠢᠶᠠᠨ ᠤ ᠬᠤᠳᠠᠯᠳᠤᠭᠠᠴᠢᠨ ᠤᠷᠢᠵᠤ ᠪᠠᠯᠠ ᠮᠥᠩᠭᠦ ᠲᠠᠲᠠᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠬᠤ ᠪᠠᠷ ᠢᠷᠡᠭᠰᠡᠨ ᠬᠦᠨᠳᠦᠲᠦ ᠵᠣᠴᠢᠳ ᠲᠠᠢ ᠬᠠᠮᠲᠤ ᠯᠦᠩ ᠱᠧᠩ ᠴᠡᠴᠡᠷᠯᠢᠭ  ᠤᠨ ᠱᠠᠲᠤᠨ ᠵᠠᠮ ᠤᠨ ᠠᠭᠤᠳᠠᠮ ᠲᠠᠯᠠᠪᠠᠢ ᠳᠤ ᠢᠷᠡᠵᠦ᠂ ︽ᠦᠯᠵᠡᠶᠢᠲᠦ ᠶᠢᠰᠦᠨ ᠨᠤᠭᠤᠯᠤᠭ᠎ᠠ ᠦᠵᠡᠰᠬᠦᠯᠡᠩᠲᠦ ᠰᠠᠢᠬᠠᠨ ᠵᠦᠸᠧᠽᠢ︾ ᠰᠣᠶᠣᠯ ᠤᠨ ᠨᠡᠶᠢᠷ ᠤᠨ ᠡᠯ᠎ᠡ ᠵᠦᠢᠯ ᠤᠨ ᠲᠣᠭᠯᠠᠯᠲᠠ ᠶᠢᠨ ᠠᠵᠢᠯᠯᠠᠭ᠎ᠠ ᠶᠢ ᠰᠣᠨᠢᠷᠬᠠᠭᠰᠠᠨ ᠪᠥᠭᠡᠳ ᠵᠦᠸᠧᠽᠢ ᠰᠢᠶᠠᠨ ᠤ ᠬᠡᠳᠦᠨ ᠲᠦᠮᠡᠨ ᠨᠤᠲᠤᠭ ᠤᠨ ᠠᠭ᠎ᠠ ᠳᠡᠭᠦᠤ ᠨᠡᠷ ᠲᠠᠢ ᠬᠠᠮᠲᠤᠪᠠᠷ ᠶᠢᠰᠦᠨ ᠨᠤᠭᠤᠯᠤᠭᠠᠲᠦ ᠤᠨ ᠲᠣᠭᠯᠠᠯᠲᠠ ᠰᠤᠨᠢᠷᠬᠠᠨ᠂ ᠵᠦᠸᠧᠽᠢ ᠰᠢᠶᠠᠨ ᠤ ᠢᠷᠡᠭᠡᠳᠦᠢ  ᠶᠢᠨ ᠨᠠᠩ ᠰᠠᠶᠢᠨ ᠰᠠᠢᠬᠠᠨ ᠪᠣᠯᠬᠤ ᠶᠢ ᠬᠦᠰᠡᠨ ᠵᠥᠩᠨᠡᠪᠡ᠃
    ᠶᠢᠰᠦᠨ ᠲᠤᠮᠦ ᠶᠣᠰᠣᠯᠠᠯ ᠤᠨ ᠬᠤᠸᠠᠷ ᠫᠤᠤᠵᠢᠩ ᠤᠨ ᠳᠡᠯᠪᠡᠷᠡᠬᠦ ᠳᠠᠭᠤᠨ ᠢ ᠳᠠᠭᠠᠯᠳᠤᠨ᠂ ᠭᠦᠨ ᠬᠥᠬᠡ ᠣᠭᠲᠠᠷᠭᠤᠶ ᠳᠤ ᠬᠤᠷᠣᠮᠬᠠᠨ ᠵᠠᠭᠤᠷ᠎ᠠ ᠲᠦᠮᠡᠨ ᠣᠳᠣᠳ ᠭᠢᠯᠠᠯᠵᠠᠨ᠎ᠠ᠃ ᠸᠠᠩ ᠰᠢᠶᠣᠤ ᠵᠢᠶᠦ᠋ᠨ ᠡᠩ ᠲᠡᠷᠢᠭᠦᠨ ᠳᠤ ᠢᠷᠡᠭᠰᠡᠨ ᠵᠣᠴᠢᠨ᠂ ᠦᠨᠳᠦᠰᠦᠲᠡᠨ ᠨᠥᠬᠦᠳ ᠤᠨ ᠠᠬ᠎ᠠ ᠳᠡᠭᠦᠤ ᠨᠡᠷ ᠵᠢᠴᠢ ᠨᠤᠲᠤᠭ ᠤᠰᠤᠨ ᠤ ᠠᠬ᠎ᠠ ᠳᠡᠭᠦᠤ ᠨᠡᠷ ᠵᠢᠴᠢ ᠭᠠᠳᠠᠭᠠᠳᠤ ᠳᠤ  ᠪᠠᠶᠢᠬᠤ ᠪᠣᠯᠪᠠᠴᠤ᠂ ᠰᠡᠳᠬᠢᠯ ᠵᠢᠷᠦᠬᠡ ᠪᠠᠨ ᠬᠤᠯᠪᠣᠭᠰᠠᠨ ᠨᠤᠲᠤᠭ ᠤᠨ ᠬᠦᠮᠦᠰ ᠳᠡᠭᠡᠨ ᠰᠢᠨ᠎ᠡ ᠶᠢᠨ ᠮᠡᠨᠳᠦ ᠬᠦᠷᠭᠡᠵᠦ᠂ 2017 ᠣᠨ  ᠤ ᠵᠦᠸᠧᠽᠢ ᠰᠢᠶᠠᠨ ᠤ ᠠᠩᠬᠠᠳᠤᠭᠠᠷ ᠬᠤᠭᠤᠴᠠᠭᠠᠨ ᠤ ︽ᠦᠯᠵᠡᠶᠢᠲᠦ ᠶᠢᠰᠦᠨ ᠨᠤᠭᠤᠯᠤᠭ᠎ᠠ ᠦᠵᠡᠰᠬᠦᠯᠡᠩᠲᠦ ᠰᠠᠢᠬᠠᠨ ᠵᠦᠸᠧᠽᠢ︾ ᠶᠢᠨ ᠰᠣᠶᠣᠯ ᠤᠨ ᠨᠠᠶᠢᠷ ᠡᠬᠢᠯᠡᠭᠰᠡᠨ ᠢ ᠵᠠᠷᠯᠠᠪᠠ᠃ ᠸᠠᠩ ᠰᠢᠶᠣᠤ ᠵᠢᠶᠦ᠋ᠨ᠂ ᠯᠢ ᠶᠢᠩ ᠬᠠᠮᠲᠤ ᠪᠠᠷ ᠤᠯᠠᠮᠵᠢᠯᠠᠯᠲᠤ ᠠᠷᠠᠳ ᠤᠨ ᠵᠠᠩ ᠦᠢᠯᠡ ᠶᠢᠨ ︽ᠶᠢᠰᠦᠨ ᠨᠤᠭᠤᠯᠤᠭᠠᠲᠦ ᠬᠠᠳᠤᠨ ᠭᠤᠤᠯ ᠤᠨ  ᠳ᠋ᠧᠩ ᠤᠨ ᠵᠢᠭᠰᠠᠭᠠᠯ︾ ᠤᠨ ᠰᠣᠶᠣᠯ ᠤᠨ ᠠᠵᠢᠯᠯᠠᠭ᠎ᠠ ᠶᠢᠨ ᠬᠠᠯᠠᠭᠤᠨ ᠭᠠᠯ ᠢ ᠭᠡᠷᠡᠴᠢᠯᠡᠪᠡ᠃
    ᠡᠨᠡ ᠦᠶ᠎ᠡ ᠳᠤ᠂ ᠯᠦᠩ ᠱᠧᠩ ᠴᠡᠴᠡᠷᠯᠢᠭ ᠤᠨ ᠱᠠᠲᠤᠨ ᠵᠠᠮ ᠤᠨ ᠠᠭᠤᠳᠠᠮ ᠲᠠᠯᠠᠪᠠᠢ ᠳᠤ  ᠭᠠᠯᠤᠨ ᠮᠣᠳᠣ ᠮᠥᠩᠭᠦᠨ ᠴᠡᠴᠡᠭ ᠮᠢᠷᠠᠯᠵᠠᠨ ᠳᠡᠯᠭᠡᠷᠡᠨ᠎ᠡ᠂ ᠥᠨᠳᠥᠷ ᠳᠠᠭᠤᠨ ᠢᠶᠠᠷ ᠵᠢᠷᠭᠢᠵᠦ ᠪᠠᠶᠢᠭ᠎ᠠ ᠡᠷᠡᠭᠴᠢᠨ ᠳᠠᠬᠢᠶ᠎ᠠ ᠶᠢᠨ ᠳᠤᠤᠭᠠᠷᠬᠤ ᠶᠢ ᠳᠠᠭᠠᠯᠳᠤᠨ᠂ ᠲᠩᠷᠢ ᠶᠢᠨ ᠬᠥᠪᠡᠭᠡᠨ ᠤ ᠬᠠᠳᠤᠨ ᠭᠤᠤᠯ  ᠤᠨ ᠤᠰᠤᠨ ᠠᠴᠠ ᠶᠢᠰᠦᠨ ᠳᠠᠷᠪᠠᠭᠤᠯᠲᠤ ᠣᠩᠭᠤᠴᠠ ᠭᠠᠷᠴᠤ ᠢᠷᠡᠪᠡ᠃ ᠡᠳᠡᠭᠡᠷ  ᠲᠠᠬᠢᠶᠠᠨ ᠬᠡᠯᠪᠡᠷᠢ ᠶᠢᠨ ᠣᠩᠭᠤᠴᠠ᠂ ᠰᠠᠯᠬᠢ ᠬᠥᠯᠥᠭᠯᠡᠨ ᠳᠠᠪᠠᠯᠭᠠᠨ ᠵᠦᠰᠦᠵᠦ ᠤᠷᠤᠭᠰᠢᠯᠠᠨ᠎ᠠ᠃ ᠬᠤᠶᠠᠷ ᠲᠠᠯ᠎ᠠ ᠶᠢᠨ ᠬᠡᠮᠡᠷᠯᠢᠭ ᠪᠠᠭᠯᠠᠷᠠᠭᠰᠠᠨ ᠴᠡᠴᠡᠭ ᠤᠨ ᠪᠦᠯᠬᠦᠮ ᠤᠨ ᠳᠣᠲᠣᠷ᠎ᠠ᠂ ᠨᠢᠭᠡᠨ ᠲᠣᠮᠣ ᠤᠯᠠᠭᠠᠨ᠂ ᠭᠢᠯᠲᠠᠭᠠᠨᠠᠮ᠎ᠠ ᠰᠠᠶᠢᠬᠠᠨ ᠤᠲᠤᠮᠠᠯ ᠳᠠᠬᠢᠶ᠎ᠠ ᠪᠥᠵᠢᠭᠯᠡᠭᠴᠢ ᠶᠢᠨ ᠲᠦᠯᠬᠢᠴᠡ ᠪᠠᠷ ᠣᠭᠲᠠᠷᠭᠤᠶ ᠳᠤ ᠬᠥᠨᠳᠡᠯᠢᠰᠦᠨ  ᠭᠠᠷᠴᠦ᠂ ᠶᠠᠭ ᠬᠥᠮᠦᠰ ᠤᠨ ᠨᠢᠳᠦ ᠢᠷᠮᠡᠬᠦ ᠦᠭᠡᠢ ᠦᠶ᠎ᠡ ᠳᠤ᠂ ᠲᠤᠭ᠎ᠠ ᠲᠣᠮᠰᠢ ᠦᠭᠡᠢ ᠪᠠᠭ᠎ᠠ ᠤᠲᠤᠮᠠᠯ ᠳᠠᠬᠢᠶ᠎ᠠ ᠨᠢ ᠡᠷᠡᠭᠴᠢᠨ ᠲᠠᠬᠢᠶ᠎ᠠ ᠠᠴᠠ ᠬᠡᠢ ᠢᠰᠬᠡᠷᠦᠨ ᠭᠠᠷᠴᠤ ᠢᠷᠡᠪᠡ᠃ ᠣᠭᠲᠠᠷᠭᠤᠶ ᠳᠤ  ᠲᠠᠬᠢᠶᠠᠨ ᠬᠡᠯᠪᠡᠷᠢ ᠶᠢᠨ ᠬᠤᠸᠠᠷ ᠴᠡᠴᠡᠭ ᠢᠯᠡᠷᠡᠵᠦ᠂ ᠦᠯᠵᠡᠶᠢᠲᠦ ᠶᠢᠰᠦᠨ ᠨᠤᠭᠤᠯᠤᠭ᠎ᠠ ᠦᠵᠡᠰᠬᠦᠯᠡᠩᠲᠦ ᠰᠠᠢᠬᠠᠨ ᠵᠦᠸᠧᠽᠢ ᠶᠢᠨ ᠭᠠᠷᠮᠠᠭᠠᠶ ᠪᠦᠲᠦᠭᠡᠯ ᠤᠨ ᠥᠷᠨᠢᠯᠲᠡ ᠳᠠᠬᠢᠨᠲᠠ ᠡᠭᠦᠰᠪᠡ᠃
   ᠯᠣᠤ ᠲᠣᠭᠯᠠᠬᠤ᠂ ᠠᠷᠰᠯᠠᠨ ᠲᠣᠭᠯᠠᠬᠤ᠂ ᠶᠠᠩᠭᠠᠷ ᠲᠤᠭᠯᠠᠬᠤ᠂ ᠤᠯᠠᠭᠠᠨ ᠬᠡᠩᠭᠡᠷᠭᠡ ᠶᠢᠨ ᠠᠩᠭᠢ ᠡᠭᠡᠯᠵᠢᠯᠡᠨ ᠲᠣᠭᠯᠠᠬᠤ ᠶᠢ ᠳᠠᠭᠠᠯᠳᠤᠨ᠂ ᠣᠳᠣ ᠦᠶ᠎ᠡ ᠶᠢᠨ  ᠭᠡᠷᠡᠯ ᠴᠠᠬᠢᠯᠭᠠᠨ ᠪᠣᠯᠤᠨ ᠳᠠᠭᠤᠤ ᠬᠥᠭᠵᠢᠮ  ᠵᠢᠴᠢ ᠬᠥᠲᠥᠯᠥᠭᠴᠢ ᠂ ᠲᠣᠭᠯᠠᠯᠲᠠ  ᠶᠢᠨ ᠭᠠᠷᠴᠦ ᠢᠷᠡᠬᠦ ᠶᠢ ᠳᠠᠭᠠᠯᠳᠤᠨ᠂ ᠴᠠᠭᠠᠨ ᠰᠠᠷ᠎ᠠ ᠶᠢᠨ ᠠᠷᠪᠠᠨ ᠳᠥᠷᠪᠡᠨ ᠤ ᠵᠦᠸᠧᠽᠢ ᠠᠭᠤᠯᠠ ᠶᠢᠨ ᠯᠦᠩ ᠱᠧᠩ ᠴᠡᠴᠡᠷᠯᠢᠭ ᠤᠨ ᠱᠠᠲᠤᠨ ᠵᠠᠮ ᠤᠨ ᠠᠭᠤᠳᠠᠮ ᠲᠠᠯᠠᠪᠠᠢ ᠳᠤ ᠥᠩᠭᠡᠲᠦ ᠳ᠋ᠧᠩ ᠰᠣᠯᠣᠩᠭᠠᠷᠠᠨ᠂ ᠬᠡᠩᠭᠡᠷᠭᠡ ᠶᠢᠨ ᠳᠠᠭᠤᠨ ᠬᠦᠩᠭᠢᠨᠡᠨ᠂ ᠬᠥᠷ ᠨᠠᠷᠭᠢᠶᠠᠨ ᠪᠠᠷ ᠪᠢᠯᠬᠠᠨ᠎ᠠ᠃
   ᠶᠢᠰᠦᠨ ᠨᠤᠭᠤᠯᠤᠭᠠᠲᠦ ᠠᠭᠤᠳᠠᠮ ᠲᠠᠯᠠᠪᠠᠢ ᠳᠤ ᠬᠥᠮᠦᠨ ᠤ ᠳᠠᠯᠠᠢ ᠪᠣᠯᠵᠤ᠂ ᠬᠥᠭᠵᠢᠨ ᠮᠠᠨᠳᠤᠭᠰᠠᠨ ᠭᠠᠷᠮᠠᠭᠠᠶ ᠪᠦᠲᠦᠭᠡᠯ ᠨᠢ ᠡᠬᠡ ᠭᠠᠵᠠᠷ ᠲᠤ ᠲᠥᠷᠥ ᠲᠦᠪᠰᠢᠨ ᠲᠦᠮᠡᠨ ᠠᠮᠤᠭᠤᠯᠠᠩ᠂ ᠦᠢᠯᠡᠰ ᠪᠦᠬᠦᠨ ᠬᠥᠭᠵᠢᠨ ᠮᠠᠨᠳᠤᠵᠤ᠂ ᠦᠵᠡᠭᠴᠢᠳ ᠲᠦᠮᠡᠨ ᠥᠨᠥᠳᠥᠷ ᠪᠢᠳᠡ ᠬᠠᠳᠤᠨ ᠭᠤᠣᠯ ᠤᠨ ᠶᠢᠰᠦᠨ ᠨᠤᠭᠤᠯᠤᠭ᠎ᠠ ᠪᠠᠷ ᠲᠤᠭᠤᠷᠢᠵᠤ᠂ ᠮᠠᠷᠭᠠᠰᠢ ᠪᠢᠳᠡ ᠶᠠᠭ ᠳᠠᠷᠪᠠᠭᠤᠯ ᠣᠩᠭᠤᠴᠠ ᠰᠢᠭ ᠡᠵᠢ ᠭᠤᠣᠯ ᠤᠨ ᠡᠪᠦᠷ ᠲᠤ ᠳᠠᠪᠠᠯᠭᠠᠨ ᠵᠦᠰᠦᠨ᠂ ᠨᠠᠩ ᠬᠤᠯᠠ ᠳᠠᠯᠠᠢ᠂ ᠨᠠᠩ ᠭᠤᠶᠤ ᠦᠵᠡᠮᠵᠢ ᠵᠦᠭ ᠤᠷᠤᠭᠰᠢᠯᠠᠨ᠎ᠠ᠃                   ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2