ᠵᠦᠸᠧᠽᠢ ᠰᠢᠶᠠᠨ ᠤ ᠠᠩᠬᠠᠳᠠᠭᠴᠢ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ  ᠰᠣᠶᠣᠯ ᠤᠨ ᠨᠠᠶᠢᠷ ᠵᠢᠴᠢ ᠵᠠᠭᠤᠨ ᠨᠡᠷᠡᠰ ᠱᠠᠩᠨᠠᠯ ᠤᠨ ᠤᠷᠤᠯᠳᠤᠭᠠᠨ
ᠨᠡᠶᠢᠲᠡᠯᠡᠭᠰᠡᠨ ᠴᠠᠭ᠄
2019-08-02
   2017 ᠤᠨ ᠤ 8 ᠰᠠᠷ᠎ᠠ ᠶᠢᠨ 25 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠲᠦ᠂ ᠤᠷᠤᠰ᠂ ᠮᠣᠩᠭᠤᠯ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠵᠢᠴᠢ 2017 · ᠳᠤᠮᠳᠠᠳᠤ ᠤᠯᠤᠰ · ᠵᠦᠸᠧᠽᠢ ᠶᠢᠨ ᠠᠩᠬᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠰᠣᠶᠣᠯ ᠵᠢᠭᠤᠯᠴᠢᠯᠠᠯ ᠤᠨ ᠨᠠᠶᠢᠷ ᠤᠨ ᠬᠤᠪᠢᠶᠠᠷᠢ ᠤᠷᠤᠯᠳᠤᠭᠠᠨ ᠤ ᠲᠠᠯᠠᠪᠠᠢ ᠳᠤ᠂ 100 ᠭᠠᠷᠤᠶ ᠲᠤᠭᠤᠭᠠᠴᠢᠳ ᠨᠢᠭᠡ ᠲᠠᠩᠬᠢᠮ ᠳᠤ ᠴᠤᠭᠯᠠᠷᠠᠵᠤ᠂ ︽ᠵᠠᠭᠤᠨ ᠨᠡᠷᠡᠰ ᠰᠢᠯᠭᠠᠷᠠᠭᠤᠯᠬᠤ ᠤᠷᠤᠯᠳᠤᠭᠠᠨ︾ ᠤ ᠠᠵᠢᠯᠯᠠᠭ᠎ᠠ ᠳᠤ ᠣᠷᠣᠯᠴᠠᠵᠤ᠂ ᠲᠠᠬᠢᠶᠠᠨ ᠮᠢᠬ᠎ᠠ ᠪᠠᠷ ᠭᠤᠤᠯ ᠪᠣᠯᠭᠠᠭᠰᠠᠨ ᠲᠣᠭᠤᠭᠠᠴᠢ ᠶᠢᠨ ᠮᠡᠷᠭᠡᠵᠢᠯ ᠤᠨ ᠶᠡᠭᠡ ᠮᠥᠷᠦ᠋ᠢᠴᠡᠭᠡᠨ ᠢ ᠥᠷᠨᠢᠭᠦᠯᠪᠡ᠃
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠳᠡᠳ᠋ ᠲᠡᠷᠢᠭᠦᠯᠦᠭᠴᠢ᠂ ᠲᠤᠭᠤᠭᠠᠴᠢᠳ ᠤᠨ ᠵᠥᠪᠯᠡᠯ ᠤᠨ ᠲᠡᠷᠢᠭᠦᠯᠡᠭᠴᠢ᠂ ᠵᠢᠷᠭᠤᠳᠤᠭᠠᠷ ᠬᠤᠭᠤᠴᠠᠭᠠᠨ ᠤ ᠳᠤᠮᠳᠠᠲᠦ᠂ ᠤᠷᠤᠰ᠂ ᠮᠣᠩᠭᠤᠯ ᠠᠮᠲᠠᠲᠤ ᠢᠳᠡᠭᠡᠨ ᠤ ᠰᠣᠶᠣᠯ ᠤᠨ ᠨᠠᠢᠷ ᠤᠨ ᠶᠡᠷᠦᠩᠬᠡᠶ ᠳᠠᠷᠤᠭ᠎ᠠ ᠵᠠᠩ ᠴᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠭᠦᠢᠴᠡᠳᠬᠡᠭᠴᠢ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠶᠢᠨ ᠲᠤᠭᠤᠭᠠᠯᠠᠬᠤ ᠶᠡᠭᠡ ᠪᠠᠭᠰᠢ ᠾᠧ ᠴᠢᠩ ᠮᠢᠨ᠂ ᠵᠦᠸᠧᠽᠢ ᠰᠢᠶᠠᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
  ᠤᠷᠤᠯᠳᠤᠭᠠᠨ ᠤ ᠠᠬᠤᠶ ᠲᠠᠯᠠᠪᠠᠢ ᠳᠤ᠂ ᠵᠦᠸᠧᠽᠢ ᠰᠢᠶᠡᠨ ᠤ ᠡᠯ᠎ᠡ ᠢᠳᠡᠭᠡᠨ ᠤᠮᠳᠠᠭᠠᠨ ᠤ ᠪᠠᠭᠤᠳᠠᠯ ᠤᠨ 103 ᠨᠡᠷᠡᠰ ᠨᠡᠷᠡᠲᠦ ᠲᠤᠭᠤᠭᠠᠴᠢᠳ ᠳᠡᠰ ᠳᠠᠷᠠᠭᠠᠯᠠᠨ ᠮᠥᠷᠦ᠋ᠢᠴᠡᠵᠦ᠂ ᠲᠤᠬᠠᠶ ᠶᠢᠨ ᠲᠠᠯᠠᠪᠠᠢ ᠶᠢᠨ ᠪᠣᠶ ᠪᠦᠬᠦᠢ ᠨᠣᠭᠤᠭ᠎ᠠ ᠵᠠᠭᠤᠰᠢ ᠨᠢ ᠵᠦᠸᠧᠽᠢ ᠰᠢᠶᠡᠨ ᠤ ᠲᠠᠬᠢᠶ᠎ᠠ ᠪᠠᠷ ᠭᠤᠤᠯ ᠢᠳᠡᠭᠡᠨ ᠤ ᠮᠠᠲ᠋ᠧᠷᠢᠶᠠᠯ ᠪᠣᠯᠭᠠᠵᠤ᠂ ᠪᠤᠰᠤᠳ ᠲᠤᠰᠠᠯᠠᠬᠤ ᠮᠠᠲ᠋ᠧᠷᠢᠶᠠᠯ ᠲᠣᠬᠢᠷᠠᠭᠤᠯᠵᠤ᠂ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠨᠠᠷᠢᠯᠢᠭ ᠬᠢᠵᠦ᠂ ᠥᠩᠭᠡ᠂ ᠦᠨᠦᠷ᠂ ᠠᠮᠲᠠ᠂ ᠴᠢᠨᠠᠷ ᠨᠢ ᠪᠦᠷ ᠰᠠᠶᠢᠨ  ᠪᠠᠶᠢᠯᠭᠠᠨ᠎ᠠ᠃
   ᠰᠢᠯᠭᠠᠷᠠᠭᠤᠯᠬᠤ ᠺᠣᠮᠢᠰ ᠤᠨ ᠪᠠᠭᠰᠢ ᠨᠠᠷ ᠰᠢᠯᠭᠠᠯᠲᠠ ᠬᠢᠵᠦ ᠬᠤᠪᠢ ᠣᠯᠭᠤᠭᠰᠠᠨ ᠤ ᠳᠠᠷᠠᠭ᠎ᠠ᠂ ᠳᠡᠯᠭᠡᠨ ᠦᠵᠡᠭᠦᠯᠬᠦ ᠲᠠᠢᠰᠠᠨ ᠳᠡᠭᠡᠷ᠎ᠡ ᠳᠡᠯᠭᠡᠨ ᠦᠵᠡᠭᠦᠯᠵᠦ᠂ ᠮᠠᠰᠢ ᠣᠯᠠᠨ ᠠᠮᠲᠠᠲᠤ ᠢᠳᠡᠭᠡᠨ ᠪᠣᠯᠤᠨ ᠠᠮᠲᠠᠲᠤ ᠢᠳᠡᠭᠡᠨ ᠤ ᠪᠠᠭ᠋ᠠᠷᠬᠠᠭᠴᠢᠳ ᠤᠨ ᠠᠩᠬᠠᠷᠤᠯ ᠢ ᠲᠠᠲᠠᠵᠤ᠂ ᠦᠵᠡᠭᠴᠢᠳ ᠥᠪᠡᠷ ᠤᠨ ᠳᠤᠷᠠᠲᠠᠶ ᠨᠣᠭᠤᠭ᠎ᠠ ᠪᠠᠨ ᠰᠡᠭᠦᠳᠡᠷᠯᠡᠵᠦ᠂ ᠡᠨᠡ ᠬᠦ ᠴᠠᠭ ᠮᠥᠴᠡ ᠶᠢ ᠬᠤᠷᠣᠮᠬᠠᠨ ᠵᠠᠭᠤᠷ᠎ᠠ ᠲᠣᠭᠲᠠᠭᠠᠳᠠᠭ᠃
  ᠲᠣᠰ ᠤᠳᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ  ᠰᠣᠶᠣᠯ ᠤᠨ ᠨᠠᠶᠢᠷ ᠨᠢ ᠵᠦᠸᠧᠽᠢ ᠰᠢᠶᠡᠨ ᠤ ᠬᠡᠪᠴᠢᠶᠡᠨ ᠤ ᠲᠤᠭᠤᠭᠠᠴᠢᠳ  ᠲᠤ  ᠲᠤᠷᠰᠢᠯᠭ᠎ᠠ ᠰᠣᠯᠢᠯᠴᠠᠵᠤ ᠬᠠᠷᠢᠯᠴᠠᠨ ᠰᠤᠷᠤᠯᠴᠠᠬᠤ᠂ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠠᠶ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠢᠳᠡᠭᠡᠨ ᠤᠮᠳᠠᠭᠠᠨ ᠤ ᠤᠶᠢᠯᠡᠴᠢᠯᠡᠭᠡᠨ ᠤ ᠠᠵᠤ ᠠᠬᠤᠢᠯᠠᠯ ᠲᠣᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ ᠂ ᠭᠠᠷᠮᠠᠭᠠᠶ ᠠᠮᠲᠠᠲᠤ ᠢᠳᠡᠭᠡᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠬᠠᠭᠤᠴᠢᠨ ᠵᠦᠢᠯᠡᠰ ᠢ ᠲᠠᠰᠤᠷᠠᠯᠲᠠ ᠥᠬᠡᠶ ᠲᠦᠯᠬᠢᠨ ᠠᠬᠢᠭᠤᠯᠵᠤ᠂ ᠵᠦᠸᠧᠽᠢ ᠰᠢᠶᠠᠨ ᠤ  ᠲᠠᠬᠢᠶᠠᠨ ᠮᠢᠬᠠᠨ ᠤ ᠰᠣᠶᠣᠯ ᠢ ᠪᠠᠳᠠᠷᠠᠭᠤᠯᠬᠤ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ᠂ ᠭᠠᠷᠮᠠᠭᠠᠶ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠭᠠᠷᠭᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠶ᠃
   ᠣᠶᠢᠯᠠᠭᠠᠭᠰᠠᠨ ᠢᠶᠠᠷ᠂ ︽ᠵᠠᠭᠤᠨ ᠨᠡᠷᠡᠰ ᠰᠢᠯᠭᠠᠷᠠᠭᠤᠯᠬᠤ ᠤᠷᠤᠯᠳᠤᠭᠠᠨ︾ ᠤ ᠦᠷ᠎ᠡ ᠳ᠋ᠦᠩ ᠨᠢ 8 ᠰᠠᠷ᠎ᠠ ᠶᠢᠨ 26 ᠤ ᠡᠳᠦᠷ ᠤᠨ ᠣᠷᠣᠢ ᠶᠢᠨ ᠠᠩᠬᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ ᠤᠨ ᠰᠣᠶᠣᠯ ᠤᠨ ᠨᠠᠢᠷ ᠤᠨ ᠡᠬᠢᠯᠡᠯᠲᠡ ᠶᠢᠨ ᠦᠳᠡᠰᠢᠯᠡᠭᠡ ᠳᠡᠭᠡᠷ᠎ᠡ ᠲᠣᠳᠣᠷᠠᠭᠰᠠᠨ ᠪᠠᠢᠨ᠎ᠠ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2