| ᠭᠤᠤᠯ ᠰᠡᠳᠤᠪ᠄ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠪᠦᠬᠦ ᠰᠢᠶᠡᠨ ᠤ | ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠵᠢᠴᠢ ᠨᠡᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ | ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠤᠨ ᠲᠤᠬᠠᠢ︾ | ᠰᠤᠷᠪᠤᠯᠵᠢᠯᠠᠭᠰᠠᠨ ᠴᠠᠭ᠄ 2019 ᠤᠨ ᠤ 6 ᠰᠠᠷ᠎ᠠ ᠶᠢᠨ 9 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠡᠷᠬᠢᠯᠡᠭᠴᠢ ᠭᠤᠸᠠᠨ ᠴᠦᠩ ᠮᠢᠩ | ᠲᠤᠪᠴᠢ ᠠᠭᠤᠯᠭ᠎ᠠ ᠄ ᠮᠣᠩᠭᠤᠯ ᠦᠭᠡ ᠬᠡᠯᠡ ᠦᠰᠦᠭ ᠪᠢᠴᠢᠭ ᠪᠣᠯ ᠥᠪᠡᠷᠲᠡᠭᠡᠨ ᠵᠠᠰᠠᠬᠤ ᠣᠷᠣᠨ ᠤ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠥᠨ᠂ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ | ᠴᠢᠬᠤᠯᠠ ᠪᠠᠭᠠᠵᠢ ᠮᠥᠨ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠳᠡᠭᠡᠲᠦ | ᠬᠡᠮᠵᠢᠶ᠎ᠡ ᠪᠠᠷ ᠴᠢᠬᠤᠯᠠᠴᠢᠯᠠᠨ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠡᠷᠭᠡᠪᠡᠷ ᠠᠳᠬᠤᠵᠤ᠂ | ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠪᠠ ᠨᠠᠮ ᠵᠠᠰᠠᠭ ᠤᠨ | ᠪᠠᠶᠢᠭᠤᠯᠤᠯᠭ᠎ᠠ ᠶᠢᠨ ᠠᠯᠪᠠᠨ ᠪᠢᠴᠢᠭ ᠢ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ | ᠬᠡᠷᠡᠭᠯᠡᠬᠦ ᠶᠢ ᠲᠦᠯᠬᠢᠨ ᠠᠬᠢᠭᠤᠯᠬᠤ ᠠᠵᠢᠯ ᠢ ᠪᠤᠢ ᠪᠣᠯᠭᠠᠬᠤ ᠬᠡᠷᠡᠭᠲᠡᠶ᠃ | | ᠨᠢᠭᠡ᠂ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠳᠣᠷᠣᠭᠰᠢ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠭᠡᠵᠦ ᠲᠣᠪᠴᠢᠯᠠᠨ᠎ᠠ︶ ᠤᠨ ᠨᠡᠢᠭᠡᠮ ᠤᠨ ᠥᠩᠭᠡᠨ ᠬᠡᠷᠡᠭᠯᠡᠭᠡᠨ ᠤ | ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠶᠢᠨ ᠳᠤᠮᠳᠠ ᠶᠠᠮᠠᠷ ᠶᠠᠮᠠᠷ | ᠠᠵᠢᠯ ᠢ ᠬᠠᠷᠢᠭᠤᠴᠠᠬᠤ ᠪᠣᠶ︖ | ᠭᠤᠸᠠᠨ ᠡᠷᠬᠢᠯᠡᠭᠴᠢ ᠄ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠭᠤᠤᠯᠳᠠᠭᠤ ᠨᠡᠶᠢᠭᠡᠮ ᠤᠨ | ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ | ᠣᠷᠴᠢᠭᠤᠯᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠵᠤ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ | ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠯᠡᠭᠴᠢᠳ ᠲᠤ ᠮᠣᠩᠭᠤᠯ ᠬᠡᠯᠡᠨ ᠤ | ᠣᠷᠴᠢᠭᠤᠯᠭ᠎ᠠ ᠶᠢᠨ ᠭᠡᠷᠡᠴᠢ ᠭᠠᠷᠭᠠᠵᠤ ᠥᠭᠭᠦᠨ᠎ᠡ᠃ | ᠬᠤᠶᠠᠷ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠷᠠᠭᠤᠯᠵᠤ᠂ ᠭᠦᠢᠴᠡᠳᠬᠡᠬᠦ ᠳᠡᠰ ᠳᠠᠷᠠᠭᠠᠯᠠᠯ ᠢ | ᠴᠢᠩᠳᠠᠯᠠᠬᠤ ᠬᠡᠷᠡᠭᠲᠡᠶ | ︵ᠨᠢᠭᠡ︶ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠪᠠ ᠨᠡᠶᠢᠭᠡᠮ ᠤᠨ ᠬᠡᠷᠡᠭᠯᠡᠭᠡᠨ ᠤ ᠮᠣᠩᠭᠤᠯ | ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠢᠷᠤᠮ ᠨᠢ ᠶᠠᠭᠤ | ᠪᠣᠢ︖ | ᠭᠤᠸᠠᠨ ᠡᠷᠬᠢᠯᠡᠭᠴᠢ᠄ 1. ᠰᠢᠶᠠᠩ ᠪᠠᠯᠭᠠᠰᠤ ︵ᠲᠣᠰᠬᠤᠨ ᠤ ᠨᠡᠶᠢᠭᠡᠮ ᠲᠣᠭᠤᠷᠢᠭ︶᠂ ᠪᠠᠶᠢᠭᠤᠯᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠵᠡᠷᠭᠡ ᠰᠠᠯᠠᠭ᠎ᠠ ᠮᠥᠴᠢᠷ ᠤᠳ | ᠨᠡᠷᠡᠶᠢᠳᠦᠯ ᠢᠶᠠᠨ ᠠᠪᠴᠤ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠦᠷᠴᠦ ᠮᠣᠩᠭᠤᠯ | ᠣᠷᠴᠢᠭᠤᠯᠭ᠎ᠠ ᠬᠢᠭᠰᠡᠨ ᠤ ᠳᠠᠷᠠᠭ᠎ᠠ ᠬᠢᠷᠢ ᠭᠡᠮ ᠲᠠᠢ ᠨᠢᠭᠡᠴᠡ ᠳᠤ ᠬᠦᠷᠴᠦ ᠫᠠᠶᠢᠰᠠ ᠢᠯᠡᠷᠬᠡᠶᠢᠯᠡᠯ ᠵᠣᠬᠢᠶᠠᠬᠤ | ᠬᠡᠷᠡᠭᠲᠡᠶ᠃ | ᠭᠤᠸᠠᠨ ᠡᠷᠬᠢᠯᠡᠭᠴᠢ᠄ 2. ︵1︶ ᠠᠯᠪᠠᠨ ᠲᠠᠮᠠᠭ᠎ᠠ ᠶᠢᠨ ᠵᠢᠷᠤᠮ᠄ | ︵1︶ ᠠᠯᠪᠠᠨ ᠲᠠᠮᠠᠭ᠎ᠠ ᠡᠬᠢᠯᠡᠨ ᠬᠡᠷᠡᠭᠯᠡᠬᠦ ᠳᠡᠭᠡᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ | ᠬᠦᠷᠴᠦ ᠮᠣᠩᠭᠤᠯ ᠣᠷᠴᠢᠭᠤᠯᠭ᠎ᠠ ᠶᠢᠨ ᠬᠢᠨᠠᠨ ᠵᠥᠪᠰᠢᠶᠡᠷᠡᠯ ᠬᠢᠨ᠎ᠡ᠃ | ︵2︶ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠠᠷᠭᠠᠵᠤ ᠥᠭᠭᠦᠭᠰᠡᠨ ᠮᠣᠩᠭᠤᠯ | ᠣᠷᠴᠢᠭᠤᠯᠭ᠎ᠠ ᠶᠢᠨ ᠭᠡᠷᠡᠴᠢ ᠪᠣᠯᠤᠨ ᠬᠢᠷᠢ ᠬᠡᠮ ᠲᠠᠢ ᠨᠢᠭᠡᠴᠢ ᠶᠢᠨ ᠭᠠᠷᠭᠠᠵᠤ ᠥᠭᠭᠦᠭᠰᠡᠨ ᠮᠣᠩᠭᠤᠯ ᠬᠢᠲᠠᠳ | ᠬᠡᠯᠡᠨ ᠤ ᠵᠢᠵᠢᠭ ᠦᠯᠢᠭᠡᠷ ᠬᠡᠪ ᠢ ᠠᠪᠴᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠦᠷᠴᠦ ᠬᠢᠨᠠᠨ | ᠵᠥᠪᠰᠢᠶᠡᠷᠡᠭᠦᠯᠬᠦ ᠭᠠᠷ ᠭᠦᠢᠴᠡᠳᠬᠡᠯ ᠬᠢᠨ᠎ᠡ᠃ | ᠭᠤᠸᠠᠨ ᠡᠷᠬᠢᠯᠡᠭᠴᠢ᠄ 3. ᠡᠯ᠎ᠡ ᠵᠦᠢᠯ ᠤᠨ ᠵᠠᠮ ᠵᠢᠭᠠᠬᠤ ᠲᠡᠮᠳᠡᠭ᠂ ᠵᠠᠮ ᠬᠠᠷᠢᠯᠴᠠᠭᠠᠨ ᠤ ᠲᠡᠮᠳᠡᠭ᠂ | ᠲᠡᠷᠭᠡᠨ ᠥᠷᠲᠡᠭᠡᠨ ᠤ ᠨᠡᠷᠡᠶᠢᠳᠦᠯ ᠤᠨ ᠵᠦᠪ ᠠᠯᠬᠤᠮ ᠳᠠᠷᠠᠭ᠎ᠠ | ︵1︶ ᠪᠢᠴᠢᠭ ᠤᠨ ᠶᠠᠩᠵᠤ ᠶᠢ ᠠᠪᠴᠤ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠤ | ᠬᠦᠷᠴᠦ ᠮᠣᠩᠭᠤᠯ ᠣᠷᠴᠢᠭᠤᠯᠭ᠎ᠠ ᠶᠢᠨ ᠬᠢᠨᠠᠨ ᠵᠥᠪᠰᠢᠶᠡᠷᠡᠯ ᠬᠢᠨ᠎ᠡ᠃ | ︵2︶ ᠪᠢᠴᠢᠭ ᠤᠨ ᠬᠥᠮᠦᠨ ᠨᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠠᠷᠭᠠᠵᠤ | ᠥᠭᠭᠦᠭᠰᠡᠨ ᠮᠣᠩᠭᠤᠯ ᠣᠷᠴᠢᠭᠤᠯᠭ᠎ᠠ ᠶᠢᠨ ᠭᠡᠷᠡᠴᠢ ᠪᠣᠯᠤᠨ ᠬᠢᠷᠢ ᠬᠡᠮ ᠲᠠᠢ ᠨᠢᠭᠡᠴᠢ ᠶᠢᠨ ᠭᠠᠷᠭᠠᠵᠤ ᠥᠭᠭᠦᠭᠰᠡᠨ | ᠮᠣᠩᠭᠤᠯ ᠬᠢᠲᠠᠳ ᠬᠡᠯᠡᠨ ᠤ ᠵᠢᠵᠢᠭ ᠦᠯᠢᠭᠡᠷ ᠬᠡᠪ ᠢ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠤ ᠣᠴᠢᠵᠤ ᠬᠢᠨᠠᠨ | ᠵᠥᠪᠰᠢᠶᠡᠷᠡᠭᠦᠯᠬᠦ ᠭᠠᠷ ᠭᠦᠢᠴᠡᠳᠬᠡᠯ ᠬᠢᠨ᠎ᠡ᠃ | ᠭᠤᠸᠠᠨ ᠡᠷᠬᠢᠯᠡᠭᠴᠢ᠄ 4. ᠭᠡᠷ ᠤᠨ ᠭᠠᠳᠠᠨᠠᠬᠢ ᠵᠠᠷ ᠮᠡᠳᠡᠭᠡᠨ ᠲᠤᠬᠠᠢ | ︵1︶ ᠵᠠᠷ ᠤᠨ ᠡᠵᠡᠨ ᠪᠤᠶᠤ ᠵᠠᠷ ᠡᠵᠡᠩᠨᠡᠭᠴᠢ ᠭᠡᠷ ᠤᠨ ᠭᠠᠳᠠᠨᠠᠬᠢ ᠵᠠᠷ ᠤᠨ ᠬᠡᠷᠡᠭᠯᠡᠭᠡᠨ ᠤ ᠬᠡᠯᠡᠨ ᠤ ᠦᠯᠢᠭᠡᠷ | ᠳᠡᠪᠲᠡᠷ ᠢᠶᠠᠨ ᠠᠪᠴᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠤ ᠬᠦᠷᠴᠦ ᠵᠠᠷ ᠤᠨ ᠬᠡᠷᠡᠭᠯᠡᠭᠡᠨ ᠤ | ᠬᠡᠯᠡᠨ ᠤ ᠮᠣᠩᠭᠤᠯ ᠬᠡᠯᠡᠨ ᠤ ᠣᠷᠴᠢᠭᠤᠯᠭ᠎ᠠ ᠶᠢ ᠬᠢᠨᠠᠨ ᠵᠥᠪᠰᠢᠶᠡᠷᠡᠨ᠎ᠡ᠃ | ︵2︶ ᠵᠠᠷ ᠤᠨ ᠡᠵᠡᠨ ᠪᠤᠶᠤ ᠵᠠᠷ ᠡᠵᠡᠩᠨᠡᠭᠴᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ | ᠭᠠᠷᠭᠠᠵᠤ ᠥᠭᠭᠦᠭᠰᠡᠨ ᠮᠣᠩᠭᠤᠯ ᠣᠷᠴᠢᠭᠤᠯᠭ᠎ᠠ ᠶᠢᠨ ᠭᠡᠷᠡᠴᠢ ᠵᠢᠴᠢ ᠬᠢᠷᠢ ᠬᠡᠮ ᠲᠠᠢ ᠨᠢᠭᠡᠴᠢ ᠶᠢᠨ ᠭᠠᠷᠭᠠᠵᠤ | ᠥᠭᠭᠦᠭᠰᠡᠨ ᠮᠣᠩᠭᠤᠯ ᠬᠢᠲᠠᠳ ᠬᠡᠯᠡᠨ ᠤ ᠵᠢᠵᠢᠭ ᠦᠯᠢᠭᠡᠷ ᠬᠡᠪ ᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠲᠤ ᠣᠴᠢᠵᠤ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠨ᠎ᠠ᠃ | ︵3︶ ᠵᠠᠷ ᠤᠨ ᠡᠵᠡᠨ ᠪᠤᠶᠤ ᠵᠠᠷ ᠡᠵᠡᠩᠨᠡᠭᠴᠢ ᠤᠬᠠᠭᠤᠯᠬᠤ ᠬᠡᠯᠲᠡᠰ ᠢᠶᠠᠷ ᠵᠥᠪᠰᠢᠶᠡᠷᠡᠭᠦᠯᠦᠭᠰᠡᠨ ᠭᠡᠷᠡᠴᠢ | ᠪᠢᠴᠢᠭ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ | ᠳᠠᠩᠰᠠᠯᠠᠭᠤᠯᠬᠤ ᠭᠠᠷ ᠭᠦᠢᠴᠡᠳᠬᠡᠯ ᠬᠢᠨ᠎ᠡ᠃ | ︵4︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠠᠩᠰᠠᠯᠠᠭᠤᠯᠤᠭᠰᠠᠨ ᠤ ᠳᠠᠷᠠᠭ᠎ᠠ᠂ | ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠦᠷᠴᠦ | ᠬᠤᠲᠠ ᠶᠢᠨ ᠦᠵᠡᠮᠵᠢ ᠶᠢᠨ ᠴᠢᠨᠠᠷᠲᠠᠶ ᠬᠢᠨᠠᠨ ᠬᠠᠷᠭᠤᠭᠤᠯᠬᠤ ᠭᠠᠷ ᠭᠦᠢᠴᠡᠳᠬᠡᠯ ᠬᠢᠨ᠎ᠡ᠃ | ᠭᠤᠸᠠᠨ ᠡᠷᠬᠢᠯᠡᠭᠴᠢ᠄ 5. ᠳᠡᠯᠭᠡᠭᠦᠷ ᠳᠡᠭᠡᠷᠡᠬᠢ ᠫᠠᠶᠢᠰᠠ ᠢᠯᠡᠷᠬᠡᠶᠢᠯᠡᠯ᠂ ᠠᠵᠤ ᠠᠬᠤᠢᠯᠠᠯ ᠤᠨ ᠨᠡᠷᠡᠶᠢᠳᠦᠯ ᠤᠨ | ᠫᠠᠶᠢᠰᠠ ᠢᠯᠡᠷᠬᠡᠢᠯᠡᠯ ᠤᠨ ᠵᠢᠷᠤᠮ | ︵1︶ ᠡᠵᠡᠩᠨᠡᠯᠲᠡ ᠶᠢᠨ ᠡᠷᠦᠬᠡ ᠪᠤᠶᠤ ᠠᠵᠤ ᠠᠬᠤᠶᠢᠯᠠᠯ ᠨᠢ ᠡᠵᠡᠩᠨᠡᠯᠲᠡ ᠶᠢᠨ ᠦᠨᠡᠮᠯᠡᠯ ᠣᠯᠬᠤ ᠠᠴᠠ | ᠡᠮᠦᠨ᠎ᠡ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠬᠢᠨᠠᠨ | ᠲᠣᠭᠲᠠᠭᠠᠭᠰᠠᠨ ᠨᠡᠷᠡᠶᠢᠳᠦᠯ ᠠᠪᠤᠨ᠎ᠠ᠃ | ︵2︶ ᠡᠵᠡᠩᠨᠡᠯᠲᠡ ᠶᠢᠨ ᠡᠷᠦᠬᠡ ᠪᠤᠶᠤ ᠠᠵᠤ ᠠᠬᠤᠶᠢᠯᠠᠯ ᠨᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠲᠣᠭᠲᠠᠭᠠᠭᠰᠠᠨ ᠳᠡᠯᠭᠡᠭᠦᠷ ᠤᠨ ᠨᠡᠷᠡᠶᠢᠳᠦᠯ ᠪᠤᠶᠤ ᠠᠵᠤ ᠠᠬᠤᠶᠢᠯᠠᠯ ᠤᠨ | ᠨᠡᠷᠡᠶᠢᠳᠦᠯ ᠢᠶᠠᠨ ᠤᠷᠢᠳᠴᠢᠯᠠᠨ ᠬᠢᠨᠠᠨ ᠵᠥᠪᠰᠢᠶᠡᠷᠡᠭᠰᠡᠨ ᠮᠡᠳᠡᠭᠳᠡᠯ ᠤᠨ ᠪᠢᠴᠢᠭ ᠠᠪᠴᠤ᠂ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠦᠷᠴᠦ ᠨᠡᠷᠡᠢᠳᠦᠯ ᠤᠨ ᠮᠣᠩᠭᠤᠯ ᠣᠷᠴᠢᠭᠤᠯᠭ᠎ᠠ ᠬᠢᠵᠦ᠂ | ᠮᠣᠩᠭᠤᠯ ᠣᠷᠴᠢᠭᠤᠯᠭ᠎ᠠ ᠶᠢᠨ ᠭᠡᠷᠡᠴᠢ ᠣᠯᠤᠭᠰᠠᠨ ᠤ ᠳᠠᠷᠠᠭ᠎ᠠ ᠬᠢᠷᠢ ᠭᠡᠮ ᠲᠠᠢ ᠤᠶᠢᠯᠡᠳᠬᠦ ᠨᠢᠭᠡᠴᠡ ᠳᠤ ᠬᠦᠷᠴᠦ | ᠬᠢᠬᠦ ᠬᠡᠷᠡᠭᠲᠡᠶ᠃ | ︵ᠬᠤᠶᠠᠷ︶ ᠤᠶᠢᠯᠡᠳᠬᠦ ᠨᠢᠭᠡᠴᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠨᠢ ᠶᠠᠭᠤ ᠪᠣᠢ︖ | ᠭᠤᠸᠠᠨ ᠡᠷᠬᠢᠯᠡᠭᠴᠢ᠄ 1. ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠤᠨ ᠦᠨᠳᠦᠰᠦᠲᠡᠨ ᠤ | ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠶᠢᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮ︾ ᠪᠣᠯᠤᠨ | ︽ᠤᠯᠠᠭᠠᠨᠴᠠᠪ ᠬᠤᠲᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠡᠷᠬᠡ ᠲᠡᠭᠰᠢ᠂ | ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ ᠨᠡᠶᠢᠭᠡᠮ ᠵᠢᠷᠤᠮ ᠤᠨ ᠰᠢᠨ᠎ᠡ ᠮᠠᠶ᠋ᠢᠭ ᠤᠨ ᠦᠨᠳᠦᠰᠦᠲᠡᠨ ᠤ | ᠬᠠᠷᠢᠴᠠᠭ᠎ᠠ ᠶᠢ ᠬᠠᠮᠠᠭᠠᠯᠠᠬᠤ ᠬᠡᠷᠡᠭᠲᠡᠢ᠃ | 2. ᠮᠣᠩᠭᠤᠯ ᠬᠢᠲᠠᠳ ᠫᠠᠶᠢᠰᠠ ᠢᠯᠡᠷᠬᠡᠶᠢᠯᠡᠯ ᠤᠶᠢᠯᠡᠳᠬᠦ ᠲᠤᠰᠬᠠᠶ ᠮᠡᠷᠭᠡᠵᠢᠯ ᠲᠤᠷᠰᠢᠯᠭ᠎ᠠ ᠵᠢᠴᠢ ᠬᠠᠮᠢᠶ᠎ᠠ | ᠪᠦᠬᠦᠢ ᠲᠥᠬᠦᠭᠡᠷᠦᠮᠵᠢ ᠪᠠᠶᠢᠬᠤ ᠬᠡᠷᠡᠭᠲᠡᠢ᠃ | 3. ᠬᠠᠮᠢᠶᠠᠷᠤᠯᠲᠠ ᠪᠠ ᠵᠢᠯᠣᠭᠤᠳᠣᠯᠭ᠎ᠠ ᠶᠢ ᠳᠠᠭᠠᠵᠤ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠳᠤ ᠰᠠᠨᠠᠭᠠᠴᠢᠯᠠᠭ᠎ᠠ ᠠᠴᠠ ᠪᠠᠨ | ᠬᠠᠮᠵᠢᠯᠴᠠᠵᠤ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ | ᠵᠠᠰᠠᠵᠤ ᠴᠡᠭᠴᠡᠯᠡᠬᠦ ᠠᠵᠢᠯ ᠤᠨ ᠳᠤᠮᠳᠠ ᠲᠣᠪᠦ᠋ᠮ᠎ᠠ ᠢᠯᠡᠷᠡᠯ ᠲᠠᠢ᠃ | 4. ᠬᠠᠤᠯᠢ ᠶᠣᠰᠣᠭᠠᠷ ᠡᠵᠡᠩᠨᠡᠬᠦ᠂ ᠵᠦᠶ ᠵᠣᠬᠢᠰᠲᠠᠶ ᠰᠤᠶᠢᠳᠬᠡᠯ ᠬᠤᠷᠢᠶᠠᠬᠤ᠂ ᠤᠶᠢᠯᠡᠴᠢᠯᠡᠭᠡᠨ ᠤ ᠣᠪᠣᠷ | ᠪᠠᠶᠢᠳᠠᠯ ᠰᠠᠶᠢᠨ᠂ ᠤᠶᠢᠯᠡᠴᠢᠯᠡᠭᠡᠨ ᠤ ᠶᠠᠰᠤ ᠴᠢᠨᠠᠷ ᠰᠢᠯᠢᠳᠡᠭ ᠰᠠᠶᠢᠨ᠂ ᠤᠶᠢᠯᠡᠴᠢᠯᠡᠭᠡᠨ ᠤ ᠠᠮᠠᠯᠠᠯᠲᠠ ᠪᠠᠨ | ᠭᠦᠢᠴᠡᠳᠬᠡᠵᠦ᠂ ᠨᠡᠯᠢᠶᠡᠳ ᠴᠢᠩᠭ᠎ᠠ ᠶᠠᠰᠤ ᠴᠢᠨᠠᠷ ᠤᠨ ᠤᠬᠠᠮᠰᠠᠷ ᠲᠠᠢ ᠪᠠᠶᠢᠵᠤ᠂ ᠮᠣᠩᠭᠤᠯ ᠬᠢᠲᠠᠳ ᠦᠰᠦᠭ | ᠪᠢᠴᠢᠭ ᠤᠨ ᠣᠨᠣᠪᠴᠢᠲᠠᠶ᠂ ᠵᠢᠷᠤᠮᠵᠢᠯ ᠲᠠᠢ᠂ ᠪᠠᠷᠢᠮᠵᠢᠶ᠎ᠠ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | 5. ᠤᠶᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠣᠯᠤᠭᠰᠠᠨ ᠠᠵᠤ ᠠᠬᠤᠶᠢᠯᠠᠯ ᠪᠠᠶᠢᠬᠤ | ᠬᠡᠷᠡᠭᠲᠡᠢ᠃ | ︵ᠭᠤᠷᠪᠠ︶ ᠤᠶᠢᠯᠡᠳᠬᠦ ᠨᠢᠭᠡᠴᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠵᠢᠷᠤᠮ ᠨᠢ ᠶᠠᠭᠤ ᠪᠣᠢ︖ | ᠭᠤᠸᠠᠨ ᠡᠷᠬᠢᠯᠡᠭᠴᠢ᠄ 1. ︽ᠨᠡᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠪᠢᠴᠢᠭ ᠤᠶᠢᠯᠡᠳᠬᠦ | ᠨᠢᠭᠡᠴᠡ ᠶᠢᠨ ᠬᠢᠷᠢ ᠬᠡᠮ ᠢ ᠮᠡᠳᠡᠭᠦᠯᠬᠦ ᠬᠦᠰᠦᠨᠦᠭᠲᠦ︾᠂ ︽ᠨᠡᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ | ᠪᠢᠴᠢᠭ ᠤᠶᠢᠯᠡᠳᠬᠦ ᠨᠢᠭᠡᠴᠡ ᠶᠢᠨ ᠳᠠᠩᠰᠠᠯᠠᠬᠤ ᠬᠦᠰᠦᠨᠦᠭᠲᠦ︾ ᠶᠢ ᠲᠠᠭᠯᠠᠨ᠎ᠠ᠃ | 2. ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠬᠢᠨᠠᠨ ᠬᠠᠷᠭᠤᠭᠤᠯᠬᠤ ᠶᠢᠨ ᠬᠠᠮᠲᠤ ᠬᠢᠨᠠᠨ | ᠬᠠᠷᠭᠤᠭᠤᠯᠤᠭᠰᠠᠨ ᠭᠡᠷᠡᠴᠢ ᠭᠠᠷᠭᠠᠵᠤ ᠦᠭᠭᠦᠨ᠎ᠡ᠃ | 3. ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠬᠢᠨᠠᠨ ᠵᠥᠪᠰᠢᠶᠡᠷᠡᠵᠦ᠂ ︽ᠨᠡᠶᠢᠭᠡᠮ ᠤᠨ ᠥᠩᠭᠡᠨ | ᠬᠡᠷᠡᠭᠯᠡᠭᠡᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠤᠶᠢᠯᠡᠳᠬᠦ ᠵᠥᠪᠰᠢᠶᠡᠷᠡᠯ ᠤᠨ ᠦᠨᠡᠮᠯᠡᠯ︾ | ᠤᠯᠭᠤᠨ᠎ᠠ᠃ | 4. ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠷᠢ ᠬᠡᠮ ᠢ ᠮᠠᠭᠠᠳᠯᠠᠨ | ᠲᠣᠭᠲᠠᠭᠠᠬᠤ ᠦᠨᠡᠮᠯᠡᠯ ᠣᠯᠤᠭᠰᠠᠨ ᠠᠵᠤ ᠠᠬᠤᠶᠢᠯᠠᠯ ᠤᠨ ᠨᠡᠷᠡᠰ ᠢ ᠨᠡᠶᠢᠲᠡᠯᠡᠨ᠎ᠡ᠃ | ᠭᠤᠷᠪᠠ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠱᠠᠩᠨᠠᠵᠤ ᠲᠣᠷᠭᠠᠬᠤ ᠶᠠᠮᠠᠷ ᠶᠠᠮᠠᠷ ᠳᠦᠷᠢᠮ ᠢ | ᠲᠡᠭᠦᠯᠳᠡᠷᠵᠢᠭᠦᠯᠬᠦ ᠪᠤᠢ︖ | ᠭᠤᠸᠠᠨ ᠡᠷᠬᠢᠯᠡᠭᠴᠢ᠄ ︵ᠨᠢᠭᠡ︶ ᠤᠬᠠᠭᠤᠯᠭ᠎ᠠ ᠶᠢᠨ ᠰᠠᠯᠠᠭ᠎ᠠ ᠮᠥᠴᠢᠷ ᠤᠳ ᠨᠡᠶᠢᠭᠡᠮ ᠤᠨ ᠥᠩᠭᠡᠨ | ᠬᠡᠷᠡᠭᠯᠡᠭᠡᠨ ᠤ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠤᠨ ᠳᠤᠮᠳᠠᠬᠢ ᠤᠬᠠᠭᠤᠯᠤᠨ | ᠳᠡᠯᠭᠡᠷᠡᠭᠦᠯᠵᠦ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ | ᠠᠵᠢᠯ ᠤᠨ ᠳᠤᠮᠳᠠᠬᠢ ᠢᠯᠡᠷᠡᠯ ᠢᠶᠠᠷ ᠠᠨᠠᠶ ᠨᠢᠭᠡᠴᠡ ᠪᠣᠯᠤᠨ ᠬᠤᠪᠢ ᠬᠥᠮᠦᠨ ᠢ ᠣᠯᠠᠨ ᠳᠤ ᠢᠯᠡ ᠦᠵᠡᠭᠦᠯᠬᠦ | ᠬᠡᠷᠡᠭᠲᠡᠶ᠃ | ︵ᠬᠤᠶᠠᠷ︶ ᠰᠢᠶᠠᠨ ᠤ ᠵᠠᠰᠠᠭ ᠤᠨ ᠣᠷᠳᠣᠨ ᠨᠢ ᠡᠯ᠎ᠡ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠠᠵᠢᠯ ᠳᠤ ᠰᠢᠮᠳᠠᠭᠤᠯᠤᠨ ᠪᠠᠶᠢᠴᠠᠭᠠᠯᠲᠠ ᠬᠢᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠦᠭᠡᠢ ᠰᠠᠯᠠᠭ᠎ᠠ ᠮᠥᠴᠢᠷ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ | ︵ᠭᠤᠷᠪᠠ︶ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ | ᠵᠢᠷᠤᠮᠵᠢᠭᠤᠯᠬᠤ ᠶᠢᠨ ᠬᠠᠮᠲᠤ ᠳᠣᠤᠷᠠᠬᠢ ᠲᠣᠭᠲᠠᠭᠠᠯ ᠶᠣᠰᠣᠭᠠᠷ ᠪᠢᠴᠢᠵᠤ᠂ ᠤᠶᠢᠯᠡᠳᠬᠦ᠂ ᠡᠯᠭᠦᠬᠦ ᠬᠡᠷᠡᠭᠲᠡᠶ᠄ | 1. ᠬᠥᠨᠳᠡᠯᠡᠨ ᠪᠢᠴᠢᠯᠭᠡ ᠶᠢᠨ ᠮᠣᠩᠭᠤᠯ ᠦᠰᠦᠭ ᠨᠢ ᠳᠡᠭᠡᠷ᠎ᠡ᠂ ᠬᠢᠲᠠᠳ ᠦᠰᠦᠭ ᠨᠢ ᠳᠣᠣᠷᠠᠳᠤ᠂ ᠡᠰᠡᠬᠦᠯ᠎ᠡ | ᠮᠣᠩᠭᠤᠯ ᠦᠰᠦᠭ ᠨᠢ ᠡᠮᠦᠨ᠎ᠡ᠂ ᠬᠢᠲᠠᠳ ᠦᠰᠦᠭ ᠨᠢ ᠬᠤᠶᠢᠨ᠎ᠠ ᠪᠢᠴᠢᠨ᠎ᠡ ᠃ | 2. ᠪᠣᠰᠤᠭ᠎ᠠ ᠪᠢᠴᠢᠭᠰᠡᠨ ᠮᠣᠩᠭᠤᠯ ᠦᠰᠦᠭ ᠵᠡᠭᠦᠨ᠂ ᠬᠢᠲᠠᠳ ᠦᠰᠦᠭ ᠪᠠᠷᠠᠭᠤᠨ ᠲᠠᠯ᠎ᠠ ᠳᠤ ᠪᠠᠶᠢᠨ᠎ᠠ᠃ | 3. ᠮᠣᠩᠭᠤᠯ ᠦᠰᠦᠭ ᠨᠢ ᠵᠡᠭᠦᠨ ᠠᠴᠠ ᠪᠠᠷᠠᠭᠤᠨᠰᠢ᠂ ᠮᠣᠩᠭᠤᠯ ᠦᠰᠦᠭ ᠨᠢ ᠭᠠᠳᠠᠷ ᠴᠠᠭᠠᠷᠢᠭ᠂ ᠬᠢᠲᠠᠳ | ᠦᠰᠦᠭ ᠨᠢ ᠳᠣᠲᠣᠭᠠᠳᠤ ᠴᠠᠭᠠᠷᠢᠭ ᠪᠤᠶᠤ ᠵᠡᠭᠦᠨ ᠬᠠᠭᠠᠰ ᠲᠣᠭᠤᠷᠢᠭ᠂ ᠬᠢᠲᠠᠳ ᠦᠰᠦᠭ ᠨᠢ ᠪᠠᠷᠠᠭᠤᠨ ᠬᠠᠭᠠᠰ | ᠲᠣᠭᠤᠷᠢᠭ᠃ | 4. ᠮᠣᠩᠭᠤᠯ ᠬᠢᠲᠠᠳ ᠬᠤᠶᠠᠷ ᠵᠦᠢᠯ ᠤᠨ ᠦᠰᠦᠭ ᠤᠨ ᠨᠡᠷᠡᠶᠢᠳᠦᠯ ᠪᠠ ᠬᠡᠪ ᠪᠠᠷᠢᠮᠵᠢᠶ᠎ᠠ ᠨᠢ ᠡᠷᠬᠡᠪᠰᠢ ᠠᠳᠠᠯᠢ | ᠪᠠᠶᠢᠵᠤ᠂ ᠤᠶᠢᠯᠡᠳᠬᠦ ᠮᠠᠲ᠋ᠧᠷᠢᠶᠠᠯ ᠤᠨ ᠴᠢᠨᠠᠷ ᠨᠢ ᠨᠢᠭᠡᠳᠦᠯᠲᠡᠶ ᠪᠠᠶᠢᠯᠭᠠᠬᠤ ᠬᠡᠷᠡᠭᠲᠡᠶ︔ | 5. ᠮᠣᠩᠭᠤᠯ ᠬᠢᠲᠠᠳ ᠬᠤᠶᠠᠷ ᠦᠰᠦᠭ ᠢᠶᠠᠷ ᠲᠤᠰ ᠲᠤᠰ ᠬᠤᠶᠠᠷ ᠬᠡᠰᠡᠭ ᠢᠯᠡᠷᠬᠡᠶᠢᠯᠡᠯ ᠳᠡᠭᠡᠷ᠎ᠡ ᠪᠢᠴᠢᠵᠦ᠂ | ᠮᠣᠩᠭᠤᠯ ᠫᠠᠶᠢᠰᠠ ᠢᠯᠡᠷᠬᠡᠶᠢᠯᠡᠯ ᠢ ᠵᠡᠭᠦᠨ ᠲᠠᠯ᠎ᠠ ᠳᠤ ᠡᠯᠭᠦᠵᠦ᠂ ᠬᠢᠲᠠᠳ ᠫᠠᠶᠢᠰᠠ ᠢᠯᠡᠷᠬᠡᠶᠢᠯᠡᠯ ᠢ ᠪᠠᠷᠠᠭᠤᠨ | ᠲᠠᠯ᠎ᠠ ᠳᠤ ᠡᠯᠭᠦᠬᠦ ᠪᠤᠶᠤ ᠮᠣᠩᠭᠤᠯ ᠫᠠᠶᠢᠰᠠ ᠢᠯᠡᠷᠬᠡᠶᠢᠯᠡᠯ ᠢ ᠳᠡᠭᠡᠷ᠎ᠡ ᠲᠠᠯ᠎ᠠ ᠳᠤ᠂ ᠬᠢᠲᠠᠳ ᠫᠠᠶᠢᠰᠠ ᠢᠯᠡᠷᠬᠡᠶᠢᠯᠡᠯ ᠢ | ᠳᠣᠤᠷ᠎ᠠ ᠲᠠᠯ᠎ᠠ ᠳᠤ ᠡᠯᠭᠦᠳᠡᠭ᠃ ᠭᠠᠷᠴᠠᠭ ᠦᠰᠦᠭ ︵ᠦᠭᠡᠰ︶ ᠤᠨ ᠡᠯ᠎ᠡ ᠲᠥᠷᠥᠯ ᠤᠨ ᠫᠠᠶᠢᠰᠠ ᠢᠯᠡᠷᠬᠡᠶᠢᠯᠡᠯ ᠢ | ᠪᠠᠰᠠ ᠮᠣᠩᠭᠤᠯ ᠬᠢᠲᠠᠳ ᠬᠤᠶᠠᠷ ᠵᠦᠶ᠋ᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠵᠦ᠂ ᠳᠡᠭᠡᠷ᠎ᠡ ᠳᠤᠷᠠᠳᠤᠭᠰᠠᠨ | ᠲᠣᠭᠲᠠᠭᠠᠯ ᠢᠶᠠᠷ ᠵᠢᠭᠰᠠᠭᠠᠨ᠎ᠠ᠃ | ᠨᠡᠶᠢᠭᠡᠮ ᠤᠨ ᠵᠠᠬ᠎ᠠ ᠳᠡᠯᠭᠡᠭᠦᠷ ᠤᠨ ᠪᠠᠶᠢᠳᠠᠯ ᠢ ᠲᠣᠭᠲᠠᠭᠠᠯ ᠶᠣᠰᠣᠭᠠᠷ ᠮᠣᠩᠭᠤᠯ ᠬᠢᠲᠠᠳ ᠬᠤᠶᠠᠷ ᠵᠦᠢᠯ ᠤᠨ | ᠦᠰᠦᠭ ᠪᠢᠴᠢᠭ ᠢ ᠵᠢᠷᠤᠮᠵᠢᠭᠤᠯᠤᠨ ᠬᠡᠷᠡᠭᠯᠡᠵᠦ ᠪᠠᠶᠢᠭ᠎ᠠ ᠬᠠᠮᠢᠶ᠎ᠠ ᠪᠦᠬᠦᠢ ᠨᠢᠭᠡᠴᠡ ᠶᠢ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ | ᠦᠭᠡᠢ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ | ᠪᠢᠴᠢᠭ ᠤᠨ ᠠᠵᠢᠯ ᠤᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ | ᠬᠡᠷᠡᠭᠲᠡᠶ᠃ | ︵ ᠳᠦᠷᠪᠡ︶ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠲᠣᠭᠲᠠᠭᠠᠯ ᠢ ᠬᠡᠷᠡᠭᠵᠢᠭᠦᠯᠦᠭᠰᠡᠨ | ᠨᠢᠭᠡᠴᠡ ᠪᠣᠯᠤᠨ ᠬᠤᠪᠢ ᠬᠥᠮᠦᠨ ᠳᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠭᠦᠯᠬᠦ ᠵᠥᠪᠯᠡᠯ ᠠᠴᠠ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | 1.ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠲᠣᠭᠲᠠᠭᠠᠯ ᠢ ᠵᠥᠷᠢᠴᠡᠵᠦ᠂ | ᠬᠢᠲᠠᠳ ᠦᠰᠦᠭ ᠢᠶᠠᠷ ᠯᠡ ᠤᠶᠢᠯᠡᠳᠴᠦ᠂ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠬᠦ | ᠦᠭᠡᠢ ᠨᠢᠭᠡᠴᠢ᠂ ᠲᠡᠭᠦᠨ ᠢ ᠵᠠᠷᠯᠢᠭᠳᠠᠵᠤ ᠪᠠᠶᠢᠭᠠᠳ ᠳᠠᠬᠢᠨ ᠬᠡᠷᠡᠭᠯᠡᠭᠴᠢ ᠳᠤ ᠮᠣᠩᠭᠤᠯ ᠬᠢᠲᠠᠳ ᠬᠤᠶᠠᠷ ᠵᠦᠢᠯ ᠤᠨ | ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠫᠠᠶᠢᠰᠠ ᠢᠯᠡᠷᠬᠡᠶᠢᠯᠡᠯ ᠬᠢᠯᠭᠡᠵᠦ᠂ ᠲᠡᠭᠦᠨ ᠤ ᠤᠶᠢᠯᠡᠳᠬᠦ ᠵᠠᠷᠤᠳᠠᠯ ᠢ ᠴᠥᠮ | ᠲᠤᠰ ᠤᠶᠢᠯᠡᠳᠬᠦ ᠨᠢᠭᠡᠴᠢ ᠠᠴᠠ ᠡᠭᠦᠷᠭᠡᠯᠡᠨ᠎ᠡ᠃ | 2.ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠡᠯᠡᠨ ᠤ ᠣᠷᠴᠢᠭᠤᠯᠬᠤ᠂ ᠪᠢᠴᠢᠬᠦ᠂ ᠵᠣᠬᠢᠶᠠᠬᠤ ᠶᠢ | ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠡᠷᠬᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠢ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ | ᠪᠢᠴᠢᠭ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠥᠩᠭᠡᠨ | ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ | ᠠᠷᠭ᠎ᠠ︾᠂ ︽ᠤᠯᠠᠭᠠᠨᠴᠠᠪ ᠬᠤᠲᠠ ᠶᠢᠨ ᠮᠣᠩᠭᠤᠯ ᠬᠢᠲᠠᠳ ᠬᠤᠶᠠᠷ ᠵᠦᠶ᠋ᠯ ᠤᠨ ᠦᠰᠦᠭ ᠪᠢᠴᠢᠭ ᠢ ᠵᠡᠷᠭᠡ ᠪᠠᠷ | ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | 3.ᠵᠣᠷᠢᠭᠤᠳᠠ ᠬᠠᠷᠰᠢ ᠰᠠᠭᠠᠳ ᠤᠴᠠᠷᠠᠭᠤᠯᠤᠭᠰᠠᠨ᠂ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ | ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠳᠦᠷᠪᠡ᠂ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ | ᠭᠤᠸᠠᠨ ᠡᠷᠬᠢᠯᠡᠭᠴᠢ᠄ ᠪᠠᠶᠢᠭᠤᠯᠤᠮᠵᠢ ᠶᠢ ᠥᠭᠡᠷᠡᠴᠢᠯᠡᠭᠰᠡᠨ ᠤ ᠳᠠᠷᠠᠭ᠎ᠠ᠂ ᠮᠠᠨ ᠤ ᠵᠥᠪᠯᠡᠯ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ | ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ | ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ | ᠪᠠᠢᠳᠠᠯ ᠲᠠᠢ ᠤᠶᠠᠯᠳᠤᠭᠤᠯᠵᠤ᠂ ᠰᠢᠶᠠᠨ ᠤ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠤᠨ ᠪᠢᠴᠢᠭ ᠮᠠᠲ᠋ᠧᠷᠢᠶᠠᠯ ᠤᠨ ᠲᠦᠷᠦᠭᠦᠤ᠂ ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ᠂ ᠡᠭᠦᠳᠡᠨ | ᠫᠠᠶᠢᠰᠠ ᠵᠡᠷᠭᠡ ᠶᠢ ᠣᠷᠴᠢᠭᠤᠯᠵᠤ ᠬᠢᠨᠠᠨ ᠲᠣᠭᠲᠠᠭᠠᠵᠤ᠂ ᠳᠠᠩᠰᠠ ᠡᠪᠬᠡᠮᠡᠯ ᠳᠤ ᠣᠷᠣᠭᠤᠯᠤᠨ᠎ᠠ᠃ ᠪᠤᠷᠤᠭᠤ ᠪᠠᠶᠢᠪᠠᠯ | ᠮᠠᠨ ᠤ ᠲᠤᠰᠬᠠᠶ ᠮᠡᠷᠭᠡᠵᠢᠯ ᠤᠨ ᠠᠵᠢᠯᠲᠠᠨ ᠣᠷᠴᠢᠭᠤᠯᠤᠭᠰᠠᠨ ᠤ ᠳᠠᠷᠠᠭ᠎ᠠ ᠡᠯ᠎ᠡ ᠨᠢᠭᠡᠴᠡ ᠪᠠᠷ ᠴᠡᠭᠴᠡᠯᠡᠨ | ᠥᠭᠡᠷᠡᠴᠢᠯᠡᠭᠦᠯᠦᠨ᠎ᠡ᠃ 6 ᠰᠠᠷ᠎ᠠ ᠶᠢᠨ 17 ᠤ ᠡᠳᠦᠷ᠂ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ | ᠪᠢᠴᠢᠭ ᠤᠨ ᠠᠵᠢᠯ ᠶᠢᠨ ᠳᠦᠷᠢᠮ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠷᠢᠭᠤ | ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ︾᠂ ︽ᠤᠯᠠᠭᠠᠨᠴᠠᠪ ᠬᠤᠲᠠ ᠶᠢᠨ ᠮᠣᠩᠭᠤᠯ ᠬᠢᠲᠠᠳ ᠬᠤᠶᠠᠷ | ᠵᠦᠶ᠋ᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠪᠣᠯᠤᠨ ︽ᠵᠦᠸᠧᠽᠢ ᠰᠢᠶᠠᠨ ᠤ | ᠨᠠᠮ ᠤᠨ ᠬᠤᠷᠢᠶ᠎ᠠ ᠶᠢᠨ ᠠᠯᠪᠠᠨ ᠭᠡᠷ ᠤᠨ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠵᠦᠸᠧᠽᠢ ᠰᠢᠶᠠᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠪᠢᠴᠢᠭ ᠪᠣᠯᠤᠨ ᠨᠡᠢᠭᠡᠮ ᠤᠨ ᠥᠩᠭᠡᠨ | ᠬᠡᠷᠡᠭᠯᠡᠭᠡᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠴᠢᠩᠭᠠᠳᠬᠠᠬᠤ | ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠦᠸᠧᠽᠢ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠦᠸᠧᠽᠢ ᠰᠢᠶᠠᠨ ᠤ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ ᠵᠠᠬ᠎ᠠ ᠳᠡᠯᠭᠡᠭᠦᠷ ᠤᠨ ᠵᠠᠷ ᠢᠯᠡᠷᠬᠡᠢᠯᠡᠯ ᠮᠣᠩᠭᠤᠯ ᠬᠢᠲᠠᠳ ᠬᠤᠶᠠᠷ | ᠵᠦᠢᠯ ᠤᠨ ᠦᠰᠦᠭ ᠪᠢᠴᠢᠭ ᠶᠢᠨ ᠲᠤᠬᠠᠢ ᠪᠠᠶᠢᠴᠠᠭᠠᠯᠲᠠ ᠬᠢᠪᠡ᠃ | 10 ᠡᠳᠦᠷ ᠬᠡᠷᠡᠭᠯᠡᠨ ᠨᠢᠭᠡᠨᠲᠡ ᠵᠦᠸᠧᠽᠢ ᠱᠠᠨ ᠪᠠᠯᠭᠠᠰᠤᠨ ᠤ ᠪᠦᠬᠦ ᠭᠠᠵᠠᠷ ᠤᠨ ᠪᠠᠶᠢᠴᠠᠭᠠᠯᠲᠠ ᠶᠢᠨ ᠠᠵᠢᠯ ᠢ | ᠳᠠᠭᠤᠰᠬᠠᠵᠠᠶ᠃ ᠨᠡᠶᠢᠲᠡ 1200 ᠭᠠᠷᠤᠶ ᠭᠠᠵᠠᠷ ᠢ ᠪᠠᠶᠢᠴᠠᠭᠠᠵᠤ᠂ ᠪᠤᠷᠤᠭᠤ ᠣᠷᠴᠢᠭᠤᠯᠤᠭᠰᠠᠨ᠂ | ᠣᠷᠬᠢᠭᠳᠠᠭᠤᠯᠤᠭᠰᠠᠨ᠂ ᠬᠠᠷᠢᠴᠠᠯ ᠨᠢ ᠲᠡᠩᠴᠡᠭᠦᠷᠢ ᠪᠠᠨ ᠠᠯᠳᠠᠭᠰᠠᠨ ᠵᠡᠷᠭᠡ ᠬᠠᠮᠢᠶ᠎ᠠ ᠪᠦᠬᠦᠢ ᠠᠰᠠᠭᠤᠳᠠᠯ ᠢ 400 | ᠭᠠᠷᠤᠶ ᠢᠯᠡᠷᠡᠭᠦᠯᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠳᠡᠯ ᠤᠨ ᠪᠢᠴᠢᠭ ᠢ | 400 ᠭᠠᠷᠤᠶ ᠬᠤᠪᠢ ᠢᠯᠡᠷᠡᠭᠦᠯᠵᠦ᠂ ︽ᠤᠯᠠᠭᠠᠨᠴᠠᠪ ᠬᠤᠲᠠ ᠶᠢᠨ ᠮᠣᠩᠭᠤᠯ ᠬᠢᠲᠠᠳ ᠬᠤᠶᠠᠷ ᠵᠦᠢᠯ ᠤᠨ | ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠤᠬᠠᠭᠤᠯᠭ᠎ᠠ ᠶᠢᠨ ᠮᠠᠲ᠋ᠧᠷᠢᠶᠠᠯ ᠢ | 1000 ᠭᠠᠷᠤᠶ ᠬᠤᠪᠢ ᠲᠠᠷᠬᠠᠭᠠᠪᠠ᠃ | ᠠᠵᠢᠯᠯᠠᠭ᠎ᠠ ᠶᠢᠨ ᠵᠣᠷᠢᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠬᠠᠮᠰᠠᠷ ᠢ ᠴᠢᠩᠭᠠᠳᠬᠠᠨ᠂ | ᠮᠣᠩᠭᠤᠯ ᠦᠭᠡ ᠬᠡᠯᠡ ᠦᠰᠦᠭ ᠪᠢᠴᠢᠭ ᠢ ᠬᠠᠤᠯᠢ ᠲᠣᠭᠲᠠᠭᠠᠯ ᠶᠣᠰᠣᠭᠠᠷ ᠬᠡᠷᠡᠭᠯᠡᠵᠦ᠂ ᠡᠯ᠎ᠡ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠨ᠂ ᠡᠶ᠎ᠡ ᠵᠣᠬᠢᠴᠠᠯ ᠲᠠᠢ ᠵᠦᠸᠧᠽᠢ ᠶᠢ ᠪᠠᠶᠢᠭᠤᠯᠵᠤ᠂ ᠪᠦᠬᠦ ᠬᠤᠲᠠ ᠳᠤ ᠤᠯᠤᠰ ᠶᠢᠨ | ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠰᠠᠶᠢᠨ | ᠰᠠᠶᠢᠬᠠᠨ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | | |